︽ᠠᠯᠠᠱᠠ ᠵᠡᠭᠦᠨ ᠬᠤᠰᠢᠭᠤᠨ ᠤ ᠡᠷᠦᠬᠡ ᠠᠮᠠ ᠶᠢᠨ ᠲᠠᠩᠰᠠ ᠶᠢᠨ ᠬᠠᠮᠢᠶᠠᠷᠤᠯᠲᠠ ᠶᠢᠨ ᠠᠷᠭ᠎ᠠ︾  ᠎ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/26
      ᠠᠯᠠᠱᠠ ᠵᠡᠭᠦᠨ ᠬᠤᠰᠢᠭᠤᠨ ᠤ ᠡᠷᠦᠬᠡ ᠠᠮᠠ ᠶᠢᠨ ᠬᠠᠮᠢᠶᠠᠷᠤᠯᠲᠠ ᠶᠢᠨ ᠠᠷᠭ᠎ᠠ ᠶᠢᠨ ᠲᠠᠶᠢᠯᠤᠮᠵᠢ      ᠨᠢᠭᠡ᠂ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ ᠭᠡᠳᠡᠭ ᠨᠢ ᠠᠯᠠᠱᠠ ᠵᠡᠭᠦᠨ ᠬᠤᠰᠢᠭᠤᠨ ᠤ ᠬᠡᠪᠴᠢᠶᠡᠨ ᠳᠤ ᠠᠷᠠᠳ ᠢᠷᠭᠡᠳ ᠤᠨ ᠪᠣᠳᠠᠲᠠᠢ ᠰᠠᠭᠤᠵᠤ ᠪᠠᠶᠢᠭ᠎ᠠ ᠬᠠᠤᠯᠢ ᠶᠣᠰᠣᠨ ᠤ ᠥᠮᠴᠢᠯᠡᠬᠦ ᠡᠷᠬᠡ ᠲᠠᠢ ᠭᠡᠷ ᠪᠠᠶᠢᠰᠢᠩ ᠪᠤᠶᠤ ᠲᠣᠰ ᠭᠠᠵᠠᠷ ᠤᠨ ᠭᠡᠷ ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠦᠷᠢᠶᠡᠰᠦᠯᠡᠬᠦ ᠶᠢ ᠪᠦᠷᠢᠳᠬᠡᠨ ᠳᠠᠩᠰᠠᠯᠠᠭᠤᠯᠤᠭᠰᠠᠨ ᠭᠡᠷ ᠪᠠᠶᠢᠰᠢᠩ ᠢ ᠵᠢᠭᠠᠵᠤ ᠪᠣᠶ᠃ ︵ᠲᠤᠰ ᠭᠠᠵᠠᠷ ᠤᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠭᠰᠠᠨ ᠦᠨᠡᠮᠯᠡᠯ ᠪᠤᠶᠤ ᠴᠠᠬᠢᠮ ᠪᠦᠷᠢᠳᠬᠡᠯ ᠤᠨ ᠲᠡᠮᠳᠡᠭᠯᠡᠯ ᠲᠠᠢ︶            ᠬᠤᠶᠠᠷ᠂ ᠬᠠᠤᠯᠢ ᠶᠣᠰᠣᠨ ᠤ ᠲᠣᠭᠲᠠᠪᠤᠷᠢᠲᠠᠢ ᠠᠵᠢᠯ ᠣᠯᠭᠤᠯᠲᠠ ᠭᠡᠳᠡᠭ ᠨᠢ ᠲᠦᠷᠦ ᠶᠢᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ᠂ ᠵᠠᠰᠠᠭ ᠵᠠᠬᠢᠷᠭᠠᠨ ᠤ ᠰᠢᠭᠤᠳ ᠬᠠᠮᠢᠶᠠᠷᠤᠯᠲᠠ ᠶᠢᠨ ᠰᠢᠰᠲ᠋ᠧᠮ ᠪᠠ ᠭᠠᠵᠠᠷ ᠣᠷᠣᠨ ᠠᠯᠤᠰᠯᠠᠭᠰᠠᠨ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠪᠦᠯᠦᠭᠯᠡᠯ ᠳᠤ ᠡᠯᠰᠡᠭᠳᠡᠬᠦ ᠶᠢᠨ ᠬᠠᠮᠲᠤ ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠲᠣᠭᠲᠠᠭᠠᠬᠤ ᠶᠢ ᠪᠠᠭᠲᠠᠭᠠᠨ᠎ᠠ᠃            ᠭᠤᠷᠪᠠ᠂ ᠭᠡᠷ ᠪᠠᠶᠢᠰᠢᠩ ᠲᠦᠷᠢᠶᠡᠰᠦᠯᠡᠬᠦ ᠳᠤ ᠡᠷᠬᠡᠪᠰᠢ ᠭᠡᠷ ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠭᠠᠷ ᠤᠨ ᠦᠰᠦᠭ ᠵᠢᠷᠤᠵᠤ ᠣᠯᠭᠤᠭᠰᠠᠨ ᠭᠡᠷ ᠪᠠᠶᠢᠰᠢᠩ ᠲᠦᠷᠢᠶᠡᠰᠦᠯᠡᠬᠦ ᠵᠥᠪᠰᠢᠶᠡᠷᠡᠯ ᠤᠨ ᠦᠨᠡᠮᠯᠡᠯ ᠪᠠᠶᠢᠬᠤ ᠬᠡᠷᠡᠭᠲᠡᠢ᠃            ᠳᠥᠷᠪᠡ᠂ ᠲᠣᠰ ᠠᠷᠭ᠎ᠠ ᠳᠠᠬᠢ ᠲᠦᠰᠢᠭᠯᠡᠯᠴᠡᠬᠦ ᠲᠥᠷᠥᠯ ᠤᠨ ᠨᠡᠭᠦᠯᠲᠡ ᠳᠤ ᠬᠠᠷᠢᠴᠠᠭᠠᠨ ᠤ ᠭᠡᠷᠡᠴᠢᠯᠡᠯ ᠬᠠᠩᠭᠠᠬᠤ ᠬᠡᠷᠡᠭᠲᠡᠢ᠃            ᠲᠠᠪᠤ᠂ ᠵᠢᠩᠬᠢᠨᠢ ᠠᠯᠪᠠᠨ ᠠᠴᠠ ᠪᠠᠭᠤᠭᠰᠠᠨ ᠲᠠᠷᠢᠶᠠᠯᠠᠬᠤ ᠮᠠᠯᠵᠢᠬᠤ ᠣᠷᠣᠨ ᠤ ᠬᠠᠷᠢᠶ᠎ᠠ ᠲᠠᠢ ᠠᠯᠪᠠᠨ ᠵᠢᠷᠤᠮ ᠤᠨ ᠴᠡᠷᠢᠭ ᠪᠣᠯᠣᠨ ᠪᠠᠭ᠎ᠠ ᠣᠹᠢᠼᠧᠷ ᠪᠠᠶᠢᠩᠭᠤ ᠰᠠᠭᠤᠭ᠎ᠠ ᠭᠠᠵᠠᠷ ᠲᠠᠭᠠᠨ ᠡᠷᠥᠭᠡ ᠠᠮᠠ ᠪᠠᠨ ᠪᠦᠷᠢᠳᠬᠡᠭᠦᠯᠬᠦ ᠪᠠᠷ ᠭᠤᠶᠤᠴᠢᠯᠠᠵᠤ ᠪᠣᠯᠬᠤ ᠪᠥᠭᠡᠳ ᠵᠣᠬᠢᠴᠠᠩᠭᠤᠢ ᠣᠷᠣᠰᠢᠨ ᠰᠠᠭᠤᠬᠤ ᠭᠡᠷᠡᠴᠢ ᠬᠠᠩᠭᠠᠬᠤ ᠬᠡᠷᠡᠭᠲᠡᠢ᠃            ᠵᠢᠷᠭᠤᠭ᠎ᠠ᠂ ᠲᠣᠰ ᠠᠷᠭ᠎ᠠ ᠶᠢᠨ ᠨᠠᠢᠮᠠᠳᠤᠭᠠᠷ ᠵᠦᠢᠯ ᠳᠠᠬᠢ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠡᠷᠦᠬᠡ ᠠᠮᠠ ᠶᠢᠨ ᠲᠠᠩᠰᠠ ᠪᠠᠨ ᠰᠤᠷᠭᠠᠭᠤᠯᠢ ᠶᠢᠨ ᠬᠠᠮᠲᠤ ᠶᠢᠨ ᠡᠷᠦᠬᠡ ᠳᠤ ᠰᠢᠯᠵᠢᠭᠦᠯᠦᠭᠰᠡᠨ ᠤ ᠳᠠᠷᠠᠭ᠎ᠠ᠂ ᠪᠤᠰᠤᠳ ᠭᠠᠵᠠᠷ ᠣᠷᠣᠨ ᠳᠤ ᠡᠷᠦᠬᠡ ᠠᠮᠠ ᠪᠠᠨ ᠣᠷᠣᠭᠤᠯᠤᠭᠰᠠᠨ ᠦᠭᠡᠢ ᠪᠣᠯ ᠤᠭ ᠨᠤᠲᠤᠭ ᠲᠠᠭᠠᠨ ᠪᠤᠴᠠᠵᠤ ᠡᠷᠦᠬᠡ ᠠᠮᠠ ᠪᠠᠨ ᠣᠷᠣᠭᠤᠯᠬᠤ ᠪᠠᠷ ᠭᠤᠶᠤᠴᠢᠯᠠᠵᠤ ᠪᠣᠯᠣᠨ᠎ᠠ᠃ ᠴᠡᠷᠢᠭ ᠲᠤ ᠡᠯᠰᠡᠭᠳᠡᠬᠦ ᠭᠡᠳᠡᠭ ᠨᠢ ᠴᠡᠷᠢᠭ ᠤᠨ ᠠᠯᠪᠠ ᠬᠠᠭᠠᠵᠤ ᠡᠷᠦᠬᠡ ᠠᠮᠠ ᠶᠢᠨ ᠲᠠᠩᠰᠠ ᠪᠠᠨ ᠬᠠᠰᠤᠭᠰᠠᠨ ᠤ ᠳᠠᠷᠠᠭ᠎ᠠ ᠪᠤᠰᠤᠳ ᠭᠠᠵᠠᠷ ᠲᠤ ᠡᠷᠦᠬᠡ ᠠᠮᠠ ᠪᠠᠨ ᠣᠷᠣᠭᠤᠯᠤᠭᠰᠠᠨ ᠦᠭᠡᠢ ᠪᠣᠯ ᠤᠭ ᠨᠤᠲᠤᠭ ᠲᠠᠭᠠᠨ ᠪᠤᠴᠠᠵᠤ ᠡᠷᠦᠬᠡ ᠠᠮᠠ ᠪᠠᠨ ᠣᠷᠣᠭᠤᠯᠬᠤ ᠪᠠᠷ ᠭᠤᠶᠤᠴᠢᠯᠠᠵᠤ ᠪᠣᠯᠬᠤ ᠶᠢ ᠵᠢᠭᠠᠵᠤ ᠪᠣᠶ᠃            ᠳᠣᠯᠤᠭ᠎ᠠ᠂ ᠲᠣᠰ ᠠᠷᠭ᠎ᠠ ᠶᠢᠨ ᠠᠷᠪᠠᠨ ᠲᠠᠪᠤᠳᠤᠭᠠᠷ ᠵᠦᠢᠯ ᠤᠨ ᠨᠠᠰᠤᠨ ᠳᠤ ᠥᠯᠥ ᠬᠦᠷᠦᠭᠰᠡᠨ ᠦᠷ᠎ᠡ ᠬᠡᠦᠬᠡᠳ ᠨᠢ ᠳᠠᠭᠠᠵᠤ ᠨᠡᠭᠦᠬᠦ ᠭᠠᠷᠳᠠᠮ ᠢ ᠭᠦᠢᠴᠡᠳᠬᠡᠵᠦ ᠪᠣᠯᠣᠨ᠎ᠠ᠃ ᠨᠠᠰᠤᠨ ᠳᠤ ᠬᠦᠷᠦᠭᠡᠳᠦᠢ ᠦᠷ᠎ᠡ ᠬᠡᠦᠬᠡᠳ ᠎ ᠨᠢ ᠡᠷᠬᠡᠪᠰᠢ ᠡᠴᠢᠭᠡ ᠪᠤᠶᠤ ᠡᠬᠡ ᠪᠠᠨ ᠳᠠᠭᠠᠭᠰᠠᠨ ᠡᠷ᠎ᠡ ᠡᠮ᠎ᠡ ᠪᠠᠨ ᠳᠠᠭᠠᠵᠤ ᠨᠡᠭᠦᠵᠦ ᠣᠷᠣᠬᠤ ᠬᠡᠷᠡᠭᠲᠡᠢ᠂ ᠭᠠᠭᠴᠠᠭᠠᠷ ᠢᠶᠠᠨ ᠨᠡᠭᠦᠵᠦ ᠣᠷᠣᠵᠤ ᠪᠣᠯᠬᠤ ᠦᠭᠡᠢ ᠭᠡᠳᠡᠭ ᠢ ᠪᠠᠭᠲᠠᠭᠠᠨ᠎ᠠ᠃            ᠨᠠᠢᠮᠠ᠂ ᠲᠣᠰ ᠠᠷᠭ᠎ᠠ ᠳᠤ ᠲᠣᠰ ᠬᠤᠰᠢᠭᠤᠨ ᠤ ᠬᠤᠲᠠ ᠪᠠᠯᠭᠠᠰᠤᠨ ᠳᠤ ᠨᠡᠭᠦᠨ ᠰᠠᠭᠤᠷᠢᠰᠢᠭᠰᠠᠨ ᠪᠠᠶᠢᠩᠭᠤ ᠰᠠᠭᠤᠭ᠎ᠠ ᠬᠥᠮᠥᠨ ᠠᠮᠠ ᠳᠤ ᠲᠣᠬᠢᠷᠠᠨ᠎ᠠ᠃             ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄   ︽ᠠᠯᠠᠱᠠ ᠵᠡᠭᠦᠨ ᠬᠤᠰᠢᠭᠤᠨ ᠤ ᠡᠷᠦᠬᠡ ᠠᠮᠠ ᠶᠢᠨ ᠬᠠᠮᠢᠶᠠᠷᠤᠯᠲᠠ ᠶᠢᠨ ᠠᠷᠭ᠎ᠠ︾                        ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号