| | | ︽ᠠᠯᠠᠱᠠ ᠵᠡᠭᠦᠨ ᠬᠤᠰᠢᠭᠤᠨ ᠤ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ | ᠬᠡᠷᠡᠭᠵᠢᠭᠦᠯᠬᠦ ᠠᠷᠭ᠎ᠠ︾ ᠶᠢᠨ ᠲᠠᠶᠢᠯᠤᠮᠵᠢ | | | | ᠨᠢᠭᠡ᠂ ︽ᠬᠡᠷᠡᠭᠵᠢᠭᠦᠯᠬᠦ ᠠᠷᠭ᠎ᠠ︾ ᠶᠢ ᠲᠣᠭᠲᠠᠭᠠᠭᠰᠠᠨ ᠠᠬᠤᠢ ᠪᠠᠶᠢᠳᠠᠯ | | ᠨᠡᠶᠢᠲᠡ ᠶᠢᠨ ᠠᠰᠠᠷᠠᠮᠵᠢ ᠶᠢᠨ ᠣᠶ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠳᠦᠷᠢᠮ ᠢ | 2004 ᠣᠨ ᠳᠤ ᠠᠯᠠᠱᠠ ᠵᠡᠭᠦᠨ ᠬᠤᠰᠢᠭᠤᠨ ᠳᠤ ᠡᠬᠢᠯᠡᠨ ᠬᠡᠷᠡᠭᠵᠢᠭᠦᠯᠦᠭᠰᠡᠨ ᠠᠴᠠ ᠨᠠᠰᠢ᠂ ᠠᠯᠠᠱᠠ ᠵᠡᠭᠦᠨ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠣᠯᠠᠨ ᠲᠠᠯ᠎ᠠ ᠠᠴᠠ | ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ᠂ ᠠᠯᠠᠱᠠ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠠᠴᠠ ︽ᠠᠯᠠᠱᠠ ᠵᠡᠭᠦᠨ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠣᠶ ᠶᠢᠨ ᠠᠮᠢ ᠠᠬᠤᠢ ᠶᠢᠨ | ᠦᠷ᠎ᠡ ᠠᠰᠢᠭ ᠤᠨ ᠨᠥᠬᠦᠪᠦᠷᠢ ᠶᠢᠨ ᠬᠡᠷᠡᠭᠵᠢᠭᠦᠯᠬᠦ ᠠᠷᠭ᠎ᠠ︾ ᠶᠢ ᠲᠣᠭᠲᠠᠭᠠᠨ ᠨᠡᠶᠢᠲᠡᠯᠡᠵᠦ᠂ 2006 ᠣᠨ ᠤ | 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠂ ᠨᠡᠶᠢᠲᠡ 11 ᠰᠤᠮᠤ ᠪᠠᠯᠭᠠᠰᠤ | ︵ᠪᠠᠶᠠᠨᠮᠥ᠋ᠷᠡᠨ ᠰᠤᠮᠤ ᠪᠠᠭᠲᠠᠨ᠎ᠠ︶ ᠶᠢᠨ 59 ᠭᠠᠴᠠᠭᠠᠨ ᠤ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠪᠡ᠃ | 2021 ᠣᠨ ᠳᠤ᠂ ︽ᠣᠶ ᠰᠢᠭᠤᠢ ᠪᠠ ᠥᠭᠡᠷᠡᠴᠢᠯᠡᠯᠲᠡ ᠬᠥᠭᠵᠢᠭᠦᠯᠦᠯᠲᠡ ᠶᠢᠨ ᠪᠡᠯᠡ ᠮᠥᠩᠭᠦ ᠶᠢᠨ | ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠬᠤ ᠲᠤᠬᠠᠢ ᠡᠳ᠋ ᠤᠨ ᠵᠠᠰᠠᠭ ᠤᠨ ᠶᠠᠮᠤᠨ ᠤᠯᠤᠰ ᠤᠨ ᠣᠶ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ ︵ᠡᠳ᠋ ᠤᠨ ᠵᠠᠰᠠᠭ ᠤᠨ ᠶᠠᠮᠤᠨ ᠤ ᠪᠠᠶᠢᠭᠠᠯᠢ ᠶᠢᠨ | ᠡᠬᠢ ᠪᠠᠶᠠᠯᠢᠭ ᠠᠮᠢ ᠠᠬᠤᠢ ᠶᠢᠨ ᠣᠷᠴᠢᠨ ᠲᠣᠭᠤᠷᠢᠨ ᠤ ᠵᠤᠷᠭᠠᠨ ᠤ ᠲᠠᠷᠬᠠᠭᠠᠭᠰᠠᠨ ﹇2021﹈ 39 ᠳ᠋ᠦ᠋ᠭᠡᠷ | ᠲᠣᠭᠠᠲᠤ︶ ᠤᠨ ᠬᠤᠶᠠᠳᠤᠭᠠᠷ ᠪᠦᠯᠦᠭ ᠤᠨ ᠳᠣᠯᠣᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ︽ᠣᠶ | ᠰᠢᠭᠤᠢ ᠶᠢᠨ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ᠵᠠᠷᠤᠯᠭ᠎ᠠ ᠶᠢ ᠪᠠᠶᠢᠭᠠᠯᠢ ᠶᠢᠨ ᠣᠶ ᠰᠢᠭᠤᠢ ᠶᠢᠨ | ᠬᠠᠮᠠᠭᠠᠯᠠᠯᠲᠠ ᠬᠠᠮᠢᠶᠠᠷᠤᠯᠲᠠ ᠪᠠ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠳᠤ | ᠬᠡᠷᠡᠭᠯᠡᠨ᠎ᠡ᠃ ᠭᠤᠣᠯᠳᠠᠭᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠬᠥᠬᠡᠮᠥ᠋ᠷᠡᠨ ᠤ ᠳᠡᠭᠡᠳᠦ | ᠤᠷᠤᠰᠬᠠᠯ᠂ ᠬᠠᠲᠤᠨ ᠭᠤᠣᠯ ᠤᠨ ᠳᠡᠭᠡᠳᠦ ᠳᠤᠮᠳᠠᠳᠤ ᠤᠷᠤᠰᠬᠠᠯ ᠤᠨ ᠭᠠᠵᠠᠷ ᠣᠷᠣᠨ ᠤ ᠪᠠᠶᠢᠭᠠᠯᠢ ᠶᠢᠨ ᠣᠶ | ᠰᠢᠭᠤᠢ ᠶᠢᠨ ᠡᠬᠢ ᠪᠠᠶᠠᠯᠢᠭ ᠢ ᠬᠠᠮᠠᠭᠠᠯᠠᠬᠤ ᠢᠨᠵᠧᠨᠧᠷᠢᠩ ᠤᠨ ᠬᠤᠶᠠᠳᠤᠭᠠᠷ ᠬᠤᠭᠤᠴᠠᠭᠠᠨ ᠤ ᠬᠡᠷᠡᠭᠵᠢᠭᠦᠯᠬᠦ | ᠲᠥᠰᠥᠯ︾ ᠪᠠ ︽ᠵᠡᠭᠦᠨ ᠬᠤᠶᠢᠲᠤ ᠣᠷᠣᠨ᠂ ᠥᠪᠥᠷ ᠮᠣᠩᠭᠤᠯ ᠵᠡᠷᠭᠡ ᠭᠤᠣᠯᠳᠠᠯᠭ᠎ᠠ ᠲᠠᠢ ᠤᠯᠤᠰ ᠤᠨ | ᠥᠮᠴᠢᠯᠡᠯ ᠤᠨ ᠰᠢᠭᠤᠶᠢᠲᠤ ᠣᠷᠣᠨ ᠤ ᠪᠠᠶᠢᠭᠠᠯᠢ ᠶᠢᠨ ᠣᠶ ᠰᠢᠭᠤᠢ ᠶᠢᠨ ᠡᠬᠢ ᠪᠠᠶᠠᠯᠢᠭ ᠢ ᠬᠠᠮᠠᠭᠠᠯᠠᠬᠤ | ᠢᠨᠵᠧᠨᠧᠷᠢᠩ ᠤᠨ ᠬᠤᠶᠠᠳᠤᠭᠠᠷ ᠬᠤᠭᠤᠴᠠᠭᠠᠨ ᠤ ᠬᠡᠷᠡᠭᠵᠢᠭᠦᠯᠬᠦ ᠲᠥᠰᠥᠯ︾ ︵ᠣᠶ ᠰᠢᠭᠤᠢ ᠶᠢᠨ ᠲᠣᠭᠲᠠᠭᠠᠯ | ᠲᠠᠷᠬᠠᠭᠠᠭᠰᠠᠨ ﹇2011﹈ 21 ᠳ᠋ᠦ᠋ᠭᠡᠷ ᠲᠣᠭᠠᠲᠤ᠂ ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ | ᠳᠥᠭᠦᠮᠴᠢᠯᠡᠨ᠎ᠡ︶ ᠳᠤ ᠲᠣᠭᠲᠠᠭᠠᠭᠰᠠᠨ ᠤᠯᠤᠰ ᠤᠨ ᠥᠮᠴᠢᠯᠡᠯ ᠤᠨ ᠣᠶ᠂ ᠤᠯᠤᠰ ᠤᠨ ᠥᠮᠴᠢᠯᠡᠯ ᠤᠨ ᠪᠤᠰᠤ | ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠣᠶ ᠮᠣᠳᠣ ᠣᠭᠲᠣᠯᠬᠤ ᠶᠢ ᠵᠣᠭᠰᠣᠭᠠᠭᠰᠠᠨ ᠤ ᠳᠠᠷᠠᠭᠠᠬᠢ | ᠪᠠᠶᠢᠭᠠᠯᠢ ᠶᠢᠨ ᠲᠠᠸᠠᠷ ᠤᠨ ᠣᠢ᠂ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠢ ᠪᠠ ᠤᠯᠤᠰ ᠤᠨ | ᠲᠠᠰ ᠤᠨ ᠨᠡᠶᠢᠲᠡ ᠶᠢᠨ ᠠᠰᠠᠷᠠᠮᠵᠢ ᠶᠢᠨ ᠣᠢ ᠶᠢᠨ ᠣᠷᠣᠨ ᠤ ᠬᠤᠪᠢᠶᠠᠷᠢᠯᠠᠯ ᠢ ᠵᠠᠭᠠᠭᠯᠠᠨ ᠲᠣᠭᠲᠠᠭᠠᠬᠤ | ᠨᠥᠬᠦᠴᠡᠯ ᠳᠤ ᠨᠡᠶᠢᠴᠡᠬᠦ᠂ ᠲᠥᠷᠥ ᠶᠢᠨ ᠪᠣᠳᠣᠯᠭ᠎ᠠ ᠶᠢᠨ ᠬᠤᠭᠤᠴᠠᠭ᠎ᠠ ᠨᠢ ᠲᠤᠯᠤᠭᠰᠠᠨ ᠳᠡᠭᠡᠷ᠎ᠡ ᠨᠢᠭᠡ ᠡᠭᠡᠯᠵᠢ ᠶᠢᠨ | ᠲᠠᠷᠢᠶᠠᠯᠠᠬᠤ ᠶᠢ ᠵᠣᠭᠰᠣᠭᠠᠵᠤ ᠠᠮᠢ ᠠᠬᠤᠢ ᠶᠢ ᠰᠡᠷᠭᠦᠭᠡᠬᠦ ᠣᠢ ᠵᠡᠷᠭᠡ ᠣᠢ ᠰᠢᠭᠤᠢ ᠶᠢᠨ ᠡᠬᠢ ᠪᠠᠶᠠᠯᠢᠭ ᠤᠨ | ᠬᠠᠮᠠᠭᠠᠯᠠᠯᠲᠠ᠂ ᠬᠠᠮᠢᠶᠠᠷᠤᠯᠲᠠ ᠵᠢᠴᠢ ᠤᠯᠤᠰ ᠤᠨ ᠥᠮᠴᠢᠯᠡᠯ ᠤᠨ ᠪᠤᠰᠤ ᠤᠯᠤᠰ ᠤᠨ ᠲᠠᠰ ᠤᠨ ᠨᠡᠶᠢᠲᠡ ᠶᠢᠨ | ᠠᠰᠠᠷᠠᠮᠵᠢ ᠶᠢᠨ ᠣᠢ ᠶᠢᠨ ᠡᠷᠬᠡᠲᠦ ᠬᠥᠮᠥᠨ ᠤ ᠠᠵᠤ ᠠᠬᠤᠢ ᠶᠢᠨ ᠨᠥᠬᠦᠪᠦᠷᠢ ᠵᠡᠷᠭᠡ ᠪᠣᠯᠣᠨ᠎ᠠ᠃ | | ᠬᠤᠶᠠᠷ᠂ ᠲᠣᠭᠲᠠᠭᠠᠭᠰᠠᠨ ᠦᠨᠳᠦᠰᠦᠯᠡᠯ | | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾ ︽ᠣᠶ ᠰᠢᠭᠤᠢ | ᠪᠠ ᠥᠭᠡᠷᠡᠴᠢᠯᠡᠯᠲᠡ ᠬᠥᠭᠵᠢᠭᠦᠯᠦᠯᠲᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ | ᠣᠷᠣᠭᠤᠯᠬᠤ ᠲᠤᠬᠠᠢ ᠡᠳ᠋ ᠤᠨ ᠵᠠᠰᠠᠭ ᠤᠨ ᠶᠠᠮᠤᠨ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠮᠡᠳᠡᠭᠳᠡᠯ ︵ᠡᠳ᠋ ᠤᠨ ᠵᠠᠰᠠᠭ ᠤᠨ ᠶᠠᠮᠤᠨ ᠤ ᠪᠠᠶᠢᠭᠠᠯᠢ ᠶᠢᠨ ᠡᠬᠢ ᠪᠠᠶᠠᠯᠢᠭ ᠠᠮᠢ ᠠᠬᠤᠢ ᠶᠢᠨ | ᠣᠷᠴᠢᠨ ᠲᠣᠭᠤᠷᠢᠨ ᠤ ᠵᠤᠷᠭᠠᠨ ᠤ ᠲᠠᠷᠬᠠᠭᠠᠭᠰᠠᠨ ﹇2021﹈ 39 ᠳ᠋ᠦ᠋ᠭᠡᠷ ᠲᠣᠭᠠᠲᠤ︶ ︽ᠠᠯᠠᠱᠠ ᠵᠡᠭᠦᠨ | ᠬᠤᠰᠢᠭᠤᠨ ᠤ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠰᠠᠭᠤᠷᠢ ᠮᠥᠩᠭᠦ ᠶᠢᠨ | ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ︽ᠠᠯᠠᠱᠠ ᠵᠡᠭᠦᠨ ᠬᠤᠰᠢᠭᠤᠨ ᠤ ᠣᠶ ᠰᠢᠭᠤᠢ ᠶᠢᠨ ᠠᠮᠢ ᠠᠬᠤᠢ ᠶᠢᠨ ᠦᠷ᠎ᠡ | ᠠᠰᠢᠭ ᠤᠨ ᠨᠥᠬᠦᠪᠦᠷᠢ ᠶᠢᠨ ᠬᠡᠷᠡᠭᠵᠢᠭᠦᠯᠬᠦ ᠠᠷᠭ᠎ᠠ︾ ᠶᠢ ᠲᠤᠭᠤᠷᠪᠢᠵᠤ᠂ ᠳᠣᠷᠣᠭᠰᠢ ︽ᠬᠡᠷᠡᠭᠵᠢᠭᠦᠯᠬᠦ ᠠᠷᠭ᠎ᠠ︾ | ᠭᠡᠵᠦ ᠲᠣᠪᠴᠢᠯᠠᠨ᠎ᠠ᠃ | | ᠭᠤᠷᠪᠠ᠂ ︽ᠬᠡᠷᠡᠭᠵᠢᠭᠦᠯᠬᠦ ᠠᠷᠭ᠎ᠠ︾ ᠶᠢ ᠲᠤᠭᠤᠷᠪᠢᠭᠰᠠᠨ ᠶᠠᠪᠤᠴᠠ | | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾ ᠪᠣᠯᠣᠨ ︽ | ᠠᠯᠠᠱᠠ ᠵᠡᠭᠦᠨ ᠬᠤᠰᠢᠭᠤᠨ ᠤ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠰᠠᠭᠤᠷᠢ | ᠮᠥᠩᠭᠦ ᠶᠢᠨ ᠬᠡᠷᠡᠭᠵᠢᠭᠦᠯᠬᠦ ᠲᠥᠰᠥᠯ︾ ᠢ ᠦᠨᠳᠦᠰᠦᠯᠡᠨ᠂ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ | ᠮᠡᠷᠭᠡᠵᠢᠯ ᠪᠣᠯᠣᠨ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ︽ᠠᠯᠠᠱᠠ ᠵᠡᠭᠦᠨ ᠬᠤᠰᠢᠭᠤᠨ ᠤ ᠣᠶ | ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠬᠡᠷᠡᠭᠵᠢᠭᠦᠯᠬᠦ ᠠᠷᠭ᠎ᠠ︾ ︵ᠶᠠᠷᠢᠯᠴᠠᠬᠤ | ᠨᠣᠣᠷᠠᠭ︶ ᠶᠢ ᠲᠤᠭᠤᠷᠪᠢᠵᠤ ᠳᠠᠭᠤᠰᠬᠠᠪᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠰᠢᠨᠵᠢᠯᠡᠬᠦ ᠤᠬᠠᠭᠠᠨ ᠮᠡᠷᠭᠡᠵᠢᠯ ᠪᠠ ᠣᠶ ᠰᠢᠭᠤᠢ | ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠭᠤᠷᠪᠠᠨ ᠰᠠᠯᠠᠭ᠎ᠠ ᠮᠥᠴᠢᠷ ᠬᠠᠮᠲᠤᠷᠠᠨ ᠬᠢᠨᠠᠨ ᠬᠠᠷᠭᠤᠭᠤᠯᠬᠤ ᠶᠢᠨ | ᠬᠠᠮᠲᠤ ᠪᠢᠴᠢᠭ ᠤᠨ ᠬᠡᠯᠪᠡᠷᠢ ᠪᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ ᠲᠡᠭᠦᠨ ᠳᠤ | ᠵᠠᠳᠠᠯᠤᠯᠲᠠ ᠬᠢᠵᠦ ᠬᠤᠷᠢᠶᠠᠩᠭᠤᠶᠢᠯᠠᠨ ᠰᠢᠩᠭᠡᠭᠡᠵᠦ᠂ ︽ᠬᠡᠷᠡᠭᠵᠢᠭᠦᠯᠬᠦ ᠠᠷᠭ᠎ᠠ︾ ︵ᠬᠢᠨᠠᠨ ᠵᠥᠪᠯᠡᠬᠦ ᠨᠣᠣᠷᠠᠭ︶ ᠶᠢ | ᠪᠣᠶ ᠪᠣᠯᠭᠠᠪᠠ᠃ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 14 ᠳ᠋ᠦ᠋ᠭᠡᠷ ᠤᠳᠠᠭ᠎ᠠ ᠶᠢᠨ | ᠪᠠᠶᠢᠩᠭᠤ ᠶᠢᠨ ᠬᠤᠷᠠᠯ ᠢᠶᠠᠷ ᠬᠢᠨᠠᠨ ᠲᠣᠭᠲᠠᠭᠠᠯᠭᠠᠵᠤ ᠵᠥᠪᠰᠢᠶᠡᠷᠡᠭᠦᠯᠬᠦ ᠶᠢᠨ ᠬᠠᠮᠲᠤ ᠠᠯᠪᠠᠨ ᠶᠣᠰᠣ ᠪᠠᠷ ᠬᠡᠪᠯᠡᠨ | ᠲᠠᠷᠬᠠᠭᠠᠵᠤ ᠬᠡᠷᠡᠭᠵᠢᠭᠦᠯᠪᠡ᠃ | | ᠳᠥᠷᠪᠡ᠂ ︽ᠬᠡᠷᠡᠭᠵᠢᠭᠦᠯᠬᠦ ᠠᠷᠭ᠎ᠠ︾ ᠶᠢᠨ ᠴᠢᠬᠤᠯᠠ ᠠᠭᠤᠯᠭ᠎ᠠ ᠶᠢᠨ ᠲᠠᠶᠢᠯᠤᠮᠵᠢ | | ︵ᠨᠢᠭᠡ︶ ᠬᠠᠷᠠᠯᠲᠠ ᠶᠢᠨ ᠡᠭᠦᠷᠭᠡ᠃ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ | ᠪᠣᠯ ᠤᠯᠤᠰ ᠠᠴᠠ ᠬᠡᠷᠡᠭᠵᠢᠭᠦᠯᠵᠦ ᠪᠠᠶᠢᠭ᠎ᠠ ᠠᠮᠢ ᠠᠬᠤᠢ ᠶᠢ ᠬᠠᠮᠠᠭᠠᠯᠠᠬᠤ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ ᠣᠷᠳᠣ ᠬᠤᠭᠤᠴᠠᠭᠠᠨ ᠤ ᠲᠥᠷᠥ ᠶᠢᠨ ᠪᠣᠳᠣᠯᠭ᠎ᠠ ᠮᠥᠨ᠂ ᠤᠯᠤᠰ᠂ ᠥᠪᠡᠷᠲᠡᠭᠡᠨ ᠵᠠᠰᠠᠬᠤ ᠣᠷᠣᠨ ᠤ | ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠰᠠᠭᠤᠷᠢ ᠮᠥᠩᠭᠦ ᠶᠢᠨ ᠳᠦᠷᠢᠮ᠂ | ᠠᠷᠭ᠎ᠠ ᠶᠢ ᠵᠢᠷᠤᠮᠯᠠᠭᠰᠠᠨ ᠰᠠᠭᠤᠷᠢᠨ ᠳᠡᠭᠡᠷ᠎ᠡ᠂ ᠠᠯᠠᠱᠠ ᠵᠡᠭᠦᠨ ᠬᠤᠰᠢᠭᠤ ᠪᠣᠳᠠᠲᠤ ᠪᠠᠶᠢᠳᠠᠯ ᠳᠤ ᠰᠠᠭᠤᠷᠢᠯᠠᠨ᠂ | ᠰᠡᠳᠬᠢᠴᠡ ᠪᠠᠨ ᠰᠢᠨ᠎ᠡ ᠪᠠᠷ ᠡᠭᠦᠳᠴᠦ᠂ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ | ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠳ᠋ᠦᠩᠨᠡᠨ ᠲᠡᠭᠦᠯᠳᠡᠷᠵᠢᠭᠦᠯᠵᠦ᠂ ︽ᠡᠷᠦᠬᠡ ᠪᠠᠷ ᠭᠤᠣᠯ ᠪᠣᠯᠭᠠᠵᠤ᠂ | ᠬᠥᠮᠥᠨ ᠪᠦᠷᠢ ᠳᠤ ᠳᠤᠮᠳᠠᠴᠢ ᠪᠠᠷ ᠠᠰᠢᠭ ᠬᠦᠷᠲᠡᠭᠡᠬᠦ︾ ᠨᠥᠬᠦᠪᠦᠷᠢ ᠶᠢᠨ ᠠᠷᠭ᠎ᠠ ᠶᠢ ᠠᠪᠴᠤ᠂ ᠡᠨᠡ ᠬᠦ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠤ ᠪᠠᠶᠢᠳᠠᠯ ᠳᠤ ᠨᠠᠩ ᠢᠯᠡᠭᠦᠦ ᠨᠡᠶᠢᠴᠡᠭᠦᠯᠵᠦ᠂ | ᠥᠷᠭᠡᠨ ᠣᠯᠠᠨ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠪᠠ ᠠᠰᠢᠭ ᠲᠤᠰᠠ ᠳᠤ ᠨᠠᠩ ᠢᠯᠡᠭᠦᠦ ᠣᠶᠢᠷᠠᠲᠤᠭᠤᠯᠵᠤ | ᠂ ᠨᠡᠶᠢᠲᠡ ᠶᠢᠨ ᠠᠰᠠᠷᠠᠮᠵᠢ ᠶᠢᠨ ᠣᠶ ᠶᠢᠨ ᠲᠠᠷᠬᠠᠯᠲᠠ ᠲᠡᠭᠰᠢ ᠪᠤᠰᠤ᠂ ᠲᠠᠯᠠᠪᠠᠶ ᠶᠢᠨ ᠶᠡᠭᠡ ᠪᠠᠭ᠎ᠠ ᠠᠴᠠ ᠪᠣᠯᠤᠭᠰᠠᠨ | ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠬᠤᠶᠠᠷ ᠱᠠᠲᠤᠨ ᠤ ᠢᠯᠭᠠᠷᠠᠯ ᠤᠨ ᠠᠰᠠᠭᠤᠳᠠᠯ ᠠᠴᠠ ᠵᠠᠶᠢᠯᠠᠰᠬᠢᠵᠦ᠂ | ᠲᠡᠦᠬᠡᠲᠦ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠵᠥᠷᠢᠴᠡᠯ ᠢ ᠠᠷᠢᠯᠭᠠᠵᠤ᠂ ᠣᠶ ᠰᠢᠭᠤᠢ ᠶᠢᠨ ᠠᠮᠢ | ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠠᠵᠢᠯ ᠤᠨ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ | ᠥᠷᠨᠢᠬᠦ ᠶᠢ ᠲᠦᠯᠬᠢᠨ ᠠᠬᠢᠭᠤᠯᠪᠠ᠃ | | ︵ᠬᠤᠶᠠᠷ︶ ᠲᠤᠰᠠᠯᠠᠵᠤ ᠱᠠᠩᠨᠠᠬᠤ ᠲᠠᠯᠠᠪᠠᠢ ᠪᠣᠯᠣᠨ ᠣᠷᠣᠨ ᠤ ᠬᠤᠪᠢᠶᠠᠷᠢᠯᠠᠯ᠃ ᠠᠯᠠᠱᠠ ᠵᠡᠭᠦᠨ | ᠬᠤᠰᠢᠭᠤᠨ ᠤ 2021 ᠣᠨ ᠪᠣᠯᠲᠠᠯ᠎ᠠ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ | ᠬᠡᠪᠴᠢᠶᠡᠨ ᠳᠤ ᠣᠷᠣᠭᠤᠯᠤᠭᠰᠠᠨ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠲᠠᠯᠠᠪᠠᠶ 796. | 65 ᠲᠦᠮᠡᠨ ᠮᠦ ᠳᠤ ᠬᠦᠷᠴᠦ᠂ ᠪᠥᠬᠦ ᠬᠤᠰᠢᠭᠤᠨ ᠤ ᠪᠥᠬᠦ ᠮᠠᠯᠵᠢᠬᠤ ᠭᠠᠴᠠᠭ᠎ᠠ ᠪᠠ ᠬᠡᠰᠡᠭ ᠬᠠᠭᠠᠰ ᠲᠠᠷᠢᠶᠠᠯᠠᠬᠤ | ᠬᠠᠭᠠᠰ ᠮᠠᠯᠵᠢᠬᠤ ᠭᠠᠴᠠᠭ᠎ᠠ ︵ᠪᠠᠶᠠᠨᠮᠥ᠋ᠷᠡᠨ ᠰᠤᠮᠤ ᠪᠠᠭᠲᠠᠨ᠎ᠠ︶ ᠶᠢ ᠪᠠᠭᠲᠠᠭᠠᠨ᠎ᠠ᠃ | | ︵ᠭᠤᠷᠪᠠ︶ ᠲᠥᠯᠥᠪᠦᠷᠢ ᠥᠭᠬᠦ ᠪᠠᠷᠢᠮᠵᠢᠶ᠎ᠠ᠃ | | 1.ᠪᠦᠬᠦᠯᠢ 16 ᠨᠠᠰᠤᠨ ᠠᠴᠠ ᠳᠣᠷᠣᠭᠰᠢᠬᠢ ᠬᠥᠮᠥᠰ ᠲᠤ ᠬᠥᠮᠥᠨ ᠪᠦᠷᠢ ᠵᠢᠯ ᠳᠤ 4000 | ᠲᠥᠭᠦᠷᠢᠭ ᠤᠨ ᠨᠥᠬᠦᠪᠦᠷᠢ ᠥᠭᠭᠦᠨ᠎ᠡ᠃ | | 2.16 ᠪᠦᠬᠦᠯᠢ ᠨᠠᠰᠤᠨ ᠠᠴᠠ ᠳᠡᠭᠡᠭᠰᠢᠬᠢ ᠬᠥᠮᠥᠰ | | ᠨᠡᠶᠢᠲᠡ ᠶᠢᠨ ᠠᠰᠠᠷᠠᠮᠵᠢ ᠶᠢᠨ ᠣᠶᠢᠲᠤ ᠣᠷᠣᠨ ᠵᠢᠴᠢ ᠨᠤᠲᠤᠭ ᠪᠡᠯᠴᠢᠭᠡᠷ ᠲᠤ ᠮᠠᠯᠵᠢᠬᠤ ᠶᠢ ᠪᠦᠷᠢᠮᠦᠰᠦᠨ | ᠬᠤᠷᠢᠭᠯᠠᠭᠰᠠᠨ ᠮᠠᠯᠵᠢᠬᠤ ᠲᠠᠷᠢᠶᠠᠯᠠᠬᠤ ᠡᠷᠦᠬᠡ ᠳᠤ ᠬᠥᠮᠥᠨ ᠪᠦᠷᠢ ᠵᠢᠯ ᠳᠤ 15000 ᠲᠥᠭᠦᠷᠢᠭ ᠤᠨ ᠨᠥᠬᠦᠪᠦᠷᠢ | ᠥᠭᠭᠦᠨ᠎ᠡ᠃ ᠨᠡᠶᠢᠲᠡ ᠶᠢᠨ ᠠᠰᠠᠷᠠᠮᠵᠢ ᠶᠢᠨ ᠣᠶᠢᠲᠤ ᠣᠷᠣᠨ ᠵᠢᠴᠢ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ | ᠪᠦᠷᠢᠮᠦᠰᠦᠨ ᠬᠤᠷᠢᠭᠯᠠᠭᠰᠠᠨ ᠮᠥᠷᠲᠡᠭᠡᠨ ᠲᠠᠷᠢᠶᠠᠨ ᠭᠠᠵᠠᠷ ᠲᠠᠢ ᠮᠠᠯᠵᠢᠬᠤ ᠲᠠᠷᠢᠶᠠᠯᠠᠬᠤ ᠡᠷᠦᠬᠡ ᠳᠤ ᠬᠥᠮᠥᠨ ᠪᠦᠷᠢ | ᠵᠢᠯ ᠳᠤ 8000 ᠲᠥᠭᠦᠷᠢᠭ ᠤᠨ ᠨᠥᠬᠦᠪᠦᠷᠢ ᠥᠭᠭᠦᠨ᠎ᠡ᠃ | | 3.ᠨᠡᠶᠢᠲᠡ ᠶᠢᠨ ᠠᠰᠠᠷᠠᠮᠵᠢ ᠶᠢᠨ ᠤᠢ ᠰᠢᠭᠤᠢ ᠳᠤ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠣᠷᠣᠨ ᠢ | ᠬᠤᠪᠢᠶᠠᠷᠢᠯᠠᠨ ᠲᠣᠭᠲᠠᠭᠠᠵᠤ᠂ ᠤᠢ ᠰᠢᠭᠤᠢ ᠶᠢ ᠬᠠᠮᠠᠭᠠᠯᠠᠵᠤ ᠬᠠᠮᠢᠶᠠᠷᠴᠤ ᠬᠠᠮᠠᠭᠠᠯᠠᠬᠤ ᠳᠦᠷᠢᠮ ᠢ ᠬᠡᠷᠡᠭᠵᠢᠭᠦᠯᠦᠨ᠎ᠡ | ᠃ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠠᠳᠠᠯᠢ ᠪᠤᠰᠤ ᠶᠢ ᠦᠨᠳᠦᠰᠦᠯᠡᠨ᠂ ᠣᠶ ᠰᠢᠭᠤᠢ ᠬᠠᠮᠠᠭᠠᠯᠠᠬᠤ | ᠲᠣᠭᠤᠷᠢᠨ ᠬᠠᠮᠠᠭᠠᠯᠠᠭᠴᠢ᠂ ᠣᠶ ᠰᠢᠭᠤᠢ ᠬᠠᠮᠠᠭᠠᠯᠠᠬᠤ ᠬᠠᠮᠢᠶᠠᠷᠤᠭᠴᠢ᠂ ᠣᠶ ᠰᠢᠭᠤᠢ ᠬᠠᠮᠠᠭᠠᠯᠠᠬᠤ ᠬᠢᠨᠠᠨ | ᠬᠠᠮᠢᠶᠠᠷᠤᠭᠴᠢ ᠶᠢ ᠤᠷᠢᠨ ᠬᠡᠷᠡᠭᠯᠡᠵᠦ᠂ ᠬᠠᠮᠢᠶᠠᠷᠴᠤ ᠬᠠᠮᠠᠭᠠᠯᠠᠬᠤ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠢ ᠣᠶ | ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠪᠡᠯᠡ ᠮᠥᠩᠭᠦ ᠠᠴᠠ ᠭᠠᠷᠭᠠᠨ᠎ᠠ᠃ | | 4.ᠠᠮᠢᠳᠠᠨ ᠤ ᠬᠢᠵᠢᠭ ᠢ ᠰᠡᠷᠭᠡᠶᠢᠯᠡᠭᠴᠢ ᠶᠢᠨ ᠨᠥᠬᠦᠪᠦᠷᠢ | | ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠣᠯᠭᠤᠮᠵᠢ ᠭᠥᠷᠳᠡᠵᠦ ᠪᠠᠶᠢᠭ᠎ᠠ | ᠭᠠᠴᠠᠭᠠᠨ ᠤ ᠠᠮᠢᠲᠠᠨ ᠤ ᠬᠢᠵᠢᠭ ᠢ ᠰᠡᠷᠭᠡᠶᠢᠯᠡᠭᠴᠢ ᠳᠤ ᠬᠥᠮᠥᠨ ᠪᠦᠷᠢ ᠵᠢᠯ ᠳᠤ 10000 ᠲᠥᠭᠦᠷᠢᠭ ᠤᠨ | ᠨᠥᠬᠦᠪᠦᠷᠢ ᠶᠢᠨ ᠪᠡᠯᠡ ᠮᠥᠩᠭᠦ ᠣᠯᠭᠤᠨ᠎ᠠ᠃ | | ︵ᠳᠥᠷᠪᠡ︶ ᠬᠡᠷᠡᠭᠵᠢᠭᠦᠯᠬᠦ ᠡᠲᠡᠭᠡᠳ᠃ | | 1. ︽ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ︾ ᠪᠣᠯᠣᠨ ᠨᠤᠲᠤᠭ | ᠪᠡᠯᠴᠢᠭᠡᠷ ᠤᠨ ᠳᠠᠭᠠᠭᠠᠴᠢᠯᠠᠯᠲᠠ ᠶᠢᠨ ᠭᠡᠷ᠎ᠡ ᠲᠠᠢ ᠪᠤᠶᠤ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠭᠡᠷ᠎ᠡ ᠲᠠᠢ | ᠪᠥᠭᠡᠳ ᠤᠢ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠬᠡᠪᠴᠢᠶᠡᠨ ᠳᠤ ᠨᠢᠭᠡᠨᠲᠡ | ᠣᠷᠣᠭᠤᠯᠤᠭᠰᠠᠨ ᠲᠠᠷᠢᠶᠠᠯᠠᠬᠤ ᠮᠠᠯᠵᠢᠬᠤ ᠡᠷᠥᠭᠡ᠃ | | 2. ᠠᠯᠠᠱᠠ ᠵᠡᠭᠦᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ ᠲᠠᠩᠰᠠ ᠲᠠᠢ | ᠮᠥᠷᠲᠡᠭᠡᠨ ᠡᠴᠢᠭᠡ ᠡᠬᠡ ᠶᠢᠨ ᠨᠢᠭᠡ ᠲᠠᠯ᠎ᠠ ᠨᠢ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ | ᠨᠥᠬᠦᠪᠦᠷᠢ ᠶᠢᠨ ᠲᠥᠷᠥ ᠶᠢᠨ ᠪᠣᠳᠣᠯᠭ᠎ᠠ ᠳᠤ ᠨᠡᠶᠢᠴᠡᠬᠦ ᠪᠥᠭᠡᠳ ᠭᠥᠷᠳᠡᠬᠦ ᠪᠦᠬᠦᠯᠢ ᠠᠷᠪᠠᠨ ᠵᠢᠷᠭᠤᠭᠠᠨ ᠨᠠᠰᠤᠨ | ᠠᠴᠠ ᠳᠣᠷᠣᠭᠰᠢᠬᠢ ᠬᠥᠮᠥᠰ ︵ᠬᠠᠤᠯᠢ ᠶᠣᠰᠣᠨ ᠤ ᠭᠠᠷᠳᠠᠮ ᠲᠠᠢ ᠡᠷᠭᠦᠨ ᠲᠡᠵᠢᠭᠡᠭᠰᠡᠨ ᠦᠷ᠎ᠡ ᠬᠡᠦᠬᠡᠳ ᠪᠠᠭᠲᠠᠨ᠎ᠠ︶ | ᠢ ᠪᠠᠭᠲᠠᠭᠠᠨ᠎ᠠ᠃ | | 3. 2015 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠠᠯᠠᠱᠠ ᠵᠡᠭᠦᠨ | ᠬᠤᠰᠢᠭᠤᠨ ᠳᠤ ᠣᠷᠣᠭᠰᠠᠨ ᠤ ᠳᠠᠷᠠᠭ᠎ᠠ᠂ ᠤᠷᠤᠭ ᠤᠨ ᠬᠠᠷᠢᠴᠠᠭ᠎ᠠ ᠨᠢ ᠪᠦᠬᠦᠯᠢ ᠲᠠᠪᠤᠨ ᠵᠢᠯ ᠪᠣᠯᠤᠭᠰᠠᠨ ᠪᠥᠭᠡᠳ | ᠡᠷᠦᠬᠡ ᠠᠮᠠ ᠶᠢᠨ ᠲᠠᠩᠰᠠ ᠨᠢ ᠲᠣᠰ ᠭᠠᠴᠠᠭᠠᠨ ᠤ ᠬᠡᠪᠴᠢᠶᠡᠨ ᠳᠤ ᠪᠠᠶᠢᠭ᠎ᠠ ᠬᠥᠮᠥᠰ᠃ | | 4. ︽ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ︾ ᠪᠠ ᠨᠤᠲᠤᠭ | ᠪᠡᠯᠴᠢᠭᠡᠷ ᠤᠨ ᠳᠠᠭᠠᠭᠠᠴᠢᠯᠠᠯᠲᠠ ᠶᠢᠨ ᠭᠡᠷ᠎ᠡ ᠪᠤᠶᠤ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠭᠡᠷ᠎ᠡ ᠪᠦᠬᠦᠢ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠲᠠᠢ᠂ ᠵᠠᠰᠠᠭ ᠤᠨ ᠣᠷᠳᠣᠨ ᠤ ᠬᠤᠳᠠᠯᠳᠤᠨ ᠠᠪᠤᠭᠰᠠᠨ | ᠪᠤᠶᠤ ᠪᠤᠰᠤᠳ ᠲᠦᠷ ᠴᠠᠭ ᠤᠷᠢᠨ ᠬᠡᠷᠡᠭᠯᠡᠭᠰᠡᠨ ᠠᠵᠢᠯᠲᠠᠨ᠃ | | 5. ᠨᠢᠭᠡᠨᠲᠡ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ | ᠲᠡᠭᠦᠰᠦᠭᠰᠡᠳ ᠤᠨ ᠨᠢᠭᠡ ᠤᠳᠠᠭ᠎ᠠ ᠶᠢᠨ ᠴᠢᠨᠠᠷᠲᠠᠢ 3 ᠲᠦᠮᠡᠨ ᠲᠥᠭᠦᠷᠢᠭ ᠤᠨ ᠨᠥᠬᠦᠪᠦᠷᠢ ᠶᠢ ᠠᠪᠤᠭᠰᠠᠨ ᠪᠥᠭᠡᠳ | ᠨᠥᠬᠦᠴᠡᠯ ᠳᠤ ᠨᠡᠶᠢᠴᠡᠬᠦ ᠬᠥᠮᠥᠰ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ | ᠣᠯᠭᠤᠮᠵᠢ ᠶᠢ ᠭᠥᠷᠳᠡᠬᠦ ᠪᠠᠷ ᠳᠠᠭᠢᠵᠤ ᠭᠤᠶᠤᠴᠢᠯᠠᠵᠤ ᠪᠣᠯᠣᠨ᠎ᠠ᠃ | | ︵ᠲᠠᠪᠤ︶ ᠲᠤᠰᠠᠯᠠᠵᠤ ᠱᠠᠩᠨᠠᠬᠤ ᠪᠡᠯᠡ ᠮᠥᠩᠭᠦ ᠪᠠᠨ ᠢᠷᠡᠯᠲᠡ᠃ | | ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠪᠡᠯᠡ | ᠮᠥᠩᠭᠦ ᠪᠣᠯ ᠲᠥᠪ ᠠᠴᠠ ᠪᠠᠭᠤᠯᠭᠠᠭᠰᠠᠨ ᠪᠡᠯᠡ ᠮᠥᠩᠭᠦ ᠪᠣᠯᠣᠨ᠎ᠠ᠂ ᠵᠠᠷᠴᠢᠮ ᠳᠡᠭᠡᠷ᠎ᠡ ᠪᠠᠨ ︽ᠠᠯᠠᠱᠠ ᠵᠡᠭᠦᠨ | ᠬᠤᠰᠢᠭᠤᠨ ᠤ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠬᠡᠷᠡᠭᠵᠢᠭᠦᠯᠬᠦ ᠠᠷᠭ᠎ᠠ︾ | ᠶᠢ 5 ᠵᠢᠯ ᠤᠨ ᠳᠣᠲᠣᠷ᠎ᠠ ᠬᠤᠪᠢᠷᠠᠭᠤᠯᠬᠤ ᠦᠭᠡᠢ᠃ | | ︵ᠵᠢᠷᠭᠤᠭ᠎ᠠ︶ ᠪᠠᠲᠤᠯᠠᠭ᠎ᠠ ᠶᠢᠨ ᠠᠷᠭ᠎ᠠ ᠬᠡᠮᠵᠢᠶ᠎ᠡ᠃ | | 1. ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠬᠤᠰᠢᠭᠤᠨ ᠠᠷᠠᠳ ᠤᠨ ᠵᠠᠰᠠᠭ ᠤᠨ ᠣᠷᠳᠣᠨ | ᠪᠡᠯᠴᠢᠭᠡᠷᠯᠡᠭᠦᠯᠬᠦ ᠶᠢ ᠬᠤᠷᠢᠭᠯᠠᠬᠤ ᠵᠠᠷᠯᠢᠭ ᠨᠡᠶᠢᠲᠡᠯᠡᠵᠦ᠂ ᠨᠡᠶᠢᠲᠡ ᠶᠢᠨ ᠠᠰᠠᠷᠠᠮᠵᠢ ᠶᠢᠨ ᠰᠢᠭᠤᠶᠢᠲᠤ ᠣᠷᠣᠨ ᠳᠤ | ᠪᠥᠬᠦ ᠲᠠᠯ᠎ᠠ ᠪᠠᠷ ᠪᠡᠯᠴᠢᠭᠡᠷᠯᠡᠭᠦᠯᠬᠦ ᠶᠢ ᠬᠤᠷᠢᠭᠯᠠᠬᠤ ᠶᠢ ᠬᠡᠷᠡᠭᠵᠢᠭᠦᠯᠬᠦ ᠶᠢᠨ ᠬᠠᠮᠲᠤ ᠠᠯᠠᠱᠠ ᠵᠡᠭᠦᠨ ᠬᠤᠰᠢᠭᠤᠨ ᠤ | ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠪᠠᠶᠢᠭᠤᠯᠵᠤ᠂ ᠪᠥᠬᠦ ᠬᠤᠰᠢᠭᠤᠨ ᠤ ᠣᠶ ᠰᠢᠭᠤᠢ ᠶᠢᠨ ᠠᠮᠢ ᠠᠬᠤᠢ ᠶᠢᠨ ᠦᠷ᠎ᠡ | ᠠᠰᠢᠭ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠪᠠ ᠪᠠᠶᠢᠷᠢᠯᠠᠭᠤᠯᠤᠯᠲᠠ ᠵᠢᠨᠤᠳᠤᠷᠢᠳᠬᠤ | ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠠᠯᠠᠱᠠ ᠵᠡᠭᠦᠨ ᠬᠤᠰᠢᠭᠤᠨ ᠤ ᠰᠢᠨᠵᠢᠯᠡᠬᠦ | ᠤᠬᠠᠭᠠᠨ ᠮᠡᠷᠭᠡᠵᠢᠯ ᠪᠠ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠳᠤ ᠪᠠᠶᠢᠷᠢᠯᠠᠭᠤᠯᠵᠤ᠂ ᠠᠯᠠᠱᠠ ᠵᠡᠭᠦᠨ | ᠬᠤᠰᠢᠭᠤᠨ ᠤ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠰᠠᠭᠤᠷᠢ ᠮᠥᠩᠭᠦ ᠶᠢᠨ | ᠬᠡᠷᠡᠭᠵᠢᠭᠦᠯᠬᠦ ᠲᠥᠰᠥᠯ ᠢ ᠲᠣᠭᠲᠠᠭᠠᠨ ᠨᠠᠶᠢᠳᠠᠪᠤᠷᠢᠵᠢᠭᠤᠯᠬᠤ ᠵᠢᠴᠢ ᠣᠶ ᠰᠢᠭᠤᠢ ᠶᠢᠨ ᠠᠮᠢ ᠠᠬᠤᠢ ᠶᠢᠨ ᠦᠷ᠎ᠡ | ᠠᠰᠢᠭ ᠤᠨ ᠨᠥᠬᠦᠪᠦᠷᠢ ᠶᠢᠨ ᠠᠵᠢᠯ ᠤᠨ ᠡᠳᠦᠷ ᠲᠤᠲᠤᠮ ᠤᠨ ᠬᠡᠷᠡᠭ ᠶᠠᠪᠤᠳᠠᠯ ᠢ ᠰᠢᠢᠳᠪᠦᠷᠢᠯᠡᠬᠦ ᠶᠢ ᠬᠠᠷᠢᠭᠤᠴᠠᠨ᠎ᠠ᠃ | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯ ᠣᠶ ᠰᠢᠭᠤᠢ ᠶᠢᠨ ᠠᠮᠢ ᠠᠬᠤᠢ ᠶᠢᠨ ᠦᠷ᠎ᠡ | ᠠᠰᠢᠭ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠭᠤᠣᠯ ᠴᠣᠭᠴᠠ ᠪᠠᠶᠢᠵᠤ᠂ ᠭᠤᠣᠯ | ᠬᠠᠷᠢᠭᠤᠴᠠᠯᠭᠠᠲᠠᠨ ᠪᠣᠯ ᠨᠢᠭᠡᠳᠦᠭᠡᠷ ᠬᠠᠷᠢᠭᠤᠴᠠᠯᠭᠠᠲᠠᠨ ᠪᠣᠯᠣᠨ᠎ᠠ᠂ ᠲᠣᠰ ᠬᠠᠷᠢᠶ᠎ᠠ ᠣᠷᠣᠨ ᠤ ᠪᠠᠨ ᠣᠶ | ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠠᠵᠢᠯᠲᠠᠨ ᠢ ᠬᠢᠨᠠᠨ ᠬᠠᠷᠭᠤᠭᠤᠯᠬᠤ᠂ ᠪᠡᠯᠡ | ᠮᠥᠩᠭᠦ ᠡᠷᠡᠮᠡᠯᠵᠡᠨ ᠮᠡᠳᠡᠭᠦᠯᠬᠦ᠂ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠡᠷᠭᠡ ᠠᠵᠢᠯ ᠢ ᠪᠣᠳᠠᠲᠠᠢ ᠬᠠᠷᠢᠭᠤᠴᠠᠨ᠎ᠠ | ᠃ ︽ᠠᠯᠠᠱᠠ ᠵᠡᠭᠦᠨ ᠬᠤᠰᠢᠭᠤᠨ ᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ | ᠠᠵᠢᠯ ᠤᠨ ᠲᠥᠰᠥᠯ︾ ᠲᠠᠢ ᠤᠶᠠᠯᠳᠤᠭᠤᠯᠤᠨ᠂ ᠨᠡᠶᠢᠲᠡ ᠶᠢᠨ ᠠᠰᠠᠷᠠᠮᠵᠢ ᠶᠢᠨ ᠣᠶ ᠶᠢᠨ ᠡᠬᠢ ᠪᠠᠶᠠᠯᠢᠭ ᠢ | ᠬᠠᠮᠠᠭᠠᠯᠠᠨ ᠬᠥᠭᠵᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | | 2. ᠰᠠᠭᠤᠷᠢ ᠠᠵᠢᠯ ᠢ ᠴᠢᠩᠭᠠᠳᠬᠠᠵᠤ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ︽ | ᠬᠡᠷᠡᠭᠵᠢᠭᠦᠯᠬᠦ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠬᠡᠷᠡᠭᠵᠢᠭᠦᠯᠬᠦ ᠠᠷᠭ᠎ᠠ ᠶᠢ ᠲᠣᠭᠲᠠᠭᠠᠨ᠎ᠠ᠃ ᠨᠡᠶᠢᠲᠡ ᠶᠢᠨ ᠠᠰᠠᠷᠠᠮᠵᠢ ᠶᠢᠨ ᠣᠶ ᠶᠢᠨ ᠪᠦᠲᠦᠭᠡᠨ | ᠪᠠᠶᠢᠭᠤᠯᠤᠯᠲᠠ᠂ ᠬᠠᠮᠠᠭᠠᠯᠠᠯᠲᠠ ᠪᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠰᠠᠳᠠ᠂ ᠮᠠᠯᠴᠢᠨ ᠲᠠᠷᠢᠶᠠᠴᠢᠨ ᠤ | ᠣᠶ ᠰᠢᠭᠤᠢ ᠬᠠᠮᠠᠭᠠᠯᠠᠭᠴᠢ ᠵᠢᠴᠢ ᠲᠤᠰᠬᠠᠢ ᠲᠤᠰᠢᠶᠠᠯᠲᠤ ᠣᠶ ᠰᠢᠭᠤᠢ ᠬᠠᠮᠠᠭᠠᠯᠠᠬᠤ ᠬᠢᠨᠠᠨ ᠬᠠᠮᠢᠶᠠᠷᠤᠭᠴᠢ ᠶᠢ | ᠲᠣᠰ ᠲᠣᠰ ᠤᠷᠢᠨ ᠬᠡᠷᠡᠭᠯᠡᠵᠦ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢᠨ ᠲᠣᠭᠤᠷᠢᠭ ᠢ ᠬᠤᠪᠢᠶᠠᠷᠢᠯᠠᠨ᠂ | ᠬᠠᠮᠢᠶᠠᠷᠤᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠮᠢᠶᠠᠷᠤᠨ ᠬᠠᠮᠠᠭᠠᠯᠠᠬᠤ ᠳᠦᠷᠢᠮ ᠢ | ᠲᠣᠭᠲᠠᠭᠠᠬᠤ ᠬᠡᠷᠡᠭᠲᠡᠢ᠃ | | 3. ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ | ᠪᠣᠶ ᠪᠣᠯᠭᠠᠨ᠎ᠠ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠤᠯᠠᠮ ᠴᠢᠩᠭᠠᠳᠬᠠᠵᠤ᠂ ᠣᠯᠠᠨ ᠵᠦᠢᠯ ᠤᠨ | ᠠᠷᠭ᠎ᠠ ᠵᠠᠮ ᠢᠶᠠᠷ ᠳᠠᠮᠵᠢᠭᠤᠯᠤᠨ ︽ᠠᠯᠠᠱᠠ ᠵᠡᠭᠦᠨ ᠬᠤᠰᠢᠭᠤᠨ ᠤ ᠣᠶ ᠰᠢᠭᠤᠢ ᠶᠢᠨ ᠠᠮᠢ ᠠᠬᠤᠢ ᠶᠢᠨ ᠦᠷ᠎ᠡ | ᠠᠰᠢᠭ ᠤᠨ ᠨᠥᠬᠦᠪᠦᠷᠢ ᠶᠢᠨ ᠬᠡᠷᠡᠭᠵᠢᠭᠦᠯᠬᠦ ᠠᠷᠭ᠎ᠠ︾ ᠶᠢᠨ ᠴᠢᠬᠤᠯᠠ ᠠᠴᠢ ᠬᠤᠯᠪᠣᠭᠳᠠᠯ ᠪᠠ ᠬᠡᠷᠡᠭᠵᠢᠭᠦᠯᠦᠭᠰᠡᠨ | ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠳ ᠢ ᠬᠥᠲᠥᠯᠥᠨ | ᠵᠢᠯᠤᠭᠤᠳᠬᠤ ᠪᠠ ᠵᠣᠷᠢᠭᠵᠢᠭᠤᠯᠵᠤ ᠪᠠᠶᠢᠭᠠᠳ ᠨᠡᠶᠢᠲᠡ ᠶᠢᠨ ᠠᠰᠠᠷᠠᠮᠵᠢ ᠶᠢᠨ ᠣᠶᠢᠲᠤ ᠣᠷᠣᠨ ᠳᠤ | ᠪᠡᠯᠴᠢᠭᠡᠷᠯᠡᠭᠦᠯᠬᠦ ᠶᠢ ᠬᠤᠷᠢᠭᠯᠠᠬᠤ ᠲᠥᠷᠥ ᠶᠢᠨ ᠪᠣᠳᠣᠯᠭ᠎ᠠ ᠶᠢ ᠤᠬᠠᠮᠰᠠᠷ ᠠᠴᠠ ᠪᠠᠨ ᠬᠡᠷᠡᠭᠵᠢᠭᠦᠯᠦᠨ᠂ ᠲᠥᠷᠥ ᠶᠢᠨ | ᠪᠣᠳᠣᠯᠭ᠎ᠠ ᠶᠢᠨ ᠬᠡᠷᠡᠭᠵᠢᠭᠦᠯᠦᠯᠲᠡ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ | | ︵ᠳᠣᠯᠤᠭ᠎ᠠ︶ ᠱᠠᠩᠨᠠᠵᠤ ᠲᠣᠷᠭᠠᠬᠤ ᠠᠷᠭ᠎ᠠ ᠬᠡᠮᠵᠢᠶ᠎ᠡ᠃ | 1. ᠮᠠᠯᠴᠢᠨ ᠲᠠᠷᠢᠶᠠᠴᠢᠨ ᠳᠠᠭᠠᠭᠠᠴᠢᠯᠠᠨ ᠡᠵᠡᠩᠨᠡᠵᠦ ᠪᠠᠶᠢᠭ᠎ᠠ ᠨᠡᠶᠢᠲᠡ ᠶᠢᠨ ᠠᠰᠠᠷᠠᠮᠵᠢ ᠶᠢᠨ ᠰᠢᠭᠤᠶᠢᠲᠤ | ᠣᠷᠣᠨ ᠵᠢᠴᠢ ᠨᠤᠲᠤᠭ ᠪᠡᠯᠴᠢᠭᠡᠷ ᠢ ᠬᠢᠨᠠᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠲᠠᠢ᠂ ᠨᠡᠶᠢᠲᠡ ᠶᠢᠨ | ᠠᠰᠠᠷᠠᠮᠵᠢ ᠶᠢᠨ ᠣᠶ ᠰᠢᠭᠤᠢ ᠵᠢᠴᠢ ᠨᠤᠲᠤᠭ ᠪᠡᠯᠴᠢᠭᠡᠷ ᠢ ᠬᠠᠮᠠᠭᠠᠯᠠᠬᠤ ᠡᠭᠦᠷᠭᠡ ᠪᠠᠨ ᠢᠳᠡᠪᠬᠢᠲᠡᠢ ᠭᠦᠢᠴᠡᠳᠬᠡᠵᠦ᠂ | ᠨᠡᠶᠢᠲᠡ ᠶᠢᠨ ᠠᠰᠠᠷᠠᠮᠵᠢ ᠶᠢᠨ ᠣᠶᠢᠲᠤ ᠣᠷᠣᠨ ᠵᠢᠴᠢ ᠨᠤᠲᠤᠭ ᠪᠡᠯᠴᠢᠭᠡᠷ ᠳᠡᠭᠡᠷ᠎ᠡ ᠴᠠᠭᠠᠵᠠ ᠠᠴᠠ ᠵᠥᠷᠢᠴᠡᠨ ᠮᠠᠯ | ᠬᠠᠷᠢᠭᠤᠯᠬᠤ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠳᠤᠷ᠎ᠠ ᠪᠠᠷ ᠢᠶᠠᠨ ᠲᠡᠭᠦᠵᠦ ᠮᠠᠯᠲᠠᠬᠤ ᠶᠢ ᠴᠠᠭ ᠲᠤᠬᠠᠢ ᠳᠤᠨᠢ | ᠬᠤᠷᠢᠭᠯᠠᠨ ᠵᠣᠭᠰᠣᠭᠠᠵᠤ᠂ ᠬᠤᠯᠠᠭᠠᠶᠢᠯᠠᠨ ᠮᠠᠯᠲᠠᠬᠤ᠂ ᠬᠤᠯᠠᠭᠠᠶᠢᠯᠠᠨ ᠠᠩᠨᠠᠬᠤ ᠪᠠ ᠬᠠᠮᠢᠶᠠᠷᠴᠤ ᠬᠠᠮᠠᠭᠠᠯᠠᠬᠤ | ᠪᠡᠯᠡᠳᠬᠡᠮᠵᠢ ᠶᠢ ᠡᠪᠳᠡᠬᠦ ᠵᠡᠷᠭᠡ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠢᠯᠡᠴᠢᠯᠡᠨ ᠮᠡᠳᠡᠭᠦᠯᠵᠦ᠂ ᠨᠡᠶᠢᠲᠡ ᠶᠢᠨ | ᠠᠰᠠᠷᠠᠮᠵᠢ ᠶᠢᠨ ᠣᠶ ᠰᠢᠭᠤᠢ ᠵᠢᠴᠢ ᠨᠤᠲᠤᠭ ᠪᠡᠯᠴᠢᠭᠡᠷ ᠢ ᠡᠪᠳᠡᠭᠰᠡᠨ ᠳᠠᠭᠠᠭᠠᠴᠢᠯᠠᠭᠴᠢ ᠠᠴᠠ ᠬᠠᠤᠯᠢ ᠲᠣᠭᠲᠠᠭᠠᠯ | ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ᠃ | | 2. ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠣᠯᠭᠤᠮᠵᠢ ᠭᠥᠷᠳᠡᠵᠦ | ᠪᠠᠶᠢᠭ᠎ᠠ ᠮᠠᠯᠵᠢᠬᠤ ᠲᠠᠷᠢᠶᠠᠯᠠᠬᠤ ᠡᠷᠦᠬᠡ ᠲᠣᠭᠲᠠᠭᠠᠯ ᠶᠣᠰᠣᠭᠠᠷ ᠪᠡᠯᠴᠢᠭᠡᠷᠯᠡᠭᠦᠯᠬᠦ ᠶᠢ ᠬᠤᠷᠢᠭᠯᠠᠭᠰᠠᠨ ᠦᠭᠡᠢ ᠪᠠᠶᠢᠪᠠᠯ | ᠂ ᠡᠷᠦᠬᠡ ᠪᠠᠷ ᠨᠢᠭᠡᠴᠢ ᠪᠣᠯᠭᠠᠨ ᠲᠡᠳᠡᠨ ᠤ ᠭᠥᠷᠳᠡᠬᠦ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ | ᠨᠥᠬᠦᠪᠦᠷᠢ ᠶᠢᠨ ᠮᠥᠩᠭᠦ ᠣᠯᠭᠤᠬᠤ ᠶᠢ ᠵᠣᠭᠰᠤᠭᠠᠬᠤ ᠶᠢᠨ ᠬᠠᠮᠲᠤ ᠵᠠᠷᠯᠢᠭᠳᠠᠵᠤ ᠪᠠᠶᠢᠭᠠᠳ ᠬᠤᠭᠤᠴᠠᠭ᠎ᠠ | ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ᠃ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠤᠭᠰᠠᠨ ᠦᠭᠡᠢ | ᠪᠠᠶᠢᠪᠠᠯ ᠨᠥᠬᠦᠪᠦᠷᠢ ᠮᠥᠩᠭᠦ ᠶᠢ ᠨᠢ ᠰᠠᠭᠤᠯᠭᠠᠨ ᠠᠪᠬᠤ ᠶᠢᠨ ᠬᠠᠮᠲᠤ ᠳᠠᠷᠠᠭ᠎ᠠ ᠨᠢᠭᠡ ᠵᠢᠯ ᠤᠨ ᠨᠥᠬᠦᠪᠦᠷᠢ | ᠮᠥᠩᠭᠦ ᠶᠢ ᠨᠢ ᠵᠣᠭᠰᠣᠭᠠᠨ᠎ᠠ᠃ | | 3.ᠲᠣᠭᠲᠠᠭᠠᠯ ᠠᠴᠠ ᠵᠥᠷᠢᠴᠡᠨ ᠤᠢ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ | ᠮᠥᠩᠭᠦ ᠮᠡᠬᠡᠯᠡᠨ ᠠᠪᠤᠭᠰᠠᠨ ᠬᠥᠮᠥᠰ ᠠᠴᠠ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠨᠡᠬᠡᠮᠵᠢᠯᠡᠨ | ᠲᠤᠰᠢᠶᠠᠯᠭᠠᠵᠤ᠂ ᠵᠣᠭᠤᠰ ᠢ ᠨᠢ ᠴᠠᠭ ᠲᠤᠬᠠᠢ ᠳᠤᠨᠢ ᠪᠤᠴᠠᠭᠠᠵᠤ ᠳᠡᠶᠢᠯᠬᠦ ᠦᠭᠡᠢ ᠪᠣᠯ ᠭᠡᠷ ᠪᠦᠯᠢ ᠶᠢᠨ | ᠪᠦᠷᠢᠯᠳᠦᠭᠦᠨ ᠤ ᠬᠢᠨᠢ ᠨᠥᠬᠦᠪᠦᠷᠢ ᠪᠡᠯᠡ ᠮᠥᠩᠭᠦ ᠶᠢᠨ ᠳᠣᠲᠣᠷ᠎ᠠ ᠠᠴᠠ ᠰᠠᠭᠤᠯᠭᠠᠨ ᠲᠤᠰᠢᠶᠠᠯᠭᠠᠬᠤ ᠶᠢᠨ ᠬᠠᠮᠲᠤ | ᠤᠢ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠣᠯᠭᠤᠮᠵᠢ ᠬᠦᠷᠳᠡᠬᠦ ᠬᠢᠷᠢ ᠬᠡᠮ ᠢ ᠨᠢ | ᠬᠠᠰᠤᠵᠤ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ | ᠲᠤᠰᠢᠶᠠᠨ᠎ᠠ᠃ | | 4. ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠠᠵᠢᠯ ᠤᠨ ᠠᠷᠭ᠎ᠠ ᠬᠡᠮᠵᠢᠶ᠎ᠡ ᠨᠢ ᠬᠦᠴᠦᠨ ᠦᠭᠡᠢ᠂ ᠨᠠᠶᠢᠳᠠᠪᠤᠷᠢᠵᠢᠭᠤᠯᠤᠭᠰᠠᠨ ᠦᠷ᠎ᠡ | ᠪᠦᠲᠦᠮᠵᠢ ᠪᠠᠷ ᠠᠨᠠᠢ᠂ ᠣᠯᠠᠨ ᠲᠦᠮᠡᠨ ᠤ ᠰᠠᠨᠠᠯ ᠶᠡᠭᠡ᠂ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠦᠭᠰᠡᠨ ᠦᠭᠡᠢ | ᠪᠠᠶᠢᠪᠠᠯ᠂ ᠬᠠᠮᠢᠶ᠎ᠠ ᠪᠦᠬᠦᠢ ᠨᠢᠭᠡᠴᠢ ᠪᠣᠯᠣᠨ ᠬᠤᠪᠢ ᠬᠥᠮᠥᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ᠃ | | 5. ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠠᠵᠢᠯ ᠤᠨ ᠱᠠᠩᠨᠠᠨ | ᠬᠥᠬᠢᠭᠦᠯᠬᠦ ᠲᠣᠭᠲᠠᠴᠠ ᠶᠢ ᠪᠠᠶᠢᠭᠤᠯᠵᠤ᠂ ᠨᠥᠬᠦᠪᠦᠷᠢ ᠶᠢ ᠨᠠᠶᠢᠳᠠᠪᠤᠷᠢᠵᠢᠭᠤᠯᠬᠤ ᠠᠵᠢᠯ ᠤᠨ ᠳᠤᠮᠳᠠ ᠢᠯᠡᠳᠲᠡ | ᠠᠮᠵᠢᠯᠲᠠ ᠣᠯᠣᠭᠰᠠᠨ ᠨᠢᠭᠡᠴᠢ ᠪᠠ ᠬᠤᠪᠢ ᠬᠥᠮᠥᠨ ᠢ ᠬᠤᠰᠢᠭᠤᠨ ᠵᠠᠰᠠᠭ ᠤᠨ ᠣᠷᠳᠣᠨ ᠠᠴᠠ ᠬᠥᠬᠢᠭᠦᠯᠦᠨ | ᠱᠠᠩᠨᠠᠨ᠎ᠠ᠃ | | | | ᠲᠠᠶᠢᠯᠤᠮᠵᠢ ᠬᠢᠭᠴᠢ᠄ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠯᠢᠦ ᠵᠢᠶᠦ᠋ᠨ | | ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠣᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠬᠤ ᠱᠧᠩ ᠳ᠋ᠧ | | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ︽ᠠᠯᠠᠱᠠ ᠵᠡᠭᠦᠨ ᠬᠤᠰᠢᠭᠤᠨ ᠤ ᠣᠶ ᠰᠢᠭᠤᠶ ᠶᠢᠨ ᠠᠮᠢ | ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠬᠡᠷᠡᠭᠵᠢᠭᠦᠯᠬᠦ ᠠᠷᠭ᠎ᠠ︾ ᠶᠢ ᠬᠡᠪᠯᠡᠨ ᠲᠠᠷᠬᠠᠭᠠᠬᠤ ᠲᠤᠬᠠᠶ ᠠᠯᠠᠱᠠ | ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠣᠶ ᠡᠪᠡᠰᠦ ᠪᠡᠯᠴᠢᠭᠡᠷ ᠤᠨ | ᠲᠣᠪᠴᠢᠶ᠎ᠠ | | | | | | | | | | |