| | ᠡᠯ᠎ᠡ ᠰᠤᠮᠤ ᠪᠠᠯᠭᠠᠰᠤ᠂ ᠬᠤᠰᠢᠭᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄ | | ︽ᠠᠯᠠᠱᠠ ᠵᠡᠭᠦᠨ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠨᠥᠬᠦᠪᠥᠷᠢ | ᠥᠭᠴᠦ ᠱᠠᠩᠨᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠷᠭ᠎ᠠ︾ ᠪᠣᠯᠤᠨ ︽ᠠᠯᠠᠱᠠ ᠵᠡᠭᠦᠨ ᠬᠤᠰᠢᠭᠤᠨ ᠤ | ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠲᠤ ᠨᠥᠬᠦᠪᠥᠷᠢ ᠥᠭᠬᠦ ᠶᠢ ᠬᠡᠷᠡᠭᠵᠢᠭᠦᠯᠬᠦ ᠠᠷᠭ᠎ᠠ︾ ᠶᠢ ᠠᠯᠠᠱᠠ | ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 14 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ | ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠬᠡᠪᠯᠡᠨ ᠲᠠᠷᠬᠠᠭᠠᠯ᠎ᠠ᠂ ᠵᠢᠷᠤᠮᠯᠠᠨ ᠬᠡᠷᠡᠭᠵᠢᠭᠦᠯᠲᠦᠭᠡᠶ᠃ | | 2022 ᠣᠨ ᠤ 12 ᠰᠠᠷ᠎ᠠ ᠶᠢᠨ 2 | | | | ᠠᠯᠠᠱᠠ ᠵᠡᠭᠦᠨ ᠬᠤᠰᠢᠭᠤᠨ ᠤ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ | ᠬᠡᠷᠡᠭᠵᠢᠭᠦᠯᠬᠦ ᠠᠷᠭ᠎ᠠ | | | ᠨᠢᠭᠡᠳᠦᠭᠡᠷ ᠪᠦᠯᠦᠭ ᠶᠡᠷᠦᠩᠬᠡᠢ ᠲᠦᠷᠢᠮ | | | ᠨᠢᠭᠡᠳᠦᠭᠡᠷ ᠵᠦᠢᠯ ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠥᠭᠬᠦ ᠪᠣᠯ | ᠤᠯᠤᠰ ᠠᠴᠠ ᠬᠡᠷᠡᠭᠵᠢᠭᠦᠯᠵᠦ ᠪᠠᠶᠢᠭ᠎ᠠ ᠠᠮᠢ ᠠᠬᠤᠶ ᠶᠢ ᠬᠠᠮᠠᠭᠠᠯᠠᠬᠤ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ ᠨᠢᠭᠡ ᠵᠦᠢᠯ ᠤᠨ ᠤᠷᠳᠤ ᠬᠤᠭᠤᠴᠠᠭᠠᠨ ᠤ ᠳᠦᠷᠦ ᠶᠢᠨ ᠪᠤᠳᠤᠯᠭ᠎ᠠ ᠪᠣᠯᠤᠨ᠎ᠠ᠃ ᠨᠡᠶᠢᠲᠡ ᠶᠢᠨ | ᠠᠰᠠᠷᠠᠮᠵᠢ ᠶᠢᠨ ᠣᠶ ᠶᠢᠨ ᠪᠥᠲᠥᠭᠡᠨ ᠪᠠᠶᠢᠭᠤᠯᠤᠯᠲᠠ᠂ ᠬᠠᠮᠠᠭᠠᠯᠠᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠠᠮᠢ | ᠠᠬᠤᠶ ᠶᠢᠨ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠤᠨ᠂ ᠮᠠᠯᠴᠢᠨ ᠲᠠᠷᠢᠶᠠᠴᠢᠨ ᠤ ᠣᠷᠣᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ | ᠰᠢᠭᠤᠶ ᠶᠢᠨ ᠬᠠᠤᠯᠢ︾ ᠪᠣᠯᠤᠨ ᠣᠨ ᠤ ︽ᠠᠯᠠᠱᠠ ᠵᠡᠭᠦᠨ ᠬᠤᠰᠢᠭᠤᠨ ᠤ ᠣᠶ ᠰᠢᠭᠤᠶ ᠶᠢᠨ ᠠᠮᠢ ᠠᠬᠤᠶ ᠶᠢᠨ | ᠦᠷ᠎ᠡ ᠠᠰᠢᠭ ᠤᠨ ᠨᠥᠬᠦᠪᠥᠷᠢ ᠶᠢᠨ ᠰᠠᠭᠤᠷᠢ ᠮᠥᠩᠭᠦ ᠶᠢᠨ ᠬᠡᠷᠡᠭᠵᠢᠭᠦᠯᠬᠦ ᠲᠥᠰᠦᠯ︾ ᠢ ᠦᠨᠳᠦᠰᠦᠯᠡᠨ᠂ ᠠᠯᠠᠱᠠ | ᠵᠡᠭᠦᠨ ᠬᠤᠰᠢᠭᠤᠨ ᠤ ᠪᠣᠳᠠᠲᠠᠶ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | | ᠬᠤᠶᠠᠳᠤᠭᠠᠷ ᠵᠦᠢᠯ ᠨᠡᠶᠢᠲᠡ ᠶᠢᠨ ᠠᠰᠠᠷᠠᠮᠵᠢ ᠶᠢᠨ ᠤᠢ ᠭᠡᠳᠡᠭ ᠨᠢ ᠠᠮᠢ ᠠᠬᠤᠶ ᠶᠢᠨ ᠣᠷᠴᠢᠨ | ᠲᠣᠭᠤᠷᠢᠨ ᠢ ᠬᠠᠮᠠᠭᠠᠯᠠᠨ ᠰᠠᠶᠢᠵᠢᠷᠠᠭᠤᠯᠬᠤ᠂ ᠠᠮᠢ ᠠᠬᠤᠶ ᠶᠢᠨ ᠲᠡᠩᠴᠡᠭᠦᠷᠢ ᠶᠢ ᠪᠠᠲᠤᠯᠠᠬᠤ᠂ ᠠᠮᠢᠳᠤ ᠪᠣᠳᠠᠰ ᠤᠨ | ᠤᠯᠠᠨ ᠶᠠᠩᠵᠤᠲᠤ ᠴᠢᠨᠠᠷ ᠢ ᠬᠠᠮᠠᠭᠠᠯᠠᠬᠤ ᠵᠡᠷᠭᠡ ᠬᠥᠮᠦᠨ ᠲᠥᠷᠥᠯᠬᠢᠲᠡᠨ ᠤ ᠨᠡᠶᠢᠭᠡᠮ ᠤᠨ ᠠᠮᠢ ᠠᠬᠤᠶ᠂ | ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠪᠣᠯᠤᠨ ᠦᠷᠭᠦᠯᠵᠢᠯᠡᠨ ᠬᠥᠭᠵᠢᠬᠦ ᠶᠢ ᠬᠠᠩᠭᠠᠬᠤ ᠪᠠᠷ ᠭᠤᠣᠯ ᠴᠣᠭᠴᠠ ᠶᠢᠨ | ᠴᠢᠳᠠᠮᠵᠢ ᠪᠠᠨ ᠪᠣᠯᠭᠠᠭᠰᠠᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠢ ᠲᠣᠭᠲᠠᠭᠠᠯ | ᠶᠣᠰᠣᠭᠠᠷ ᠣᠷᠣᠨ ᠬᠤᠪᠢᠶᠠᠨ ᠵᠠᠭᠠᠭᠯᠠᠨ ᠲᠣᠭᠲᠠᠭᠠᠭᠰᠠᠨ᠂ ᠭᠤᠣᠯᠳᠠᠭᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ᠂ | ᠨᠡᠶᠢᠭᠡᠮ ᠤᠨ ᠴᠢᠨᠠᠷᠲᠠᠶ ᠦᠢᠯᠡᠳᠬᠦᠨ ᠪᠤᠶᠤ ᠦᠢᠯᠡᠴᠢᠯᠡᠭᠡᠨ ᠬᠠᠩᠭᠠᠬᠤ ᠤᠢ ᠰᠢᠭᠤᠶ᠂ ᠤᠢ ᠮᠣᠳᠣ ᠪᠣᠯᠤᠨ ᠤᠢ | ᠮᠣᠳᠣᠨ ᠤ ᠭᠠᠵᠠᠷ ᠢ ᠵᠢᠭᠠᠵᠤ ᠪᠤᠢ᠃ | | | ᠭᠤᠷᠪᠠᠳᠤᠭᠠᠷ ᠵᠦᠶᠯ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠬᠡᠪᠴᠢᠶᠡᠨ | ᠳᠣᠲᠣᠷᠠᠬᠢ ᠮᠠᠯᠴᠢᠨ ᠲᠠᠷᠢᠶᠠᠴᠢᠳ ᠤᠨ ᠨᠡᠶᠢᠭᠡᠮ ᠤᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠶᠢ | ᠵᠣᠷᠢᠭᠵᠢᠭᠤᠯᠵᠤ᠂ ᠨᠡᠶᠢᠲᠡ ᠶᠢᠨ ᠠᠰᠠᠷᠠᠮᠵᠢ ᠶᠢᠨ ᠰᠢᠭᠤᠶᠢᠲᠤ ᠣᠷᠣᠨ ᠤ ᠥᠲᠡᠯᠪᠡᠯ ᠭᠥᠷᠳᠡᠬᠦ ᠠᠰᠠᠷᠠᠮᠵᠢ ᠲᠠᠢ᠂ | ᠥᠲᠡᠯᠪᠡᠯ ᠲᠦᠰᠢᠭ ᠲᠠᠢ ᠨᠡᠶᠢᠭᠡᠮ ᠤᠨ ᠨᠠᠰᠤᠵᠢᠯ ᠤᠨ ᠪᠠᠲᠤᠯᠠᠭ᠎ᠠ ᠶᠢᠨ ᠲᠣᠭᠲᠠᠴᠠ ᠶᠢ ᠤᠯᠠᠮ ᠲᠡᠭᠦᠯᠳᠡᠷᠵᠢᠭᠦᠯᠦᠨ᠎ᠡ | ᠃ | | | | ᠬᠤᠶᠠᠳᠤᠭᠠᠷ ᠪᠦᠯᠦᠭ ᠬᠡᠷᠡᠭᠵᠢᠭᠦᠯᠬᠦ ᠬᠡᠪᠴᠢᠶ᠎ᠡ | | | ᠳᠥᠷᠪᠡᠳᠦᠭᠡᠷ ᠵᠦᠢᠯ ᠬᠡᠷᠡᠭᠵᠢᠭᠦᠯᠬᠦ ᠬᠡᠪᠴᠢᠶ᠎ᠡ ᠪᠠ ᠨᠥᠬᠦᠪᠥᠷᠢᠯᠡᠬᠦ ᠡᠲᠡᠭᠡᠳ | | ︵ᠨᠢᠭᠡ︶ ᠬᠡᠷᠡᠭᠵᠢᠭᠦᠯᠬᠦ ᠬᠡᠪᠴᠢᠶ᠎ᠡ | | ᠠᠯᠠᠱᠠ ᠵᠡᠭᠦᠨ ᠬᠤᠰᠢᠭᠤᠨ ᠤ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ | ᠬᠡᠪᠴᠢᠶᠡᠨ ᠳᠤ ᠣᠷᠣᠭᠤᠯᠤᠭᠰᠠᠨ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠲᠠᠯᠠᠪᠠᠶ 796. | 65 ᠲᠦᠮᠡᠨ ᠮᠥ ᠳᠤ ᠬᠦᠷᠴᠦ᠂ ᠪᠥᠬᠦ ᠬᠤᠰᠢᠭᠤᠨ ᠤ ᠪᠥᠬᠦ ᠮᠠᠯᠵᠢᠬᠤ ᠭᠠᠴᠠᠭ᠎ᠠ ᠪᠠ ᠬᠡᠰᠡᠭ ᠬᠠᠭᠠᠰ ᠲᠠᠷᠢᠶᠠᠯᠠᠬᠤ | ᠬᠠᠭᠠᠰ ᠮᠠᠯᠵᠢᠬᠤ ᠭᠠᠴᠠᠭ᠎ᠠ ︵ᠪᠠᠶᠠᠨᠮᠥ᠋ᠷᠡᠨ ᠰᠤᠮᠤ ᠪᠠᠭᠲᠠᠨ᠎ᠠ︶ ᠶᠢ ᠪᠠᠭᠲᠠᠭᠠᠨ᠎ᠠ᠃ | | ︵ᠬᠤᠶᠠᠷ︶ ᠬᠡᠷᠡᠭᠵᠢᠭᠦᠯᠬᠦ ᠡᠲᠡᠭᠡᠳ | | 1. ︽ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ︾ ᠪᠣᠯᠤᠨ ᠨᠤᠲᠤᠭ | ᠪᠡᠯᠴᠢᠭᠡᠷ ᠤᠨ ᠳᠠᠭᠠᠭᠠᠴᠢᠯᠠᠯᠲᠠ ᠶᠢᠨ ᠭᠡᠷ᠎ᠡ ᠲᠠᠢ ᠪᠤᠶᠤ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠭᠡᠷ᠎ᠡ ᠲᠠᠢ | ᠪᠥᠭᠡᠳ ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠬᠡᠪᠴᠢᠶᠡᠨ ᠳᠤ ᠨᠢᠭᠡᠨᠲᠡ | ᠣᠷᠣᠭᠤᠯᠤᠭᠰᠠᠨ ᠲᠠᠷᠢᠶᠠᠯᠠᠬᠤ ᠮᠠᠯᠵᠢᠬᠤ ᠡᠷᠥᠭᠡ᠃ | | 2. ᠠᠯᠠᠱᠠ ᠵᠡᠭᠦᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ ᠲᠠᠩᠰᠠ ᠲᠠᠢ | ᠮᠥᠷᠲᠡᠭᠡᠨ ᠡᠴᠢᠭᠡ ᠡᠬᠡ ᠶᠢᠨ ᠨᠢᠭᠡ ᠲᠠᠯ᠎ᠠ ᠨᠢ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ | ᠨᠥᠬᠦᠪᠥᠷᠢ ᠶᠢᠨ ᠲᠥᠷᠥ ᠶᠢᠨ ᠪᠣᠳᠣᠯᠭ᠎ᠠ ᠳᠤ ᠨᠡᠶᠢᠴᠡᠬᠦ ᠪᠥᠭᠡᠳ ᠭᠥᠷᠳᠡᠬᠦ ᠪᠦᠬᠦᠯᠢ ᠠᠷᠪᠠᠨ ᠵᠢᠷᠭᠤᠭᠠᠨ | ᠨᠠᠰᠤᠨ ᠠᠴᠠ ᠳᠣᠷᠣᠭᠰᠢᠬᠢ ᠬᠥᠮᠦᠰ ︵ᠬᠠᠤᠯᠢ ᠶᠣᠰᠣᠨ ᠤ ᠭᠠᠷᠳᠠᠮ ᠲᠠᠢ ᠡᠷᠭᠦᠨ ᠲᠡᠵᠢᠭᠡᠭᠰᠡᠨ ᠦᠷ᠎ᠡ ᠬᠡᠤᠬᠡᠳ | ᠪᠠᠭᠲᠠᠨ᠎ᠠ︶ ᠢ ᠪᠠᠭᠲᠠᠭᠠᠨ᠎ᠠ᠃ | | 3. 2015 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠠᠯᠠᠱᠠ ᠵᠡᠭᠦᠨ | ᠬᠤᠰᠢᠭᠤᠨ ᠳᠤ ᠤᠷᠤᠭᠰᠠᠨ ᠤ ᠳᠠᠷᠠᠭ᠎ᠠ᠂ ᠤᠷᠤᠭ ᠤᠨ ᠬᠠᠷᠢᠴᠠᠭ᠎ᠠ ᠨᠢ ᠪᠦᠬᠦᠯᠢ ᠲᠠᠪᠤᠨ ᠵᠢᠯ ᠪᠣᠯᠤᠭᠰᠠᠨ ᠪᠥᠭᠡᠳ | ᠡᠷᠦᠬᠡ ᠠᠮᠠ ᠶᠢᠨ ᠲᠠᠩᠰᠠ ᠨᠢ ᠲᠣᠰ ᠭᠠᠴᠠᠭᠠᠨ ᠤ ᠬᠡᠪᠴᠢᠶᠡᠨ ᠳᠤ ᠪᠠᠶᠢᠭ᠎ᠠ ᠬᠥᠮᠦᠰ᠃ | | 4. ︽ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ︾ ᠪᠠ ᠨᠤᠲᠤᠭ | ᠪᠡᠯᠴᠢᠭᠡᠷ ᠤᠨ ᠳᠠᠭᠠᠭᠠᠴᠢᠯᠠᠯᠲᠠ ᠶᠢᠨ ᠭᠡᠷ᠎ᠡ ᠪᠤᠶᠤ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠭᠡᠷ᠎ᠡ ᠪᠥᠬᠦᠶ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠲᠠᠢ᠂ ᠵᠠᠰᠠᠭ ᠤᠨ ᠣᠷᠳᠣᠨ ᠤ ᠬᠤᠳᠠᠯᠳᠤᠨ ᠠᠪᠤᠭᠰᠠᠨ | ᠪᠤᠶᠤ ᠪᠤᠰᠤᠳ ᠲᠦᠷ ᠴᠠᠭ ᠤᠷᠢᠨ ᠬᠡᠷᠡᠭᠯᠡᠭᠰᠡᠨ ᠠᠵᠢᠯᠲᠠᠨ᠃ | | 5. ᠨᠢᠭᠡᠨᠲᠡ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ | ᠲᠡᠭᠦᠰᠦᠭᠰᠡᠳ ᠤᠨ ᠨᠢᠭᠡ ᠤᠳᠠᠭ᠎ᠠ ᠶᠢᠨ ᠴᠢᠨᠠᠷᠲᠠᠶ 3 ᠲᠦᠮᠡᠨ ᠲᠥᠭᠦᠷᠢᠭ ᠤᠨ ᠨᠥᠬᠦᠪᠥᠷᠢ ᠶᠢ ᠠᠪᠤᠭᠰᠠᠨ ᠪᠥᠭᠡᠳ | ᠨᠥᠬᠦᠴᠡᠯ ᠳᠤ ᠨᠡᠶᠢᠴᠡᠬᠦ ᠬᠥᠮᠦᠰ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ | ᠣᠯᠭᠤᠮᠵᠢ ᠶᠢ ᠭᠥᠷᠳᠡᠬᠦ ᠪᠠᠷ ᠳᠠᠭᠢᠵᠤ ᠭᠤᠶᠤᠴᠢᠯᠠᠵᠤ ᠪᠣᠯᠤᠨ᠎ᠠ᠃ | | ᠲᠠᠪᠤᠳᠤᠭᠠᠷ ᠵᠦᠢᠯ ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ | ᠲᠥᠷᠥ ᠶᠢᠨ ᠪᠤᠳᠤᠯᠭ᠎ᠠ ᠶᠢ ᠬᠥᠷᠳᠡᠬᠦ ᠠᠵᠢᠯᠳᠠᠨ ᠳᠤ ᠳᠣᠣᠷᠠᠬᠢ ᠪᠠᠶᠢᠳᠠᠯ ᠤᠨ ᠠᠯᠢ ᠨᠢᠭᠡ ᠨᠢ ᠪᠠᠶᠢᠪᠠᠯ᠂ ᠲᠠᠷᠠᠭ᠎ᠠ | ᠵᠢᠯ ᠠᠴᠠ ᠨᠢ ᠡᠬᠢᠯᠡᠨ ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠣᠯᠭᠤᠮᠵᠢ | ᠬᠥᠷᠳᠡᠬᠦ ᠶᠢ ᠵᠣᠭᠰᠣᠭᠠᠨ᠎ᠠ᠄ | | ︵ᠨᠢᠭᠡ︶ ᠵᠠᠰᠠᠭ ᠵᠠᠬᠢᠷᠭ᠎ᠠ᠂ ᠠᠵᠢᠯ ᠦᠶᠯᠡᠰ ᠤᠨ ᠨᠢᠭᠡᠴᠢ ᠳᠤ ᠡᠯᠰᠡᠭᠳᠡᠭᠰᠡᠨ ᠠᠯᠪᠠᠨ ᠲᠤᠰᠢᠶᠠᠯᠲᠠᠨ᠂ | ᠳᠠᠩᠰᠠᠯᠠᠭᠤᠯᠬᠤ ᠳᠦᠷᠢᠮᠲᠦ ᠠᠵᠢᠯᠲᠠᠨ ︵ᠠᠳᠠᠯᠢ ᠠᠵᠢᠯ ᠳᠤ ᠠᠳᠠᠯᠢ ᠬᠥᠯᠥᠰᠥ ᠣᠯᠭᠤᠮᠵᠢ ᠣᠯᠭᠤᠬᠤ︶ ᠪᠤᠶᠤ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠢᠩᠬᠢᠨᠢ ᠠᠵᠢᠯᠲᠠᠨ ᠠᠵᠢᠯᠴᠢᠨ ᠢᠶᠠᠷ ᠤᠷᠢᠨ ᠬᠡᠷᠡᠭᠯᠡᠭᠰᠡᠨ | ᠠᠵᠢᠯᠲᠠᠨ᠃ | | ︵ᠬᠤᠶᠠᠷ︶ ᠵᠢᠩᠬᠢᠨᠢ ᠠᠯᠪᠠᠨ ᠤ ᠴᠡᠷᠢᠭ ᠠᠴᠠ ᠪᠠᠭ᠎ᠠ ᠣᠹᠢᠼᠧᠷ ᠪᠣᠯᠤᠭᠰᠠᠨ ᠪᠤᠶᠤ ᠺᠠᠳ᠋ᠷ ᠪᠣᠯᠤᠭᠰᠠᠨ | ᠬᠥᠮᠦᠰ᠃ | | ︵ᠭᠤᠷᠪᠠ︶ ᠤᠷᠤᠭᠯᠠᠵᠤ ᠤᠷᠤᠭᠰᠠᠨ ᠪᠡᠶ᠎ᠡ ᠬᠡᠮ ᠢᠶᠠᠷ ᠢᠶᠠᠨ ᠣᠶ ᠰᠢᠭᠤᠶ ᠶᠢᠨ ᠠᠮᠢ ᠠᠬᠤᠶ ᠶᠢᠨ ᠦᠷ᠎ᠡ | ᠠᠰᠢᠭ ᠤᠨ ᠨᠥᠬᠦᠪᠥᠷᠢ ᠶᠢᠨ ᠣᠯᠭᠤᠮᠵᠢ ᠭᠥᠷᠳᠡᠭᠰᠡᠨ ᠮᠥᠷᠲᠡᠭᠡᠨ ᠲᠣᠰ ᠭᠠᠴᠠᠭᠠᠨ ᠤ ᠪᠠᠨ ︽ᠨᠤᠲᠤᠭ | ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ︾ ᠢ ᠣᠯᠤᠭᠰᠠᠨ ᠥᠬᠡᠶ ᠪᠠᠷ ᠨᠤᠲᠤᠭ ᠪᠡᠯᠴᠢᠭᠡᠷ ᠤᠨ | ᠳᠠᠭᠠᠭᠠᠴᠢᠯᠠᠯᠲᠠ ᠶᠢᠨ ᠭᠡᠷ᠎ᠡ ᠲᠠᠢ ᠣᠷᠤᠭ ᠰᠠᠯᠤᠭᠰᠠᠨ ᠪᠤᠶᠤ ᠲᠡᠭᠦᠨ ᠤ ᠬᠤᠯᠪᠣᠰᠤ ᠨᠢ ᠥᠭᠦᠵᠦ ᠳᠠᠭᠢᠵᠤ | ᠤᠷᠤᠭᠯᠠᠭᠰᠠᠨ ᠬᠥᠮᠦᠰ ︵ᠣᠷᠤᠭ ᠰᠠᠯᠤᠭᠰᠠᠨ ᠭᠡᠷᠡᠴᠢ ᠭᠠᠷᠭᠠᠵᠤ ᠥᠭᠭᠦᠨ᠎ᠡ︶᠃ | | ︵ᠳᠥᠷᠪᠡ︶ ᠨᠠᠰᠤ ᠪᠠᠷᠠᠭᠰᠠᠨ ᠬᠥᠮᠦᠨ ︵ᠦᠬᠦᠭᠰᠡᠨ ᠭᠡᠷᠡᠴᠢ ᠬᠢᠵᠦ ᠥᠭᠭᠦᠭᠰᠡᠨ︶᠃ | | ︵ᠲᠠᠪᠤ︶ ᠠᠯᠪᠠᠨ ᠲᠤᠰᠢᠶᠠᠯᠲᠠᠨ ᠠᠴᠠ ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ | ᠨᠥᠬᠦᠪᠥᠷᠢ ᠬᠠᠷᠠᠭᠠᠯᠵᠠᠯ ᠤᠨ ᠬᠢᠷᠢ ᠬᠡᠮ ᠢ ᠨᠢ ᠬᠠᠰᠤᠭᠰᠠᠨ ᠤ ᠲᠡᠷᠠᠭ᠎ᠠ ᠦᠷ᠎ᠡ ᠬᠡᠦᠬᠡᠳ ᠨᠢ ︽ᠨᠤᠲᠤᠭ | ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ︾ ᠣᠯᠤᠭᠠᠳ ᠨᠤᠲᠤᠭ ᠪᠡᠯᠴᠢᠭᠡᠷ ᠤᠨ | ᠳᠠᠭᠠᠭᠠᠴᠢᠯᠠᠯᠲᠠ ᠶᠢᠨ ᠭᠡᠷ᠎ᠡ ᠲᠠᠢ ᠪᠣᠯᠤᠭᠰᠠᠨ᠃ | | ︵ᠵᠢᠷᠭᠤᠭ᠎ᠠ︶ ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠣᠯᠭᠤᠮᠵᠢ | ᠬᠥᠷᠳᠡᠬᠦ ᠪᠠᠨ ᠵᠣᠭᠰᠣᠭᠠᠬᠤ ᠶᠣᠰᠣᠲᠠᠶ ᠪᠤᠰᠤᠳ ᠬᠥᠮᠦᠰ᠃ | | | | ᠭᠤᠷᠪᠠᠳᠤᠭᠠᠷ ᠪᠦᠯᠦᠭ ᠨᠥᠬᠦᠪᠦᠷᠢ ᠥᠭᠬᠦ ᠪᠠᠷᠢᠮᠵᠢᠶ᠎ᠠ | | | ᠵᠢᠷᠭᠤᠳᠤᠭᠠᠷ ᠵᠦᠢᠯ ᠨᠥᠬᠦᠪᠦᠷᠢ ᠶᠢᠨ ᠪᠠᠷᠢᠮᠵᠢᠶ᠎ᠠ | | ︵ᠨᠢᠭᠡ︶ ᠪᠦᠬᠦᠯᠢ 16 ᠨᠠᠰᠤᠨ ᠠᠴᠠ ᠳᠣᠷᠣᠭᠰᠢᠬᠢ ᠬᠥᠮᠦᠰ ᠲᠤ ᠬᠥᠮᠦᠨ ᠪᠦᠷᠢ ᠵᠢᠯ ᠳᠤ 4000 | ᠲᠥᠭᠦᠷᠢᠭ ᠤᠨ ᠨᠥᠬᠦᠪᠥᠷᠢ ᠥᠭᠭᠦᠨ᠎ᠡ᠃ | | ︵ᠬᠤᠶᠠᠷ︶ ᠪᠦᠬᠦᠯᠢ 16 ᠨᠠᠰᠤᠨ ᠠᠴᠠ ᠳᠡᠭᠡᠭᠰᠢᠬᠢ ᠬᠥᠮᠦᠰ | | 1. ᠨᠡᠶᠢᠲᠡ ᠶᠢᠨ ᠠᠰᠠᠷᠠᠮᠵᠢ ᠶᠢᠨ ᠣᠶᠢᠲᠤ ᠣᠷᠣᠨ ᠵᠢᠴᠢ ᠨᠤᠲᠤᠭ ᠪᠡᠯᠴᠢᠭᠡᠷ ᠲᠤ ᠮᠠᠯᠵᠢᠬᠤ ᠶᠢ | ᠪᠦᠷᠢᠮᠦᠰᠦᠨ ᠬᠤᠷᠢᠭᠯᠠᠭᠰᠠᠨ ᠮᠠᠯᠵᠢᠬᠤ ᠲᠠᠷᠢᠶᠠᠯᠠᠬᠤ ᠡᠷᠦᠬᠡ ᠳᠤ ᠬᠥᠮᠦᠨ ᠪᠦᠷᠢ ᠵᠢᠯ ᠳᠤ 15000 | ᠲᠥᠭᠦᠷᠢᠭ ᠤᠨ ᠨᠥᠬᠦᠪᠥᠷᠢ ᠥᠭᠭᠦᠨ᠎ᠡ᠃ | | 2. ᠨᠡᠶᠢᠲᠡ ᠶᠢᠨ ᠠᠰᠠᠷᠠᠮᠵᠢ ᠶᠢᠨ ᠣᠶᠢᠲᠤ ᠣᠷᠣᠨ ᠵᠢᠴᠢ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ | ᠪᠦᠷᠢᠮᠦᠰᠦᠨ ᠬᠤᠷᠢᠭᠯᠠᠭᠰᠠᠨ ᠮᠥᠷᠲᠡᠭᠡᠨ ᠲᠠᠷᠢᠶᠠᠨ ᠭᠠᠵᠠᠷ ᠲᠠᠢ ᠮᠠᠯᠵᠢᠬᠤ ᠲᠠᠷᠢᠶᠠᠯᠠᠬᠤ ᠡᠷᠦᠬᠡ ᠳᠤ ᠬᠥᠮᠦᠨ ᠪᠦᠷᠢ | ᠵᠢᠯ ᠳᠤ 8000 ᠲᠥᠭᠦᠷᠢᠭ ᠤᠨ ᠨᠥᠬᠦᠪᠥᠷᠢ ᠥᠭᠭᠦᠨ᠎ᠡ᠃ | | ︵ᠭᠤᠷᠪᠠ︶ ᠨᠡᠶᠢᠲᠡ ᠶᠢᠨ ᠠᠰᠠᠷᠠᠮᠵᠢ ᠶᠢᠨ ᠤᠢ ᠶᠢᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ | ᠣᠷᠣᠨ ᠢ ᠵᠠᠭᠠᠭᠯᠠᠨ ᠲᠣᠭᠲᠠᠭᠠᠵᠤ᠂ ᠤᠢ ᠮᠣᠳᠣ ᠶᠢ ᠬᠠᠮᠠᠭᠠᠯᠠᠵᠤ ᠬᠠᠮᠢᠶᠠᠷᠴᠤ ᠬᠠᠮᠠᠭᠠᠯᠠᠬᠤ ᠲᠦᠷᠢᠮ ᠢ | ᠬᠡᠷᠡᠭᠵᠢᠭᠦᠯᠦᠨ᠎ᠡ᠃ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠠᠳᠠᠯᠢ ᠪᠤᠰᠤ ᠶᠢ ᠦᠨᠳᠦᠰᠦᠯᠡᠨ᠂ ᠣᠶ | ᠰᠢᠭᠤᠶ ᠬᠠᠮᠠᠭᠠᠯᠠᠬᠤ ᠲᠣᠭᠤᠷᠢᠨ ᠬᠠᠮᠠᠭᠠᠯᠠᠭᠴᠢ᠂ ᠣᠶ ᠰᠢᠭᠤᠶ ᠬᠠᠮᠠᠭᠠᠯᠠᠬᠤ ᠬᠠᠮᠢᠶᠠᠷᠤᠭᠴᠢ᠂ ᠣᠶ ᠰᠢᠭᠤᠶ | ᠬᠠᠮᠠᠭᠠᠯᠠᠬᠤ ᠬᠢᠨᠠᠨ ᠬᠠᠮᠢᠶᠠᠷᠤᠭᠴᠢ ᠶᠢ ᠤᠷᠢᠨ ᠬᠡᠷᠡᠭᠯᠡᠵᠦ᠂ ᠬᠠᠮᠢᠶᠠᠷᠴᠤ ᠬᠠᠮᠠᠭᠠᠯᠠᠬᠤ ᠬᠥᠳᠡᠯᠮᠦᠷᠢ ᠦᠶᠯᠡᠴᠢᠯᠡᠭᠡᠨ ᠤ | ᠵᠠᠷᠤᠳᠠᠯ ᠢ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠪᠠᠯᠠ ᠮᠥᠩᠭᠦ ᠠᠴᠠ ᠭᠠᠷᠭᠠᠨ᠎ᠠ | ᠃ | | ︵ᠲᠦᠷᠪᠡ︶ ᠠᠮᠢᠲᠠᠨ ᠤ ᠬᠢᠵᠢᠭ ᠢ ᠰᠡᠷᠭᠡᠶᠢᠯᠡᠭᠴᠢ ᠶᠢᠨ ᠨᠥᠬᠦᠪᠥᠷᠢ | | ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠣᠯᠭᠤᠮᠵᠢ ᠭᠥᠷᠳᠡᠵᠦ ᠪᠠᠶᠢᠭ᠎ᠠ | ᠭᠠᠴᠠᠭᠠᠨ ᠤ ᠠᠮᠢᠲᠠᠨ ᠤ ᠬᠢᠵᠢᠭ ᠢ ᠰᠡᠷᠭᠡᠶᠢᠯᠡᠭᠴᠢ ᠳᠤ ᠬᠥᠮᠦᠨ ᠪᠦᠷᠢ ᠵᠢᠯ ᠳᠤ 10000 ᠲᠥᠭᠦᠷᠢᠭ ᠤᠨ | ᠨᠥᠬᠦᠪᠥᠷᠢ ᠶᠢᠨ ᠪᠠᠯᠠ ᠮᠥᠩᠭᠦ ᠣᠯᠭᠤᠨ᠎ᠠ᠃ | | ᠳᠣᠯᠣᠳᠤᠭᠠᠷ ᠵᠦᠢᠯ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠬᠢᠭᠡᠳ ᠨᠥᠬᠦᠪᠥᠷᠢᠯᠡᠬᠦ ᠴᠠᠭ ᠬᠤᠭᠤᠴᠠᠭ᠎ᠠ | | ︵ᠨᠢᠭᠡ︶ ᠬᠢᠨᠠᠨ ᠵᠥᠪᠰᠢᠶᠡᠷᠡᠬᠦ ᠲᠡᠰ ᠳᠠᠷᠠᠭᠠᠯᠠᠯ | | 1. ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠡᠷᠦᠬᠡ ᠪᠠᠷ ᠨᠢᠭᠡᠴᠢ ᠪᠣᠯᠭᠠᠨ ᠮᠡᠳᠡᠭᠦᠯᠦᠨ᠎ᠡ᠃ ᠮᠠᠯᠴᠢᠨ ᠲᠠᠷᠢᠶᠠᠴᠢᠨ ᠰᠠᠶᠢᠨ ᠳᠤᠷ᠎ᠠ ᠠᠴᠠ ᠪᠠᠨ ᠪᠠᠶᠢᠭ᠎ᠠ | ᠭᠠᠴᠠᠭ᠎ᠠ ᠳᠠᠭᠠᠨ ᠭᠤᠶᠤᠴᠢᠯᠠᠯ ᠭᠠᠷᠭᠠᠵᠤ᠂ ᠬᠦᠰᠡᠯᠲᠡ ᠪᠠᠨ ᠳᠡᠪᠰᠢᠭᠦᠯᠬᠦ ᠳᠠᠭᠠᠨ ᠡᠷᠬᠡᠪᠰᠢ ᠨᠤᠲᠤᠭ ᠪᠡᠯᠴᠢᠭᠡᠷ ᠤᠨ | ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ᠂ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠭᠡᠷ᠎ᠡ᠂ ᠡᠷᠦᠬᠡ | ᠠᠮᠠ ᠶᠢᠨ ᠳᠡᠪᠲᠡᠷ᠂ ᠣᠷᠤᠭ ᠤᠨ ᠦᠨᠡᠮᠯᠡᠯ᠂ ᠬᠡᠷ ᠪᠦᠯᠢ ᠶᠢᠨ ᠪᠦᠷᠢᠯᠳᠦᠬᠦᠨ ᠤ ᠪᠡᠶ᠎ᠡ ᠶᠢᠨ ᠦᠨᠡᠮᠯᠡᠯ ᠵᠡᠷᠭᠡ | ᠬᠠᠮᠢᠶ᠎ᠠ ᠪᠥᠬᠦᠶ ᠮᠠᠲ᠋ᠧᠷᠢᠶᠠᠯ ᠢ ᠬᠠᠩᠭᠠᠬᠤ ᠬᠡᠷᠡᠭᠲᠡᠶ᠃ | | 2. ᠮᠠᠯᠵᠢᠬᠤ ᠲᠠᠷᠢᠶᠠᠯᠠᠬᠤ ᠡᠷᠦᠬᠡ ᠶᠢᠨ ᠬᠦᠰᠡᠯᠲᠡ ᠶᠢ ᠦᠨᠳᠦᠰᠦᠯᠡᠨ᠂ ᠭᠠᠴᠠᠭ᠎ᠠ ᠲᠣᠰᠬᠤᠨ ᠤ | ᠠᠷᠠᠳ ᠤᠨ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠦᠰᠡᠯᠲᠡ ᠭᠠᠷᠭᠠᠭᠰᠠᠨ ᠬᠥᠮᠥᠰ ᠶᠢᠨ ᠬᠢᠷᠢ | ᠬᠡᠮ ᠵᠢᠴᠢ ᠨᠥᠬᠦᠴᠡᠯ ᠳᠤ ᠨᠤᠲᠠᠯᠠᠯᠲᠠ ᠬᠢᠵᠦ᠂ ᠨᠥᠬᠦᠴᠡᠯ ᠳᠤ ᠨᠡᠶᠢᠴᠡᠬᠦ ᠶᠢ ᠨᠢ ᠢᠯᠡ ᠨᠡᠶᠢᠲᠡᠯᠡᠵᠦ᠂ ᠢᠯᠡ | ᠨᠡᠶᠢᠲᠡᠯᠡᠭᠰᠡᠨ ᠤ ᠳᠠᠷᠠᠭ᠎ᠠ ᠣᠨᠳᠣᠤ ᠰᠠᠨᠠᠯ ᠥᠬᠡᠶ ᠪᠣᠯ ᠰᠤᠮᠤ ᠪᠠᠯᠭᠠᠰᠤᠨ ᠳᠤ ᠮᠡᠳᠡᠭᠦᠯᠵᠦ ᠬᠢᠨᠠᠨ ᠬᠠᠷᠭᠤᠭᠤᠯᠤᠨ᠎ᠠ᠃ | | | 3. ᠰᠤᠮᠤ ᠪᠠᠯᠭᠠᠰᠤ ᠨᠢ ᠭᠠᠴᠠᠭ᠎ᠠ ᠶᠢᠨ ᠳᠡᠭᠡᠭᠰᠢ ᠮᠡᠳᠡᠭᠦᠯᠦᠭᠰᠡᠨ ᠨᠥᠬᠦᠪᠥᠷᠢ ᠶᠢᠨ ᠣᠯᠭᠤᠮᠵᠢ ᠭᠥᠷᠳᠡᠬᠦ ᠪᠠᠷ | ᠭᠤᠶᠤᠴᠢᠯᠠᠭᠰᠠᠳ ᠤᠨ ᠬᠢᠷᠢ ᠬᠡᠮ ᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠵᠤ ᠥᠩᠭᠡᠷᠡᠭᠰᠡᠨ ᠬᠥᠮᠦᠰ ᠲᠤ | ᠭᠠᠴᠠᠭ᠎ᠠ ᠶᠢ ᠵᠢᠯᠣᠭᠤᠳᠤᠨ ᠮᠠᠯᠴᠢᠨ ᠲᠠᠷᠢᠶᠠᠴᠢᠨ ᠯᠤᠭ᠎ᠠ ︽ᠪᠡᠯᠴᠢᠭᠡᠷᠯᠡᠭᠦᠯᠬᠦ ᠶᠢ ᠬᠤᠷᠢᠭᠯᠠᠬᠤ ᠬᠡᠯᠡᠯᠴᠡᠭᠡᠷ ᠤᠨ | ᠪᠢᠴᠢᠭ︾ ᠲᠣᠭᠲᠠᠬᠤ ᠶᠢᠨ ᠬᠠᠮᠲᠤ ᠡᠷᠦᠬᠡ ᠠᠮᠠ ᠶᠢᠨ ᠬᠠᠷᠢᠶ᠎ᠠ ᠲᠠᠢ ᠬᠥᠮᠦᠨ ᠠᠮᠠ ᠶᠢᠨ ᠶᠣᠰᠣᠭᠠᠷ ᠣᠶ | ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠬᠥᠮᠦᠰ ᠤᠨ ᠮᠡᠳᠡᠭᠡ ᠵᠠᠩᠭᠢ ᠶᠢᠨ ᠲᠠᠩᠰᠠ | ᠡᠪᠬᠡᠮᠡᠯ ᠪᠠᠶᠢᠭᠤᠯᠵᠤ᠂ ᠨᠢᠭᠡ ᠬᠡᠯᠪᠡᠷᠢ ᠶᠢᠨ ᠬᠤᠶᠠᠷ ᠬᠤᠪᠢ᠂ ᠰᠤᠮᠤ ᠪᠠᠯᠭᠠᠰᠤ᠂ ᠠᠯᠠᠱᠠ ᠵᠡᠭᠦᠨ ᠬᠤᠰᠢᠭᠤᠨ ᠤ | ᠨᠡᠶᠢᠲᠡ ᠶᠢᠨ ᠠᠰᠠᠷᠠᠮᠵᠢ ᠶᠢᠨ ᠣᠶ ᠶᠢᠨ ᠦᠶᠯᠡᠴᠢᠯᠡᠭᠡᠨ ᠤ ᠲᠥᠪ ᠢ ᠲᠣᠰ ᠲᠣᠰ ᠨᠢᠭᠡ ᠬᠤᠪᠢ ᠲᠠᠩᠰᠠ ᠡᠪᠬᠡᠮᠡᠯ ᠳᠤ | ᠣᠷᠣᠭᠤᠯᠤᠨ᠎ᠠ᠃ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠣᠯᠭᠤᠮᠵᠢ ᠶᠢᠨ ᠬᠢᠷᠢ | ᠬᠡᠮ ᠳᠤ ᠨᠡᠶᠢᠴᠡᠬᠦ ᠥᠬᠡᠶ ᠬᠥᠮᠦᠰ ᠲᠤ ᠰᠤᠮᠤ ᠪᠠᠯᠭᠠᠰᠤ ᠨᠢ 5 ᠠᠵᠢᠯᠯᠠᠬᠤ ᠡᠳᠦᠷ ᠤᠨ ᠳᠣᠲᠣᠷ᠎ᠠ ᠬᠦᠰᠡᠯᠲᠡ | ᠭᠠᠷᠭᠠᠭᠰᠠᠨ ᠬᠥᠮᠥᠰ ᠳᠤ ᠬᠠᠷᠢᠭᠤᠯᠲᠠ ᠥᠭᠬᠦ ᠬᠡᠷᠡᠭᠲᠡᠶ᠃ | | 4. ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠣᠶ ᠰᠢᠭᠤᠶ ᠨᠤᠲᠤᠭ | ᠪᠡᠯᠴᠢᠭᠡᠷ ᠤᠨ ᠲᠣᠪᠴᠢᠶ᠎ᠠ ᠨᠢ ᠰᠤᠮᠤ ᠪᠠᠯᠭᠠᠰᠤ ᠶᠢᠨ ᠳᠡᠭᠡᠭᠰᠢ ᠮᠡᠳᠡᠭᠦᠯᠦᠭᠰᠡᠨ ᠨᠥᠬᠦᠪᠥᠷᠢ ᠬᠦᠰᠡᠯᠲᠡ ᠭᠠᠷᠭᠠᠭᠰᠠᠨ | ᠬᠥᠮᠥᠰ ᠶᠢᠨ ᠬᠢᠷᠢ ᠬᠡᠮ ᠢ ᠳᠠᠬᠢᠨ ᠬᠢᠨᠠᠬᠤ ᠶᠢ ᠬᠠᠷᠢᠭᠤᠴᠠᠵᠤ᠂ ᠨᠥᠬᠦᠴᠡᠯ ᠳᠤ ᠨᠡᠶᠢᠴᠡᠬᠦ ᠶᠢ ᠨᠢ ᠰᠤᠮᠤ | ᠪᠠᠯᠭᠠᠰᠤ ᠳᠤ ᠬᠠᠷᠢᠭᠤ ᠲᠤᠰᠬᠠᠵᠤ ︽ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ | ᠣᠯᠭᠤᠬᠤ ᠬᠦᠰᠦᠨᠦᠭᠲᠦ︾ ᠶᠢ ᠵᠣᠬᠢᠶᠠᠬᠤ ᠶᠢᠨ ᠬᠠᠮᠲᠤ᠂ ᠡᠳ᠋ ᠤᠨ ᠵᠠᠰᠠᠭ ᠤᠨ ︽ᠪᠦᠬᠦᠨ ᠳᠤ ᠳᠣᠭᠢᠷᠠᠬᠤ ᠺᠠᠷᠲ︾ | ᠢᠶᠠᠷ ᠳᠠᠮᠵᠢᠭᠤᠯᠤᠨ ᠡᠷᠦᠬᠡ ᠳᠤ ᠣᠯᠭᠤᠨ᠎ᠠ᠃ | | ︵ᠬᠤᠶᠠᠷ︶ ᠲᠠᠷᠬᠠᠭᠠᠭᠰᠠᠨ ᠴᠠᠭ ᠬᠤᠭᠤᠴᠠᠭ᠎ᠠ | | ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠣᠯᠭᠤᠮᠵᠢ ᠶᠢ ᠪᠡᠯᠴᠢᠭᠡᠷᠯᠡᠭᠦᠯᠬᠦ ᠶᠢ | ᠬᠤᠷᠢᠭᠯᠠᠭᠰᠠᠨ ᠰᠠᠷ᠎ᠠ ᠠᠴᠠ ᠡᠬᠢᠯᠡᠵᠦ ᠬᠡᠷᠡᠭᠵᠢᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠣᠶ ᠰᠢᠭᠤᠶ ᠳᠤ | ᠪᠡᠯᠴᠢᠭᠡᠷᠯᠡᠭᠦᠯᠬᠦ ᠶᠢ ᠬᠤᠷᠢᠭᠯᠠᠬᠤ ᠳᠤ ᠪᠠᠶᠢᠩᠭᠤ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠮᠠᠯ ᠤᠨ ᠬᠥᠳᠡᠯᠦᠩᠭᠦᠶ | ᠪᠠᠶᠢᠳᠠᠯ ᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠦᠨᠳᠦᠰᠦᠯᠡᠨ᠂ ᠰᠤᠮᠤ ᠪᠠᠯᠭᠠᠰᠤ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠵᠢᠯ ᠤᠨ | ᠡᠴᠦᠰ ᠲᠤ ᠲᠠᠰ ᠳᠠᠷᠠᠭᠠᠯᠠᠯ ᠶᠣᠰᠣᠭᠠᠷ ᠨᠥᠬᠦᠪᠥᠷᠢ ᠶᠢᠨ ᠪᠠᠯᠠ ᠮᠥᠩᠭᠦ ᠶᠢ ᠨᠢᠭᠡ ᠤᠳᠠᠭ᠎ᠠ ᠶᠢᠨ ᠴᠢᠨᠠᠷᠲᠠᠶ ᠪᠠᠷ | ᠣᠯᠭᠤᠬᠤ ᠬᠡᠷᠡᠭᠲᠡᠶ᠃ | | | | ᠳᠥᠷᠪᠡᠳᠦᠭᠡᠷ ᠪᠦᠯᠦᠭ ᠨᠠᠰᠤᠵᠢᠯ ᠤᠨ ᠳᠠᠭᠠᠳᠬᠠᠯ ᠢ ᠨᠢᠭᠡᠳᠦᠯᠲᠡᠶ ᠲᠥᠯᠥᠪᠯᠡᠬᠦ | | | ᠨᠠᠢᠮᠠᠳᠤᠭᠠᠷ ᠵᠦᠢᠯ ᠨᠡᠶᠢᠭᠡᠮ ᠤᠨ ᠨᠠᠰᠤᠵᠢᠯ ᠤᠨ ᠳᠠᠭᠠᠳᠬᠠᠯ ᠤᠨ ᠵᠠᠷᠤᠳᠠᠯ ᠤᠨ ᠲᠥᠷᠢᠮ ᠢ ᠨᠢᠭᠡᠳᠦᠯᠲᠡᠶ | ᠬᠡᠷᠡᠭᠵᠢᠭᠦᠯᠦᠨ᠎ᠡ᠃ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠣᠯᠭᠤᠮᠵᠢ ᠶᠢ | ᠭᠥᠷᠳᠡᠵᠦ ᠪᠠᠶᠢᠭ᠎ᠠ ᠮᠠᠯᠴᠢᠨ ᠲᠠᠷᠢᠶᠠᠴᠢᠳ ᠳᠠᠷᠠᠭᠠᠬᠢ ᠠᠷᠭ᠎ᠠ ᠮᠠᠶ᠋ᠢᠭ ᠢ ᠰᠣᠩᠭᠤᠵᠤ ᠨᠠᠰᠤᠵᠢᠯ ᠤᠨ ᠳᠠᠭᠠᠳᠬᠠᠯ ᠤᠨ | ᠲᠦᠷᠢᠮ ᠳᠤ ᠣᠷᠣᠯᠴᠠᠵᠤ ᠪᠣᠯᠤᠨ᠎ᠠ᠄ | | ︵ᠨᠢᠭᠡ︶ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠲᠥᠷᠥ ᠶᠢᠨ | ᠪᠣᠳᠣᠯᠭ᠎ᠠ ᠳᠤ ᠰᠢᠨ᠎ᠡ ᠪᠠᠷ ᠣᠷᠣᠭᠤᠯᠤᠭᠰᠠᠨ ᠮᠠᠯᠴᠢᠨ ᠲᠠᠷᠢᠶᠠᠴᠢᠳ ᠨᠢ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠨᠡᠶᠢᠭᠡᠮ ᠤᠨ ᠨᠠᠰᠤᠵᠢᠯ ᠤᠨ ᠳᠠᠭᠠᠳᠬᠠᠯ ᠪᠤᠶᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ | ᠨᠠᠰᠤᠵᠢᠯ ᠤᠨ ᠳᠠᠭᠠᠳᠬᠠᠯ ᠢ ᠥᠪᠡᠰᠦᠪᠡᠨ ᠰᠣᠩᠭᠤᠬᠤ ᠶᠢᠨ ᠬᠠᠮᠲᠤ᠂ ᠬᠠᠮᠢᠶ᠎ᠠ ᠪᠥᠬᠦᠶ ᠰᠦᠶᠳᠬᠡᠯ ᠲᠤᠰᠢᠶᠠᠬᠤ | ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ | | ︵ᠬᠤᠶᠠᠷ︶ ︽ᠠᠯᠠᠱᠠ ᠵᠡᠭᠦᠨ ᠬᠤᠰᠢᠭᠤᠨ ᠤ ᠮᠠᠯᠴᠢᠨ ᠲᠠᠷᠢᠶᠠᠴᠢᠨ ᠤ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠶᠣᠰᠣᠭᠠᠷ᠂ ᠮᠠᠯᠴᠢᠨ ᠲᠠᠷᠢᠶᠠᠴᠢᠨ ᠤ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠨᠢᠭᠡᠨᠲᠡ ᠭᠥᠷᠳᠡᠭᠰᠡᠨ ᠪᠥᠭᠡᠳ ᠰᠦᠶᠳᠬᠡᠯ ᠲᠤᠰᠢᠶᠠᠭᠰᠠᠨ ᠵᠢᠯ | ᠬᠤᠭᠤᠴᠠᠭ᠎ᠠ ᠨᠢ 15 ᠵᠢᠯ ᠪᠣᠯᠤᠭᠠᠳᠤᠶ ᠨᠠᠰᠤᠨ ᠳᠤ ᠭᠦᠷᠦᠭᠰᠡᠨ ᠬᠥᠮᠦᠰ ᠤᠨ 15 ᠵᠢᠯ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠤᠨ ᠵᠥᠷᠢᠶᠡᠲᠦ ᠬᠡᠰᠡᠭ ᠢ ᠨᠢᠭᠡ ᠯᠡ ᠤᠳᠠᠭ᠎ᠠ ᠳᠤ ᠨᠥᠬᠦᠨ ᠲᠤᠰᠢᠶᠠᠵᠤ᠂ | ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠮᠥᠩᠭᠦ ᠪᠠ ᠮᠠᠯᠴᠢᠨ ᠲᠠᠷᠢᠶᠠᠴᠢᠨ ᠤ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠬᠠᠮᠲᠤ ᠳᠤᠨᠢ ᠭᠥᠷᠳᠡᠵᠦ ᠪᠣᠯᠤᠨ᠎ᠠ᠃ ᠨᠠᠰᠤᠨ ᠳᠤ | ᠬᠦᠷᠦᠭᠡᠳᠦᠢ ᠰᠦᠶᠳᠬᠡᠯ ᠲᠤᠰᠢᠶᠠᠭᠠᠳ ᠪᠦᠬᠦᠯᠢ 15 ᠵᠢᠯ ᠪᠣᠯᠤᠭᠰᠠᠨ ᠳᠠᠭᠠᠳᠬᠠᠯ ᠳᠤ ᠣᠷᠣᠭᠰᠠᠳ ᠳᠠᠭᠢᠵᠤ | ᠨᠢᠭᠡᠳᠦᠯᠲᠡᠶ ᠣᠷᠣᠯᠠᠨ ᠰᠠᠭᠤᠯᠭᠠᠨ ᠠᠪᠬᠤ᠂ ᠰᠠᠶᠢᠨ ᠳᠤᠷ᠎ᠠ ᠠᠴᠠ ᠪᠠᠨ ᠰᠦᠶᠳᠬᠡᠯ ᠲᠤᠰᠢᠶᠠᠬᠤ ᠥᠬᠡᠶ᠃ | | ︵ᠭᠤᠷᠪᠠ︶ ᠠᠯᠠᠱᠠ ᠵᠡᠭᠦᠨ ᠬᠤᠰᠢᠭᠤᠨ ᠤ ᠮᠠᠯᠴᠢᠨ ᠲᠠᠷᠢᠶᠠᠴᠢᠨ ᠤ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠳᠤ ᠨᠢᠭᠡᠨᠲᠡ ᠣᠷᠣᠯᠴᠠᠭᠰᠠᠨ ᠮᠠᠯᠴᠢᠨ ᠲᠠᠷᠢᠶᠠᠴᠢᠨ᠂ ᠬᠡᠷᠪᠡ ᠪᠡᠶ᠎ᠡ ᠪᠠᠨ ᠳᠠᠭᠠᠭᠠᠵᠤ ᠬᠠᠶᠠᠬᠤ ᠶᠢ | ᠰᠣᠩᠭᠤᠭᠰᠠᠨ ᠪᠥᠭᠡᠳ ᠴᠢᠯᠦᠭᠡᠲᠡᠢ ᠠᠵᠢᠯ ᠤᠯᠬᠤ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠳᠠᠭᠠᠳᠬᠠᠯ ᠳᠤ ᠣᠷᠣᠯᠴᠠᠭᠰᠠᠳ ᠲᠤ | ᠬᠥᠮᠦᠨ ᠪᠦᠷᠢ ᠵᠢᠯ ᠳᠤ 1000 ᠲᠥᠭᠦᠷᠢᠭ ᠤᠨ ᠰᠦᠶᠳᠬᠡᠯ ᠲᠤᠰᠢᠶᠠᠬᠤ ᠨᠥᠬᠦᠪᠥᠷᠢ ᠣᠯᠭᠤᠨ᠎ᠠ ︵ᠨᠡᠶᠢᠭᠡᠮ ᠤᠨ | ᠳᠠᠭᠠᠳᠬᠠᠯ ᠤᠨ ᠲᠥᠪ ᠠᠴᠠ ᠬᠢᠨᠠᠨ ᠬᠠᠷᠭᠤᠭᠤᠯᠬᠤ ᠪᠠᠷ ᠪᠠᠷᠢᠮᠵᠢᠶ᠎ᠠ ᠪᠣᠯᠭᠠᠨ᠎ᠠ︶᠃ | | | | ᠲᠠᠪᠤᠳᠤᠭᠠᠷ ᠪᠦᠯᠦᠭ ᠬᠠᠮᠢᠶᠠᠷᠤᠯᠲᠠ ᠬᠢᠭᠡᠳ ᠪᠠᠲᠤᠯᠠᠭ᠎ᠠ ᠶᠢᠨ ᠠᠷᠭ᠎ᠠ ᠬᠡᠮᠵᠢᠶ᠎ᠡ | | | ᠶᠢᠰᠦᠳᠦᠭᠡᠷ ᠵᠦᠶᠯ ᠬᠤᠰᠢᠭᠤᠨ ᠠᠷᠠᠳ ᠤᠨ ᠵᠠᠰᠠᠭ ᠤᠨ ᠣᠷᠳᠣᠨ ᠪᠡᠯᠴᠢᠭᠡᠷᠯᠡᠭᠦᠯᠬᠦ ᠶᠢ ᠬᠤᠷᠢᠭᠯᠠᠬᠤ | ᠵᠠᠷᠯᠢᠭ ᠨᠡᠶᠢᠲᠡᠯᠡᠵᠦ᠂ ᠨᠡᠶᠢᠲᠡ ᠶᠢᠨ ᠠᠰᠠᠷᠠᠮᠵᠢ ᠶᠢᠨ ᠰᠢᠭᠤᠶᠢᠲᠤ ᠣᠷᠣᠨ ᠳᠤ ᠪᠥᠬᠦ ᠲᠠᠯ᠎ᠠ ᠪᠠᠷ ᠪᠡᠯᠴᠢᠭᠡᠷᠯᠡᠭᠦᠯᠬᠦ ᠶᠢ | ᠬᠤᠷᠢᠭᠯᠠᠬᠤ ᠶᠢ ᠬᠡᠷᠡᠭᠵᠢᠭᠦᠯᠬᠦ ᠶᠢᠨ ᠬᠠᠮᠲᠤ ᠠᠯᠠᠱᠠ ᠵᠡᠭᠦᠨ ᠬᠤᠰᠢᠭᠤᠨ ᠤ ᠣᠶ ᠰᠢᠭᠤᠶ ᠶᠢᠨ ᠠᠮᠢ ᠠᠬᠤᠶ ᠶᠢᠨ | ᠦᠷ᠎ᠡ ᠠᠰᠢᠭ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ | ᠪᠠᠶᠢᠭᠤᠯᠵᠤ᠂ ᠪᠥᠬᠦ ᠬᠤᠰᠢᠭᠤᠨ ᠤ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ | ᠲᠥᠷᠥ ᠶᠢᠨ ᠪᠣᠳᠣᠯᠭ᠎ᠠ ᠶᠢᠨ ᠰᠤᠳᠤᠯᠭᠠᠨ ᠪᠠ ᠪᠠᠶᠢᠷᠢᠯᠠᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠳᠣᠤᠷ᠎ᠠ | ᠠᠯᠪᠠᠨ ᠬᠡᠷ ᠭᠠᠷᠭᠠᠵᠤ᠂ ᠠᠯᠪᠠᠨ ᠬᠡᠷ ᠢ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠶ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠳᠤ ᠪᠠᠶᠢᠷᠢᠯᠠᠭᠤᠯᠵᠤ᠂ ᠠᠯᠠᠱᠠ ᠵᠡᠭᠦᠨ ᠬᠤᠰᠢᠭᠤᠨ ᠤ ᠣᠶ ᠰᠢᠭᠤᠶ ᠶᠢᠨ | ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠰᠠᠭᠤᠷᠢ ᠮᠥᠩᠭᠦ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠨ | ᠨᠠᠶᠢᠳᠠᠪᠤᠷᠢᠵᠢᠭᠤᠯᠬᠤ ᠵᠢᠴᠢ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠠᠵᠢᠯ ᠤᠨ | ᠡᠳᠦᠷ ᠲᠤᠲᠤᠮ ᠤᠨ ᠬᠡᠷᠡᠭ ᠶᠠᠪᠤᠳᠠᠯ ᠢ ᠰᠢᠶᠳᠪᠦᠷᠢᠯᠡᠬᠦ ᠶᠢ ᠬᠠᠷᠢᠭᠤᠴᠠᠨ᠎ᠠ᠃ | | ᠠᠷᠪᠠᠳᠤᠭᠠᠷ ᠵᠦᠶᠯ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯ ᠣᠶ ᠰᠢᠭᠤᠶ ᠶᠢᠨ | ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠭᠤᠤᠯ | ᠴᠣᠭᠴᠠ ᠪᠠᠶᠢᠵᠤ᠂ ᠭᠤᠤᠯ ᠬᠠᠷᠢᠭᠤᠴᠠᠯᠭᠠᠲᠠᠨ ᠪᠣᠯ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠂ ᠲᠣᠰ ᠬᠠᠷᠢᠶ᠎ᠠ | ᠣᠷᠣᠨ ᠤ ᠪᠠᠨ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠠᠵᠢᠯᠲᠠᠨ ᠢ ᠬᠢᠨᠠᠨ | ᠬᠠᠷᠭᠤᠭᠤᠯᠬᠤ᠂ ᠪᠠᠯᠠ ᠮᠥᠩᠭᠦ ᠮᠡᠳᠡᠭᠦᠯᠬᠦ᠂ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠡᠷᠭᠡ ᠠᠵᠢᠯ ᠢ ᠪᠣᠳᠠᠲᠠᠶ | ᠬᠠᠷᠢᠭᠤᠴᠠᠨ᠎ᠠ᠃ ︽ᠠᠯᠠᠱᠠ ᠵᠡᠭᠦᠨ ᠬᠤᠰᠢᠭᠤᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠬᠦ ᠠᠵᠢᠯ ᠤᠨ ᠲᠥᠰᠦᠯ︾ ᠲᠠᠢ ᠤᠶᠠᠯᠳᠤᠭᠤᠯᠤᠨ᠂ ᠨᠡᠶᠢᠲᠡ ᠶᠢᠨ ᠠᠰᠠᠷᠠᠮᠵᠢ ᠶᠢᠨ ᠣᠶ ᠶᠢᠨ ᠡᠬᠢ | ᠪᠠᠶᠠᠯᠢᠭ ᠢ ᠬᠠᠮᠠᠭᠠᠯᠠᠨ ᠬᠥᠭᠵᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | | ᠠᠷᠪᠠᠨ ᠨᠢᠭᠡᠳᠦᠭᠡᠷ ᠵᠦᠢᠯ ᠨᠡᠶᠢᠲᠡ ᠶᠢᠨ ᠠᠰᠠᠷᠠᠮᠵᠢ ᠶᠢᠨ ᠣᠶ ᠶᠢᠨ ᠪᠦᠲᠦᠭᠡᠨ ᠪᠠᠶᠢᠭᠤᠯᠤᠯᠲᠠ᠂ | ᠬᠠᠮᠠᠭᠠᠯᠠᠯᠲᠠ ᠪᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ︽ᠠᠯᠠᠱᠠ ᠵᠡᠭᠦᠨ ᠬᠤᠰᠢᠭᠤᠨ ᠤ | ᠨᠡᠶᠢᠲᠡ ᠶᠢᠨ ᠠᠰᠠᠷᠠᠮᠵᠢ ᠶᠢᠨ ᠰᠢᠭᠤᠶᠢᠲᠤ ᠣᠷᠣᠨ ᠤ ᠣᠶ ᠬᠠᠮᠠᠭᠠᠯᠠᠭᠴᠢ ᠶᠢᠨ ᠬᠠᠮᠢᠶᠠᠷᠤᠯᠲᠠ ᠶᠢᠨ ᠠᠷᠭ᠎ᠠ︾᠂ ︽ | ᠠᠯᠠᠱᠠ ᠵᠡᠭᠦᠨ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠰᠢᠭᠤᠶᠢᠲᠤ ᠣᠷᠣᠨ ᠤ ᠣᠶ ᠬᠠᠮᠠᠭᠠᠯᠠᠭᠴᠢ ᠶᠢ ᠬᠢᠨᠠᠨ | ᠰᠢᠯᠭᠠᠬᠤ ᠠᠷᠭ᠎ᠠ︾ ᠵᠢᠴᠢ ︽ᠠᠯᠠᠱᠠ ᠵᠡᠭᠦᠨ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠰᠢᠭᠤᠶᠢᠲᠤ ᠣᠷᠣᠨ ᠤ | ᠣᠶ ᠬᠠᠮᠠᠭᠠᠯᠠᠭᠴᠢ ᠶᠢᠨ ᠬᠠᠮᠢᠶᠠᠷᠤᠯᠲᠠ ᠶᠢᠨ ᠠᠷᠭ᠎ᠠ︾᠂ ︽ᠠᠯᠠᠱᠠ ᠵᠡᠭᠦᠨ ᠬᠤᠰᠢᠭᠤᠨ ᠤ ᠨᠡᠶᠢᠲᠡ ᠶᠢᠨ | ᠠᠰᠠᠷᠠᠮᠵᠢ ᠶᠢᠨ ᠰᠢᠭᠤᠶᠢᠲᠤ ᠣᠷᠣᠨ ᠤ ᠣᠶ ᠬᠠᠮᠠᠭᠠᠯᠠᠭᠴᠢ ᠶᠢᠨ ᠬᠢᠨᠠᠨ ᠬᠠᠮᠢᠶᠠᠷᠤᠭᠴᠢ ᠶᠢᠨ ᠬᠠᠮᠢᠶᠠᠷᠤᠯᠲᠠ ᠶᠢᠨ | ᠠᠷᠭ᠎ᠠ︾᠂ ︽ᠠᠯᠠᠱᠠ ᠵᠡᠭᠦᠨ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠰᠢᠭᠤᠶᠢᠲᠤ ᠣᠷᠣᠨ ᠤ ᠣᠶ | ᠬᠠᠮᠠᠭᠠᠯᠠᠭᠴᠢ ᠶᠢᠨ ᠬᠢᠨᠠᠨ ᠬᠠᠮᠢᠶᠠᠷᠤᠭᠴᠢ ᠶᠢᠨ ᠬᠢᠨᠠᠨ ᠰᠢᠯᠭᠠᠬᠤ ᠠᠷᠭ᠎ᠠ︾ ᠶᠢᠨ ᠬᠠᠮᠢᠶ᠎ᠠ ᠪᠥᠬᠦᠶ ᠲᠣᠭᠲᠠᠭᠠᠯ ᠢ | ᠦᠨᠳᠦᠰᠦᠯᠡᠨ᠂ ᠮᠠᠯᠴᠢᠨ ᠲᠠᠷᠢᠶᠠᠴᠢᠨ ᠤ ᠣᠶ ᠰᠢᠭᠤᠶ ᠬᠠᠮᠠᠭᠠᠯᠠᠭᠴᠢ ᠵᠢᠴᠢ ᠲᠤᠰᠬᠠᠶ ᠲᠤᠰᠢᠶᠠᠯᠲᠤ ᠣᠶ ᠰᠢᠭᠤᠶ | ᠬᠠᠮᠠᠭᠠᠯᠠᠬᠤ ᠬᠢᠨᠠᠨ ᠬᠠᠮᠢᠶᠠᠷᠤᠭᠴᠢ ᠶᠢ ᠲᠣᠰ ᠲᠣᠰ ᠤᠷᠢᠨ ᠬᠡᠷᠡᠭᠯᠡᠵᠦ᠂ ᠬᠠᠮᠢᠶᠠᠷᠴᠤ ᠬᠠᠮᠠᠭᠠᠯᠠᠬᠤ | ᠬᠠᠷᠢᠭᠤᠴᠠᠯᠭ᠎ᠠ ᠶᠢᠨ ᠲᠣᠭᠤᠷᠢᠭ ᠢ ᠬᠤᠪᠢᠶᠠᠷᠢᠯᠠᠨ᠂ ᠬᠠᠮᠢᠶᠠᠷᠴᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠬᠠᠮᠢᠶᠠᠷᠴᠤ ᠬᠠᠮᠠᠭᠠᠯᠠᠬᠤ ᠲᠦᠷᠢᠮ ᠢ ᠲᠣᠭᠲᠠᠭᠠᠬᠤ ᠬᠡᠷᠡᠭᠲᠡᠶ᠃ ᠮᠠᠯᠴᠢᠨ ᠲᠠᠷᠢᠶᠠᠴᠢᠨ ᠤ ᠣᠶ | ᠰᠢᠭᠤᠶ ᠬᠠᠮᠠᠭᠠᠯᠠᠭᠴᠢ ᠶᠢᠨ ᠪᠣᠳᠠᠲᠠᠶ ᠵᠢᠱᠢᠭᠳᠡᠭᠴᠢ ᠶᠢ ᠭᠠᠴᠠᠭ᠎ᠠ ᠠᠴᠠ ᠪᠠᠲᠤᠯᠠᠨ ᠲᠠᠨᠢᠯᠴᠠᠭᠤᠯᠵᠤ᠂ ᠰᠤᠮᠤ | ᠪᠠᠯᠭᠠᠰᠤ ᠠᠴᠠ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠵᠦ᠂ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ | ᠮᠡᠷᠭᠡᠵᠢᠯ ᠪᠠ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠢᠨᠠᠨ ᠵᠥᠪᠰᠢᠶᠡᠷᠡᠵᠦ ᠳᠠᠩᠰᠠᠯᠠᠭᠤᠯᠤᠨ᠎ᠠ᠃ | ᠲᠤᠰᠬᠠᠶ ᠲᠤᠰᠢᠶᠠᠯᠲᠤ ᠣᠶ ᠰᠢᠭᠤᠶ ᠬᠠᠮᠠᠭᠠᠯᠠᠬᠤ ᠬᠢᠨᠠᠨ ᠬᠠᠮᠢᠶᠠᠷᠤᠭᠴᠢ ᠶᠢ ᠢᠯᠡ ᠪᠠᠷ ᠵᠣᠬᠢᠶᠠᠨ ᠪᠠᠶᠢᠭᠤᠯᠵᠤ | ᠰᠢᠯᠭᠠᠨ ᠡᠯᠰᠡᠵᠦ ᠤᠷᠢᠨ ᠬᠡᠷᠡᠭᠯᠡᠬᠦ᠂ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠶ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠪᠠᠷ ᠬᠢᠨᠠᠨ ᠵᠥᠪᠰᠢᠶᠡᠷᠡᠭᠦᠯᠵᠦ ᠳᠠᠩᠰᠠᠯᠠᠭᠤᠯᠤᠨ᠎ᠠ᠃ ᠴᠠᠯᠢᠩ ᠣᠯᠭᠤᠬᠤ | ᠂ ᠱᠠᠩᠨᠠᠵᠤ ᠲᠣᠷᠭᠠᠬᠤ ᠪᠠ ᠬᠠᠮᠢᠶᠠᠷᠬᠤ ᠵᠡᠷᠭᠡ ᠤᠴᠢᠷ ᠶᠠᠪᠤᠳᠠᠯ ᠢ ᠳᠡᠭᠡᠷᠡᠬᠢ ᠬᠠᠮᠢᠶᠠᠷᠤᠯᠲᠠ ᠵᠢᠴᠢ ᠰᠢᠯᠭᠠᠨ ᠬᠢᠨᠠᠬᠤ | ᠠᠷᠭ᠎ᠠ ᠶᠢᠨ ᠬᠠᠮᠢᠶ᠎ᠠ ᠪᠥᠬᠦᠶ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | | ᠠᠷᠪᠠᠨ ᠬᠤᠶᠠᠳᠤᠭᠠᠷ ᠵᠦᠢᠯ ᠬᠠᠤᠯᠢ ᠶᠣᠰᠣᠭᠠᠷ ᠰᠢᠯᠵᠢᠭᠦᠯᠦᠨ ᠳᠠᠭᠠᠭᠠᠴᠢᠯᠠᠭᠤᠯᠬᠤ᠂ | ᠲᠦᠷᠢᠶᠡᠰᠦᠯᠡᠭᠦᠯᠬᠦ᠂ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠨᠡᠶᠢᠲᠡ ᠶᠢᠨ ᠠᠰᠠᠷᠠᠮᠵᠢ ᠶᠢᠨ ᠤᠢ ᠰᠢᠭᠤᠶ | ᠵᠢᠴᠢ ᠨᠤᠲᠤᠭ ᠪᠡᠯᠴᠢᠭᠡᠷ ᠢ ᠡᠷᠭᠢᠯᠲᠡ ᠳᠤ ᠣᠷᠣᠭᠤᠯᠤᠭᠰᠠᠨ ᠪᠠᠶᠢᠪᠠᠯ᠂ ᠲᠡᠭᠦᠨ ᠤ ᠨᠥᠬᠦᠪᠥᠷᠢ ᠬᠠᠷᠠᠭᠠᠯᠵᠠᠯ ᠢ | ᠤᠤᠯ ᠤᠨ ᠳᠠᠭᠠᠭᠠᠴᠢᠯᠠᠭᠴᠢ ᠳᠤ ᠥᠭᠭᠦᠨ᠎ᠡ᠃ | | ᠠᠷᠪᠠᠨ ᠭᠤᠷᠪᠠᠳᠤᠭᠠᠷ ᠵᠦᠢᠯ ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ | ᠲᠥᠷᠥ ᠶᠢᠨ ᠪᠤᠳᠤᠯᠭ᠎ᠠ ᠲᠠᠢ ᠤᠶᠠᠯᠳᠤᠭᠤᠯᠤᠨ ᠠᠷᠠᠳ ᠢ ᠨᠡᠭᠦᠯᠭᠡᠨ ᠰᠢᠯᠵᠢᠭᠦᠯᠬᠦ ᠠᠵᠢᠯ ᠢ ᠥᠷᠨᠢᠭᠦᠯᠵᠦ᠂ | ᠲᠠᠷᠢᠶᠠᠴᠢᠨ ᠮᠠᠯᠴᠢᠳ ᠤᠨ ᠰᠠᠶᠢᠨ ᠳᠤᠷ᠎ᠠ ᠶᠢᠨ ᠪᠠᠶᠢᠬᠤ ᠵᠠᠷᠴᠢᠮ ᠢ ᠠᠪᠴᠤ᠂ ᠤᠢ ᠰᠢᠭᠤᠶ ᠶᠢᠨ ᠠᠮᠢ ᠠᠬᠤᠶ ᠶᠢᠨ | ᠦᠷ᠎ᠡ ᠠᠰᠢᠭ ᠤᠨ ᠨᠥᠬᠦᠪᠥᠷᠢ ᠶᠢᠨ ᠣᠯᠭᠤᠮᠵᠢ ᠬᠥᠷᠳᠡᠬᠦ ᠶᠢᠨ ᠵᠡᠷᠭᠡᠴᠡᠪᠡᠷ ᠦᠢᠯᠡᠳᠪᠦᠷᠢᠯᠡᠯ᠂ ᠠᠮᠢᠳᠤᠷᠠᠯ ᠢ | ᠲᠥᠪᠬᠢᠨᠡᠭᠦᠯᠬᠦ ᠲᠠᠯ᠎ᠠ ᠶᠢᠨ ᠲᠥᠷᠥ ᠶᠢᠨ ᠪᠤᠳᠤᠯᠭ᠎ᠠ ᠶᠢ ᠡᠩ ᠲᠡᠷᠢᠭᠦᠨ ᠳᠤ ᠬᠥᠷᠳᠡᠨ᠎ᠡ᠃ | | ᠠᠷᠪᠠᠨ ᠳᠥᠷᠪᠡᠳᠦᠭᠡᠷ ᠵᠦᠢᠯ ᠬᠥᠷᠥᠰᠥ ᠰᠢᠷᠣᠶ ᠶᠢ ᠰᠠᠬᠢᠵᠤ ᠬᠢᠯᠢ ᠬᠢᠵᠠᠭᠠᠷ ᠢᠶᠠᠨ ᠬᠠᠮᠠᠭᠠᠯᠠᠭᠰᠠᠨ | ᠮᠠᠯᠴᠢᠨ ᠲᠠᠷᠢᠶᠠᠴᠢᠳ ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠲᠤ ᠨᠥᠬᠦᠪᠥᠷᠢ ᠥᠭᠬᠦ ᠳᠦᠷᠦ ᠶᠢᠨ | ᠪᠤᠳᠤᠯᠭ᠎ᠠ ᠶᠢ ᠴᠢᠩᠭ᠎ᠠ ᠬᠡᠷᠡᠭᠵᠢᠭᠦᠯᠦᠭᠰᠡᠨ ᠤᠷᠢᠲᠠᠯ ᠳᠣᠣᠷ᠎ᠠ᠂ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ | ᠪᠤᠰᠤᠳ ᠳᠦᠷᠦ ᠶᠢᠨ ᠪᠤᠳᠤᠯᠭ᠎ᠠ ᠶᠢᠨ ᠲᠠᠯ᠎ᠠ ᠪᠠᠷ ᠢᠯᠡᠭᠦᠬᠡᠨ ᠬᠠᠷᠠᠭᠠᠯᠵᠠᠯ ᠦᠵᠡᠭᠦᠯᠬᠦ ᠬᠡᠷᠡᠭᠲᠡᠶ᠃ | | | | ᠵᠢᠷᠭᠤᠳᠤᠭᠠᠷ ᠪᠦᠯᠦᠭ ᠱᠠᠩᠨᠠᠵᠤ ᠲᠣᠷᠭᠠᠬᠤ ᠠᠷᠭ᠎ᠠ ᠬᠡᠮᠵᠢᠶ᠎ᠡ | | | ᠠᠷᠪᠠᠨ ᠲᠠᠪᠤᠳᠤᠭᠠᠷ ᠵᠦᠢᠯ ᠮᠠᠯᠴᠢᠨ ᠲᠠᠷᠢᠶᠠᠴᠢᠳ ᠳᠠᠭᠠᠭᠠᠴᠢᠯᠠᠨ ᠡᠵᠡᠩᠨᠡᠵᠦ ᠪᠠᠶᠢᠭ᠎ᠠ ᠨᠡᠶᠢᠲᠡ ᠶᠢᠨ | ᠠᠰᠠᠷᠠᠮᠵᠢ ᠶᠢᠨ ᠰᠢᠭᠤᠶᠢᠲᠤ ᠣᠷᠣᠨ ᠵᠢᠴᠢ ᠨᠤᠲᠤᠭ ᠪᠡᠯᠴᠢᠭᠡᠷ ᠢ ᠬᠢᠨᠠᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ | ᠲᠠᠢ᠂ ᠨᠡᠶᠢᠲᠡ ᠶᠢᠨ ᠠᠰᠠᠷᠠᠮᠵᠢ ᠶᠢᠨ ᠣᠶ ᠰᠢᠭᠤᠶ ᠵᠢᠴᠢ ᠨᠤᠲᠤᠭ ᠪᠡᠯᠴᠢᠭᠡᠷ ᠢ ᠬᠠᠮᠠᠭᠠᠯᠠᠬᠤ ᠡᠭᠦᠷᠭᠡ ᠪᠠᠨ | ᠢᠳᠡᠪᠬᠢᠲᠡᠶ ᠭᠦᠶᠴᠡᠳᠬᠡᠵᠦ᠂ ᠨᠡᠶᠢᠲᠡ ᠶᠢᠨ ᠠᠰᠠᠷᠠᠮᠵᠢ ᠶᠢᠨ ᠣᠶᠢᠲᠤ ᠣᠷᠣᠨ ᠵᠢᠴᠢ ᠨᠤᠲᠤᠭ ᠪᠡᠯᠴᠢᠭᠡᠷ ᠳᠡᠭᠡᠷ᠎ᠡ | ᠲᠣᠭᠲᠠᠭᠠᠯ ᠢ ᠵᠥᠷᠢᠴᠡᠨ ᠮᠠᠯ ᠬᠠᠷᠢᠭᠤᠯᠬᠤ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠳᠤᠷ᠎ᠠ ᠪᠠᠷ ᠢᠶᠠᠨ ᠲᠡᠭᠦᠵᠦ | ᠮᠠᠯᠲᠠᠬᠤ ᠶᠢ ᠴᠠᠭ ᠲᠤᠬᠠᠶ ᠳᠤᠨᠢ ᠬᠤᠷᠢᠭᠯᠠᠨ ᠵᠣᠭᠰᠣᠭᠠᠵᠤ᠂ ᠬᠤᠯᠠᠭᠠᠶᠢᠯᠠᠨ ᠮᠠᠯᠲᠠᠬᠤ᠂ ᠬᠤᠯᠠᠭᠠᠶᠢᠯᠠᠨ ᠠᠩᠨᠠᠬᠤ | ᠪᠠ ᠬᠠᠮᠢᠶᠠᠷᠴᠤ ᠬᠠᠮᠠᠭᠠᠯᠠᠬᠤ ᠪᠡᠯᠡᠳᠬᠡᠮᠵᠢ ᠶᠢ ᠡᠪᠳᠡᠬᠦ ᠵᠡᠷᠭᠡ ᠦᠶᠯᠡ ᠠᠵᠢᠯᠯᠠᠭ᠎ᠠ ᠶᠢ ᠴᠠᠭ ᠲᠤᠬᠠᠶ ᠳᠤᠨᠢ | ᠢᠯᠡᠴᠢᠯᠡᠨ ᠮᠡᠳᠡᠭᠦᠯᠵᠦ᠂ ᠨᠡᠶᠢᠲᠡ ᠶᠢᠨ ᠠᠰᠠᠷᠠᠮᠵᠢ ᠶᠢᠨ ᠣᠶ ᠰᠢᠭᠤᠶ ᠵᠢᠴᠢ ᠨᠤᠲᠤᠭ ᠪᠡᠯᠴᠢᠭᠡᠷ ᠢ ᠡᠪᠳᠡᠭᠰᠡᠨ | ᠳᠠᠭᠠᠭᠠᠴᠢᠯᠠᠭᠴᠢ ᠠᠴᠠ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠃ | | | ᠠᠷᠪᠠᠨ ᠵᠢᠷᠭᠤᠳᠤᠭᠠᠷ ᠵᠦᠢᠯ ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ | ᠣᠯᠭᠤᠮᠵᠢ ᠬᠥᠷᠳᠡᠵᠤ ᠪᠠᠶᠢᠭ᠎ᠠ ᠲᠠᠷᠢᠶᠠᠯᠠᠬᠤ ᠮᠠᠯᠵᠢᠬᠤ ᠡᠷᠥᠭᠡ ᠲᠣᠭᠲᠠᠭᠠᠯ ᠶᠣᠰᠣᠭᠠᠷ ᠪᠡᠯᠴᠢᠭᠡᠷᠯᠡᠭᠦᠯᠬᠦ ᠶᠢ | ᠬᠤᠷᠢᠭᠯᠠᠭᠰᠠᠨ ᠥᠭᠡᠢ ᠪᠣᠯ ᠡᠷᠥᠭᠡ ᠪᠠᠷ ᠨᠢᠭᠡᠴᠢ ᠪᠣᠯᠭᠠᠨ ᠬᠥᠷᠳᠡᠬᠦ ᠤᠢ ᠰᠢᠭᠤᠶ ᠶᠢᠨ ᠠᠮᠢ ᠠᠬᠤᠶ ᠶᠢᠨ ᠦᠷ᠎ᠡ | ᠠᠰᠢᠭ ᠤᠨ ᠨᠥᠬᠦᠪᠥᠷᠢ ᠮᠥᠩᠭᠦ ᠣᠯᠭᠤᠬᠤ ᠶᠢ ᠨᠢ ᠵᠣᠭᠰᠣᠭᠠᠬᠤ ᠶᠢᠨ ᠬᠠᠮᠲᠤ ᠵᠠᠷᠯᠢᠭᠳᠠᠵᠤ ᠪᠠᠶᠢᠭᠠᠳ ᠬᠤᠭᠤᠴᠠᠭ᠎ᠠ | ᠬᠢᠵᠠᠭᠠᠷᠯᠠᠨ ᠴᠡᠭᠴᠡᠯᠡᠨ ᠥᠭᠡᠷᠡᠴᠢᠯᠡᠭᠦᠯᠬᠦ ᠬᠡᠷᠡᠭᠲᠡᠶ᠃ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠤᠭᠰᠠᠨ ᠥᠬᠡᠶ | ᠪᠠᠶᠢᠪᠠᠯ ᠨᠥᠬᠦᠪᠥᠷᠢ ᠮᠥᠩᠭᠦ ᠶᠢ ᠨᠢ ᠰᠠᠭᠤᠯᠭᠠᠨ ᠠᠪᠬᠤ ᠶᠢᠨ ᠬᠠᠮᠲᠤ ᠳᠠᠷᠠᠭ᠎ᠠ ᠨᠢᠭᠡ ᠵᠢᠯ ᠤᠨ ᠨᠥᠬᠦᠪᠥᠷᠢ | ᠮᠥᠩᠭᠦ ᠶᠢ ᠨᠢ ᠵᠣᠭᠰᠣᠭᠠᠨ᠎ᠠ᠃ | | ᠠᠷᠪᠠᠨ ᠳᠣᠯᠣᠳᠤᠭᠠᠷ ᠵᠦᠢᠯ ᠲᠣᠭᠲᠠᠭᠠᠯ ᠠᠴᠠ ᠵᠥᠷᠢᠴᠡᠨ ᠤᠢ ᠰᠢᠭᠤᠶ ᠶᠢᠨ ᠠᠮᠢ ᠠᠬᠤᠶ ᠶᠢᠨ ᠦᠷ᠎ᠡ | ᠠᠰᠢᠭ ᠤᠨ ᠨᠥᠬᠦᠪᠥᠷᠢ ᠮᠥᠩᠭᠦ ᠮᠡᠬᠡᠯᠡᠨ ᠠᠪᠤᠭᠰᠠᠨ ᠬᠥᠮᠦᠰ ᠠᠴᠠ ᠬᠠᠤᠯᠢ ᠶᠢ ᠵᠥᠷᠢᠴᠡᠵᠦ ᠣᠯᠤᠭᠰᠠᠨ ᠣᠯᠵᠠ | ᠠᠰᠢᠭ ᠢ ᠨᠢ ᠨᠡᠬᠡᠮᠵᠢᠯᠡᠨ ᠲᠤᠰᠢᠶᠠᠯᠭᠠᠵᠤ᠂ ᠵᠣᠭᠤᠰ ᠢ ᠨᠢ ᠴᠠᠭ ᠲᠤᠬᠠᠶ ᠳᠤᠨᠢ ᠪᠤᠴᠠᠭᠠᠵᠤ ᠳᠡᠶᠢᠯᠬᠦ ᠦᠬᠡᠢ ᠪᠣᠯ | ᠭᠡᠷ ᠪᠦᠯᠢ ᠶᠢᠨ ᠪᠦᠷᠢᠯᠳᠦᠬᠦᠨ ᠤ ᠬᠢᠨᠢ ᠨᠥᠬᠦᠪᠥᠷᠢ ᠪᠡᠯᠡ ᠮᠥᠩᠭᠦ ᠠᠴᠠ ᠰᠠᠭᠤᠯᠭᠠᠨ ᠲᠤᠰᠢᠶᠠᠯᠭᠠᠬᠤ ᠶᠢᠨ ᠬᠠᠮᠲᠤ | ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠣᠯᠭᠤᠮᠵᠢ ᠬᠦᠷᠳᠡᠬᠦ ᠬᠢᠷᠢ ᠬᠡᠮ ᠢ ᠨᠢ | ᠬᠠᠰᠤᠵᠤ᠂ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ | ᠲᠤᠰᠢᠶᠠᠬᠤ ᠬᠡᠷᠡᠭᠲᠡᠶ᠃ | | ᠠᠷᠪᠠᠨ ᠨᠠᠢᠮᠠᠳᠤᠭᠠᠷ ᠵᠦᠢᠯ ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ | ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠵᠢᠯ ᠤᠨ ᠠᠷᠭ᠎ᠠ ᠬᠡᠮᠵᠢᠶ᠎ᠡ ᠨᠢ ᠬᠦᠴᠦᠨ ᠥᠭᠡᠢ᠂ | ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠪᠠᠷ ᠠᠨᠠᠶ᠂ ᠤᠯᠠᠨ ᠲᠦᠮᠡᠨ ᠤ ᠰᠠᠨᠠᠯ ᠶᠡᠭᠡ᠂ ᠬᠠᠷᠠᠯᠲᠠ ᠶᠢᠨ | ᠡᠭᠦᠷᠭᠡ ᠪᠠᠨ ᠪᠡᠶᠡᠯᠡᠭᠦᠯᠦᠭᠰᠡᠨ ᠥᠭᠡᠢ ᠪᠣᠯ ᠬᠠᠮᠢᠶ᠎ᠠ ᠪᠥᠬᠦᠢ ᠨᠢᠭᠡᠴᠢ ᠪᠣᠯᠤᠨ ᠬᠤᠪᠢ ᠬᠥᠮᠦᠨ ᠤ ᠬᠠᠷᠢᠭᠤᠴᠠᠯᠭ᠎ᠠ ᠶᠢ | ᠨᠡᠬᠡᠮᠵᠢᠯᠡᠬᠦ ᠬᠡᠷᠡᠭᠲᠡᠶ᠃ | | ᠠᠷᠪᠠ ᠶᠢᠰᠦᠳᠦᠭᠡᠷ ᠵᠦᠶᠯ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ | ᠠᠵᠢᠯ ᠤᠨ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠵᠤ᠂ ᠨᠥᠬᠦᠪᠥᠷᠢ ᠶᠢ ᠨᠠᠶᠢᠳᠠᠪᠤᠷᠢᠵᠢᠭᠤᠯᠬᠤ ᠠᠵᠢᠯ ᠤᠨ | ᠳᠤᠮᠳᠠ ᠢᠯᠡᠳᠲᠡ ᠠᠮᠵᠢᠯᠲᠠ ᠣᠯᠤᠭᠰᠠᠨ ᠨᠢᠭᠡᠴᠢ ᠪᠠ ᠬᠤᠪᠢ ᠬᠥᠮᠦᠨ ᠢ ᠬᠤᠰᠢᠭᠤᠨ ᠵᠠᠰᠠᠭ ᠤᠨ ᠣᠷᠳᠣᠨ ᠠᠴᠠ | ᠬᠥᠬᠢᠭᠦᠯᠦᠨ ᠱᠠᠩᠨᠠᠨ᠎ᠠ᠃ | | | | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | | | ᠬᠤᠷᠢᠳᠤᠭᠠᠷ ᠵᠦᠢᠯ ᠲᠤᠰ ᠠᠷᠭ᠎ᠠ ᠳᠠᠬᠢ ᠨᠠᠰᠤ ᠵᠢᠯ ᠤᠨ ᠲᠤᠬᠠᠶ ᠲᠣᠭᠲᠠᠭᠠᠯ ᠳᠠᠬᠢ ︽ᠳᠡᠭᠡᠭᠰᠢ︾ ᠳᠤ | ᠴᠥᠮ ᠲᠤᠰ ᠲᠤᠭ᠎ᠠ ᠶᠢ ᠪᠠᠭᠲᠠᠭᠠᠨ᠎ᠠ᠂ ︽ᠳᠣᠷᠣᠭᠰᠢ︾ ᠳᠤ ᠴᠥᠮ ᠲᠤᠰ ᠲᠤᠭ᠎ᠠ ᠶᠢ ᠪᠠᠭᠲᠠᠭᠠᠬᠤ ᠥᠭᠡᠢ᠃ | | ᠬᠤᠷᠢᠨ ᠨᠢᠭᠡᠳᠦᠭᠡᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ | ᠬᠦᠴᠦᠨ ᠲᠠᠢ ᠬᠤᠭᠤᠴᠠᠭ᠎ᠠ ᠨᠢ 5 ᠵᠢᠯ ᠪᠣᠯᠤᠨ᠎ᠠ᠃ ᠤᠤᠯ ᠤᠨ ︽ᠠᠯᠠᠱᠠ ᠵᠡᠭᠦᠨ ᠬᠤᠰᠢᠭᠤᠨ ᠤ ᠨᠡᠶᠢᠲᠡ ᠶᠢᠨ | ᠠᠰᠠᠷᠠᠮᠵᠢ ᠶᠢᠨ ᠣᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠬᠡᠷᠡᠭᠵᠢᠭᠦᠯᠬᠦ ᠠᠷᠭ᠎ᠠ︾ ︵ | ᠠᠯᠠᠱᠠ ᠵᠡᠭᠦᠨ ᠵᠠᠰᠠᠭ ᠠᠯᠪᠠᠨ ᠲᠠᠷᠬᠠᠭᠠᠭᠰᠠᠨ ﹇2016﹈ 236 ᠳ᠋ᠤᠭᠠᠷ ᠲᠣᠭᠠᠲᠤ︶ ᠶᠢᠨ ᠪᠢᠴᠢᠭ | ᠮᠠᠲ᠋ᠧᠷᠢᠶᠠᠯ ᠢ ᠬᠦᠴᠦᠨ ᠥᠬᠡᠶ ᠪᠣᠯᠭᠠᠪᠠ᠃ | | | | ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ | ᠪᠠ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ︽ᠠᠯᠠᠱᠠ ᠵᠡᠭᠦᠨ ᠬᠤᠰᠢᠭᠤᠨ ᠤ ᠣᠶ ᠰᠢᠭᠤᠶ ᠶᠢᠨ ᠠᠮᠢ | ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠬᠡᠷᠡᠭᠵᠢᠭᠦᠯᠬᠦ ᠠᠷᠭ᠎ᠠ︾ ᠶᠢᠨ ᠲᠤᠬᠠᠶ ᠲᠥᠷᠥ ᠶᠢᠨ ᠪᠣᠳᠣᠯᠭ᠎ᠠ ᠶᠢᠨ | ᠲᠠᠶᠢᠯᠤᠮᠵᠢ | | | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠶ ᠰᠢᠭᠤᠶ | ᠨᠤᠲᠤᠭ ᠪᠡᠯᠴᠢᠭᠡᠷ ᠤᠨ ᠲᠣᠪᠴᠢᠶ᠎ᠠ | | |