| | | | | | | ᠨᠢᠭᠡ᠂ ︽ᠬᠡᠷᠡᠭᠵᠢᠭᠦᠯᠬᠦ ᠠᠷᠭ᠎ᠠ︾ ᠶᠢ ᠲᠣᠭᠲᠠᠭᠠᠭᠰᠠᠨ ᠠᠬᠤᠢ ᠪᠠᠶᠢᠳᠠᠯ | | 2011 ᠣᠨ ᠠᠴᠠ 2020 ᠣᠨ ᠪᠣᠯᠲᠠᠯ᠎ᠠ᠂ ᠮᠠᠨ ᠤ ᠬᠤᠰᠢᠭᠤ ᠤᠯᠤᠰ ᠤᠨ ᠬᠠᠮᠢᠶ᠎ᠠ ᠪᠦᠬᠦᠢ | ᠲᠣᠭᠲᠠᠭᠠᠯ ᠶᠣᠰᠣᠭᠠᠷ ᠨᠢᠭᠡᠨᠲᠡ ᠬᠤᠶᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠵᠦ᠂ 12 ᠰᠤᠮᠤ ᠪᠠᠯᠭᠠᠰᠤ ︵ᠪᠠᠶᠠᠨᠮᠥ᠋ᠷᠡᠨ ᠰᠤᠮᠤ ᠪᠠᠭᠲᠠᠨ᠎ᠠ︶ ᠶᠢᠨ 101 | ᠭᠠᠴᠠᠭᠠᠨ ᠤ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠪᠡ᠃ 2021 ᠣᠨ ᠳᠤ᠂ ︽ᠭᠤᠷᠪᠠᠳᠤᠭᠠᠷ ᠡᠭᠡᠯᠵᠢ ᠶᠢᠨ | ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠲᠤᠬᠠᠢ ᠡᠳ᠋ ᠤᠨ ᠵᠠᠰᠠᠭ ᠤᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠤᠯᠤᠰ ᠤᠨ ᠣᠶ ᠰᠢᠭᠤᠢ | ᠡᠪᠡᠰᠦ ᠪᠡᠯᠴᠢᠭᠡᠷ ᠤᠨ ᠲᠣᠪᠴᠢᠶ᠎ᠠ ᠶᠢᠨ ᠵᠢᠯᠤᠭᠤᠳᠬᠤ ᠰᠠᠨᠠᠯ︾ ︵ᠡᠳ᠋ ᠤᠨ ᠵᠠᠰᠠᠭ ᠲᠠᠷᠢᠶᠠᠯᠠᠩ ﹇2021﹈ 82 | ᠳ᠋ᠤᠭᠠᠷ ᠲᠣᠭᠠᠲᠤ︶ ᠢ ᠬᠡᠪᠯᠡᠨ ᠲᠠᠷᠬᠠᠭᠠᠬᠤ ᠲᠤᠬᠠᠢ ᠡᠳ᠋ ᠤᠨ ᠵᠠᠰᠠᠭ ᠤᠨ ᠶᠠᠮᠤᠨ᠂ ᠲᠠᠷᠢᠶᠠᠯᠠᠩ ﹇2021﹈ 82 | ᠳ᠋ᠤᠭᠠᠷ ᠲᠣᠭᠠᠲᠤ︶᠄ ︽ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ᠂ ᠠᠷᠪᠠᠨ ᠳᠥᠷᠪᠡᠳᠦᠭᠡᠷ | ᠲᠠᠪᠤᠨ ᠵᠢᠯ ᠤᠨ ᠬᠤᠭᠤᠴᠠᠭᠠᠨ ᠳᠤ ᠤᠯᠤᠰ ᠠᠴᠠ ᠾᠧᠪᠧᠢ᠂ ᠱᠠᠨ ᠰᠢ᠂ ᠥᠪᠥᠷ ᠮᠣᠩᠭᠤᠯ᠂ ᠯᠢᠶᠣᠤᠨᠢᠩ᠂ | ᠭᠢᠷᠢᠨ᠂ ᠬᠠᠷᠠᠮᠥ᠋ᠷᠡᠨ᠂ ᠰᠧᠴᠤᠸᠠᠨ᠂ ᠶᠦᠨᠨᠠᠨ᠂ ᠲᠥᠪᠡᠳ᠂ ᠭᠠᠨᠰᠤ᠂ ᠬᠥᠬᠡᠨᠠᠭᠤᠷ᠂ ᠨᠢᠩᠰᠢᠶᠠ᠂ ᠰᠢᠨᠵᠢᠶᠠᠩ | ᠵᠡᠷᠭᠡ 13 ᠮᠤᠵᠢ ︵ᠥᠪᠡᠷᠲᠡᠭᠡᠨ ᠵᠠᠰᠠᠬᠤ ᠣᠷᠣᠨ︶ ᠪᠣᠯᠣᠨ ᠰᠢᠨᠵᠢᠶᠠᠩ ᠤᠨ ᠦᠢᠯᠡᠳᠪᠦᠷᠢᠯᠡᠬᠦ ᠠᠵᠢᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ ᠪᠣᠯᠣᠨ ᠤᠮᠠᠷᠠᠲᠤ ᠶᠢᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠬᠢᠵᠠᠭᠠᠷᠲᠤ | ᠺᠣᠮᠫᠠᠨᠢ ᠳᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ | ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ︾ ᠭᠡᠰᠡᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ | ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠱᠠᠲᠤᠨ ᠤ ᠬᠢᠨ ᠲᠣᠰ ᠲᠣᠰ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ︾ ︵ᠥᠪᠥᠷ | ᠡᠳ᠋ ᠤᠨ ᠵᠠᠰᠠᠭ ᠬᠥᠳᠡᠭᠡ ᠲᠤᠰᠬᠤᠨ ﹇2021﹈ 1190 ᠲᠣᠭᠠᠲᠤ︶᠂ ︽ᠠᠯᠠᠱᠠ ᠠᠶᠢᠮᠠᠭ ᠤᠨ ᠭᠤᠷᠪᠠᠳᠤᠭᠠᠷ | ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ | ᠪᠣᠳᠣᠯᠭ᠎ᠠ ᠶᠢᠨ ᠬᠡᠷᠡᠭᠵᠢᠭᠦᠯᠬᠦ ᠲᠥᠰᠥᠯ︾ ︵ᠠᠯᠠᠱᠠ ᠡᠳ᠋ ᠤᠨ ᠵᠠᠰᠠᠭ ᠬᠥᠳᠡᠭᠡ ᠲᠤᠰᠬᠤᠨ ﹇2022﹈ 316 | ᠳ᠋ᠤᠭᠠᠷ ᠲᠣᠭᠠᠲᠤ︶ ᠢ ᠲᠣᠭᠲᠠᠭᠠᠵᠠᠢ᠂ ᠡᠶᠢᠮᠦ ᠠᠴᠠ ᠮᠠᠨ ᠤ ᠬᠤᠰᠢᠭᠤ ᠭᠤᠷᠪᠠᠳᠤᠭᠠᠷ ᠡᠭᠡᠯᠵᠢ ᠶᠢᠨ ᠨᠤᠲᠤᠭ | ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ | | ᠬᠤᠶᠠᠷ᠂ ᠲᠣᠭᠲᠠᠭᠠᠭᠰᠠᠨ ᠦᠨᠳᠦᠰᠦᠯᠡᠯ | | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠶᠢ | ᠦᠨᠳᠦᠰᠦᠯᠡᠪᠡᠯ᠂ ᠡᠳ᠋ ᠤᠨ ᠵᠠᠰᠠᠭ ᠤᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠤᠯᠤᠰ ᠤᠨ ᠤᠢ | ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ︾ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ | ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠵᠢᠯᠤᠭᠤᠳᠬᠤ | ᠰᠠᠨᠠᠯ ︵ᠡᠳ᠋ ᠤᠨ ᠵᠠᠰᠠᠭ ᠬᠥᠳᠡᠭᠡ ᠲᠤᠰᠬᠤᠨ ﹇2021﹈ 82 ᠳ᠋ᠤᠭᠠᠷ ᠲᠣᠭᠠᠲᠤ︶᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ | ᠵᠣᠭᠰᠣᠭᠠᠨ ᠪᠡᠯᠴᠢᠭᠡᠷ ᠢ ᠰᠡᠷᠭᠦᠭᠡᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠥᠯ︾ ︵ᠥᠪᠥᠷ ᠡᠳ᠋ ᠤᠨ ᠵᠠᠰᠠᠭ ᠬᠥᠳᠡᠭᠡ ᠲᠤᠰᠬᠤᠨ ﹇2021 | ﹈ 1190 ᠳ᠋ᠦ᠋ᠭᠡᠷ ᠲᠣᠭᠠᠲᠤ︶᠂ ︽ᠠᠯᠠᠱᠠ ᠠᠶᠢᠮᠠᠭ ᠤᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ | ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠥᠯ︾ | ︵ᠠᠯᠠᠱᠠ ᠡᠳ᠋ ᠤᠨ ᠵᠠᠰᠠᠭ ᠬᠥᠳᠡᠭᠡ ᠲᠤᠰᠬᠤᠨ ﹇2022﹈ 316 ᠳ᠋ᠤᠭᠠᠷ ᠲᠣᠭᠠᠲᠤ︶ ᠤᠨ ᠱᠠᠭᠠᠷᠳᠠᠯᠭ᠎ᠠ᠂ | ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ ︽ᠠᠯᠠᠱᠠ ᠵᠡᠭᠦᠨ ᠬᠤᠰᠢᠭᠤᠨ ᠤ ᠨᠤᠲᠤᠭ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠠᠷᠭ᠎ᠠ ︵2021 — 2025 ᠣᠨ︶︾ ᠶᠢ ᠲᠤᠭᠤᠷᠪᠢᠵᠤ᠂ ᠳᠣᠷᠣᠭᠰᠢ ︽ᠬᠡᠷᠡᠭᠵᠢᠭᠦᠯᠬᠦ | ᠠᠷᠭ᠎ᠠ︾ ᠭᠡᠵᠦ ᠲᠣᠪᠴᠢᠯᠠᠨ᠎ᠠ᠃ | | ᠭᠤᠷᠪᠠ᠂ ︽ᠬᠡᠷᠡᠭᠵᠢᠭᠦᠯᠬᠦ ᠠᠷᠭ᠎ᠠ︾ ᠶᠢ ᠲᠤᠭᠤᠷᠪᠢᠭᠰᠠᠨ ᠶᠠᠪᠤᠴᠠ | | ︽ᠥᠪᠥᠷ ᠮᠣᠩᠭᠤᠯ ᠤᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ︾ ᠵᠢᠴᠢ ︽ | ᠠᠯᠠᠱᠠ ᠠᠶᠢᠮᠠᠭ ᠤᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ | ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ︾ ᠤᠨ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠦᠨᠳᠦᠰᠦᠯᠡᠨ᠂ ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ ᠲᠦᠷᠦᠭᠦᠯᠡᠨ ︽ᠠᠯᠠᠱᠠ ᠵᠡᠭᠦᠨ | ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠠᠷᠭ᠎ᠠ ︵2021 — 2025 ᠣᠨ︶︾ ︵ᠠᠩᠬᠠᠨ ᠤ ᠨᠣᠣᠷᠠᠭ︶ ᠶᠢ | ᠲᠤᠭᠤᠷᠪᠢᠵᠤ ᠳᠠᠭᠤᠰᠬᠠᠭᠠᠳ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠰᠢᠭᠤᠨ | ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠰᠢᠨᠵᠢᠯᠡᠬᠦ ᠤᠬᠠᠭᠠᠨ ᠮᠡᠷᠭᠡᠵᠢᠯ ᠪᠠ ᠣᠶ ᠰᠢᠭᠤᠢ ᠨᠤᠲᠤᠭ | ᠪᠡᠯᠴᠢᠭᠡᠷ ᠤᠨ ᠲᠣᠪᠴᠢᠶ᠎ᠠ ᠵᠡᠷᠭᠡ ᠭᠤᠷᠪᠠᠨ ᠰᠠᠯᠠᠭ᠎ᠠ ᠮᠥᠴᠢᠷ ᠬᠠᠮᠲᠤᠷᠠᠨ ᠬᠢᠨᠠᠨ ᠬᠠᠷᠭᠤᠭᠤᠯᠬᠤ ᠶᠢᠨ ᠬᠠᠮᠲᠤ | ᠪᠢᠴᠢᠭ ᠤᠨ ᠬᠡᠯᠪᠡᠷᠢ ᠪᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ᠲᠡᠭᠦᠨ ᠳᠤ | ᠵᠠᠳᠠᠯᠤᠯᠲᠠ ᠬᠢᠵᠦ ᠬᠤᠷᠢᠶᠠᠩᠭᠤᠶᠢᠯᠠᠨ ᠰᠢᠩᠭᠡᠭᠡᠵᠦ᠂ ︽ᠬᠡᠷᠡᠭᠵᠢᠭᠦᠯᠬᠦ ᠠᠷᠭ᠎ᠠ︾ ︵ᠬᠢᠨᠠᠨ ᠵᠥᠪᠯᠡᠬᠦ ᠨᠣᠣᠷᠠᠭ︶ ᠶᠢ | ᠪᠣᠶ ᠪᠣᠯᠭᠠᠪᠠ᠃ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 14 ᠳ᠋ᠦ᠋ᠭᠡᠷ ᠤᠳᠠᠭ᠎ᠠ ᠶᠢᠨ | ᠪᠠᠶᠢᠩᠭᠤ ᠶᠢᠨ ᠬᠤᠷᠠᠯ ᠢᠶᠠᠷ ᠬᠢᠨᠠᠨ ᠲᠣᠭᠲᠠᠭᠠᠯᠭᠠᠵᠤ ᠵᠥᠪᠰᠢᠶᠡᠷᠡᠭᠦᠯᠬᠦ ᠶᠢᠨ ᠬᠠᠮᠲᠤ ᠠᠯᠪᠠᠨ ᠶᠣᠰᠣ ᠪᠠᠷ ᠬᠡᠪᠯᠡᠨ | ᠲᠠᠷᠬᠠᠭᠠᠵᠤ ᠬᠡᠷᠡᠭᠵᠢᠭᠦᠯᠪᠡ᠃ | | ᠳᠥᠷᠪᠡ᠂ ︽ᠬᠡᠷᠡᠭᠵᠢᠭᠦᠯᠬᠦ ᠠᠷᠭ᠎ᠠ︾ ᠶᠢᠨ ᠴᠢᠬᠤᠯᠠ ᠠᠭᠤᠯᠭ᠎ᠠ ᠶᠢᠨ ᠲᠠᠶᠢᠯᠤᠮᠵᠢ | | ︵ᠨᠢᠭᠡ︶ ᠬᠠᠷᠠᠯᠲᠠ ᠶᠢᠨ ᠡᠭᠦᠷᠭᠡ᠃ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ | ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ ᠪᠡᠯᠴᠢᠭᠡᠷᠯᠡᠭᠦᠯᠬᠦ ᠶᠢ ᠬᠤᠷᠢᠭᠯᠠᠬᠤ ᠪᠠ | ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠯᠴᠢᠨ | ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠪᠡᠯᠴᠢᠭᠡᠷ ᠤᠨ ᠪᠠᠭᠲᠠᠭᠠᠮᠵᠢ ᠶᠢᠨ ᠬᠡᠮᠵᠢᠶ᠎ᠡ ᠶᠢ ᠵᠦᠢ | ᠵᠣᠬᠢᠰᠲᠠᠢ ᠲᠣᠬᠢᠷᠠᠭᠤᠯᠤᠨ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠤᠯᠢ ᠶᠣᠰᠣᠭᠠᠷ ᠬᠠᠮᠠᠭᠠᠯᠠᠵᠤ᠂ ᠨᠤᠲᠤᠭ | ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠂ ᠮᠠᠯ | ᠪᠡᠯᠴᠢᠭᠡᠷ ᠤᠨ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠲᠦᠷᠭᠡᠳᠬᠡᠨ | ᠠᠬᠢᠭᠤᠯᠵᠤ᠂ ᠳᠠᠪᠠᠭᠤᠯᠢᠭ ᠣᠨᠴᠠᠯᠢᠭᠲᠤ ᠮᠠᠯ ᠤᠨ ᠡᠭᠦᠯᠳᠡᠷ ᠤᠨ ᠡᠬᠢ ᠪᠠᠶᠠᠯᠢᠭ ᠢ ᠶᠡᠬᠡᠪᠡᠷ ᠬᠠᠮᠠᠭᠠᠯᠠᠨ᠂ ᠴᠢᠨᠠᠷ | ᠴᠢᠨᠰᠠᠭ᠎ᠠ ᠶᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠪᠡᠯᠴᠢᠭᠡᠷ ᠤᠨ ᠮᠠᠯ ᠠᠵᠤ ᠠᠬᠤᠢ ᠶᠢ ᠶᠡᠬᠡᠪᠡᠷ | ᠬᠠᠮᠠᠭᠠᠯᠠᠵᠤ᠂ ᠪᠣᠬᠢᠷᠲᠤᠯ ᠦᠭᠡᠢ ᠣᠷᠭᠠᠨᠢᠭ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠳ ᠤᠨ ᠠᠮᠤᠷ ᠲᠠᠶᠢᠪᠤᠩ ᠠᠵᠤ ᠲᠦᠷᠦᠭᠦ ᠶᠢ ᠠᠬᠢᠭᠤᠯᠵᠤ | ᠂ ᠮᠠᠯᠵᠢᠬᠤ ᠲᠠᠷᠢᠶᠠᠯᠠᠬᠤ ᠣᠷᠣᠨ ᠤ ᠡᠶ᠎ᠡ ᠵᠣᠬᠢᠴᠠᠯ ᠲᠠᠢ ᠬᠥᠭᠵᠢᠬᠦ ᠶᠢ ᠠᠬᠢᠭᠤᠯᠤᠨ᠎ᠠ᠃ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠰᠡᠭᠦᠯᠴᠢ ᠪᠣᠯᠬᠤ ᠳᠤ᠂ ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠤᠷᠭᠤᠮᠠᠯ ᠤᠨ | ᠬᠤᠴᠢᠯᠭ᠎ᠠ ᠶᠢᠨ ᠪᠦᠷᠬᠦᠴᠡ ᠶᠢ 20% ᠠᠴᠠ ᠳᠡᠭᠡᠭᠰᠢ ᠲᠣᠭᠲᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢᠳᠤ | ᠪᠣᠳᠠᠰ ᠤᠨ ᠬᠡᠮᠵᠢᠶ᠎ᠡ ᠪᠠ ᠣᠯᠠᠨ ᠶᠠᠩᠵᠤᠲᠤ ᠴᠢᠨᠠᠷ ᠢ ᠦᠷᠭᠦᠯᠵᠢᠯᠡᠨ ᠨᠡᠮᠡᠭᠳᠡᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠬᠦ᠂ ᠠᠮᠢ ᠠᠬᠤᠢ ᠶᠢᠨ | ᠪᠣᠯᠪᠠᠰᠤᠨ ᠢ ᠪᠠᠶᠢᠭᠤᠯᠬᠤ᠂ ᠡᠬᠡ ᠤᠯᠤᠰ ᠤᠨ ᠤᠮᠠᠷᠠᠲᠤ ᠶᠢᠨ ︽ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ | ︾ ᠢ ᠴᠣᠭᠴᠠᠯᠠᠬᠤ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠲᠣᠭᠲᠠᠭᠤᠨ ᠢ ᠬᠠᠮᠠᠭᠠᠯᠠᠬᠤ ᠳᠤ | ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃ | | ︵ᠬᠤᠶᠠᠷ︶ ᠲᠤᠰᠠᠯᠠᠵᠤ ᠱᠠᠩᠨᠠᠬᠤ ᠲᠠᠯᠠᠪᠠᠢ ᠪᠣᠯᠣᠨ ᠣᠷᠣᠨ ᠤ ᠬᠤᠪᠢᠶᠠᠷᠢᠯᠠᠯ᠃ ᠠᠯᠠᠱᠠ ᠵᠡᠭᠦᠨ | ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠦᠭᠰᠡᠨ ᠶᠡᠷᠦᠩᠬᠡᠢ ᠲᠠᠯᠠᠪᠠᠶ ᠨᠢ 7540.6 ᠲᠦᠮᠡᠨ ᠮᠦ ᠪᠣᠯᠣᠨ᠎ᠠ᠂ ᠡᠭᠦᠨ ᠳᠤ᠄ | ᠪᠡᠯᠴᠢᠭᠡᠷᠯᠡᠭᠦᠯᠬᠦ ᠶᠢ ᠬᠤᠷᠢᠭᠯᠠᠭᠰᠠᠨ ᠲᠠᠯᠠᠪᠠᠶ 5050.7 ᠲᠦᠮᠡᠨ ᠮᠦ᠂ ᠮᠠᠯ ᠪᠡᠯᠴᠢᠭᠡᠷ ᠤᠨ ᠲᠡᠩᠴᠡᠭᠦᠷᠢ ᠶᠢ | ᠪᠠᠲᠤᠯᠠᠬᠤ ᠲᠠᠯᠠᠪᠠᠶ 2489.9 ᠲᠦᠮᠡᠨ ᠮᠦ ᠪᠣᠯᠣᠨ᠎ᠠ᠃ ᠪᠡᠯᠴᠢᠭᠡᠷᠯᠡᠭᠦᠯᠬᠦ ᠶᠢ ᠬᠤᠷᠢᠭᠯᠠᠬᠤ ᠣᠷᠣᠨ ᠪᠣᠯ | ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠪᠦᠰᠡ ᠡᠯᠡᠰᠦᠨ ᠴᠥᠯ ᠤᠨ | ᠳᠣᠲᠣᠷ᠎ᠠ ᠭᠠᠵᠠᠷ᠂ ᠭᠤᠪᠢ ᠶᠢᠨ ᠡᠯᠡᠰᠦᠨ ᠴᠥᠯ᠃ ᠨᠤᠲᠤᠭ ᠪᠡᠯᠴᠢᠭᠡᠷ ᠬᠦᠨᠳᠦ ᠨᠣᠴᠢᠲᠠᠢ ᠲᠠᠴᠢᠷᠰᠢᠭᠰᠠᠨ᠂ | ᠡᠯᠡᠰᠦᠷᠬᠡᠭᠵᠢᠭᠰᠡᠨ ᠵᠡᠷᠭᠡ ᠠᠮᠢ ᠠᠬᠤᠢ ᠨᠢ ᠮᠠᠭᠤᠳᠠᠭᠰᠠᠨ ᠣᠷᠣᠨ᠃ ᠮᠠᠯᠵᠢᠬᠤ ᠶᠢ ᠵᠣᠭᠰᠣᠭᠠᠨ ᠡᠪᠡᠰᠦ | ᠪᠡᠯᠴᠢᠭᠡᠷ ᠢ ᠰᠡᠷᠭᠦᠭᠡᠭᠰᠡᠨ ᠣᠷᠣᠨ ᠵᠢᠴᠢ ᠠᠯᠠᠱᠠ ᠠᠭᠤᠯᠠ ᠳᠠᠭᠠᠤ ᠣᠷᠣᠨ᠃ ᠮᠠᠯ ᠪᠡᠯᠴᠢᠭᠡᠷ ᠤᠨ ᠲᠡᠩᠴᠡᠭᠦᠷᠢ ᠶᠢ | ᠪᠠᠲᠤᠯᠠᠬᠤ ᠣᠷᠣᠨ ᠭᠡᠳᠡᠭ ᠨᠢ ᠪᠠᠶᠢᠭᠠᠯᠢ ᠶᠢᠨ ᠨᠥᠬᠦᠴᠡᠯ ᠢᠶᠠᠷ ᠬᠠᠷᠢᠴᠠᠩᠭᠤᠢ ᠨᠡᠯᠢᠶᠡᠳ ᠰᠠᠶᠢᠨ᠂ ᠬᠥᠮᠥᠨ | ᠪᠦᠷᠢ ᠳᠤ ᠳᠤᠮᠳᠠᠴᠢ ᠪᠠᠷ ᠨᠣᠭᠳᠠᠬᠤ ᠨᠤᠲᠤᠭ ᠪᠡᠯᠴᠢᠭᠡᠷ ᠤᠨ ᠲᠠᠯᠠᠪᠠᠶ ᠨᠡᠯᠢᠶᠡᠳ ᠶᠡᠭᠡ᠂ ᠮᠠᠯ ᠪᠡᠯᠴᠢᠭᠡᠷ ᠤᠨ | ᠲᠡᠩᠴᠡᠭᠦᠷᠢ ᠶᠢ ᠪᠠᠲᠤᠯᠠᠬᠤ ᠵᠢᠴᠢ ᠰᠡᠯᠭᠦᠨ ᠮᠠᠯᠵᠢᠬᠤ ᠶᠢ ᠵᠣᠭᠰᠤᠭᠠᠬᠤ ᠵᠡᠷᠭᠡ ᠠᠷᠭ᠎ᠠ ᠬᠡᠮᠵᠢᠶ᠎ᠡ ᠪᠠᠷ ᠨᠤᠲᠤᠭ | ᠪᠡᠯᠴᠢᠭᠡᠷ ᠤᠨ ᠠᠮᠢ ᠠᠬᠤᠢ ᠶᠢ ᠰᠡᠷᠭᠦᠭᠡᠵᠦ ᠪᠣᠯᠬᠤ ᠣᠷᠣᠨ ᠪᠦᠰᠡ ᠪᠣᠯᠣᠨ᠎ᠠ᠃ ᠮᠠᠯ ᠤᠨ ᠰᠢᠯᠢᠳᠡᠭ ᠡᠭᠦᠯᠳᠡᠷ ︵ | ᠠᠯᠠᠱᠠ ᠶᠢᠨ ᠬᠤᠣᠰ ᠪᠥᠬᠦᠲᠦ ᠲᠡᠮᠡᠭᠡ᠂ ᠴᠠᠭᠠᠨ ᠨᠣᠯᠤᠥᠷ ᠤᠨ ᠢᠮᠠᠭ᠎ᠠ᠂ ᠮᠣᠩᠭᠤᠯ ᠦᠬᠡᠷ︶ ᠤᠨ | ᠭᠤᠣᠯᠳᠠᠯᠭ᠎ᠠ ᠲᠠᠢ ᠬᠠᠮᠠᠭᠠᠯᠠᠯᠲᠠ ᠶᠢᠨ ᠣᠷᠣᠨ᠃ ᠬᠢᠯᠢ ᠬᠢᠵᠠᠭᠠᠷ ᠪᠠ ᠬᠢᠯᠢ ᠬᠢᠵᠠᠭᠠᠷ ᠣᠷᠣᠨ᠃ | | ︵ᠭᠤᠷᠪᠠ︶ ᠪᠡᠯᠴᠢᠭᠡᠷᠯᠡᠭᠦᠯᠬᠦ ᠶᠢ ᠬᠤᠷᠢᠭᠯᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠳᠤ | ᠲᠤᠰᠠᠯᠠᠵᠤ ᠱᠠᠩᠨᠠᠬᠤ ᠪᠠᠷᠢᠮᠵᠢᠶ᠎ᠠ᠃ | | 1. ᠪᠡᠯᠴᠢᠭᠡᠷᠯᠡᠭᠦᠯᠬᠦ ᠶᠢ ᠬᠤᠷᠢᠭᠯᠠᠬᠤ ᠣᠷᠣᠨ ᠤ ᠨᠥᠬᠦᠪᠦᠷᠢ ᠶᠢᠨ ᠪᠡᠯᠡ ᠮᠥᠩᠭᠦ ᠶᠢᠨ ᠪᠠᠷᠢᠮᠵᠢᠶ᠎ᠠ᠄ ︵1︶ | ᠨᠤᠲᠤᠭ ᠪᠡᠯᠴᠢᠭᠡᠷ ᠲᠠᠢ ᠮᠥᠷᠲᠡᠭᠡᠨ ᠪᠡᠯᠴᠢᠭᠡᠷᠯᠡᠭᠦᠯᠬᠦ ᠶᠢ ᠪᠦᠷᠢᠮᠦᠰᠦᠨ ᠬᠤᠷᠢᠭᠯᠠᠭᠰᠠᠨ ᠪᠦᠬᠦᠯᠢ 16 ᠨᠠᠰᠤᠨ ᠠᠴᠠ | ᠳᠣᠷᠣᠭᠰᠢᠬᠢ ᠬᠥᠮᠥᠰ ᠲᠤ ᠬᠥᠮᠥᠨ ᠪᠦᠷᠢ ᠵᠢᠯ ᠳᠤ 4000 ᠲᠥᠭᠦᠷᠢᠭ ᠨᠥᠬᠦᠪᠦᠷᠢᠯᠡᠵᠦ᠂ ᠪᠦᠬᠦᠯᠢ 16 ᠨᠠᠰᠤᠨ | ᠠᠴᠠ ᠳᠡᠭᠡᠭᠰᠢᠬᠢ ᠬᠥᠮᠥᠰ ᠲᠤ ᠬᠥᠮᠥᠨ ᠪᠦᠷᠢ ᠵᠢᠯ ᠳᠤ 15000 ᠲᠥᠭᠦᠷᠢᠭ ᠨᠥᠬᠦᠪᠦᠷᠢᠯᠡᠨ᠎ᠡ᠃ ︵2︶ | ᠨᠤᠲᠤᠭ ᠪᠡᠯᠴᠢᠭᠡᠷ ᠪᠠ ᠲᠠᠷᠢᠶᠠᠨ ᠭᠠᠵᠠᠷ ᠲᠠᠢ ᠮᠥᠷᠲᠡᠭᠡᠨ ᠪᠡᠯᠴᠢᠭᠡᠷᠯᠡᠭᠦᠯᠬᠦ ᠶᠢ ᠪᠦᠷᠢᠮᠦᠰᠦᠨ ᠬᠤᠷᠢᠭᠯᠠᠭᠰᠠᠨ | ᠪᠦᠬᠦᠯᠢ 16 ᠨᠠᠰᠤᠨ ᠠᠴᠠ ᠳᠣᠷᠣᠭᠰᠢᠬᠢ ᠬᠥᠮᠥᠨ 4000 ᠲᠥᠭᠦᠷᠢᠭ᠃ ᠪᠦᠬᠦᠯᠢ 16 ᠨᠠᠰᠤᠨ ᠠᠴᠠ | ᠳᠡᠭᠡᠭᠰᠢᠬᠢ ᠬᠥᠮᠥᠰ ᠲᠤ ᠬᠥᠮᠥᠨ ᠪᠦᠷᠢ ᠳᠤ ᠵᠢᠯ ᠳᠤ 5000 ᠲᠥᠭᠦᠷᠢᠭ ᠨᠥᠬᠦᠪᠦᠷᠢᠯᠡᠨ᠎ᠡ᠃ | | 2᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠣᠷᠣᠨ ᠤ ᠱᠠᠩᠨᠠᠯ ᠤᠨ ᠪᠡᠯᠡ ᠮᠥᠩᠭᠦ ᠶᠢᠨ ᠪᠠᠷᠢᠮᠵᠢᠶ᠎ᠠ | ᠄ ᠪᠦᠬᠦᠯᠢ 16 ᠨᠠᠰᠤᠨ ᠠᠴᠠ ᠳᠣᠷᠣᠭᠰᠢᠬᠢ ᠬᠥᠮᠥᠰ ᠲᠤ ᠬᠥᠮᠥᠨ ᠪᠦᠷᠢ ᠵᠢᠯ ᠳᠤ 4000 ᠲᠥᠭᠦᠷᠢᠭ | ᠨᠥᠬᠦᠪᠦᠷᠢᠯᠡᠵᠦ᠂ ᠪᠦᠬᠦᠯᠢ 16 ᠨᠠᠰᠤᠨ ᠠᠴᠠ ᠳᠡᠭᠡᠭᠰᠢᠬᠢ ᠬᠥᠮᠥᠰ ᠲᠤ ᠬᠥᠮᠥᠨ ᠪᠦᠷᠢ ᠵᠢᠯ ᠳᠤ 5000 | ᠲᠥᠭᠦᠷᠢᠭ ᠱᠠᠩᠨᠠᠨ᠎ᠠ᠃ | | ︵ᠳᠥᠷᠪᠡ︶ ᠲᠤᠰᠠᠯᠠᠵᠤ ᠱᠠᠩᠨᠠᠬᠤ ᠡᠲᠡᠭᠡᠳ᠃ | | 1.ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠵᠢᠴᠢ ᠳᠠᠭᠠᠭᠠᠴᠢᠯᠠᠯᠲᠠ ᠶᠢᠨ | ᠭᠡᠷ᠎ᠡ ᠲᠠᠢ ᠮᠠᠯᠴᠢᠳ ︵ᠬᠤᠯᠪᠣᠭᠠᠲᠤ ᠡᠷᠦᠭᠡ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠵᠢᠴᠢ | ᠳᠠᠭᠠᠭᠠᠴᠢᠯᠠᠯᠲᠠ ᠶᠢᠨ ᠭᠡᠷ᠎ᠡ ᠪᠠᠭᠲᠠᠨ᠎ᠠ︶᠃ | | 2. ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ ᠲᠠᠩᠰᠠ ᠲᠠᠢ ᠪᠥᠭᠡᠳ | ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠡᠴᠢᠭᠡ ᠡᠬᠡ ᠶᠢᠨ | ᠲᠠᠯ᠎ᠠ ᠶᠢᠨ ᠰᠢᠨ᠎ᠡ ᠪᠠᠷ ᠲᠥᠷᠥᠭᠰᠡᠨ ᠬᠥᠮᠥᠰ ︵ᠳᠠᠷᠠᠭ᠎ᠠ ᠵᠢᠯ ᠠᠴᠠ ᠨᠢ ᠡᠬᠢᠯᠡᠵᠦ ᠡᠳ᠋ᠯᠡᠨ᠎ᠡ︶᠃ | | | 3. 2020 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠮᠠᠨ ᠤ ᠬᠤᠰᠢᠭᠤᠨ ᠳᠤ ᠤᠷᠤᠭᠯᠠᠨ | ᠣᠷᠣᠭᠰᠠᠨ ᠪᠥᠭᠡᠳ ᠤᠷᠤᠭ ᠤᠨ ᠬᠠᠷᠢᠴᠠᠭ᠎ᠠ ᠪᠠ ᠲᠤᠰ ᠭᠠᠴᠠᠭᠠᠨ ᠤ ᠡᠷᠦᠬᠡ ᠠᠮᠠ ᠶᠢᠨ ᠳᠠᠩᠰᠠ ᠶᠢ ᠣᠯᠣᠭᠠᠳ | ᠪᠦᠬᠦᠯᠢ 10 ᠵᠢᠯ ᠪᠣᠯᠤᠭᠰᠠᠨ ᠬᠥᠮᠥᠰ ︵ᠤᠷᠤᠭ ᠤᠨ ᠬᠠᠷᠢᠴᠠᠭ᠎ᠠ ᠠᠴᠠ ᠪᠣᠯᠵᠤ ᠨᠤᠲᠤᠭ ᠪᠡᠯᠴᠢᠭᠡᠷ ᠤᠨ | ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠠᠤᠯᠢ ᠶᠣᠰᠣᠭᠠᠷ ᠬᠦᠷᠲᠡᠭᠰᠡᠳ ᠪᠠᠭᠲᠠᠬᠤ ᠦᠭᠡᠢ︶᠃ | | 4. ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠵᠢᠴᠢ ᠭᠡᠷ᠎ᠡ ᠲᠠᠢ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ᠂ ᠵᠠᠰᠠᠭ ᠤᠨ ᠣᠷᠳᠣᠨ ᠤ ᠬᠤᠳᠠᠯᠳᠤᠨ ᠠᠪᠤᠭᠰᠠᠨ ᠪᠤᠶᠤ ᠪᠤᠰᠤᠳ | ᠲᠦᠷ ᠴᠠᠭ ᠤᠷᠢᠨ ᠬᠡᠷᠡᠭᠯᠡᠭᠰᠡᠨ ᠬᠥᠮᠥᠰ ︵ᠬᠤᠯᠪᠣᠭᠠᠲᠤ ᠡᠷᠦᠬᠡ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ | ᠦᠨᠡᠮᠯᠡᠯ ᠵᠢᠴᠢ ᠳᠠᠭᠠᠭᠠᠴᠢᠯᠠᠯᠲᠠ ᠶᠢᠨ ᠭᠡᠷ᠎ᠡ ᠪᠠᠭᠲᠠᠨ᠎ᠠ︶᠃ | | ︵ᠲᠠᠪᠤ︶ ᠲᠤᠰᠠᠯᠠᠵᠤ ᠱᠠᠩᠨᠠᠬᠤ ᠪᠡᠯᠡ ᠮᠥᠩᠭᠦ ᠪᠠᠨ ᠢᠷᠡᠯᠲᠡ᠃ ᠨᠤᠲᠤᠭ ᠪᠡᠯᠴᠢᠭᠡᠷ ᠤᠨ ᠠᠮᠢ | ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠪᠣᠯ | ᠲᠥᠪ ᠠᠴᠠ ᠪᠠᠭᠤᠯᠭᠠᠭᠰᠠᠨ ᠪᠡᠯᠡ ᠮᠥᠩᠭᠦ ᠪᠣᠯᠣᠨ᠎ᠠ᠂ ᠵᠠᠷᠴᠢᠮ ᠳᠡᠭᠡᠷ᠎ᠡ ᠪᠠᠨ ᠭᠤᠷᠪᠠᠳᠤᠭᠠᠷ ᠡᠭᠡᠯᠵᠢ ᠶᠢᠨ ᠨᠤᠲᠤᠭ | ᠪᠡᠯᠴᠢᠭᠡᠷ ᠤᠨ ᠪᠡᠯᠴᠢᠭᠡᠷᠯᠡᠭᠦᠯᠬᠦ ᠶᠢ ᠬᠤᠷᠢᠭᠯᠠᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ | ᠪᠦᠰᠡ ᠶᠢ 5 ᠵᠢᠯ ᠤᠨ ᠳᠣᠲᠣᠷ᠎ᠠ ᠬᠤᠪᠢᠷᠠᠭᠤᠯᠬᠤ ᠦᠭᠡᠢ ᠪᠠᠶᠢᠯᠭᠠᠨ᠎ᠠ᠃ | | ︵ᠵᠢᠷᠭᠤᠭ᠎ᠠ︶ ᠪᠠᠲᠤᠯᠠᠭ᠎ᠠ ᠶᠢᠨ ᠠᠷᠭ᠎ᠠ ᠬᠡᠮᠵᠢᠶ᠎ᠡ᠃ | ᠨᠢᠭᠡ ᠳᠤ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ︽ᠬᠡᠷᠡᠭᠵᠢᠭᠦᠯᠬᠦ ᠠᠷᠭ᠎ᠠ︾ ᠶᠢᠨ | ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠠᠯᠠᠱᠠ ᠵᠡᠭᠦᠨ ᠬᠤᠰᠢᠭᠤᠨ ᠤ ᠨᠤᠲᠤᠭ ᠪᠡᠯᠴᠢᠭᠡᠷ ᠲᠤ ᠲᠤᠰᠠᠯᠠᠵᠤ | ᠱᠠᠩᠨᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠤᠲᠤᠭ ᠪᠡᠯᠴᠢᠭᠡᠷ ᠲᠤ ᠲᠤᠰᠠᠯᠠᠵᠤ ᠱᠠᠩᠨᠠᠬᠤ | ᠲᠥᠷᠥ ᠶᠢᠨ ᠪᠣᠳᠣᠯᠭ᠎ᠠ ᠶᠢ ᠪᠣᠳᠠᠲᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠭᠤᠯᠵᠤ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠂ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢ | ᠲᠣᠳᠣᠷᠬᠠᠶᠢᠯᠠᠵᠤ᠂ ᠰᠠᠯᠠᠭ᠎ᠠ ᠮᠥᠴᠢᠷ ᠤᠨ ᠵᠣᠬᠢᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠱᠠᠲᠤ ᠳᠠᠷᠠᠭᠠᠯᠠᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ᠂ ᠡᠭᠦᠷᠭᠡ ᠶᠢᠨ | ᠭᠦᠢᠴᠡᠳᠬᠡᠯ ᠲᠤᠭ᠎ᠠ ᠶᠢ ᠵᠠᠳᠠᠯᠵᠤ᠂ ᠲᠤᠰᠠᠯᠠᠵᠤ ᠱᠠᠩᠨᠠᠬᠤ ᠪᠣᠳᠠᠲᠠᠢ ᠪᠠᠷᠢᠮᠵᠢᠶ᠎ᠠ ᠪᠠ ᠣᠯᠭᠤᠬᠤ ᠠᠷᠭ᠎ᠠ ᠮᠠᠶ᠋ᠢᠭ ᠢ | ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠶᠢᠨ ᠬᠠᠮᠲᠤ ᠬᠡᠷᠡᠭᠵᠢᠭᠦᠯᠦᠭᠰᠡᠨ ᠪᠠᠶᠢᠳᠠᠯ ᠢ ᠰᠢᠯᠭᠠᠨ ᠬᠢᠨᠠᠬᠤ | ᠬᠡᠪᠴᠢᠶᠡᠨ ᠳᠤ ᠣᠷᠣᠭᠤᠯᠤᠨ᠎ᠠ᠃ | ᠬᠤᠶᠠᠷ ᠲᠤ ᠰᠠᠭᠤᠷᠢ ᠠᠵᠢᠯ ᠢ ᠴᠢᠩᠭᠠᠳᠬᠠᠨ᠎ᠠ᠃ ︽ᠬᠡᠷᠡᠭᠵᠢᠭᠦᠯᠬᠦ ᠠᠷᠭ᠎ᠠ︾ ᠶᠢᠨ ᠱᠠᠭᠠᠷᠳᠠᠯᠭ᠎ᠠ | ᠶᠣᠰᠣᠭᠠᠷ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠡᠷᠡᠭᠵᠢᠭᠦᠯᠬᠦ ᠠᠷᠭ᠎ᠠ ᠶᠢ | ᠨᠠᠶᠢᠷᠠᠭᠤᠯᠤᠨ ᠲᠣᠭᠲᠠᠭᠠᠪᠠ᠃ ᠨᠤᠲᠤᠭ ᠪᠡᠯᠴᠢᠭᠡᠷ ᠤᠨ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠶᠢ | ᠢᠳᠡᠪᠬᠢᠲᠡᠢ ᠪᠠᠷ ᠥᠷᠨᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠪᠣᠯᠣᠨ ᠦᠢᠯᠡᠳᠪᠦᠷᠢᠯᠡᠬᠦ ᠠᠵᠢᠯ ᠤᠨ | ᠬᠦᠴᠦᠨ ᠤ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠪᠡᠯᠴᠢᠭᠡᠷᠯᠡᠭᠦᠯᠬᠦ ᠶᠢ ᠬᠤᠷᠢᠭᠯᠠᠬᠤ ᠪᠠ | ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠣᠷᠣᠨ ᠬᠤᠪᠢᠶᠠᠷᠢᠯᠠᠯ ᠢ ᠲᠣᠬᠢᠷᠠᠭᠤᠯᠬᠤ ᠵᠡᠷᠭᠡ ᠠᠵᠢᠯ ᠳᠤ | ᠦᠨᠳᠦᠰᠦᠯᠡᠯ ᠬᠠᠩᠭᠠᠬᠤ ᠬᠡᠷᠡᠭᠲᠡᠢ᠃ | ᠭᠤᠷᠪᠠ ᠳᠤ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢ ᠤᠯᠠᠮ ᠴᠢᠩᠭᠠᠳᠬᠠᠵᠤ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠨᠤᠲᠤᠭ | ᠪᠡᠯᠴᠢᠭᠡᠷ ᠲᠤ ᠲᠤᠰᠠᠯᠠᠵᠤ ᠱᠠᠩᠨᠠᠬᠤ ᠲᠥᠷᠥ ᠶᠢᠨ ᠪᠣᠳᠣᠯᠭ᠎ᠠ ᠶᠢᠨ ᠴᠢᠬᠤᠯᠠ ᠠᠴᠢ ᠬᠤᠯᠪᠣᠭᠳᠠᠯ ᠪᠠ | ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠳ ᠢ | ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ ᠪᠠᠶᠢᠭᠠᠳ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ | ᠬᠤᠷᠢᠭᠯᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠡᠭᠦᠷᠭᠡ ᠶᠢ ᠤᠬᠠᠮᠰᠠᠷ ᠠᠴᠠ ᠪᠠᠨ ᠭᠦᠢᠴᠡᠳᠬᠡᠵᠦ | ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ | ᠬᠡᠷᠡᠭᠲᠡᠢ᠃ | | | ᠲᠠᠶᠢᠯᠤᠮᠵᠢ ᠬᠢᠭᠴᠢ᠄ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠯᠢᠦ ᠵᠢᠶᠦ᠋ᠨ | | ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠬᠥᠭᠵᠢᠯᠲᠦ | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠶᠢᠨ ᠨᠡᠶᠢᠲᠡᠯᠡᠭᠰᠡᠨ ︽ᠠᠯᠠᠱᠠ ᠵᠡᠭᠦᠨ ᠬᠤᠰᠢᠭᠤᠨ ᠤ ᠨᠤᠲᠤᠭ ᠪᠡᠯᠴᠢᠭᠡᠷ ᠤᠨ ᠠᠮᠢ | ᠠᠬᠤᠢ ᠶᠢᠨ ᠬᠠᠮᠠᠭᠠᠯᠠᠯᠲᠠ ᠳᠤ ᠨᠥᠬᠦᠪᠦᠷᠢ ᠥᠭᠴᠦ ᠱᠠᠩᠨᠠᠬᠤ ᠲᠥᠷᠥ ᠶᠢᠨ ᠪᠣᠳᠣᠯᠭ᠎ᠠ︾ | | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | | |