| | 1. ᠶᠠᠭᠤ ᠶᠢ ᠨᠤᠲᠤᠭ ᠪᠡᠯᠴᠢᠭᠡᠷ ᠭᠡᠬᠦ ᠪᠣᠶ︖ | | ︽ᠨᠤᠲᠤᠭ ᠪᠡᠯᠴᠢᠭᠡᠷ ᠤᠨ ᠬᠠᠤᠯᠢ︾ ᠳᠤ ᠬᠡᠯᠡᠵᠦ ᠪᠠᠶᠢᠭ᠎ᠠ ᠨᠤᠲᠤᠭ ᠪᠡᠯᠴᠢᠭᠡᠷ ᠭᠡᠳᠡᠭ ᠨᠢ ᠪᠠᠶᠢᠭᠠᠯᠢ ᠶᠢᠨ | ᠨᠤᠲᠤᠭ ᠪᠡᠯᠴᠢᠭᠡᠷ ᠪᠠ ᠲᠠᠷᠢᠮᠠᠯ ᠪᠡᠯᠴᠢᠭᠡᠷ ᠢ ᠪᠠᠭᠲᠠᠭᠠᠨ᠎ᠠ᠃ ᠪᠠᠶᠢᠭᠠᠯᠢ ᠶᠢᠨ ᠨᠤᠲᠤᠭ ᠪᠡᠯᠴᠢᠭᠡᠷ ᠭᠡᠳᠡᠭ ᠨᠢ ᠨᠢᠭᠡ | ᠵᠦᠢᠯ ᠤᠨ ᠭᠠᠵᠠᠷ ᠰᠢᠷᠣᠢ ᠶᠢᠨ ᠲᠥᠷᠥᠯ ᠬᠡᠯᠪᠡᠷᠢ ᠶᠢ ᠵᠢᠭᠠᠵᠤ ᠪᠣᠶ᠂ ᠲᠡᠷᠡ ᠪᠣᠯ ᠡᠪᠡᠰᠦᠯᠢᠭ ᠤᠷᠭᠤᠮᠠᠯ ᠪᠠ | ᠮᠣᠳᠣᠯᠢᠭ ᠲᠡᠵᠢᠭᠡᠯ ᠤᠨ ᠤᠷᠭᠤᠮᠠᠯ ᠬᠢᠭᠡᠳ ᠲᠡᠭᠦᠨ ᠤ ᠠᠮᠢᠳᠤᠷᠠᠵᠤ ᠪᠠᠶᠢᠭ᠎ᠠ ᠭᠠᠵᠠᠷ ᠰᠢᠷᠣᠢ ᠪᠠᠷ ᠪᠦᠷᠢᠯᠳᠦᠭᠰᠡᠨ | ᠣᠯᠠᠨ ᠵᠦᠢᠯ ᠤᠨ ᠴᠢᠳᠠᠮᠵᠢ ᠲᠠᠢ ᠪᠠᠶᠢᠭᠠᠯᠢ ᠶᠢᠨ ᠶᠡᠷᠦᠩᠬᠡᠢ ᠴᠣᠭᠴᠠ ᠪᠣᠯᠣᠨ᠎ᠠ᠂ ᠪᠣᠳᠠᠲᠠᠢ ᠪᠠᠷ ᠬᠡᠯᠡᠪᠡᠯ ᠡᠪᠡᠰᠦᠲᠦ | ᠭᠠᠵᠠᠷ᠂ ᠡᠪᠡᠰᠦᠲᠦ ᠠᠭᠤᠯᠠ ᠪᠠ ᠡᠪᠡᠰᠦᠲᠦ ᠪᠡᠯ ᠢ ᠪᠠᠭᠲᠠᠭᠠᠨ᠎ᠠ᠃ ᠲᠠᠷᠢᠮᠠᠯ ᠪᠡᠯᠴᠢᠭᠡᠷ ᠭᠡᠳᠡᠭ ᠨᠢ ᠲᠣᠬᠢᠷᠠᠮᠵᠢᠲᠠᠢ | ᠡᠪᠡᠰᠦᠨ ᠦᠷ᠎ᠡ ᠶᠢ ᠰᠣᠩᠭᠤᠵᠤ᠂ ᠬᠥᠮᠥᠨ ᠤ ᠬᠦᠴᠦ ᠪᠠᠷ ᠠᠷᠭ᠎ᠠ ᠬᠡᠮᠵᠢᠶ᠎ᠡ ᠠᠪᠴᠤ ᠪᠠᠶᠢᠭᠠᠳ ᠪᠠᠶᠢᠭᠤᠯᠤᠭᠰᠠᠨ | ᠪᠤᠶᠤ ᠰᠠᠶᠢᠵᠢᠷᠠᠭᠤᠯᠤᠭᠰᠠᠨ ᠪᠡᠯᠴᠢᠭᠡᠷ ᠢ ᠪᠠᠭᠲᠠᠭᠠᠨ᠎ᠠ᠂ ᠡᠭᠦᠨ ᠳᠤ ᠲᠠᠷᠢᠮᠠᠯ ᠪᠡᠯᠴᠢᠭᠡᠷ ᠲᠤ ᠰᠠᠶᠢᠵᠢᠷᠠᠭᠤᠯᠤᠭᠰᠠᠨ | ᠡᠪᠡᠰᠦᠳᠦ ᠲᠠᠯ᠎ᠠ ᠪᠠ ᠲᠠᠷᠢᠶᠠᠯᠠᠬᠤ ᠶᠢ ᠵᠤᠭᠰᠤᠭᠠᠵᠤ ᠪᠡᠯᠴᠢᠭᠡᠷ ᠢ ᠰᠡᠷᠭᠦᠭᠡᠭᠰᠡᠨ ᠭᠠᠵᠠᠷ ᠢ ᠪᠠᠭᠳᠠᠭᠠᠵᠤ᠂ ᠬᠤᠳᠠ | ᠪᠠᠯᠭᠠᠰᠤᠨ ᠤ ᠡᠪᠡᠰᠦᠳᠦ ᠭᠠᠵᠠᠷ ᠢ ᠪᠠᠭᠳᠠᠭᠠᠬᠤ ᠦᠭᠡᠢ᠃ | | 2.ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠭᠡᠷ᠎ᠡ ᠳᠤ ᠶᠠᠮᠠᠷ ᠶᠠᠮᠠᠷ ᠠᠭᠤᠯᠭ᠎ᠠ ᠪᠠᠭᠲᠠᠬᠤ ᠪᠤᠢ︖ | | ︽ᠨᠤᠲᠤᠭ ᠪᠡᠯᠴᠢᠭᠡᠷ ᠤᠨ ᠬᠠᠤᠯᠢ︾ ᠶᠢᠨ ᠠᠷᠪᠠᠨ ᠳᠥᠷᠪᠡᠳᠦᠭᠡᠷ ᠵᠦᠢᠯ ᠤᠨ ᠲᠣᠭᠲᠠᠭᠠᠯ ᠢ | ᠦᠨᠳᠦᠰᠦᠯᠡᠪᠡᠯ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠳᠤ ᠳᠠᠭᠠᠭᠠᠴᠢᠯᠠᠭᠤᠯᠤᠭᠴᠢ ᠪᠠ ᠳᠠᠭᠠᠭᠠᠴᠢᠯᠠᠭᠴᠢ | ᠪᠢᠴᠢᠭ ᠤᠨ ᠭᠡᠷ᠎ᠡ ᠪᠠᠶᠢᠭᠤᠯᠬᠤ ᠬᠡᠷᠡᠭᠲᠡᠢ᠃ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠭᠡᠷ᠎ᠡ ᠶᠢᠨ | ᠠᠭᠤᠯᠭ᠎ᠠ ᠳᠤ ᠬᠤᠶᠠᠷ ᠡᠲᠡᠭᠡᠳ ᠤᠨ ᠡᠷᠬᠡ ᠪᠠ ᠡᠭᠦᠷᠭᠡ᠂ ᠳᠠᠭᠠᠭᠠᠴᠢᠯᠠᠯᠲᠠ ᠶᠢᠨ ᠨᠤᠲᠤᠭ ᠪᠡᠯᠴᠢᠭᠡᠷ ᠤᠨ ᠳᠥᠷᠪᠡᠨ | ᠵᠠᠬ᠎ᠠ ᠶᠢᠨ ᠵᠠᠭᠠᠭ᠂ ᠲᠡᠯᠡᠪᠡᠢ ᠪᠠ ᠵᠡᠷᠭᠡ ᠳᠡᠰ᠂ ᠳᠠᠭᠠᠭᠠᠴᠢᠯᠠᠯᠲᠠ ᠶᠢᠨ ᠬᠤᠭᠤᠴᠠᠭ᠎ᠠ ᠪᠠ ᠡᠬᠢᠯᠡᠵᠦ ᠳᠠᠭᠤᠰᠬᠤ | ᠡᠳᠦᠷ ᠬᠤᠭᠤᠴᠠᠭ᠎ᠠ᠂ ᠳᠠᠭᠠᠭᠠᠴᠢᠯᠠᠯᠲᠠ ᠶᠢᠨ ᠨᠤᠲᠤᠭ ᠪᠡᠯᠴᠢᠭᠡᠷ ᠤᠨ ᠬᠡᠷᠡᠭᠴᠡᠭᠡ ᠪᠠ ᠭᠡᠷ᠎ᠡ ᠶᠢ ᠵᠥᠷᠢᠴᠡᠭᠰᠡᠨ | ᠬᠠᠷᠢᠭᠤᠴᠠᠯᠭ᠎ᠠ ᠵᠡᠷᠭᠡ ᠶᠢ ᠪᠠᠭᠲᠠᠭᠠᠭᠰᠠᠨ ᠪᠠᠶᠢᠬᠤ ᠬᠡᠷᠡᠭᠲᠡᠢ᠃ ᠳᠠᠭᠠᠭᠠᠴᠢᠯᠠᠯᠲᠠ ᠶᠢᠨ ᠬᠤᠭᠤᠴᠠᠭ᠎ᠠ ᠳᠦᠭᠦᠷᠪᠡᠯ᠂ | ᠤᠤᠯ ᠤᠨ ᠳᠠᠭᠠᠭᠠᠴᠢᠯᠠᠨ ᠡᠵᠡᠩᠨᠡᠭᠴᠢ ᠨᠢ ᠠᠳᠠᠯᠢ ᠨᠥᠬᠦᠴᠡᠯ ᠤᠨ ᠳᠣᠣᠷ᠎ᠠ ᠤᠷᠢᠳ ᠢᠶᠠᠷ ᠳᠠᠭᠠᠭᠠᠴᠢᠯᠠᠬᠤ ᠡᠷᠬᠡ ᠶᠢ | ᠡᠳ᠋ᠯᠡᠨ᠎ᠡ᠃ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠨᠢᠭᠡᠴᠢ ᠪᠠ ᠬᠤᠪᠢ ᠬᠥᠮᠥᠨ ᠨᠤᠲᠤᠭ ᠪᠡᠯᠴᠢᠭᠡᠷ ᠢ | ᠬᠠᠮᠠᠭᠠᠯᠠᠬᠤ᠂ ᠪᠦᠲᠦᠭᠡᠨ ᠪᠠᠶᠢᠭᠤᠯᠬᠤ ᠪᠠ ᠳᠠᠭᠠᠭᠠᠴᠢᠯᠠᠯᠲᠠ ᠶᠢᠨ ᠭᠡᠷ᠎ᠡ ᠳᠤ ᠪᠣᠯᠵᠣᠨ ᠲᠣᠭᠲᠠᠭᠰᠠᠨ ᠬᠡᠷᠡᠭᠴᠡᠭᠡ | ᠶᠣᠰᠣᠭᠠᠷ ᠨᠤᠲᠤᠭ ᠪᠡᠯᠴᠢᠭᠡᠷ ᠢ ᠵᠦᠢ ᠵᠣᠬᠢᠰᠲᠠᠢ ᠠᠰᠢᠭᠯᠠᠬᠤ ᠡᠭᠦᠷᠭᠡ ᠶᠢ ᠭᠦᠢᠴᠡᠳᠬᠡᠬᠦ ᠬᠡᠷᠡᠭᠲᠡᠢ᠃ | | 3. ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠲᠠᠢ ᠲᠥᠯᠦᠪᠵᠢᠭᠦᠯᠭᠡ ᠳᠤ | ᠶᠠᠮᠠᠷ ᠶᠠᠮᠠᠷ ᠵᠠᠷᠴᠢᠮ ᠢ ᠵᠢᠷᠤᠮᠯᠠᠬᠤ ᠬᠡᠷᠡᠭᠲᠡᠢ ᠪᠣᠶ︖ | | ︽ᠨᠤᠲᠤᠭ ᠪᠡᠯᠴᠢᠭᠡᠷ ᠤᠨ ᠬᠠᠤᠯᠢ︾ ᠶᠢᠨ ᠵᠦᠢᠯ ᠵᠤᠷᠪᠤᠰ᠂ ᠠᠷᠪᠠ ᠶᠢᠰᠦᠳᠦᠭᠡᠷ ᠵᠦᠢᠯ ᠤᠨ | ᠲᠣᠭᠲᠠᠭᠠᠯ ᠢ ᠦᠨᠳᠦᠰᠦᠯᠡᠪᠡᠯ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭ | ᠲᠤᠰᠠ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠶᠢ ᠦᠨᠳᠦᠰᠦᠯᠡᠬᠦ ᠶᠢᠨ ᠬᠠᠮᠲᠤ ᠳᠠᠷᠠᠭᠠᠬᠢ ᠵᠠᠷᠴᠢᠮ ᠤᠳ ᠢ | ᠵᠢᠷᠤᠮᠯᠠᠬᠤ ᠬᠡᠷᠡᠭᠲᠡᠢ᠄ ︵ᠨᠢᠭᠡ︶ ᠬᠡᠪ ᠤᠨ ᠣᠷᠴᠢᠨ ᠠᠬᠤᠢ ᠶᠢ ᠰᠠᠶᠢᠵᠢᠷᠠᠭᠤᠯᠵᠤ᠂ ᠪᠣᠳᠠᠰ ᠤᠨ ᠤᠯᠡᠠ ᠶᠠᠩᠵᠤᠲᠤ | ᠴᠢᠨᠠᠷ ᠢ ᠬᠠᠮᠠᠭᠠᠯᠠᠵᠤ᠂ ᠨᠤᠲᠤᠭ ᠪᠡᠯᠴᠢᠭᠡᠷ ᠤᠨ ᠦᠷᠭᠦᠯᠵᠢᠯᠡᠬᠦ ᠠᠰᠢᠭ ᠲᠤᠰᠠ ᠶᠢ ᠠᠬᠢᠭᠤᠯᠬᠤ᠃ ︵ᠬᠤᠶᠠᠷ︶ | ᠤᠳᠦ ᠪᠠᠶᠢᠭ᠎ᠠ ᠨᠤᠲᠤᠭ ᠪᠡᠯᠴᠢᠭᠡᠷ ᠢᠶᠠᠷ ᠰᠠᠭᠤᠷᠢ ᠪᠣᠯᠭᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ | ᠨᠢᠭᠡᠳᠦᠯᠲᠡᠢ ᠲᠥᠯᠥᠪᠵᠢᠭᠦᠯᠵᠦ᠂ ᠲᠥᠷᠥᠯ ᠬᠤᠪᠢᠶᠠᠨ ᠵᠢᠯᠤᠭᠤᠳᠬᠤ᠃ ︵ᠭᠤᠷᠪᠠ︶ ᠬᠠᠮᠠᠭᠠᠯᠠᠬᠤ ᠪᠠᠷ ᠭᠤᠣᠯ | ᠪᠣᠯᠭᠠᠵᠤ᠂ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠨ᠂ ᠪᠦᠯᠦᠭ ᠬᠤᠪᠢᠶᠠᠨ ᠰᠠᠶᠢᠵᠢᠷᠠᠭᠤᠯᠵᠤ᠂ ᠵᠦᠢ | ᠵᠣᠬᠢᠰᠲᠠᠢ ᠠᠰᠢᠭ ᠣᠯᠭᠤᠬᠤ᠃ ︵ᠳᠥᠷᠪᠡ︶ ᠲᠥᠯᠥᠪ ᠤᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ | ᠨᠡᠶᠢᠭᠡᠮ ᠤᠨ ᠦᠷ᠎ᠡ ᠠᠰᠢᠭ ᠢ ᠤᠶᠠᠯᠳᠤᠭᠤᠯᠬᠤ᠃ | | 4. ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ | ᠲᠥᠯᠦᠪᠵᠢᠭᠦᠯᠭᠡ ᠳᠤ ᠶᠠᠮᠠᠷ ᠶᠠᠮᠠᠷ ᠠᠭᠤᠯᠭ᠎ᠠ ᠶᠢ ᠪᠠᠭᠲᠠᠭᠠᠬᠤ ᠬᠡᠷᠡᠭᠲᠡᠢ ᠪᠣᠶ︖ | | ︽ᠨᠤᠲᠤᠭ ᠪᠡᠯᠴᠢᠭᠡᠷ ᠤᠨ ᠬᠠᠤᠯᠢ︾ ᠶᠢᠨ ᠠᠷᠪᠠ ᠶᠢᠰᠦᠳᠦᠭᠡᠷ ᠵᠦᠢᠯ ᠤᠨ ᠲᠣᠭᠲᠠᠭᠠᠯ ᠢ | ᠦᠨᠳᠦᠰᠦᠯᠡᠪᠡᠯ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ | ᠲᠥᠯᠦᠪᠵᠢᠭᠦᠯᠭᠡ ᠳᠤ᠄ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ | ᠬᠠᠷᠠᠯᠲᠠ ᠪᠠ ᠠᠷᠭ᠎ᠠ ᠬᠡᠮᠵᠢᠶ᠎ᠡ᠂ ᠨᠤᠲᠤᠭ ᠪᠡᠯᠴᠢᠭᠡᠷ ᠤᠨ ᠴᠢᠳᠠᠮᠵᠢ ᠶᠢᠨ ᠣᠷᠣᠨ ᠬᠤᠪᠢᠶᠠᠷᠢᠯᠠᠯ ᠪᠠ ᠡᠯ᠎ᠡ ᠵᠦᠢᠯ | ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠪᠠᠶᠢᠷᠢᠯᠠᠭᠤᠯᠤᠯᠲᠠ᠂ ᠡᠯ᠎ᠡ ᠵᠦᠢᠯ ᠤᠨ ᠲᠤᠰᠬᠠᠢ ᠮᠡᠷᠭᠡᠵᠢᠯ ᠤᠨ | ᠲᠥᠯᠦᠪᠵᠢᠭᠦᠯᠭᠡ ᠵᠡᠷᠭᠡ ᠶᠢ ᠪᠠᠭᠲᠠᠭᠠᠬᠤ ᠬᠡᠷᠡᠭᠲᠡᠢ᠃ | | 5. ᠵᠠᠰᠠᠭ ᠤᠨ ᠣᠷᠳᠣᠨ ᠠᠴᠠ ᠶᠠᠮᠠᠷ ᠶᠠᠮᠠᠷ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢ | ᠠᠳᠬᠤᠬᠤ ᠪᠣᠶ︖ | | ︽ᠨᠤᠲᠤᠭ ᠪᠡᠯᠴᠢᠭᠡᠷ ᠤᠨ ᠬᠠᠤᠯᠢ︾ ᠶᠢᠨ ᠬᠤᠷᠢᠨ ᠳᠣᠯᠣᠳᠤᠭᠠᠷ ᠵᠦᠢᠯ᠂ ᠬᠤᠷᠢᠨ ᠨᠠᠢᠮᠠᠳᠤᠭᠠᠷ ᠵᠦᠢᠯ᠂ | ᠬᠤᠷᠢ ᠶᠢᠰᠦᠳᠦᠭᠡᠷ ᠵᠦᠢᠯ᠂ ᠭᠤᠴᠢᠳᠤᠭᠠᠷ ᠵᠦᠢᠯ᠂ ᠭᠤᠴᠢᠨ ᠨᠢᠭᠡᠳᠦᠭᠡᠷ ᠵᠦᠢᠯ ᠤᠨ ᠲᠣᠭᠲᠠᠭᠠᠯ ᠢ | ᠦᠨᠳᠦᠰᠦᠯᠡᠪᠡᠯ᠂ ᠤᠯᠤᠰ ᠠᠴᠠ ᠲᠠᠷᠢᠮᠠᠯ ᠪᠡᠯᠴᠢᠭᠡᠷ ᠤᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠨᠤᠲᠤᠭ | ᠪᠡᠯᠴᠢᠭᠡᠷ ᠢ ᠰᠠᠶᠢᠵᠢᠷᠠᠭᠤᠯᠬᠤ ᠪᠠ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠵᠣᠷᠢᠭᠵᠢᠭᠤᠯᠤᠨ ᠲᠡᠮᠵᠢᠵᠦ᠂ ᠨᠤᠲᠤᠭ ᠪᠡᠯᠴᠢᠭᠡᠷ ᠤᠨ ᠦᠢᠯᠡᠳᠪᠦᠷᠢᠯᠡᠯ ᠤᠨ ᠴᠢᠳᠠᠪᠤᠷᠢ ᠶᠢ | ᠲᠣᠭᠲᠠᠪᠤᠷᠢᠵᠢᠭᠤᠯᠤᠨ ᠳᠡᠭᠡᠭᠰᠢᠯᠡᠭᠦᠯᠦᠨ᠎ᠡ᠃ | | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠮᠠᠯᠴᠢᠨ ᠲᠠᠷᠢᠶᠠᠴᠢᠨ ᠤ | ᠨᠤᠲᠤᠭ ᠪᠡᠯᠴᠢᠭᠡᠷ ᠤᠨ ᠬᠦᠷᠢᠶ᠎ᠡ ᠬᠠᠰᠢᠶ᠎ᠠ᠂ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ᠂ ᠮᠠᠯ ᠤᠨ ᠬᠠᠰᠢᠶ᠎ᠠ | ᠰᠠᠷᠠᠪᠴᠢ᠂ ᠮᠠᠯᠴᠢᠳ ᠤᠨ ᠰᠠᠭᠤᠷᠢᠰᠢᠨ ᠰᠠᠭᠤᠬᠤ ᠭᠠᠵᠠᠷ ᠵᠡᠷᠭᠡ ᠦᠢᠯᠡᠳᠪᠦᠷᠢᠯᠡᠯ ᠠᠮᠢᠳᠤᠷᠠᠯ ᠤᠨ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠬᠦ ᠶᠢ ᠲᠡᠮᠵᠢᠵᠦ ᠵᠣᠷᠢᠭᠵᠢᠭᠤᠯᠬᠤ ᠪᠠ ᠬᠥᠲᠥᠯᠥᠨ ᠵᠢᠯᠤᠭᠤᠳᠬᠤ | ᠬᠡᠷᠡᠭᠲᠡᠢ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠲᠤᠭ | ᠪᠡᠯᠴᠢᠭᠡᠷ ᠤᠨ ᠤᠰᠦᠠ ᠠᠰᠢᠭᠯᠠᠯᠲᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ | | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠨᠤᠲᠤᠭ ᠪᠡᠯᠴᠢᠭᠡᠷ ᠤᠨ | ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ ᠲᠥᠯᠦᠪᠵᠢᠭᠦᠯᠭᠡ ᠶᠢᠨ ᠶᠣᠰᠣᠭᠠᠷ ᠡᠪᠡᠰᠦᠨ | ᠦᠷ᠎ᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭ ᠰᠠᠶᠢᠨ ᠡᠪᠡᠰᠦᠨ | ᠡᠭᠦᠯᠳᠡᠷ ᠢ ᠰᠣᠩᠭᠤᠨ ᠪᠣᠶᠢᠵᠢᠭᠤᠯᠬᠤ᠂ ᠭᠠᠳᠠᠭᠠᠳᠤ ᠠᠴᠠ ᠣᠷᠣᠭᠤᠯᠬᠤ᠂ ᠳᠡᠯᠭᠡᠷᠡᠭᠦᠯᠬᠦ ᠶᠢ ᠵᠣᠷᠢᠭᠵᠢᠭᠤᠯᠬᠤ | ᠬᠡᠷᠡᠭᠲᠡᠢ᠃ ᠰᠢᠨ᠎ᠡ ᠡᠪᠡᠰᠦᠨ ᠡᠭᠦᠯᠳᠡᠷ ᠢ ᠡᠷᠬᠡᠪᠰᠢ ᠪᠦᠬᠦ ᠤᠯᠤᠰ ᠤᠨ ᠡᠪᠡᠰᠦᠨ ᠡᠭᠦᠯᠳᠡᠷ ᠢ ᠬᠢᠨᠠᠨ ᠲᠣᠭᠲᠠᠭᠠᠬᠤ | ᠺᠣᠮᠢᠰ ᠢᠶᠠᠷ ᠬᠢᠨᠠᠨ ᠲᠣᠭᠲᠠᠭᠠᠯᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠠᠨ ᠨᠡᠶᠢᠲᠡᠯᠡᠭᠰᠡᠨ ᠤ ᠲᠡᠷᠠᠭ᠎ᠠ ᠰᠠᠶ᠋ᠢ ᠳᠡᠯᠭᠡᠷᠡᠭᠦᠯᠵᠦ | ᠪᠣᠯᠣᠨ᠎ᠠ᠃ ᠬᠢᠯᠢ ᠶᠢᠨ ᠭᠠᠳᠠᠨ᠎ᠠ ᠠᠴᠠ ᠡᠪᠡᠰᠦᠨ ᠦᠷ᠎ᠡ ᠣᠷᠣᠭᠤᠯᠬᠤ ᠳᠤ ᠡᠷᠬᠡᠪᠰᠢ ᠬᠠᠤᠯᠢ ᠶᠣᠰᠣᠭᠠᠷ ᠬᠢᠨᠠᠨ | ᠵᠥᠪᠰᠢᠶᠡᠷᠡᠭᠦᠯᠬᠦ ᠬᠡᠷᠡᠭᠲᠡᠢ᠃ | | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠳ ᠡᠪᠡᠰᠦᠨ ᠦᠷ᠎ᠡ ᠶᠢ ᠦᠢᠯᠡᠳᠪᠦᠷᠢᠯᠡᠬᠦ᠂ | ᠪᠣᠯᠪᠠᠰᠤᠷᠠᠭᠤᠯᠬᠤ᠂ ᠬᠢᠵᠢᠭ ᠢ ᠪᠠᠶᠢᠴᠠᠭᠠᠬᠤ᠂ ᠰᠢᠯᠭᠠᠨ ᠪᠠᠶᠢᠴᠠᠭᠠᠬᠤ ᠶᠢ ᠬᠢᠨᠠᠵᠤ ᠬᠠᠮᠢᠶᠠᠷᠬᠤ ᠪᠠᠨ ᠬᠠᠤᠯᠢ | ᠶᠣᠰᠣᠭᠠᠷ ᠴᠢᠩᠭᠠᠳᠬᠠᠵᠤ᠂ ᠡᠪᠡᠰᠦᠨ ᠦᠷ᠎ᠡ ᠶᠢᠨ ᠴᠢᠨᠠᠷ ᠴᠢᠨᠰᠠᠭ᠎ᠠ ᠶᠢ ᠪᠠᠲᠤᠯᠠᠬᠤ ᠬᠡᠷᠡᠭᠲᠡᠢ᠃ | | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠭᠠᠯ ᠤᠨ ᠪᠠᠶᠢᠳᠠᠯ ᠢ | ᠬᠢᠨᠠᠨ ᠬᠡᠮᠵᠢᠬᠦ᠂ ᠭᠠᠯ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ᠂ ᠭᠠᠯ ᠢ ᠰᠡᠷᠭᠡᠶᠢᠯᠡᠬᠦ ᠲᠤᠰᠠᠭᠠᠷᠯᠠᠬᠤ ᠪᠦᠰᠡ | ᠵᠡᠷᠭᠡ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠲᠥᠯᠥᠪᠯᠡᠭᠡ ᠲᠠᠢ ᠪᠠᠷ ᠬᠢᠵᠦ᠂ ᠭᠠᠯ ᠢ ᠰᠡᠷᠭᠡᠶᠢᠯᠡᠬᠦ ᠬᠡᠷᠡᠭᠴᠡᠭᠡ ᠶᠢ ᠦᠨᠡᠨ ᠬᠦ ᠪᠠᠲᠤᠯᠠᠬᠤ ᠬᠡᠷᠡᠭᠲᠡᠢ᠃ | | ᠲᠠᠴᠢᠷᠳᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ᠂ ᠬᠠᠶᠢᠷᠬᠠᠭ ᠴᠦᠯᠵᠢᠭᠰᠡᠨ ᠪᠠ ᠬᠥᠷᠥᠰᠥ ᠰᠢᠷᠣᠢ | ᠢᠳᠡᠭᠳᠡᠭᠰᠡᠨ ᠨᠤᠲᠤᠭ ᠪᠡᠯᠴᠢᠭᠡᠷ ᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠨᠤᠭᠤᠳ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ | ᠲᠥᠯᠦᠪᠵᠢᠭᠦᠯᠭᠡ ᠶᠢᠨ ᠶᠣᠰᠣᠭᠠᠷ ᠵᠠᠰᠠᠬᠤ ᠣᠷᠣᠨ ᠢ ᠵᠠᠭᠠᠭᠯᠠᠨ ᠲᠣᠭᠲᠠᠭᠠᠵᠤ᠂ ᠲᠤᠰᠬᠠᠶᠢᠯᠠᠨ ᠵᠠᠰᠠᠬᠤ ᠠᠵᠢᠯ ᠢ | ᠵᠣᠬᠢᠶᠠᠨ ᠪᠠᠶᠢᠭᠤᠯᠬᠤ ᠬᠡᠷᠡᠭᠲᠡᠢ᠃ ᠨᠤᠲᠤᠭ ᠪᠡᠯᠴᠢᠭᠡᠷ ᠢ ᠶᠡᠭᠡ ᠬᠡᠪᠴᠢᠶ᠎ᠡ ᠪᠠᠷ ᠪᠦᠬᠦ ᠲᠠᠯ᠎ᠠ ᠪᠠᠷ ᠵᠠᠰᠠᠬᠤ ᠶᠠᠪᠤᠳᠠᠯ ᠢ | ᠤᠯᠤᠰ ᠤᠨ ᠨᠤᠲᠤᠭ ᠳᠡᠪᠢᠰᠬᠡᠷ ᠢ ᠵᠠᠰᠠᠬᠤ ᠲᠥᠯᠥᠪᠯᠡᠭᠡ ᠳᠤ ᠣᠷᠣᠭᠤᠯᠤᠨ᠎ᠠ᠃ | | 6. ᠤᠯᠤᠰ ᠠᠴᠠ ᠶᠠᠮᠠᠷ ᠶᠠᠮᠠᠷ ᠭᠠᠵᠠᠷ ᠣᠷᠣᠨ ᠳᠤ ᠬᠤᠷᠢᠵᠤ ᠲᠡᠵᠢᠭᠡᠬᠦ ᠶᠢ ᠰᠠᠨᠠᠭᠠᠴᠢᠯᠠᠬᠤ ᠪᠣᠶ︖ | | ︽ᠨᠤᠲᠤᠭ ᠪᠡᠯᠴᠢᠭᠡᠷ ᠤᠨ ᠬᠠᠤᠯᠢ︾ ᠶᠢᠨ ᠭᠤᠴᠢᠨ ᠲᠠᠪᠤᠳᠤᠭᠠᠷ ᠵᠦᠢᠯ ᠤᠨ ᠲᠣᠭᠲᠠᠭᠠᠯ ᠢ | ᠦᠨᠳᠦᠰᠦᠯᠡᠪᠡᠯ᠂ ᠤᠯᠤᠰ ᠠᠴᠠ ᠲᠠᠷᠢᠶᠠᠯᠠᠬᠤ ᠣᠷᠣᠨ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠪᠠ | ᠨᠥᠬᠦᠴᠡᠯ ᠲᠠᠢ ᠮᠠᠯᠵᠢᠬᠤ ᠣᠷᠣᠨ ᠳᠤ ᠮᠠᠯ ᠬᠠᠰᠢᠶᠠᠯᠠᠨ ᠲᠡᠵᠢᠭᠡᠬᠦ ᠶᠢ ᠰᠠᠨᠠᠭᠠᠴᠢᠯᠠᠨ᠎ᠠ᠃ ᠨᠤᠲᠤᠭ ᠪᠡᠯᠴᠢᠭᠡᠷ ᠢ | ᠳᠠᠭᠠᠭᠠᠴᠢᠯᠠᠨ ᠡᠵᠡᠩᠨᠡᠭᠴᠢ ᠮᠡᠯ ᠲᠡᠵᠢᠭᠡᠪᠦᠷᠢ ᠶᠢᠨ ᠲᠥᠷᠥᠯ ᠵᠦᠢᠯ ᠪᠠ ᠲᠤᠭ᠎ᠠ ᠬᠡᠮᠵᠢᠶ᠎ᠡ ᠶᠢ ᠦᠨᠳᠦᠰᠦᠯᠡᠨ | ᠲᠡᠵᠢᠭᠡᠯ ᠡᠪᠡᠰᠦ ᠲᠡᠵᠢᠭᠡᠯ ᠪᠣᠷᠳᠤᠭ᠎ᠠ ᠪᠠᠨ ᠲᠣᠬᠢᠷᠠᠭᠤᠯᠤᠨ ᠨᠥᠭᠡᠴᠡᠯᠡᠵᠦ᠂ ᠨᠣᠭᠤᠭᠠᠨ ᠳᠠᠷᠤᠰᠢᠭᠤᠯᠬᠤ ᠪᠠ | ᠲᠡᠵᠢᠭᠡᠯ ᠡᠪᠡᠰᠦ ᠲᠡᠵᠢᠭᠡᠯ ᠪᠣᠷᠳᠤᠭ᠎ᠠ ᠶᠢ ᠪᠣᠯᠪᠠᠰᠤᠷᠠᠭᠤᠯᠬᠤ ᠵᠡᠷᠭᠡ ᠰᠢᠨ᠎ᠡ ᠮᠡᠷᠭᠡᠵᠢᠯ ᠢ ᠬᠡᠷᠡᠭᠯᠡᠵᠦ᠂ ᠪᠠᠶᠢᠭᠠᠯᠢ ᠶᠢᠨ | ᠪᠡᠯᠴᠢᠭᠡᠷ ᠲᠤ ᠲᠦᠰᠢᠭᠯᠡᠨ ᠮᠡᠯ ᠬᠠᠷᠢᠭᠤᠯᠬᠤ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠠᠯᠬᠤᠮ ᠠᠯᠬᠤᠮ ᠢᠶᠠᠷ | ᠬᠤᠪᠢᠷᠠᠭᠤᠯᠬᠤ ᠬᠡᠷᠡᠭᠲᠡᠢ᠃ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠬᠤᠷᠢᠭᠯᠠᠬᠤ᠂ ᠪᠡᠯᠴᠢᠭᠡᠷ ᠥᠨᠵᠢᠭᠦᠯᠬᠦ᠂ | ᠡᠭᠡᠯᠵᠢᠯᠡᠨ ᠮᠠᠯᠵᠢᠬᠤ ᠣᠷᠣᠨ ᠳᠤ ᠬᠠᠰᠢᠶᠠᠯᠠᠨ ᠲᠡᠵᠢᠭᠡᠵᠦ ᠬᠠᠰᠢᠶᠠᠯᠠᠨ ᠲᠡᠵᠢᠭᠡᠬᠦ ᠳᠤ ᠤᠯᠤᠰ ᠠᠴᠠ ᠠᠮᠤ ᠪᠤᠳᠠᠭ᠎ᠠ | ᠪᠠ ᠪᠡᠯᠡ ᠮᠥᠩᠭᠦ ᠶᠢᠨ ᠨᠥᠬᠦᠪᠦᠷᠢ ᠥᠭᠭᠦᠨ᠎ᠡ᠂ ᠪᠣᠳᠠᠲᠠᠢ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ ᠪᠤᠶᠤ | ᠲᠥᠷᠥ ᠶᠢᠨ ᠶᠠᠪᠤᠳᠠᠯ ᠤᠨ ᠬᠤᠷᠢᠶ᠎ᠠ ᠠᠴᠠ ᠡᠷᠬᠡ ᠣᠯᠭᠤᠭᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠲᠣᠭᠲᠠᠭᠠᠨ᠎ᠠ᠃ | | 7. ᠶᠠᠮᠠᠷ ᠶᠠᠮᠠᠷ ᠭᠠᠵᠠᠷ ᠣᠷᠣᠨ ᠳᠤ ᠨᠤᠲᠤᠭ ᠪᠡᠯᠴᠢᠭᠡᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ | ᠪᠠᠶᠢᠭᠤᠯᠵᠤ ᠪᠣᠯᠬᠤ ᠪᠣᠶ︖ | | | ︽ᠨᠤᠲᠤᠭ ᠪᠡᠯᠴᠢᠭᠡᠷ ᠤᠨ ᠬᠠᠤᠯᠢ︾ ᠶᠢᠨ ᠳᠥᠴᠢᠨ ᠭᠤᠷᠪᠠᠳᠤᠭᠠᠷ ᠵᠦᠢᠯ ᠤᠨ ᠲᠣᠭᠲᠠᠭᠠᠯ ᠢ | ᠦᠨᠳᠦᠰᠦᠯᠡᠪᠡᠯ᠂ ᠲᠥᠷᠥ ᠶᠢᠨ ᠶᠠᠪᠤᠳᠠᠯ ᠤᠨ ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ | ᠬᠠᠮᠢᠶᠠᠷᠬᠤ ᠰᠠᠯᠠᠭ᠎ᠠ ᠮᠥᠴᠢᠷ ᠪᠤᠶᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠠᠴᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠷᠠᠭᠠᠬᠢ ᠭᠠᠵᠠᠷ ᠣᠷᠣᠨ ᠳᠤ ᠨᠤᠲᠤᠭ ᠪᠡᠯᠴᠢᠭᠡᠷ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠢ ᠪᠠᠶᠢᠭᠤᠯᠵᠤ ᠪᠣᠯᠣᠨ᠎ᠠ᠄ ︵ᠨᠢᠭᠡ︶ ᠲᠥᠯᠥᠭᠡᠯᠡᠬᠦ ᠴᠢᠨᠠᠷᠲᠠᠢ ᠨᠤᠲᠤᠭ ᠪᠡᠯᠴᠢᠭᠡᠷ ᠤᠨ | ᠲᠥᠷᠥᠯ ᠬᠡᠯᠪᠡᠷᠢ᠃ ︵ᠬᠤᠶᠠᠷ︶ ᠮᠥᠬᠦᠬᠦ ᠰᠢᠬᠠᠭᠰᠠᠨ ᠬᠤᠪᠣᠷ ᠴᠤᠬᠠᠭ ᠬᠡᠭᠡᠷ᠎ᠡ ᠶᠢᠨ ᠠᠮᠢᠲᠠᠨ ᠤᠷᠭᠤᠮᠠᠯ ᠤᠨ | ᠲᠠᠷᠬᠠᠯᠲᠠ ᠶᠢᠨ ᠣᠷᠣᠨ᠃ ︵ᠭᠤᠷᠪᠠ︶ ᠴᠢᠬᠤᠯᠠ ᠠᠮᠢ ᠠᠬᠤᠢ ᠶᠢᠨ ᠴᠢᠳᠠᠮᠵᠢ ᠲᠠᠢ ᠪᠠ ᠠᠵᠤ ᠠᠬᠤᠢ ᠶᠢᠨ | ᠰᠢᠨᠵᠢᠯᠡᠬᠦ ᠤᠬᠠᠭᠠᠨ ᠤ ᠰᠤᠳᠤᠯᠤᠯ ᠤᠨ ᠦᠨ᠎ᠡ ᠥᠷᠲᠡᠭ ᠲᠠᠢ ᠨᠤᠲᠤᠭ ᠪᠡᠯᠴᠢᠭᠡᠷ᠃ | | 8.ᠬᠦᠨᠳᠦ ᠨᠣᠴᠢᠲᠠᠢ ᠲᠠᠴᠢᠷᠰᠢᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ᠂ ᠬᠠᠶᠢᠷᠬᠠᠭ ᠴᠦᠯᠵᠢᠭᠰᠡᠨ | ᠨᠤᠲᠤᠭ ᠪᠡᠯᠴᠢᠭᠡᠷ ᠪᠠ ᠠᠮᠢ ᠠᠬᠤᠢ ᠬᠡᠪᠡᠷᠡᠭ ᠣᠷᠣᠨ ᠤ ᠨᠤᠲᠤᠭ ᠪᠡᠯᠴᠢᠭᠡᠷ ᠢ ᠬᠡᠷᠬᠢᠨ ᠬᠠᠮᠠᠭᠠᠯᠠᠬᠤ ᠪᠤᠢ︖ | | ︽ᠨᠤᠲᠤᠭ ᠪᠡᠯᠴᠢᠭᠡᠷ ᠤᠨ ᠬᠠᠤᠯᠢ︾ ᠶᠢᠨ ᠳᠥᠴᠢᠨ ᠳᠣᠯᠣᠳᠤᠭᠠᠷ ᠵᠦᠢᠯ᠂ ᠳᠥᠴᠢ ᠶᠢᠰᠦᠳᠦᠭᠡᠷ ᠵᠦᠢᠯ | ᠤᠨ ᠲᠣᠭᠲᠠᠭᠠᠯ ᠢ ᠦᠨᠳᠦᠰᠦᠯᠡᠪᠡᠯ᠂ ᠬᠦᠨᠳᠦ ᠨᠣᠴᠢᠲᠠᠢ ᠲᠠᠴᠢᠷᠰᠢᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ᠂ | ᠬᠠᠶᠢᠷᠬᠠᠭ ᠴᠦᠯᠵᠢᠭᠰᠡᠨ ᠨᠤᠲᠤᠭ ᠪᠡᠯᠴᠢᠭᠡᠷ ᠪᠠ ᠠᠮᠢ ᠠᠬᠤᠢ ᠬᠡᠪᠡᠷᠡᠭ ᠣᠷᠣᠨ ᠤ ᠨᠤᠲᠤᠭ ᠪᠡᠯᠴᠢᠭᠡᠷ ᠲᠤ | ᠪᠡᠯᠴᠢᠭᠡᠷᠯᠡᠭᠦᠯᠬᠦ ᠶᠢ ᠬᠤᠷᠢᠭᠯᠠᠬᠤ᠂ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ᠢ ᠬᠡᠷᠡᠭᠵᠢᠭᠦᠯᠦᠨ᠎ᠡ᠃ ᠴᠦᠯ᠂ | ᠬᠠᠭᠠᠰ ᠴᠦᠯ᠂ ᠬᠦᠨᠳᠦ ᠨᠣᠴᠢᠲᠠᠢ ᠲᠠᠴᠢᠷᠰᠢᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ᠂ ᠬᠠᠶᠢᠷᠬᠠᠭ | ᠴᠦᠯᠵᠢᠭᠰᠡᠨ᠂ ᠬᠥᠷᠥᠰᠥ ᠰᠢᠷᠣᠢ ᠢᠳᠡᠭᠳᠡᠭᠰᠡᠨ ᠨᠤᠲᠤᠭ ᠪᠡᠯᠴᠢᠭᠡᠷ ᠵᠢᠴᠢ ᠠᠮᠢ ᠠᠬᠤᠢ ᠬᠡᠪᠡᠷᠡᠭ ᠣᠷᠣᠨ ᠤ | ᠨᠤᠲᠤᠭ ᠪᠡᠯᠴᠢᠭᠡᠷ ᠳᠡᠭᠡᠷ᠎ᠡ ᠤᠷᠭᠤᠮᠠᠯ ᠮᠠᠯᠲᠠᠬᠤ ᠪᠠ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠡᠪᠳᠡᠬᠦ | ᠪᠤᠰᠤᠳ ᠠᠵᠢᠯᠯᠠᠭ᠎ᠠ ᠬᠢᠬᠦ ᠶᠢ ᠴᠠᠭᠠᠵᠠᠯᠠᠨ᠎ᠠ᠃ | | 9. ᠨᠤᠲᠤᠭ ᠪᠡᠯᠴᠢᠭᠡᠷ ᠳᠡᠭᠡᠷ᠎ᠡ ᠡᠵᠡᠩᠨᠡᠯᠲᠡ ᠶᠢᠨ ᠴᠢᠨᠠᠷᠲᠠᠢ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠬᠦ ᠳᠤ | ᠶᠠᠮᠠᠷ ᠶᠠᠮᠠᠷ ᠲᠣᠭᠲᠠᠭᠠᠯ ᠢ ᠵᠢᠷᠤᠮᠯᠠᠬᠤ ᠴᠢᠬᠤᠯᠠᠲᠠᠢ ᠪᠣᠶ︖ | | ︽ᠨᠤᠲᠤᠭ ᠪᠡᠯᠴᠢᠭᠡᠷ ᠤᠨ ᠬᠠᠤᠯᠢ︾ ᠶᠢᠨ ᠲᠡᠪᠢᠠ ᠬᠤᠶᠠᠳᠤᠭᠠᠷ ᠵᠦᠢᠯ ᠤᠨ ᠲᠣᠭᠲᠠᠭᠠᠯ ᠢ | ᠦᠨᠳᠦᠰᠦᠯᠡᠪᠡᠯ᠂ ᠨᠤᠲᠤᠭ ᠪᠡᠯᠴᠢᠭᠡᠷ ᠳᠡᠭᠡᠷ᠎ᠡ ᠡᠵᠡᠩᠨᠡᠯᠲᠡ ᠶᠢᠨ ᠴᠢᠨᠠᠷᠲᠠᠢ ᠵᠢᠭᠤᠯᠴᠢᠯᠠᠯ ᠤᠨ ᠠᠵᠢᠯᠯᠠᠭ᠎ᠠ | ᠥᠷᠨᠢᠭᠦᠯᠬᠦ ᠳᠤ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ | ᠬᠤᠯᠪᠣᠭᠳᠠᠯ ᠪᠦᠬᠦᠢ ᠲᠥᠯᠦᠪᠵᠢᠭᠦᠯᠭᠡ ᠳᠤ ᠨᠡᠶᠢᠴᠡᠭᠦᠯᠬᠦ ᠬᠡᠷᠡᠭᠲᠡᠢ ᠪᠥᠭᠡᠳ ᠤᠷᠢᠳᠠᠪᠠᠷ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠣᠭᠰᠠᠨ ᠤ ᠲᠡᠷᠠᠭ᠎ᠠ ᠰᠠᠶ᠋ᠢ ᠬᠤᠯᠪᠣᠭᠳᠠᠯ ᠪᠦᠬᠦᠢ | ᠭᠠᠷ ᠭᠦᠢᠴᠡᠳᠬᠡᠯ ᠢ ᠬᠢᠵᠦ ᠪᠣᠯᠣᠨ᠎ᠠ᠃ ᠨᠤᠲᠤᠭ ᠪᠡᠯᠴᠢᠭᠡᠷ ᠳᠡᠭᠡᠷ᠎ᠡ ᠡᠵᠡᠩᠨᠡᠯᠲᠡ ᠶᠢᠨ ᠴᠢᠨᠠᠷᠲᠠᠢ ᠵᠢᠭᠤᠯᠴᠢᠯᠠᠯ ᠤᠨ | ᠠᠵᠢᠯᠯᠠᠭ᠎ᠠ ᠥᠷᠨᠢᠭᠦᠯᠬᠦ ᠳᠡᠭᠡᠨ ᠨᠤᠲᠤᠭ ᠪᠡᠯᠴᠢᠭᠡᠷ ᠤᠨ ᠥᠮᠴᠢᠯᠡᠭᠴᠢ᠂ ᠬᠡᠷᠡᠭᠯᠡᠭᠴᠢ ᠪᠠ ᠳᠠᠭᠠᠭᠠᠴᠢᠯᠠᠨ | ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠵᠤ ᠪᠣᠯᠬᠤ ᠦᠭᠡᠢ᠂ ᠨᠤᠲᠤᠭ ᠪᠡᠯᠴᠢᠭᠡᠷ ᠤᠨ | ᠤᠷᠭᠤᠮᠠᠯ ᠤᠨ ᠨᠥᠮᠥᠷᠭᠡ ᠶᠢ ᠡᠪᠳᠡᠵᠦ ᠪᠣᠯᠬᠤ ᠦᠭᠡᠢ᠃ | | 10.ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠬᠤᠭᠤᠴᠠᠭᠠᠨ ᠳᠤ ᠡᠵᠡᠩᠨᠡᠯᠲᠡ ᠶᠢᠨ ᠡᠷᠬᠡ ᠳᠤ | ᠲᠣᠬᠢᠷᠠᠭᠤᠯᠤᠯᠲᠠ ᠬᠢᠪᠡᠯ ᠶᠠᠭᠠᠬᠢᠪᠠᠯ ᠵᠣᠬᠢᠬᠤ ᠪᠤᠢ︖ | | ︽ᠨᠤᠲᠤᠭ ᠪᠡᠯᠴᠢᠭᠡᠷ ᠤᠨ ᠬᠠᠤᠯᠢ︾ ᠶᠢᠨ ᠠᠷᠪᠠᠨ ᠭᠤᠷᠪᠠᠳᠤᠭᠠᠷ ᠵᠦᠢᠯ ᠤᠨ ᠬᠤᠶᠠᠳᠤᠭᠠᠷ ᠪᠠᠳᠠᠭ ᠤᠨ | ᠲᠣᠭᠲᠠᠭᠠᠯ ᠢ ᠦᠨᠳᠦᠰᠦᠯᠡᠪᠡᠯ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠬᠤᠭᠤᠴᠠᠭᠠᠨ ᠳᠤ ᠳᠠᠭᠠᠭᠠᠴᠢᠯᠠᠨ | ᠡᠵᠡᠩᠨᠡᠭᠴᠢ ᠶᠢᠨ ᠬᠡᠷᠡᠭᠯᠡᠵᠦ ᠪᠠᠶᠢᠭ᠎ᠠ ᠨᠤᠲᠤᠭ ᠪᠡᠯᠴᠢᠭᠡᠷ ᠲᠤ ᠲᠣᠬᠢᠷᠠᠭᠤᠯᠤᠯᠲᠠ ᠬᠢᠵᠦ ᠪᠣᠯᠬᠤ ᠦᠭᠡᠢ᠃ ᠣᠨᠴᠠ | ᠵᠠᠷᠢᠮ ᠵᠦᠢᠯ ᠳᠤ ᠦᠨᠡᠬᠡᠷ ᠵᠣᠬᠢᠰᠲᠠᠢ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ ᠡᠷᠬᠡᠪᠰᠢ ᠲᠤᠰ ᠬᠠᠮᠲᠤ ᠶᠢᠨ | ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠪᠣᠯᠬᠤ ᠭᠠᠴᠠᠭᠠᠨ ᠤ ︵ᠮᠠᠯᠴᠢᠨ︶ ᠠᠷᠠᠳ ᠤᠨ | ᠬᠤᠷᠠᠯᠳᠤᠭᠠᠨ ᠤ ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠪᠦᠷᠢᠯᠳᠦᠭᠦᠨ ᠪᠤᠶᠤ ᠭᠤᠷᠪᠠᠨ ᠤ ᠬᠤᠶᠠᠷ | ᠬᠤᠪᠢ ᠠᠴᠠ ᠳᠡᠭᠡᠭᠰᠢᠬᠢ ᠭᠠᠴᠠᠭᠠᠨ ᠤ ︵ᠮᠠᠯᠴᠢᠨ︶ ᠠᠷᠠᠳ ᠤᠨ ᠲᠥᠯᠥᠭᠡᠯᠡᠭᠴᠢᠳ ᠤᠨ ᠵᠥᠪᠰᠢᠶᠡᠷᠡᠯ ᠢ ᠣᠯᠬᠤ | ᠬᠡᠷᠡᠭᠲᠡᠢ ᠪᠥᠭᠡᠳ ᠰᠤᠮᠤ ︵ᠪᠠᠯᠭᠠᠰᠤ︶ ᠶᠢᠨ ᠠᠷᠠᠳ ᠤᠨ ᠵᠠᠰᠠᠭ ᠤᠨ ᠣᠷᠳᠣᠨ ᠪᠠ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃ | | 11.ᠨᠤᠲᠤᠭ ᠪᠡᠯᠴᠢᠭᠡᠷ ᠢ ᠬᠠᠤᠯᠢ ᠪᠤᠰᠤ ᠪᠠᠷ ᠰᠢᠯᠵᠢᠭᠦᠯᠦᠨ ᠥᠭᠭᠦᠭᠰᠡᠨ ᠪᠠᠶᠢᠪᠠᠯ ᠬᠡᠷᠬᠢᠨ ᠰᠢᠢᠳᠬᠡᠬᠦ ᠪᠤᠢ︖ | | | ︽ᠨᠤᠲᠤᠭ ᠪᠡᠯᠴᠢᠭᠡᠷ ᠤᠨ ᠬᠠᠤᠯᠢ︾ ᠶᠢᠨ ᠵᠢᠷᠠᠨ ᠳᠥᠷᠪᠡᠳᠦᠭᠡᠷ ᠵᠦᠢᠯ ᠤᠨ ᠲᠣᠭᠲᠠᠭᠠᠯ ᠢ | ᠦᠨᠳᠦᠰᠦᠯᠡᠪᠡᠯ᠂ ᠨᠤᠲᠤᠭ ᠪᠡᠯᠴᠢᠭᠡᠷ ᠢ ᠮᠠᠶᠢᠮᠠᠶᠢᠯᠠᠬᠤ ᠪᠤᠶᠤ ᠪᠤᠰᠤᠳ ᠬᠡᠯᠪᠡᠷᠢ ᠪᠠᠷ ᠬᠠᠤᠯᠢ ᠪᠤᠰᠤ ᠪᠠᠷ | ᠰᠢᠯᠵᠢᠭᠦᠯᠦᠨ ᠥᠭᠭᠦᠭᠡᠳ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ ᠬᠠᠷᠠᠬᠠᠨ ᠡᠷᠡᠭᠦᠦ ᠶᠢᠨ ᠰᠢᠢᠳᠬᠡᠯ ᠥᠭᠬᠦ ᠬᠡᠮᠵᠢᠶᠡᠨ ᠳᠤ ᠬᠦᠷᠦᠭᠰᠡᠨ ᠦᠭᠡᠢ ᠪᠠᠶᠢᠪᠠᠯ᠂ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠢᠶᠠᠨ ᠦᠨᠳᠦᠰᠦᠯᠡᠨ ᠵᠠᠷᠯᠢᠭᠳᠠᠵᠤ ᠪᠠᠶᠢᠭᠠᠳ | ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ | ᠬᠤᠷᠢᠶᠠᠨ ᠠᠪᠴᠤ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠨᠢᠭᠡ ᠲᠡᠬᠢᠠ ᠠᠴᠠ ᠳᠡᠭᠡᠭᠰᠢ | ᠲᠠᠪᠤᠨ ᠲᠡᠬᠢᠠ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ | | 12.ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠡᠷᠡᠭᠯᠡᠭᠰᠡᠨ ᠪᠠᠶᠢᠪᠠᠯ ᠬᠡᠷᠬᠢᠨ ᠰᠢᠢᠳᠬᠡᠬᠦ ᠪᠤᠢ︖ | | ︽ᠨᠤᠲᠤᠭ ᠪᠡᠯᠴᠢᠭᠡᠷ ᠤᠨ ᠬᠠᠤᠯᠢ︾ ᠶᠢᠨ ᠵᠢᠷᠠᠨ ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ | ᠂ ᠵᠥᠪᠰᠢᠶᠡᠷᠡᠯ ᠣᠯᠣᠭᠰᠠᠨ ᠦᠭᠡᠢ ᠪᠤᠶᠤ ᠮᠡᠬᠡᠯᠡᠬᠦ ᠠᠷᠭ᠎ᠠ ᠪᠠᠷ ᠵᠥᠪᠰᠢᠶᠡᠷᠡᠯ ᠢ ᠮᠡᠬᠡᠯᠡᠨ ᠣᠯᠵᠤ᠂ ᠨᠤᠲᠤᠭ | ᠪᠡᠯᠴᠢᠭᠡᠷ ᠢ ᠬᠠᠤᠯᠢ ᠪᠤᠰᠤ ᠪᠠᠷ ᠬᠡᠷᠡᠭᠯᠡᠭᠡᠳ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠡᠷᠡᠭᠦᠦ ᠶᠢᠨ ᠰᠢᠢᠳᠬᠡᠯ ᠥᠭᠬᠦ ᠬᠡᠮᠵᠢᠶᠡᠨ ᠳᠤ ᠬᠠᠷᠠᠬᠠᠨ ᠬᠦᠷᠦᠭᠰᠡᠠ | ᠦᠭᠡᠢ ᠪᠠᠶᠢᠪᠠᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠢᠶᠠᠨ ᠦᠨᠳᠦᠰᠦᠯᠡᠨ ᠬᠠᠤᠯᠢ | ᠪᠤᠰᠤ ᠪᠠᠷ ᠬᠡᠷᠡᠭᠯᠡᠭᠰᠡᠨ ᠨᠤᠲᠤᠭ ᠪᠡᠯᠴᠢᠭᠡᠷ ᠢ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ | ᠠᠰᠢᠭᠯᠠᠯᠲᠠ ᠶᠢᠨ ᠲᠥᠯᠦᠪᠵᠢᠭᠦᠯᠭᠡ ᠠᠴᠠ ᠵᠥᠷᠢᠴᠡᠨ ᠨᠤᠲᠤᠭ ᠪᠡᠯᠴᠢᠭᠡᠷ ᠢ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠪᠣᠯᠭᠠᠨ ᠳᠤᠷ᠎ᠠ ᠪᠠᠷ ᠢᠶᠠᠨ ᠥᠭᠡᠷᠡᠴᠢᠯᠡᠭᠰᠡᠨ ᠪᠠᠶᠢᠪᠠᠯ᠂ ᠬᠠᠤᠯᠢ ᠪᠤᠰᠤ ᠪᠠᠷ ᠬᠡᠷᠡᠭᠯᠡᠭᠰᠡᠨ ᠨᠤᠲᠤᠭ | ᠪᠡᠯᠴᠢᠭᠡᠷ ᠳᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ ᠲᠥᠬᠦᠭᠡᠷᠦᠮᠵᠢ ᠶᠢ ᠬᠤᠭᠤᠴᠠᠭ᠎ᠠ | ᠲᠣᠭᠲᠠᠭᠠᠨ ᠨᠤᠷᠠᠭᠠᠯᠭᠠᠨ ᠠᠷᠢᠯᠭᠠᠭᠤᠯᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠨᠥᠮᠥᠷᠭᠡ ᠶᠢ ᠰᠡᠷᠭᠦᠭᠡᠯᠭᠡᠵᠦ᠂ | ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠡᠷᠡᠭᠯᠡᠬᠦ ᠠᠴᠠ ᠡᠮᠦᠨᠡᠬᠢ ᠭᠤᠷᠪᠠᠨ ᠵᠢᠯ ᠤᠨ ᠳᠤᠮᠳᠠᠴᠢ ᠤᠢᠢᠯᠡᠦᠡᠭᠡᠬᠦᠠ ᠤ | ᠥᠷᠲᠡᠭ ᠤᠨ ᠬᠢᠨᠢ ᠵᠢᠷᠭᠤᠭᠠᠨ ᠲᠡᠬᠢᠠ ᠠᠴᠠ ᠳᠡᠭᠡᠭᠰᠢ ᠠᠷᠪᠠᠨ ᠬᠤᠶᠠᠷ ᠲᠡᠬᠢᠠ ᠠᠴᠠ ᠳᠣᠭᠤᠭᠰᠢ ᠲᠣᠷᠭᠠᠭᠤᠯᠢ | ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠃ | | 13.ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠪᠠᠯ ᠬᠡᠷᠬᠢᠨ ᠰᠢᠢᠳᠬᠡᠬᠦ ᠪᠤᠢ︖ | | ︽ᠨᠤᠲᠤᠭ ᠪᠡᠯᠴᠢᠭᠡᠷ ᠤᠨ ᠬᠠᠤᠯᠢ︾ ᠶᠢᠨ ᠵᠢᠷᠠᠨ ᠵᠢᠷᠭᠤᠳᠤᠭᠠᠷ ᠵᠦᠢᠯ ᠤᠨ ᠲᠣᠭᠲᠠᠭᠠᠯ ᠢ | ᠦᠨᠳᠦᠰᠦᠯᠡᠪᠡᠯ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠭᠠᠳ ᠶᠠᠯ᠎ᠠ ᠪᠣᠯᠵᠤ ᠪᠦᠷᠢᠯᠳᠦᠭᠰᠡᠨ | ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠠᠷᠠᠬᠠᠨ ᠡᠷᠡᠭᠦᠦ ᠶᠢᠨ ᠰᠢᠢᠳᠬᠡᠯ | ᠥᠭᠬᠦ ᠬᠡᠮᠵᠢᠶᠡᠨ ᠳᠤ ᠬᠦᠷᠦᠭᠰᠡᠠ ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ | ᠲᠤᠰᠢᠶᠠᠯ ᠢᠶᠠᠨ ᠦᠨᠳᠦᠰᠦᠯᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ | ᠬᠤᠭᠤᠴᠠᠭ᠎ᠠ ᠲᠣᠭᠲᠠᠭᠠᠨ ᠤᠷᠭᠤᠮᠠᠯ ᠤᠨ ᠬᠤᠴᠢᠯᠭ᠎ᠠ ᠶᠢ ᠰᠡᠷᠭᠦᠭᠡᠯᠭᠡᠵᠦ᠂ ᠬᠠᠤᠯᠢ ᠪᠤᠰᠤ ᠡᠳ᠋ ᠪᠣᠳᠠᠰ ᠪᠠ | ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠬᠠᠤᠯᠢ ᠶᠢ ᠵᠥᠷᠢᠴᠡᠵᠦ ᠣᠯᠣᠭᠰᠠᠨ | ᠣᠯᠵᠠ ᠠᠰᠢᠭ ᠤᠨ ᠬᠢᠨᠢ ᠨᠢᠭᠡ ᠲᠡᠬᠢᠠ ᠠᠴᠠ ᠳᠡᠭᠡᠭᠰᠢ ᠲᠠᠪᠤᠨ ᠲᠡᠬᠢᠠ ᠠᠴᠠ ᠳᠣᠭᠤᠭᠰᠢ ᠵᠣᠭᠤᠰ ᠵᠶ᠋ᠠᠷᠬᠠᠤᠯᠢ ᠶᠢ | ᠵᠥᠷᠢᠴᠡᠵᠦ ᠣᠯᠣᠭᠰᠠᠨ ᠣᠯᠵᠠ ᠠᠰᠢᠭ ᠪᠠᠶᠢᠬᠤ ᠦᠭᠡᠢ ᠪᠣᠯ ᠲᠠᠪᠤᠨ ᠲᠦᠮᠡᠨ ᠲᠥᠭᠦᠷᠢᠭ ᠠᠴᠠ ᠳᠣᠭᠤᠭᠰᠢ | ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠃ ᠨᠤᠲᠤᠭ ᠪᠡᠯᠴᠢᠭᠡᠷ ᠤᠨ ᠥᠮᠴᠢᠯᠡᠭᠴᠢ ᠪᠤᠶᠤ | ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ | ᠡᠭᠦᠷᠭᠡᠯᠡᠭᠦᠯᠦᠨ᠎ᠡ᠃ | | 14᠂ ᠤᠷᠭᠤᠮᠠᠯ ᠢ ᠮᠠᠯᠲᠠᠬᠤ ᠪᠤᠶᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠡᠪᠳᠡᠬᠦ ᠶᠢ | ᠬᠡᠷᠬᠢᠨ ᠰᠢᠢᠳᠬᠡᠬᠦ ᠪᠤᠢ︖ | | ︽ᠨᠤᠲᠤᠭ ᠪᠡᠯᠴᠢᠭᠡᠷ ᠤᠨ ᠬᠠᠤᠯᠢ︾ ᠶᠢᠨ ᠵᠢᠷᠠᠨ ᠳᠣᠯᠣᠳᠤᠭᠠᠷ ᠵᠦᠢᠯ ᠤᠨ ᠲᠣᠭᠲᠠᠭᠠᠯ ᠢ | ᠦᠨᠳᠦᠰᠦᠯᠡᠪᠡᠯ᠂ ᠡᠯᠡᠰᠦᠨ ᠴᠥᠯ᠂ ᠬᠠᠭᠠᠰ ᠡᠯᠡᠰᠦᠨ ᠴᠥᠯ ᠪᠠ ᠬᠦᠨᠳᠦ ᠨᠣᠴᠢᠲᠠᠢ ᠲᠠᠴᠢᠷᠰᠢᠭᠰᠠᠨ᠂ | ᠡᠯᠡᠰᠦᠷᠬᠡᠭᠵᠢᠭᠰᠡᠨ᠂ ᠬᠤᠵᠢᠷᠰᠢᠭᠰᠠᠨ᠂ ᠬᠠᠶᠢᠷᠬᠠᠭ ᠴᠦᠯᠵᠢᠭᠰᠡᠨ᠂ ᠬᠥᠷᠥᠰᠥ ᠰᠢᠷᠣᠢ ᠢᠳᠡᠭᠳᠡᠭᠰᠡᠨ ᠨᠤᠲᠤᠭ | ᠪᠡᠯᠴᠢᠭᠡᠷ ᠲᠤ ᠵᠢᠴᠢ ᠠᠮᠢ ᠠᠬᠤᠢ ᠬᠡᠪᠡᠷᠡᠭ ᠣᠷᠣᠨ ᠤ ᠨᠤᠲᠤᠭ ᠪᠡᠯᠴᠢᠭᠡᠷ ᠳᠡᠭᠡᠷ᠎ᠡ ᠤᠷᠭᠤᠮᠠᠯ ᠮᠠᠯᠲᠠᠬᠤ ᠪᠤᠶᠤ | ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠡᠪᠳᠡᠬᠦ ᠪᠤᠰᠤᠳ ᠠᠵᠢᠯᠯᠠᠭ᠎ᠠ ᠬᠢᠭᠰᠡᠨ ᠪᠠᠶᠢᠪᠠᠯ᠂ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ | ᠶᠠᠪᠤᠳᠠᠯ ᠤᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠢᠶᠠᠨ ᠦᠨᠳᠦᠰᠦᠯᠡᠨ ᠬᠠᠤᠯᠢ ᠶᠢ | ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠠᠤᠯᠢ ᠪᠤᠰᠤ ᠵᠣᠭᠤᠰ ᠮᠥᠩᠭᠦ ᠡᠳ᠋ ᠪᠣᠳᠠᠰ ᠪᠠ | ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠬᠤ ᠪᠥᠭᠡᠳ ᠬᠠᠤᠯᠢ ᠶᠢ ᠵᠥᠷᠢᠴᠡᠵᠦ | ᠣᠯᠣᠭᠰᠠᠨ ᠣᠯᠵᠠ ᠠᠰᠢᠭ ᠤᠨ ᠬᠢᠨᠢ ᠲᠡᠬᠢᠠ ᠠᠴᠠ ᠳᠡᠭᠡᠭᠰᠢ ᠲᠠᠪᠤᠨ ᠲᠡᠬᠢᠠ ᠠᠴᠠ ᠳᠣᠭᠤᠭᠰᠢ ᠲᠣᠷᠭᠠᠭᠤᠯᠢ | ᠣᠨᠣᠭᠳᠠᠭᠤᠯᠵᠤ ᠨᠡᠶᠢᠯᠡᠭᠦᠯᠦᠨ ᠰᠢᠢᠳᠭᠡᠵᠦ ᠪᠣᠯᠣᠨ᠎ᠠ᠃ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ | ᠪᠠᠶᠢᠬᠤ ᠦᠭᠡᠢ ᠪᠣᠯ ᠲᠠᠪᠤᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ | ᠰᠢᠢᠳᠭᠡᠵᠦ ᠪᠣᠯᠣᠨ᠎ᠠ᠃ ᠨᠤᠲᠤᠭ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ | ᠪᠠᠶᠢᠪᠠᠯ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠭᠦᠯᠦᠨ᠎ᠡ᠃ | | 15.ᠨᠤᠲᠤᠭ ᠪᠡᠯᠴᠢᠭᠡᠷ ᠳᠡᠭᠡᠷ᠎ᠡ ᠡᠵᠡᠩᠨᠡᠯᠲᠡ ᠶᠢᠨ ᠴᠢᠨᠠᠷᠲᠠᠢ ᠵᠢᠭᠤᠯᠴᠢᠯᠠᠯ ᠤᠨ ᠠᠵᠢᠯᠯᠠᠭ᠎ᠠ ᠶᠢ | ᠳᠤᠷ᠎ᠠ ᠪᠠᠷ ᠢᠶᠠᠨ ᠥᠷᠨᠢᠭᠦᠯᠪᠡᠯ ᠬᠡᠷᠬᠢᠨ ᠰᠢᠢᠳᠬᠡᠬᠦ ᠪᠤᠢ︖ | | ︽ᠨᠤᠲᠤᠭ ᠪᠡᠯᠴᠢᠭᠡᠷ ᠤᠨ ᠬᠠᠤᠯᠢ︾ ᠶᠢᠨ ᠵᠢᠷᠠ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠪᠡᠯ | ᠂ ᠡᠵᠡᠩᠨᠡᠭᠴᠢᠳ ᠨᠤᠲᠤᠭ ᠪᠡᠯᠴᠢᠭᠡᠷ ᠳᠡᠭᠡᠷ᠎ᠡ ᠡᠵᠡᠩᠨᠡᠯᠲᠡ ᠶᠢᠨ ᠴᠢᠨᠠᠷᠲᠠᠢ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠬᠦ | ᠲᠣᠭᠲᠠᠭᠠᠯ ᠢ ᠵᠥᠷᠢᠴᠡᠵᠦ᠂ ᠳᠤᠷ᠎ᠠ ᠪᠠᠷ ᠢᠶᠠᠨ ᠨᠤᠲᠤᠭ ᠪᠡᠯᠴᠢᠭᠡᠷ ᠳᠡᠭᠡᠷ᠎ᠡ ᠡᠵᠡᠩᠨᠡᠯᠲᠡ ᠶᠢᠨ ᠴᠢᠨᠠᠷᠲᠠᠢ | ᠵᠢᠭᠤᠯᠴᠢᠯᠠᠯ ᠤᠨ ᠠᠵᠢᠯᠯᠠᠭ᠎ᠠ ᠥᠷᠨᠢᠭᠦᠯᠦᠭᠡᠳ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠡᠪᠳᠡᠭᠰᠡᠨ | ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠢᠶᠠᠨ | ᠦᠨᠳᠦᠰᠦᠯᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ | ᠤᠷᠭᠤᠮᠠᠯ ᠤᠨ ᠬᠤᠴᠢᠯᠭ᠎ᠠ ᠶᠢ ᠰᠡᠷᠭᠦᠭᠡᠯᠭᠡᠵᠦ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ | ᠬᠤᠷᠢᠶᠠᠨ ᠠᠪᠬᠤ ᠪᠥᠭᠡᠳ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠨᠢᠭᠡ ᠲᠡᠬᠢᠠ ᠠᠴᠠ | ᠳᠡᠭᠡᠭᠰᠢ ᠬᠤᠶᠠᠷ ᠲᠡᠬᠢᠠ ᠠᠴᠠ ᠳᠣᠭᠤᠭᠰᠢ ᠵᠣᠭᠤᠰ ᠵᠶ᠋ᠠᠷᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ | ᠪᠠᠶᠢᠬᠤ ᠦᠭᠡᠢ ᠪᠣᠯ ᠨᠤᠲᠤᠭ ᠪᠡᠯᠴᠢᠭᠡᠷ ᠤᠨ ᠡᠪᠳᠡᠭᠳᠡᠬᠦ ᠠᠴᠠ ᠡᠮᠦᠨᠡᠬᠢ ᠭᠤᠷᠪᠠᠨ ᠵᠢᠯ ᠤᠨ ᠳᠤᠮᠳᠠᠴᠢ | ᠦᠢᠯᠡᠳᠬᠦᠨ ᠤ ᠥᠷᠲᠡᠭ ᠤᠨ ᠬᠢᠨᠢ ᠵᠢᠷᠭᠤᠭᠠᠨ ᠲᠡᠬᠢᠠ ᠠᠴᠠ ᠳᠡᠭᠡᠭᠰᠢ ᠠᠷᠪᠠᠨ ᠬᠤᠶᠠᠷ ᠲᠡᠬᠢᠠ ᠠᠴᠠ ᠳᠣᠭᠤᠭᠰᠢ | ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠭᠡᠵᠦ ᠪᠣᠯᠣᠨ᠎ᠠ᠃ ᠨᠤᠲᠤᠭ ᠪᠡᠯᠴᠢᠭᠡᠷ ᠤᠨ ᠥᠮᠴᠢᠯᠡᠭᠴᠢ ᠪᠤᠶᠤ | ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ | ᠡᠭᠦᠷᠭᠡᠯᠡᠭᠦᠯᠦᠨ᠎ᠡ᠃ | | 16.ᠲᠦᠷ ᠴᠠᠭ ᠡᠵᠡᠯᠡᠨ ᠬᠡᠷᠡᠭᠯᠡᠭᠰᠡᠨ ᠨᠤᠲᠤᠭ ᠪᠡᠯᠴᠢᠭᠡᠷ ᠳᠡᠭᠡᠷ᠎ᠡ ᠡᠭᠦᠷᠢᠳᠡ ᠶᠢᠨ ᠴᠢᠨᠠᠷᠲᠠᠢ ᠪᠠᠷᠢᠯᠭ᠎ᠠ᠂ | ᠪᠠᠷᠢᠯᠭ᠎ᠠ ᠶᠢᠨ ᠵᠦᠢᠯ ᠢ ᠪᠠᠶᠢᠭᠤᠯᠬᠤ ᠳᠤ ᠬᠡᠷᠬᠢᠨ ᠰᠢᠢᠳᠪᠦᠷᠢᠯᠡᠬᠦ ᠪᠣᠢ︖ | | ︽ᠨᠤᠲᠤᠭ ᠪᠡᠯᠴᠢᠭᠡᠷ ᠤᠨ ᠬᠠᠤᠯᠢ︾ ᠶᠢᠨ ᠲᠡᠯᠡᠠ ᠨᠢᠭᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠪᠡᠯ | ᠂ ᠲᠦᠷ ᠴᠠᠭ ᠡᠵᠡᠯᠡᠨ ᠬᠡᠷᠡᠭᠯᠡᠭᠰᠡᠨ ᠨᠤᠲᠤᠭ ᠪᠡᠯᠴᠢᠭᠡᠷ ᠳᠡᠭᠡᠷ᠎ᠡ ᠡᠭᠦᠷᠢᠳᠡ ᠶᠢᠨ ᠴᠢᠨᠠᠷᠲᠠᠢ ᠪᠠᠷᠢᠯᠭ᠎ᠠ᠂ | ᠪᠠᠷᠢᠯᠭ᠎ᠠ ᠶᠢᠨ ᠵᠦᠢᠯ ᠢ ᠪᠠᠷᠢᠵᠤ ᠪᠠᠶᠢᠭᠤᠯᠤᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ | ᠰᠠᠯᠠᠭ᠎ᠠ ᠮᠥᠴᠢᠷ ᠠᠴᠠ ᠡᠷᠬᠡ ᠲᠤᠰᠢᠶᠠᠯ ᠢᠶᠠᠨ ᠦᠨᠳᠦᠰᠦᠯᠡᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ | ᠨᠤᠷᠠᠭᠠᠯᠭᠠᠨ᠎ᠠ᠃ ᠬᠤᠭᠤᠴᠠᠭ᠎ᠠ ᠬᠡᠲᠦᠷᠡᠲᠡᠯ᠎ᠡ ᠨᠤᠷᠠᠭᠠᠭᠰᠠᠨ ᠦᠭᠡᠢ ᠪᠠᠶᠢᠪᠠᠯ᠂ ᠬᠠᠤᠯᠢ ᠶᠣᠰᠣᠭᠠᠷ ᠠᠯᠪᠠᠳᠠᠨ | ᠨᠤᠷᠠᠭᠠᠨ᠎ᠠ᠂ ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠳ ᠡᠭᠦᠷᠭᠡᠯᠡᠨ᠎ᠡ᠃ ᠨᠤᠲᠤᠭ ᠪᠡᠯᠴᠢᠭᠡᠷ ᠢ ᠲᠦᠷ ᠴᠠᠭ | ᠡᠵᠡᠯᠡᠨ ᠬᠡᠷᠡᠭᠯᠡᠵᠦ᠂ ᠡᠵᠡᠯᠡᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠰᠡᠨ ᠪᠠᠶᠢᠲᠠᠯ᠎ᠠ ᠭᠠᠵᠠᠷ ᠬᠡᠷᠡᠭᠯᠡᠭᠰᠡᠨ ᠨᠢᠭᠡᠴᠢ | ᠨᠢ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠵᠦ ᠥᠭᠭᠦᠭᠰᠡᠨ ᠦᠭᠡᠢ ᠪᠠᠶᠢᠪᠠᠯ᠂ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ | ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠢᠶᠠᠨ ᠦᠨᠳᠦᠰᠦᠯᠡᠨ | ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠰᠡᠷᠭᠦᠭᠡᠯᠭᠡᠨ᠎ᠡ᠃ ᠬᠤᠭᠤᠴᠠᠭ᠎ᠠ ᠬᠡᠲᠦᠷᠡᠲᠡᠯ᠎ᠡ ᠰᠡᠷᠭᠦᠭᠡᠭᠰᠡᠨ | ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠣᠷᠣᠯᠠᠨ ᠰᠡᠷᠭᠦᠭᠡᠵᠦ᠂ | ᠬᠡᠷᠡᠭᠰᠡᠬᠦ ᠵᠠᠷᠤᠳᠠᠯ ᠢ ᠨᠢ ᠬᠠᠤᠯᠢ ᠶᠢ ᠵᠥᠷᠢᠴᠡᠭᠰᠡᠳ ᠡᠭᠦᠷᠭᠡᠯᠡᠨ᠎ᠡ᠃ | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠣᠯᠠᠨᠪᠤᠯᠠᠭ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠤ ᠳᠠᠮᠵᠢᠭᠤᠯᠤᠨ ᠨᠡᠶᠢᠲᠡᠯᠡᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠨᠤᠲᠤᠭ ᠪᠡᠯᠴᠢᠭᠡᠷ ᠤᠨ ᠬᠠᠤᠯᠢ︾ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠣᠯᠠᠨᠪᠤᠯᠠᠭ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ |