︽ᠠᠯᠠᠱᠠ ᠵᠡᠭᠦᠨ ᠬᠤᠰᠢᠭᠤᠨ ᠤ ᠡᠷᠦᠬᠡ ᠠᠮᠠ ᠶᠢᠨ ᠬᠠᠮᠢᠶᠠᠷᠤᠯᠲᠠ ᠶᠢᠨ ᠠᠷᠭ᠎ᠠ︾ ᠎ ᠶᠢ ᠬᠡᠪᠯᠡᠨ ᠲᠠᠷᠬᠠᠭᠠᠬᠤ ᠲᠤᠬᠠᠢ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/12/26
ᠡᠯ᠎ᠡ ᠰᠤᠮᠤ ᠪᠠᠯᠭᠠᠰᠤ᠂ ᠬᠤᠰᠢᠭᠤᠨ ᠰᠢᠭᠤᠳ ᠬᠠᠷᠢᠶ᠎ᠠ ᠰᠠᠯᠠᠭ᠎ᠠ ᠮᠥᠴᠢᠷ᠂ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠵᠡᠭᠡᠯᠢ ᠭᠤᠳᠤᠮᠵᠢ᠂ ᠡᠯ᠎ᠡ ᠠᠷᠠᠳ ᠤᠨ ᠪᠦᠯᠬᠦᠮ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠪᠠᠶᠠᠨᠮᠣᠳᠣ ᠲᠠᠷᠢᠶᠠᠯᠠᠩ ᠤᠨ ᠲᠠᠯᠠᠪᠠᠶ᠂ ᠥᠯᠵᠡᠢ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠳᠤ᠄            ᠡᠳᠦᠭᠡ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠯᠠᠱᠠ ᠵᠡᠭᠦᠨ ᠬᠤᠰᠢᠭᠤᠨ ᠤ ᠡᠷᠦᠬᠡ ᠠᠮᠠ ᠶᠢᠨ ᠲᠠᠩᠰᠠ ᠶᠢᠨ ᠬᠠᠮᠢᠶᠠᠷᠤᠯᠲᠠ ᠶᠢᠨ ᠠᠷᠭ᠎ᠠ︾ ᠎ ᠶᠢ ᠲᠠᠨᠠᠷ ᠲᠤ ᠬᠡᠪᠯᠡᠨ ᠲᠠᠷᠬᠠᠭᠠᠯ᠎ᠠ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃            ᠳᠠᠭᠠᠯᠳᠤᠭᠤᠯᠤᠯ᠄ ᠠᠯᠠᠱᠠ ᠵᠡᠭᠦᠨ ᠬᠤᠰᠢᠭᠤᠨ ᠤ ᠡᠷᠦᠬᠡ ᠠᠮᠠ ᠶᠢᠨ ᠬᠠᠮᠢᠶᠠᠷᠤᠯᠲᠠ ᠶᠢᠨ ᠠᠷᠭ᠎ᠠ                      2022 ᠣᠨ ᠤ 11 ᠰᠠᠷ᠎ᠠ ᠶᠢᠨ 18            ᠳᠠᠭᠠᠯᠳᠤᠭᠤᠯᠤᠯ᠄            ᠠᠯᠠᠱᠠ ᠵᠡᠭᠦᠨ ᠬᠤᠰᠢᠭᠤᠨ ᠤ ᠡᠷᠦᠬᠡ ᠠᠮᠠ ᠶᠢᠨ ᠬᠠᠮᠢᠶᠠᠷᠤᠯᠲᠠ ᠶᠢᠨ ᠠᠷᠭ᠎ᠠ                                                ᠨᠢᠭᠡᠳᠦᠭᠡᠷ ᠪᠦᠯᠦᠭ   ᠶᠡᠷᠦᠩᠬᠡᠢ ᠳᠦᠷᠢᠮ                  ᠨᠢᠭᠡᠳᠦᠭᠡᠷ ᠵᠦᠢᠯ    ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠶᠢ ᠤᠯᠠᠮ ᠠᠬᠢᠭᠤᠯᠬᠤ ᠶᠢᠨ ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠶᠢ ᠠᠬᠢᠭᠤᠯᠵᠤ ︽ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠶᠢ ᠤᠯᠠᠮ ᠲᠦᠯᠬᠢᠨ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ︵ᠲᠥᠷᠥ ᠲᠠᠷᠬᠠᠭᠠᠭᠰᠠᠨ ﹇2014﹈ 25 ᠳ᠋ᠤᠭᠠᠷ ᠲᠣᠭᠠᠲᠤ︶ ︽ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠶᠢ ᠤᠯᠠᠮ ᠲᠦᠯᠬᠢᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ︵ᠥᠪᠥᠷ ᠵᠠᠰᠠᠭ ᠲᠠᠷᠬᠠᠭᠠᠭᠰᠠᠨ ﹇2015﹈ 104 ᠳ᠋ᠦ᠋ᠭᠡᠷ ᠲᠣᠭᠠᠲᠤ︶᠂ ᠠᠯᠠᠱᠠ ᠠᠶᠢᠮᠠᠭ ᠤᠨ ︽ᠠᠯᠠᠱᠠ ᠠᠶᠢᠮᠠᠭ ᠤᠨ ᠡᠷᠦᠬᠡ ᠠᠮᠠ ᠶᠢᠨ ᠬᠠᠷᠢᠶ᠎ᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠠᠷᠭ᠎ᠠ ᠶᠢ ᠬᠡᠷᠡᠭᠵᠢᠭᠦᠯᠬᠦ ᠠᠷᠭ᠎ᠠ ᠶᠢ ᠬᠡᠪᠯᠡᠨ ᠲᠠᠷᠬᠠᠭᠠᠬᠤ ᠲᠤᠬᠠᠢ ᠠᠯᠠᠱᠠ ᠠᠶᠢᠮᠠᠭ ᠤᠨ ᠵᠠᠬᠢᠷᠭ᠎ᠠ ᠶᠢᠨ ᠮᠡᠳᠡᠭᠳᠡᠯ︾ ︵ᠠᠯᠠᠱᠠ ᠵᠠᠬᠢᠷᠭ᠎ᠠ ᠲᠠᠷᠬᠠᠭᠠᠭᠰᠠᠨ ﹇2018﹈ 3 ᠳ᠋ᠤᠭᠠᠷ ᠲᠣᠭᠠᠲᠤ︶᠂ ︽ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠬᠢᠵᠠᠭᠠᠷᠯᠠᠯ ᠢ ᠪᠥᠬᠦ ᠲᠠᠯ᠎ᠠ ᠪᠠᠷ ᠴᠢᠯᠦᠭᠡᠲᠡᠢ ᠲᠠᠯᠪᠢᠵᠤ ᠡᠷᠦᠬᠡ ᠠᠮᠠ ᠶᠢᠨ ᠬᠠᠷᠢᠶ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2019﹈ 2 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠠᠯᠠᠱᠠ ᠵᠡᠭᠦᠨ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃            ᠬᠤᠶᠠᠳᠤᠭᠠᠷ ᠵᠦᠢᠯ    ᠡᠷᠦᠬᠡ ᠠᠮᠠ ᠰᠢᠯᠵᠢᠭᠦᠯᠬᠦ ᠳᠤ ᠬᠤᠰᠢᠭᠤᠨ ᠳᠣᠲᠣᠷ᠎ᠠ ᠭᠠᠳᠠᠨᠠᠬᠢ ᠬᠥᠮᠥᠨ ᠠᠮᠠ ᠶᠢᠨ ᠮᠠᠯᠵᠢᠬᠤ ᠲᠠᠷᠢᠶᠠᠯᠠᠬᠤ ᠣᠷᠣᠨ ᠳᠤ ᠡᠷᠦᠬᠡ ᠠᠮᠠ ᠣᠷᠣᠬᠤ ᠶᠢ ᠴᠢᠩᠭ᠎ᠠ ᠬᠢᠵᠠᠭᠠᠷᠯᠠᠵᠤ᠂ ᠲᠠᠷᠢᠶᠠᠯᠠᠩ ︵ᠮᠠᠯᠴᠢᠨ︶ ᠠᠷᠠᠳ ᠤᠨ ᠬᠥᠮᠥᠨ ᠠᠮᠠ ᠶᠢᠨ ᠬᠤᠲᠠ ᠪᠠᠯᠭᠠᠰᠤ ᠳᠠᠰᠢ ᠰᠢᠯᠵᠢᠬᠦ ᠶᠢ ᠬᠥᠲᠥᠯᠥᠨ ᠵᠢᠯᠤᠭᠤᠳᠴᠤ᠂ ᠬᠤᠲᠠ ᠪᠠᠯᠭᠠᠰᠤᠨ ᠳᠤ ᠠᠵᠢᠯ ᠣᠯᠵᠤ ᠠᠮᠢᠳᠤᠷᠠᠬᠤ ᠴᠢᠳᠠᠪᠤᠷᠢ ᠲᠠᠢ ᠲᠠᠷᠢᠶᠠᠯᠠᠩ ︵ᠮᠠᠯ ᠠᠵᠤ ᠠᠬᠤᠢ︶᠎ ᠤᠨ ᠰᠢᠯᠵᠢᠭᠰᠡᠨ ᠬᠥᠮᠥᠨ ᠠᠮᠠ ᠪᠣᠯᠣᠨ ᠪᠤᠰᠤᠳ ᠪᠠᠶᠢᠩᠭᠤ ᠰᠠᠭᠤᠭ᠎ᠠ ᠬᠥᠮᠥᠨ ᠠᠮᠠ ᠶᠢᠨ ᠡᠮᠬᠢ ᠵᠢᠷᠤᠮ ᠲᠠᠢ ᠪᠠᠷ ᠬᠤᠲᠠ ᠶᠢᠨ ᠠᠷᠠᠳ ᠪᠣᠯᠬᠤ ᠶᠢ ᠠᠬᠢᠭᠤᠯᠤᠨ᠎ᠠ᠃            ᠭᠤᠷᠪᠠᠳᠤᠭᠠᠷ ᠵᠦᠢᠯ    ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠠᠤᠯᠢ ᠴᠠᠭᠠᠵᠠ ᠶᠢᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠵᠣᠬᠢᠴᠠᠩᠭᠤᠢ ᠢᠵᠢ ᠪᠦᠷᠢᠳᠦᠭᠦᠯᠬᠦ ᠲᠦᠷᠦ ᠶᠢᠨ ᠪᠣᠳᠣᠯᠭ᠎ᠠ ᠶᠢ ᠲᠣᠭᠲᠠᠭᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠡᠷᠦᠬᠡ ᠠᠮᠠ ᠶᠢᠨ ᠰᠢᠨᠵᠢ ᠴᠢᠨᠠᠷ ᠠᠴᠠ ᠰᠠᠯᠭᠠᠬᠤ ᠬᠡᠷᠡᠭᠲᠡᠢ᠃            ᠳᠥᠷᠪᠡᠳᠦᠭᠡᠷ ᠵᠦᠢᠯ    ᠨᠢᠭᠡᠳᠦᠯᠲᠡᠢ ᠬᠤᠲᠠ ᠬᠥᠳᠡᠭᠡ ᠶᠢᠨ ᠡᠷᠦᠬᠡ ᠠᠮᠠ ᠶᠢᠨ ᠳᠠᠩᠰᠠᠯᠠᠯᠲᠠ ᠶᠢᠨ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ ᠪᠤᠶᠤ ᠬᠠᠤᠯᠢ ᠶᠣᠰᠣᠨ ᠤ ᠲᠣᠭᠲᠠᠪᠤᠷᠢᠲᠠᠢ ᠠᠵᠢᠯ ᠣᠯᠭᠤᠯᠲᠠ ᠪᠠᠷ ᠦᠨᠳᠦᠰᠦᠨ ᠨᠡᠭᠦᠬᠦ ᠨᠥᠬᠦᠴᠡᠯ ᠪᠣᠯᠭᠠᠵᠤ᠂ ᠪᠠᠶᠢᠩᠭᠤ ᠰᠠᠭᠤᠭ᠎ᠠ ᠭᠠᠵᠠᠷ ᠤᠨ ᠡᠷᠦᠬᠡ ᠠᠮᠠ ᠶᠢᠨ ᠳᠠᠩᠰᠠᠯᠠᠯᠲᠠ ᠪᠠᠷ ᠦᠨᠳᠦᠰᠦᠨ ᠬᠡᠯᠪᠡᠷᠢ ᠪᠣᠯᠭᠠᠵᠤ᠂ ᠬᠤᠲᠠ ᠬᠥᠳᠡᠭᠡ ᠶᠢᠨ ᠨᠢᠭᠡᠳᠦᠯᠲᠡᠢ ᠰᠢᠨ᠎ᠡ ᠬᠡᠯᠪᠡᠷᠢ ᠶᠢᠨ ᠡᠷᠦᠬᠡ ᠠᠮᠠ ᠶᠢᠨ ᠬᠠᠮᠢᠶᠠᠷᠤᠯᠲᠠ ᠶᠢᠨ ᠳᠦᠷᠢᠮ ᠢ ᠪᠡᠶᠡᠯᠡᠭᠦᠯᠦᠨ᠎ᠡ            ᠬᠤᠶᠠᠳᠤᠭᠠᠷ ᠪᠦᠯᠦᠭ   ᠪᠠᠶᠢᠩᠭᠤ ᠰᠠᠭᠤᠭ᠎ᠠ ᠡᠷᠦᠬᠡ ᠠᠮᠠ ᠶᠢᠨ ᠣᠷᠣᠬᠤ ᠶᠢ ᠵᠥᠪᠰᠢᠶᠡᠷᠡᠬᠦ ᠨᠥᠬᠦᠴᠡᠯ            ᠲᠠᠪᠤᠳᠤᠭᠠᠷ ᠵᠦᠢᠯ    ᠠᠯᠠᠱᠠ ᠵᠡᠭᠦᠨ ᠬᠤᠰᠢᠭᠤᠨ ᠤ ᠬᠡᠪᠴᠢᠶᠡᠨ ᠳᠤ ᠪᠣᠳᠠᠲᠠᠢ ᠰᠠᠭᠤᠵᠤ ᠪᠠᠶᠢᠭ᠎ᠠ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠬᠠᠷᠢᠶᠠᠯᠠᠯ ᠤᠨ ᠭᠡᠷᠡᠴᠢ ᠲᠠᠢ ᠪᠠᠶᠢᠪᠠᠯ᠂ ᠠᠯᠠᠱᠠ ᠵᠡᠭᠦᠨ ᠬᠤᠰᠢᠭᠤᠨ ᠤ ᠪᠠᠶᠢᠩᠭᠤ ᠰᠠᠭᠤᠭ᠎ᠠ ᠡᠷᠦᠬᠡ ᠠᠮᠠ ᠶᠢᠨ ᠲᠠᠩᠰᠠ ᠶᠢ ᠬᠦᠰᠡᠯᠲᠡ ᠪᠠᠨ ᠳᠡᠪᠰᠢᠭᠦᠯᠦᠨ ᠭᠦᠢᠴᠡᠳᠬᠡᠵᠦ ᠪᠣᠯᠣᠨ᠎ᠠ᠃            ᠵᠢᠷᠭᠤᠳᠤᠭᠠᠷ ᠵᠦᠢᠯ    ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ᠂ ᠵᠣᠬᠢᠶᠠᠨ ᠪᠠᠶᠢᠭᠤᠯᠤᠯᠲᠠ᠂ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠵᠥᠪᠰᠢᠶᠡᠷᠡᠵᠦ ᠰᠢᠯᠵᠢᠭᠦᠯᠦᠨ ᠣᠷᠣᠭᠤᠯᠬᠤ ︵ᠰᠢᠯᠭᠠᠨ ᠡᠯᠰᠡᠬᠦ︶ ᠪᠤᠶᠤ ᠤᠷᠢᠨ ᠬᠡᠷᠡᠭᠯᠡᠬᠦ ᠠᠵᠢᠯᠲᠠᠨ᠃ ᠬᠥᠮᠥᠨ ᠬᠡᠷᠡᠭᠯᠡᠬᠦ ᠨᠢᠭᠡᠴᠢ ᠲᠠᠢ ᠬᠥᠳᠡᠯᠮᠦᠷᠢ ᠶᠢᠨ ᠭᠡᠷ᠎ᠡ ᠲᠣᠭᠲᠠᠭᠰᠠᠨ ᠪᠤᠶᠤ ᠡᠵᠡᠩᠨᠡᠯᠲᠡ ᠶᠢᠨ ᠦᠨᠡᠮᠯᠡᠯ ᠣᠯᠣᠭᠰᠠᠨ ᠬᠥᠮᠥᠰ ᠠᠯᠠᠱᠠ ᠵᠡᠭᠦᠨ ᠬᠤᠰᠢᠭᠤᠨ ᠤ ᠪᠠᠶᠢᠩᠭᠤ ᠰᠠᠭᠤᠭ᠎ᠠ ᠡᠷᠦᠬᠡ ᠠᠮᠠ ᠶᠢᠨ ᠲᠠᠩᠰᠠ ᠶᠢ ᠬᠦᠰᠡᠯᠲᠡ ᠪᠠᠨ ᠳᠡᠪᠰᠢᠭᠦᠯᠦᠨ ᠭᠦᠢᠴᠡᠳᠬᠡᠵᠦ ᠪᠣᠯᠣᠨ᠎ᠠ᠃            ᠳᠣᠯᠣᠳᠤᠭᠠᠷ ᠵᠦᠢᠯ    ᠠᠩᠬ᠎ᠠ ᠵᠡᠷᠭᠡ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠴᠣᠯᠠ ᠲᠠᠢ᠂ ᠳᠡᠭᠡᠳᠦ ᠵᠡᠷᠭᠡ ᠶᠢᠨ ᠠᠵᠢᠯᠴᠢᠨ ᠠᠴᠠ ᠳᠡᠭᠡᠭᠰᠢᠬᠢ ᠠᠵᠢᠯ ᠮᠡᠷᠭᠡᠵᠢᠯ ᠤᠨ ᠬᠢᠷᠢ ᠬᠡᠮ ᠲᠠᠢ ᠪᠤᠶᠤ ᠤᠯᠤᠰ ᠠᠴᠠ ᠮᠡᠳᠡᠷᠡᠭᠰᠡᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠬᠥᠮᠥᠰ᠂ ᠠᠵᠤ ᠠᠬᠤᠶᠢᠯᠠᠯ ᠳᠤ ᠬᠡᠷᠡᠭᠴᠡᠭᠡ ᠲᠠᠢ ᠮᠡᠷᠭᠡᠵᠢᠯ ᠤᠨ ᠠᠵᠢᠯᠴᠢᠨ᠂ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠭᠰᠠᠳ ᠲᠤ ᠠᠯᠠᠱᠠ ᠵᠡᠭᠦᠨ ᠬᠤᠰᠢᠭᠤᠨ ᠤ ᠪᠠᠶᠢᠩᠭᠤ ᠰᠠᠭᠤᠭ᠎ᠠ ᠡᠷᠦᠬᠡ ᠠᠮᠠ ᠶᠢᠨ ᠲᠠᠩᠰᠠ ᠶᠢ ᠬᠦᠰᠡᠯᠲᠡ ᠎ ᠪᠠᠨ ᠳᠡᠪᠰᠢᠭᠦᠯᠦᠨ ᠭᠦᠢᠴᠡᠳᠬᠡᠵᠦ ᠪᠣᠯᠣᠨ᠎ᠠ᠃            ᠨᠠᠢᠮᠠᠳᠤᠭᠠᠷ ᠵᠦᠢᠯ    ᠤᠤᠯ ᠨᠢ ᠲᠣᠰ ᠬᠤᠰᠢᠭᠤᠨ ᠤ ᠰᠠᠭᠤᠭᠠᠯᠢ ᠠᠷᠠᠳ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠡᠯᠰᠡᠬᠦ᠂ ᠴᠡᠷᠢᠭ ᠲᠤ ᠡᠯᠰᠡᠭᠳᠡᠬᠦ ᠠᠴᠠ ᠪᠣᠯᠵᠤ ᠡᠷᠦᠬᠡ ᠠᠮᠠ ᠶᠢᠨ ᠲᠠᠩᠰᠠ ᠪᠠᠨ ᠲᠣᠰ ᠬᠤᠰᠢᠭᠤᠨ ᠠᠴᠠ ᠪᠠᠨ ᠰᠢᠯᠵᠢᠭᠦᠯᠵᠦ᠂ ᠰᠤᠷᠭᠠᠭᠤᠯᠢ ᠲᠡᠭᠦᠰᠬᠦ᠂ ᠰᠤᠷᠤᠯᠭ᠎ᠠ ᠪᠠᠨ ᠵᠣᠭᠰᠣᠬᠤ᠂ ᠰᠤᠷᠤᠯᠭ᠎ᠠ ᠪᠠᠨ ᠲᠦᠷ ᠵᠣᠭᠰᠣᠬᠤ᠂ ᠰᠤᠷᠭᠠᠭᠤᠯᠢ ᠰᠢᠯᠵᠢᠬᠦ᠂ ᠵᠢᠩᠬᠢᠨᠢ ᠠᠯᠪᠠᠨ ᠎ ᠠᠴᠠ ᠪᠠᠭᠤᠬᠤ ᠵᠡᠷᠭᠡ ᠰᠢᠯᠲᠠᠭᠠᠨ ᠠᠴᠠ ᠪᠣᠯᠵᠤ᠂ ᠤᠭ ᠨᠤᠲᠤᠭ ᠲᠠᠭᠠᠨ ᠪᠤᠴᠠᠵᠤ ᠠᠵᠢᠯᠯᠠᠵᠤ ᠠᠮᠢᠳᠤᠷᠠᠬᠤ ᠪᠠᠷ ᠱᠠᠭᠠᠷᠳᠠᠪᠠᠯ᠂ ᠤᠭ ᠨᠤᠲᠤᠭ ᠲᠠᠭᠠᠨ ᠪᠤᠴᠠᠵᠤ ᠡᠷᠦᠬᠡ ᠠᠮᠠ ᠪᠠᠨ ᠣᠷᠣᠭᠤᠯᠬᠤ ᠪᠠᠷ ᠭᠤᠶᠤᠴᠢᠯᠠᠵᠤ ᠪᠣᠯᠣᠨ᠎ᠠ᠃            ᠶᠢᠰᠦᠳᠦᠭᠡᠷ ᠵᠦᠢᠯ    ᠠᠯᠠᠱᠠ ᠵᠡᠭᠦᠨ ᠬᠤᠰᠢᠭᠤᠨ ᠤ ᠰᠠᠭᠤᠭᠠᠯᠢ ᠠᠷᠠᠳ ᠬᠤᠭᠤᠴᠠᠭ᠎ᠠ ᠲᠠᠢ ᠬᠤᠷᠢᠬᠤ ᠡᠷᠡᠭᠦᠦ ᠠᠴᠠ ᠳᠡᠭᠡᠭᠰᠢ ᠡᠷᠡᠭᠦᠦ ᠰᠢᠢᠳᠬᠡᠯ ᠢᠶᠠᠷ ᠰᠢᠢᠳᠬᠡᠭᠳᠡᠭᠰᠡᠨ ᠪᠠᠶᠢᠪᠠᠯ᠂ ᠲᠣᠭᠲᠠᠭᠠᠯ ᠶᠣᠰᠣᠭᠠᠷ ᠡᠷᠦᠬᠡ ᠠᠮᠠ ᠶᠢᠨ ᠲᠠᠩᠰᠠ ᠪᠠᠨ ᠬᠠᠰᠤᠭᠤᠯᠵᠤ᠂ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠤ ᠳᠠᠷᠠᠭ᠎ᠠ ᠲᠣᠰ ᠬᠤᠰᠢᠭᠤᠨ ᠳᠠᠭᠠᠨ ᠬᠠᠷᠢᠵᠤ ᠠᠵᠢᠯᠯᠠᠵᠤ ᠠᠮᠢᠳᠤᠷᠠᠪᠠᠯ᠂ ᠤᠭ ᠨᠤᠲᠤᠭ ᠤᠨ ᠢᠶᠠᠨ ᠡᠷᠦᠬᠡ ᠠᠮᠠ ᠶᠢᠨ ᠲᠠᠩᠰᠠ ᠪᠠᠨ ᠰᠡᠷᠭᠦᠭᠡᠬᠦ ᠪᠠᠷ ᠭᠤᠶᠤᠴᠢᠯᠠᠵᠤ ᠪᠣᠯᠣᠨ᠎ᠠ᠃            ᠠᠷᠪᠠᠳᠤᠭᠠᠷ ᠵᠦᠢᠯ    ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠴᠡᠷᠢᠭ ᠠᠩᠭᠢ ᠶᠢᠨ ᠴᠡᠷᠢᠭ ᠠᠴᠠ ᠬᠠᠯᠠᠭᠳᠠᠭᠰᠠᠨ ᠺᠠᠳ᠋ᠷ ᠵᠢᠴᠢ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ︵ᠠᠯᠪᠠᠨ ᠵᠢᠷᠤᠮ ᠤᠨ ᠴᠡᠷᠢᠭ᠂ ᠴᠡᠷᠢᠭ ᠠᠴᠠ ᠬᠠᠯᠠᠭᠳᠠᠭᠰᠠᠨ ᠪᠠᠭ᠎ᠠ ᠣᠹᠢᠼᠧᠷ᠂ ᠴᠡᠷᠢᠭ ᠠᠴᠠ ᠬᠠᠯᠠᠭᠳᠠᠭᠰᠠᠨ ᠪᠠᠭ᠎ᠠ ᠣᠹᠢᠼᠧᠷ᠂ ᠰᠢᠷᠬᠠᠲᠤᠵᠤ ᠡᠪᠡᠳᠴᠢᠯᠡᠭᠰᠡᠨ ᠵᠡᠮᠳᠡᠭ ᠪᠠᠶᠢᠯᠳᠤᠭᠴᠢ ᠪᠠᠭᠲᠠᠨ᠎ᠠ︶ ᠵᠢᠴᠢ ᠣᠨᠳᠣᠣ ᠭᠠᠵᠠᠷ ᠲᠤ ᠲᠥᠪᠬᠢᠨᠡᠭᠦᠯᠬᠦ ᠨᠥᠬᠦᠴᠡᠯ ᠳᠤ ᠨᠡᠶᠢᠴᠡᠬᠦ ᠴᠡᠷᠢᠭ ᠠᠴᠠ ᠬᠠᠯᠠᠭᠳᠠᠭᠰᠠᠨ ᠪᠠᠭ᠎ᠠ ᠣᠹᠢᠼᠧᠷ ᠲᠤᠬᠠᠢ ᠶᠢᠨ ᠭᠠᠵᠠᠷ ᠤᠨ ᠲᠥᠪᠬᠢᠨᠡᠭᠦᠯᠬᠦ ᠰᠠᠯᠠᠭ᠎ᠠ ᠮᠥᠴᠢᠷ ᠤᠨ ᠡᠷᠦᠬᠡ ᠠᠮᠠ ᠣᠷᠣᠬᠤ ᠲᠠᠨᠢᠯᠴᠠᠭᠤᠯᠭ᠎ᠠ ᠶᠢᠨ ᠪᠢᠴᠢᠭ ᠢᠶᠠᠷ ᠢᠶᠠᠨ ᠬᠤᠲᠠ ᠪᠠᠯᠭᠠᠰᠤᠨ ᠤ ᠡᠷᠦᠬᠡ ᠠᠮᠠ ᠣᠷᠣᠬᠤ ᠭᠠᠷᠳᠠᠮ ᠢ ᠭᠦᠢᠴᠡᠳᠬᠡᠨ᠎ᠡ᠃ ᠰᠠᠭᠤᠭ᠎ᠠ ᠭᠠᠵᠠᠷ ᠤᠨ ᠴᠡᠷᠢᠭ ᠠᠩᠭᠢ ᠶᠢᠨ ᠵᠢᠩᠬᠢᠨᠢ ᠠᠯᠪᠠᠨ ᠤ ᠴᠡᠷᠢᠭ ᠠᠩᠭᠢ ᠶᠢᠨ ᠺᠠᠳ᠋ᠷ᠂ ᠬᠤᠯᠪᠣᠰᠤ ᠪᠠᠨ ᠴᠡᠷᠢᠭ ᠠᠩᠭᠢ ᠶᠢ ᠳᠠᠭᠠᠵᠤ ᠠᠯᠠᠱᠠ ᠵᠡᠭᠦᠨ ᠬᠤᠰᠢᠭᠤᠨ ᠳᠤ ᠡᠷᠦᠬᠡ ᠠᠮᠠ ᠣᠷᠣᠭᠤᠯᠬᠤ ᠪᠠᠷ ᠱᠠᠭᠠᠷᠳᠠᠪᠠᠯ᠂ ᠴᠡᠷᠢᠭ ᠠᠩᠭᠢ ᠶᠢᠨ ᠳ᠋ᠢᠸᠢᠽᠢ ᠶᠢᠨ ᠱᠠᠲᠤᠨ ᠠᠴᠠ ᠳᠡᠭᠡᠭᠰᠢᠬᠢ ᠤᠯᠤᠰ ᠲᠥᠷᠥ ᠶᠢᠨ ᠪᠠᠶᠢᠭᠤᠯᠭ᠎ᠠ ᠪᠠᠷ ᠵᠥᠪᠰᠢᠶᠡᠷᠡᠭᠦᠯᠦᠭᠡᠳ ᠡᠷᠦᠬᠡ ᠠᠮᠠ ᠣᠷᠣᠭᠤᠯᠬᠤ ᠭᠠᠷ ᠭᠦᠢᠴᠡᠳᠬᠡᠯ ᠬᠢᠯᠭᠡᠬᠦ ᠪᠠᠷ ᠭᠤᠶᠤᠴᠢᠯᠠᠵᠤ ᠪᠣᠯᠣᠨ᠎ᠠ᠃            ᠠᠷᠪᠠᠨ ᠨᠢᠭᠡᠳᠦᠭᠡᠷ ᠵᠦᠢᠯ    ᠵᠢᠩᠬᠢᠨᠢ ᠠᠯᠪᠠᠨ ᠠᠴᠠ ᠪᠠᠭᠤᠭᠰᠠᠨ ᠲᠠᠷᠢᠶᠠᠯᠠᠬᠤ ᠮᠠᠯᠵᠢᠬᠤ ᠣᠷᠣᠨ ᠤ ᠬᠠᠷᠢᠶ᠎ᠠ ᠲᠠᠢ ᠠᠯᠪᠠᠨ ᠵᠢᠷᠤᠮ ᠤᠨ ᠴᠡᠷᠢᠭ ᠪᠣᠯᠣᠨ ᠪᠠᠭ᠎ᠠ ᠣᠹᠢᠼᠧᠷ ᠪᠠᠶᠢᠩᠭᠤ ᠰᠠᠭᠤᠭ᠎ᠠ ᠭᠠᠵᠠᠷ ᠲᠠᠭᠠᠨ ᠠᠯᠠᠱᠠ ᠵᠡᠭᠦᠨ ᠬᠤᠰᠢᠭᠤᠨ ᠤ ᠪᠠᠶᠢᠩᠭᠤ ᠰᠠᠭᠤᠭ᠎ᠠ ᠡᠷᠥᠭᠡ ᠶᠢ ᠬᠦᠰᠡᠯᠲᠡ ᠪᠠᠨ ᠳᠡᠪᠰᠢᠭᠦᠯᠦᠨ ᠭᠦᠢᠴᠡᠳᠬᠡᠵᠦ ᠪᠣᠯᠣᠨ᠎ᠠ᠂ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ᠂ ᠬᠠᠤᠯᠢ ᠶᠣᠰᠣᠨ ᠤ ᠲᠣᠭᠲᠠᠪᠤᠷᠢᠲᠠᠢ ᠠᠵᠢᠯ ᠣᠯᠬᠤ᠂ ᠬᠤᠲᠠ ᠪᠠᠯᠭᠠᠰᠤ ᠶᠢᠨ ᠨᠡᠶᠢᠭᠡᠮ ᠤᠨ ᠳᠠᠭᠠᠳᠬᠠᠯ ᠳᠤ ᠣᠷᠣᠯᠴᠠᠬᠤ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠦᠭᠡᠢ᠃            ᠠᠷᠪᠠᠨ ᠬᠤᠶᠠᠳᠤᠭᠠᠷ ᠵᠦᠢᠯ    ᠠᠯᠠᠱᠠ ᠵᠡᠭᠦᠨ ᠬᠤᠰᠢᠭᠤᠨ ᠤ ᠬᠤᠲᠠ ᠪᠠᠯᠭᠠᠰᠤᠨ ᠳᠤ ᠵᠠᠯᠭᠠᠭ᠎ᠠ ᠪᠠᠷ 6 ᠰᠠᠷ᠎ᠠ ᠠᠴᠠ ᠳᠡᠭᠡᠭᠰᠢ ᠰᠠᠭᠤᠭᠰᠠᠨ ᠬᠥᠮᠥᠰ᠂ ᠣᠲᠣ ᠶᠢᠨ ᠪᠣᠳᠠᠲᠠᠢ ᠰᠠᠭᠤᠭ᠎ᠠ ᠭᠠᠵᠠᠷ ᠲᠠᠭᠠᠨ ᠡᠷᠦᠬᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ᠂ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ᠂ ᠬᠠᠤᠯᠢ ᠶᠣᠰᠣᠨ ᠤ ᠲᠣᠭᠲᠠᠪᠤᠷᠢᠲᠠᠢ ᠠᠵᠢᠯ ᠣᠯᠭᠤᠯᠲᠠ᠂ ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠯᠴᠠᠬᠤ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠦᠭᠡᠢ᠃            ᠠᠷᠪᠠᠨ ᠭᠤᠷᠪᠠᠳᠤᠭᠠᠷ ᠵᠦᠢᠯ    ᠠᠯᠠᠱᠠ ᠵᠡᠭᠦᠨ ᠬᠤᠰᠢᠭᠤᠨ ᠤ ᠬᠤᠲᠠ ᠪᠠᠯᠭᠠᠰᠤᠨ ᠳᠤ ᠲᠤᠬᠠᠢ ᠶᠢᠨ ᠭᠠᠵᠠᠷ ᠤᠨ ᠡᠷᠦᠬᠡ ᠠᠮᠠ ᠶᠢᠨ ᠲᠠᠩᠰᠠ ᠲᠠᠢ ᠬᠥᠮᠥᠰ᠂ ᠲᠡᠭᠦᠨ ᠲᠠᠢ ᠬᠠᠮᠲᠤ ᠰᠠᠭᠤᠵᠤ ᠠᠮᠢᠳᠤᠷᠠᠵᠤ ᠪᠠᠶᠢᠭ᠎ᠠ ᠬᠤᠯᠪᠣᠰᠤ᠂ ᠦᠷ᠎ᠡ ᠬᠡᠦᠬᠡᠳ᠂ ᠣᠮᠪᠣᠯᠣ ᠬᠦᠦ ᠥᠬᠢᠨ ︵ᠵᠢᠭᠡ ᠣᠮᠪᠣᠯᠣ ᠬᠦᠦ ᠥᠬᠢᠨ︶ ᠪᠣᠯᠣᠨ ᠡᠷ᠎ᠡ ᠡᠮ᠎ᠡ ᠬᠤᠶᠠᠷ ᠡᠲᠡᠭᠡᠳ ᠤᠨ ᠡᠴᠢᠭᠡ ᠡᠬᠡ ᠨᠢ ᠲᠤᠬᠠᠢ ᠶᠢᠨ ᠭᠠᠵᠠᠷ ᠤᠨ ᠪᠠᠶᠢᠩᠭᠤ ᠰᠠᠭᠤᠭ᠎ᠠ ᠡᠷᠦᠬᠡ ᠠᠮᠠ ᠶᠢᠨ ᠲᠠᠩᠰᠠ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠦᠰᠡᠯᠲᠡ ᠪᠠᠨ ᠳᠡᠪᠰᠢᠭᠦᠯᠦᠨ ᠭᠦᠢᠴᠡᠳᠬᠡᠵᠦ ᠪᠣᠯᠣᠨ᠎ᠠ            ᠭᠤᠷᠪᠠᠳᠤᠭᠠᠷ ᠪᠦᠯᠦᠭ   ᠡᠷᠦᠭᠡ ᠠᠮᠠ ᠶᠢᠨ ᠳᠠᠩᠰᠠᠯᠠᠯᠲᠠ ᠪᠠ ᠬᠠᠮᠢᠶᠠᠷᠤᠯᠲᠠ ᠶᠢ ᠵᠢᠷᠤᠮᠵᠢᠭᠤᠯᠤᠨ᠎ᠠ            ᠠᠷᠪᠠᠨ ᠳᠥᠷᠪᠡᠳᠦᠭᠡᠷ ᠵᠦᠢᠯ    ᠤᠤᠯ ᠨᠢ ᠠᠯᠠᠱᠠ ᠵᠡᠭᠦᠨ ᠬᠤᠰᠢᠭᠤᠨ ᠤ ᠰᠠᠭᠤᠭᠠᠯᠢ ᠠᠷᠠᠳ ᠵᠢᠯ ᠲᠤᠷᠰᠢ ᠭᠠᠳᠠᠭᠰᠢ ᠭᠠᠷᠤᠭᠠᠳ ᠡᠷᠦᠬᠡ ᠠᠮᠠ ᠪᠠᠨ ᠬᠠᠰᠤᠭᠤᠯᠤᠭᠰᠠᠨ᠂ ᠪᠦᠷᠢᠳᠬᠡᠭᠦᠯᠬᠦ ᠠᠴᠠ ᠭᠤᠭᠤᠵᠢᠭᠳᠠᠭᠰᠠᠨ ᠵᠡᠷᠭᠡ ᠲᠡᠦᠬᠡ ᠶᠢᠨ ᠰᠢᠯᠲᠠᠭᠠᠨ ᠠᠴᠠ ᠪᠣᠶ ᠪᠣᠯᠤᠭᠰᠠᠨ ᠡᠷᠦᠬᠡ ᠠᠮᠠ ᠶᠢᠨ ᠲᠠᠩᠰᠠ ᠦᠭᠡᠢ ᠬᠥᠮᠥᠰ᠂ ᠣᠲᠣ ᠪᠠᠰᠠ ᠤᠤᠯ ᠤᠨ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠲᠠᠭᠠᠨ ᠪᠤᠴᠠᠵᠤ ᠪᠣᠳᠠᠲᠠᠢ ᠰᠠᠭᠤᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠪᠠᠶᠢᠴᠠᠭᠠᠨ ᠬᠠᠷᠭᠤᠭᠤᠯᠤᠭᠠᠳ ᠪᠤᠰᠤᠳ ᠭᠠᠵᠠᠷ ᠲᠤ ᠡᠷᠦᠬᠡ ᠠᠮᠠ ᠪᠠᠨ ᠣᠷᠣᠭᠤᠯᠤᠭᠰᠠᠨ ᠦᠭᠡᠢ ᠪᠠᠶᠢᠪᠠᠯ᠂ ᠤᠤᠯ ᠤᠨ ᠡᠷᠦᠬᠡ ᠠᠮᠠ ᠶᠢᠨ ᠲᠠᠩᠰᠠ ᠪᠠᠨ ᠬᠠᠰᠤᠭᠤᠯᠵᠤ᠂ ᠪᠦᠷᠢᠳᠬᠡᠭᠦᠯᠬᠦ ᠠᠴᠠ ᠭᠤᠭᠤᠵᠢᠭᠳᠠᠭᠰᠠᠨ ᠭᠠᠵᠠᠷ ᠲᠤᠨᠢ ᠪᠠᠶᠢᠩᠭᠤ ᠰᠠᠭᠤᠭ᠎ᠠ ᠡᠷᠦᠬᠡ ᠠᠮᠠ ᠶᠢᠨ ᠳᠠᠩᠰᠠᠯᠠᠯᠲᠠ ᠶᠢ ᠰᠡᠷᠭᠦᠭᠡᠵᠦ ᠪᠣᠯᠣᠨ᠎ᠠ᠃ ᠠᠩᠬᠠᠨ ᠤ ᠡᠷᠦᠬᠡ ᠠᠮᠠ ᠶᠢᠨ ᠳᠠᠩᠰᠠᠯᠠᠯᠲᠠ ᠶᠢᠨ ᠮᠠᠲ᠋ᠧᠷᠢᠶᠠᠯ ᠲᠠᠢ ᠪᠠᠶᠢᠪᠠᠯ᠂ ᠠᠩᠬᠠᠨ ᠤ ᠡᠷᠦᠬᠡ ᠠᠮᠠ ᠶᠢᠨ ᠳᠠᠩᠰᠠᠯᠠᠯᠲᠠ ᠶᠢᠨ ᠮᠠᠲ᠋ᠧᠷᠢᠶᠠᠯ ᠵᠡᠷᠭᠡ ᠮᠠᠲ᠋ᠧᠷᠢᠶᠠᠯ ᠢᠶᠠᠷ ᠢᠶᠠᠨ ᠪᠠᠶᠢᠩᠭᠤ ᠰᠠᠭᠤᠭ᠎ᠠ ᠡᠷᠦᠬᠡ ᠠᠮᠠ ᠶᠢᠨ ᠳᠠᠩᠰᠠᠯᠠᠯᠲᠠ ᠬᠢᠯᠭᠡᠬᠦ ᠪᠠᠷ ᠬᠦᠰᠡᠯᠲᠡ ᠪᠠᠨ ᠳᠡᠪᠰᠢᠭᠦᠯᠦᠨ᠎ᠡ᠃ ᠠᠩᠬᠠᠨ ᠤ ᠡᠷᠦᠬᠡ ᠠᠮᠠ ᠶᠢᠨ ᠳᠠᠩᠰᠠᠯᠠᠯᠲᠠ ᠶᠢᠨ ᠮᠠᠲ᠋ᠧᠷᠢᠶᠠᠯ ᠪᠠᠶᠢᠬᠤ ᠦᠭᠡᠢ ᠪᠣᠯ᠂ ᠲᠣᠰ ᠬᠥᠮᠥᠨ ᠪᠤᠶᠤ ᠬᠢᠨᠠᠨ ᠬᠠᠮᠠᠭᠠᠯᠠᠭᠴᠢ ᠶᠢᠨ ᠪᠢᠴᠢᠭᠯᠡᠭᠰᠡᠨ ᠭᠤᠶᠤᠴᠢᠯᠠᠯ᠂ ᠭᠠᠴᠠᠭ᠎ᠠ ᠲᠣᠰᠬᠤᠨ ︵ᠰᠠᠭᠤᠭᠠᠯᠢ ᠠᠷᠠᠳ︶᠎ ᠤ ᠵᠥᠪᠯᠡᠯ ᠤᠨ ᠣᠲᠣ ᠶᠢᠨ ᠣᠷᠣᠰᠢᠨ ᠰᠠᠭᠤᠵᠤ ᠪᠠᠶᠢᠭ᠎ᠠ ᠪᠠᠶᠢᠳᠠᠯ ᠤᠨ ᠲᠤᠬᠠᠢ ᠭᠡᠷᠡᠴᠢ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠪᠠᠶᠢᠴᠠᠭᠠᠭᠰᠠᠨ ᠮᠠᠲ᠋ᠧᠷᠢᠶᠠᠯ ᠵᠡᠷᠭᠡ ᠶᠢ ᠳᠡᠭᠡᠭᠰᠢ ᠬᠤᠰᠢᠭᠤ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠵᠦ ᠬᠢᠨᠠᠨ ᠪᠠᠶᠢᠴᠠᠭᠠᠯᠭᠠᠵᠤ᠂ ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠡᠷᠦᠬᠡ ᠠᠮᠠ ᠶᠢ ᠨᠢ ᠰᠡᠷᠭᠦᠭᠡᠵᠦ ᠥᠭᠭᠦᠨ᠎ᠡ᠃            ᠠᠷᠪᠠᠨ ᠲᠠᠪᠤᠳᠤᠭᠠᠷ ᠵᠦᠢᠯ    ᠡᠷ᠎ᠡ ᠡᠮ᠎ᠡ ᠬᠤᠶᠠᠭᠤᠯᠠ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ ᠳᠠᠩᠰᠠᠯᠠᠯᠲᠠ ᠶᠢ ᠲᠦᠰᠢᠵᠦ ᠬᠢᠭᠰᠡᠨ ᠪᠠᠶᠢᠪᠠᠯ᠂ ᠤᠷᠤᠭᠯᠠᠭᠠᠳ ᠪᠦᠬᠦᠯᠢ ᠬᠤᠶᠠᠷ ᠵᠢᠯ ᠪᠣᠯᠵᠤ᠂ ᠨᠢᠭᠡ ᠲᠠᠯ᠎ᠠ ᠨᠢ ᠦᠢᠯᠡᠳᠪᠦᠷᠢᠯᠡᠬᠦ ᠠᠵᠢᠯ ᠠᠮᠢᠳᠤᠷᠠᠯ ᠤᠨ ᠬᠡᠷᠡᠭᠰᠡᠯ ᠲᠠᠢ ᠪᠥᠭᠡᠳ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠳᠤ ᠬᠠᠷᠢᠶᠠᠯᠠᠭᠳᠠᠨ᠎ᠠ᠂ ᠲᠤᠰ ᠬᠥᠮᠥᠨ ᠨᠢ ᠪᠢᠴᠢᠭ ᠤᠨ ᠭᠤᠶᠤᠴᠢᠯᠠᠯ ᠭᠠᠷᠭᠠᠵᠤ᠂ ᠡᠷᠬᠡᠪᠰᠢ ᠭᠠᠴᠠᠭᠠᠨ ᠤ ᠵᠥᠪᠯᠡᠯ ᠤᠨ ᠵᠥᠪᠰᠢᠶᠡᠷᠡᠯ ᠢ ᠣᠯᠵᠤ᠂ ᠰᠢᠢᠳᠪᠦᠷᠢ ᠭᠠᠷᠭᠠᠭᠰᠠᠨ ᠤ ᠳᠠᠷᠠᠭ᠎ᠠ᠂ ᠭᠠᠴᠠᠭ᠎ᠠ ︵ᠲᠣᠰᠬᠤᠨ︶᠎ ᠶᠢᠨ ᠭᠠᠴᠠᠭᠠᠨ ᠤ ᠠᠷᠠᠳ ᠤᠨ ᠶᠡᠭᠡ ᠬᠤᠷᠠᠯ ᠢ ᠬᠤᠷᠠᠯᠳᠤᠭᠤᠯᠵᠤ᠂ ᠪᠥᠬᠦ ᠭᠠᠴᠠᠭᠠᠨ ᠤ ᠠᠷᠠᠳ ᠤᠨ ᠭᠤᠷᠪᠠᠨ ᠤ ᠬᠤᠶᠠᠷ ᠠᠴᠠ ᠳᠡᠭᠡᠭᠰᠢᠬᠢ ᠪᠠᠷ ᠪᠠᠲᠤᠯᠠᠭᠤᠯᠤᠭᠰᠠᠨ ᠪᠥᠭᠡᠳ ᠭᠠᠴᠠᠭ᠎ᠠ ᠪᠠᠷ ᠵᠠᠷᠯᠠᠨ ᠨᠡᠶᠢᠲᠡᠯᠡᠭᠡᠳ ᠲᠤᠯᠤᠭᠠᠨ ᠡᠳᠦᠷ ᠤᠨ ᠳᠣᠲᠣᠷ᠎ᠠ ᠣᠨᠳᠣᠣ ᠰᠠᠨᠠᠯ ᠦᠭᠡᠢ ᠪᠠᠶᠢᠪᠠᠯ᠂ ᠲᠤᠬᠠᠢ ᠶᠢᠨ ᠭᠠᠵᠠᠷ ᠤᠨ ᠰᠤᠮᠤ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠮᠡᠳᠡᠭᠦᠯᠦᠨ ᠰᠤᠳᠤᠯᠵᠤ ᠵᠥᠪᠰᠢᠶᠡᠷᠡᠯ ᠤᠨ ᠪᠢᠴᠢᠭ ᠭᠠᠷᠭᠠᠯᠭᠠᠵᠤ᠂ ᠨᠡᠭᠦᠵᠦ ᠣᠷᠣᠬᠤ ᠭᠠᠵᠠᠷ ᠤᠨ ᠲᠣᠮᠢᠯᠠᠭᠰᠠᠨ ᠰᠠᠯᠪᠤᠷᠢ ᠠᠴᠠ ᠭᠥᠯᠢᠶᠡᠨ ᠠᠪᠴᠤ ᠰᠢᠢᠳᠪᠦᠷᠢᠯᠡᠵᠦ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠬᠢᠨᠠᠨ ᠬᠠᠷᠭᠤᠭᠤᠯᠵᠤ᠂ ᠳᠡᠭᠡᠭᠰᠢ ᠠᠯᠠᠱᠠ ᠵᠡᠭᠦᠨ ᠬᠤᠰᠢᠭᠤᠨ ᠤ ᠡᠷᠦᠬᠡ ᠠᠮᠠ ᠶᠢᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠳᠤ ᠮᠡᠳᠡᠭᠦᠯᠵᠦ ᠵᠥᠪᠰᠢᠶᠡᠷᠡᠭᠦᠯᠦᠭᠡᠳ᠂ ᠡᠷᠦᠬᠡ ᠳᠤ ᠣᠷᠣᠬᠤ ᠭᠠᠷᠳᠠᠮ ᠢ ᠭᠦᠢᠴᠡᠳᠬᠡᠵᠦ ᠪᠣᠯᠣᠨ᠎ᠠ᠃ ᠨᠠᠰᠤᠨ ᠳᠤ ᠬᠦᠷᠦᠭᠡᠳᠦᠢ ᠦᠷ᠎ᠡ ᠬᠡᠦᠬᠡᠳ ᠨᠢ ᠳᠠᠭᠠᠵᠤ ᠨᠡᠭᠦᠵᠦ ᠣᠷᠣᠬᠤ ᠭᠠᠷ ᠭᠦᠢᠴᠡᠳᠬᠡᠯ ᠬᠢᠵᠦ ᠪᠣᠯᠣᠨ᠎ᠠ᠃            ᠠᠷᠪᠠᠨ ᠵᠢᠷᠭᠤᠳᠤᠭᠠᠷ ᠵᠦᠢᠯ    ᠠᠷᠠᠳ ᠢᠷᠭᠡᠨ ᠨᠠᠰᠤᠨ ᠳᠤ ᠦᠯᠤ ᠬᠥᠷᠦᠭᠰᠡᠳ ᠢ ᠡᠷᠭᠦᠨ ᠲᠡᠵᠢᠭᠡᠬᠦ ᠳᠤ ᠬᠥᠷᠪᠡᠯ᠂ ᠡᠷᠭᠦᠨ ᠲᠡᠵᠢᠭᠡᠭᠴᠢ ᠨᠢ ᠰᠠᠭᠤᠭᠠᠯᠢ ᠠᠷᠠᠳ ᠤᠨ ᠡᠷᠤᠭᠡ ᠠᠮᠠ ᠶᠢᠨ ᠲᠠᠩᠰᠠ ᠶᠢᠨ ᠳᠡᠪᠲᠡᠷ᠂ ︽ᠡᠷᠭᠦᠨ ᠲᠡᠵᠢᠭᠡᠬᠦ ᠶᠢ ᠳᠠᠩᠰᠠᠯᠠᠭᠤᠯᠤᠭᠰᠠᠨ ᠦᠨᠡᠮᠯᠡᠯ︾ ᠪᠤᠶᠤ ᠪᠣᠳᠠᠲᠤ ᠬᠡᠷᠡᠭ ᠳᠡᠭᠡᠷᠡᠬᠢ ᠡᠷᠭᠦᠨ ᠲᠡᠵᠢᠭᠡᠭᠰᠡᠨ ᠠᠯᠪᠠᠨ ᠭᠡᠷᠡᠴᠢᠯᠡᠭᠡᠨ ᠤ ᠪᠢᠴᠢᠭ ᠢᠶᠠᠨ ᠠᠪᠴᠤ᠂ ᠡᠷᠭᠦᠨ ᠲᠡᠵᠢᠭᠡᠭᠴᠢ ᠶᠢᠨ ᠡᠷᠤᠭᠡ ᠠᠮᠠ ᠶᠢᠨ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠳᠤ ᠡᠷᠤᠭᠡ ᠠᠮᠠ ᠶᠢᠨ ᠳᠠᠩᠰᠠᠯᠠᠯᠲᠠ ᠬᠢᠯᠭᠡᠬᠦ ᠪᠠᠷ ᠮᠡᠳᠡᠭᠦᠯᠬᠦ ᠬᠡᠷᠡᠭᠲᠡᠢ᠃ ᠡᠷᠭᠦᠨ ᠲᠡᠵᠢᠭᠡᠭᠴᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠡᠷᠭᠦᠨ ᠲᠡᠵᠢᠭᠡᠬᠦ ᠨᠢᠭᠤᠴᠠ ᠶᠢ ᠬᠠᠮᠠᠭᠠᠯᠠᠬᠤ ᠭᠤᠶᠤᠴᠢᠯᠠᠯ ᠭᠠᠷᠭᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠨᠢ ᠰᠠᠭᠤᠭᠠᠯᠢ ᠠᠷᠠᠳ ᠤᠨ ᠡᠷᠦᠭᠡ ᠠᠮᠠ ᠶᠢᠨ ᠳᠡᠪᠲᠡᠷ ᠳᠡᠭᠡᠷ᠎ᠡ ᠡᠷᠭᠦᠨ ᠲᠡᠵᠢᠭᠡᠭᠴᠢ ᠪᠣᠯᠣᠨ ᠡᠷᠭᠦᠨ ᠲᠡᠵᠢᠭᠡᠭᠳᠡᠭᠴᠢ ᠶᠢᠨ ᠬᠠᠷᠢᠴᠠᠭ᠎ᠠ ᠶᠢ ᠡᠴᠢᠭᠡ ᠡᠬᠡ ᠦᠷ᠎ᠡ ᠬᠡᠦᠬᠡᠳ ᠤᠨ ᠬᠠᠷᠢᠴᠠᠭ᠎ᠠ ᠪᠠᠷ ᠳᠠᠩᠰᠠᠯᠠᠭᠤᠯᠵᠤ ᠪᠣᠯᠣᠨ᠎ᠠ᠃            ᠠᠷᠪᠠᠨ ᠳᠣᠯᠣᠳᠤᠭᠠᠷ ᠵᠦᠢᠯ    ᠬᠠᠤᠯᠢ ᠴᠠᠭᠠᠵᠠ ᠬᠠᠤᠯᠢ ᠲᠣᠭᠲᠠᠭᠠᠯ ᠪᠤᠶᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠦᠭᠡᠢ ᠪᠠᠷ ᠲᠥᠷᠥᠭᠰᠡᠨ ᠨᠢᠯᠬ᠎ᠠ ᠬᠡᠦᠬᠡᠳ ᠲᠤ ᠪᠣᠯ᠂ ᠲᠣᠰ ᠬᠥᠮᠥᠨ ᠪᠤᠶᠤ ᠬᠢᠨᠠᠨ ᠬᠠᠮᠠᠭᠠᠯᠠᠭᠴᠢ ᠨᠢ ︽ᠲᠥᠷᠥᠭᠰᠡᠨ ᠠᠨᠠᠭᠠᠬᠤ ᠤᠬᠠᠭᠠᠨ ᠤ ᠭᠡᠷᠡᠴᠢ︾ ᠪᠣᠯᠣᠨ ᠡᠴᠢᠭᠡ ᠡᠬᠡ ᠶᠢᠨ ᠨᠢᠭᠡ ᠡᠲᠡᠭᠡᠳ ᠤᠨ ᠰᠠᠭᠤᠭᠠᠯᠢ ᠠᠷᠠᠳ ᠤᠨ ᠡᠷᠦᠬᠡ ᠠᠮᠠ ᠶᠢᠨ ᠳᠡᠪᠲᠡᠷ᠂ ᠣᠷᠤᠭ ᠤᠨ ᠦᠨᠡᠮᠯᠡᠯ ᠪᠤᠶᠤ ᠤᠷᠤᠭᠯᠠᠭᠰᠠᠨ ᠦᠭᠡᠢ ᠪᠠᠷ ᠲᠥᠷᠥᠭᠰᠡᠨ ᠲᠣᠳᠣᠷᠬᠠᠶᠢᠯᠠᠯᠲᠠ ᠪᠠᠨ ᠠᠪᠴᠤ᠂ ᠡᠴᠢᠭᠡ ᠡᠬᠡ ᠪᠠᠨ ᠳᠠᠭᠠᠵᠤ ᠰᠠᠶᠢᠨ ᠳᠤᠷ᠎ᠠ ᠠᠴᠠ ᠪᠠᠨ ᠡᠷᠦᠬᠡ ᠠᠮᠠ ᠣᠷᠣᠬᠤ ᠲᠥᠷᠥ ᠶᠢᠨ ᠪᠣᠳᠣᠯᠭ᠎ᠠ ᠶᠢᠨ ᠶᠣᠰᠣᠭᠠᠷ᠂ ᠪᠠᠶᠢᠩᠭᠤ ᠰᠠᠭᠤᠬᠤ ᠡᠷᠦᠬᠡ ᠠᠮᠠ ᠶᠢᠨ ᠳᠠᠩᠰᠠᠯᠠᠯᠲᠠ ᠬᠢᠯᠭᠡᠬᠦ ᠪᠠᠷ ᠭᠤᠶᠤᠴᠢᠯᠠᠵᠤ ᠪᠣᠯᠣᠨ᠎ᠠ᠃ ᠡᠴᠢᠭᠡ ᠪᠠᠨ ᠳᠠᠭᠠᠵᠤ ᠡᠷᠦᠬᠡ ᠠᠮᠠ ᠣᠷᠣᠬᠤ ᠪᠠᠷ ᠭᠤᠶᠤᠴᠢᠯᠠᠭᠰᠠᠨ ᠤᠷᠤᠭᠯᠠᠭᠰᠠᠨ ᠦᠭᠡᠢ ᠪᠠᠷ ᠲᠥᠷᠥᠭᠰᠡᠨ ᠡᠷᠦᠬᠡ ᠠᠮᠠ ᠦᠭᠡᠢ ᠬᠥᠮᠥᠰ ᠲᠤ᠂ ᠬᠢᠷᠢ ᠬᠡᠮ ᠲᠠᠢ ᠬᠢᠨᠠᠨ ᠲᠣᠭᠲᠠᠭᠠᠬᠤ ᠪᠠᠶᠢᠭᠤᠯᠤᠮᠵᠢ ᠶᠢᠨ ᠭᠠᠷᠭᠠᠭᠰᠠᠨ ᠡᠴᠢᠭᠡ ᠡᠬᠡ ᠦᠷ᠎ᠡ ᠬᠡᠦᠬᠡᠳ ᠤᠨ ᠬᠢᠨᠠᠨ ᠲᠣᠭᠲᠠᠭᠠᠯᠲᠠ ᠶᠢᠨ ᠭᠡᠷᠡᠴᠢ ᠶᠢ ᠵᠡᠷᠭᠡᠪᠡᠷ ᠬᠠᠩᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠪᠠᠶᠢᠴᠠᠭᠠᠨ ᠬᠠᠷᠭᠤᠭᠤᠯᠵᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃ ︽ᠲᠥᠷᠥᠭᠰᠡᠨ ᠠᠨᠠᠭᠠᠬᠤ ᠤᠬᠠᠭᠠᠨ ᠤ ᠭᠡᠷᠡᠴᠢ︾ ᠬᠢᠯᠭᠡᠭᠰᠡᠨ ᠦᠭᠡᠢ ᠡᠷᠦᠬᠡ ᠠᠮᠠ ᠶᠢᠨ ᠲᠠᠩᠰᠠ ᠦᠭᠡᠢ ᠬᠥᠮᠥᠨ᠂ ᠬᠥᠩᠭᠡᠵᠢᠭᠦᠯᠬᠦ ᠪᠠᠶᠢᠭᠤᠯᠤᠮᠵᠢ ᠳᠤ ᠲᠥᠷᠥᠭᠰᠡᠨ ᠡᠷᠦᠬᠡ ᠠᠮᠠ ᠶᠢᠨ ᠲᠠᠩᠰᠠ ᠦᠭᠡᠢ ᠬᠥᠮᠥᠨ ᠤ ᠲᠣᠰ ᠬᠥᠮᠥᠨ ᠪᠤᠶᠤ ᠲᠡᠭᠦᠨ ᠤ ᠬᠢᠨᠠᠨ ᠬᠠᠮᠠᠭᠠᠯᠠᠭᠴᠢ ᠨᠢ ᠲᠣᠰ ᠬᠥᠩᠭᠡᠵᠢᠭᠦᠯᠬᠦ ᠪᠠᠶᠢᠭᠤᠯᠤᠮᠵᠢ ᠳᠤ ︽ᠲᠥᠷᠥᠭᠰᠡᠨ ᠠᠨᠠᠭᠠᠬᠤ ᠤᠬᠠᠭᠠᠨ ᠤ ᠭᠡᠷᠡᠴᠢ︾ ᠬᠦᠰᠡᠯᠲᠡ ᠪᠠᠨ ᠳᠡᠪᠰᠢᠭᠦᠯᠦᠨ ᠠᠪᠴᠤ ᠪᠣᠯᠣᠨ᠎ᠠ᠃ ᠬᠥᠩᠭᠡᠵᠢᠭᠦᠯᠬᠦ ᠪᠠᠶᠢᠭᠤᠯᠤᠮᠵᠢ ᠠᠴᠠ ᠭᠠᠳᠠᠨ᠎ᠠ ᠲᠥᠷᠥᠭᠰᠡᠨ ᠡᠷᠦᠬᠡ ᠠᠮᠠ ᠶᠢᠨ ᠲᠠᠩᠰᠠ ᠦᠭᠡᠢ ᠬᠥᠮᠥᠰ ᠲᠤ᠂ ᠲᠣᠰ ᠬᠥᠮᠥᠨ ᠪᠤᠶᠤ ᠲᠡᠭᠦᠨ ᠤ ᠬᠢᠨᠠᠨ ᠬᠠᠮᠠᠭᠠᠯᠠᠭᠴᠢ ᠨᠢ ᠬᠢᠷᠢ ᠬᠡᠮ ᠲᠠᠢ ᠬᠢᠨᠠᠨ ᠲᠣᠭᠲᠠᠭᠠᠬᠤ ᠪᠠᠶᠢᠭᠤᠯᠤᠮᠵᠢ ᠶᠢᠨ ᠭᠠᠷᠭᠠᠭᠰᠠᠨ ᠡᠴᠢᠭᠡ ᠡᠬᠡ ᠦᠷ᠎ᠡ ᠬᠡᠦᠬᠡᠳ ᠤᠨ ᠬᠢᠨᠠᠨ ᠲᠣᠭᠲᠠᠭᠠᠯᠲᠠ ᠶᠢᠨ ᠭᠡᠷᠡᠴᠢ ᠶᠢ ᠬᠠᠩᠭᠠᠵᠤ᠂ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠨᠠᠶᠢᠳᠠᠭᠰᠠᠨ ᠪᠠᠶᠢᠭᠤᠯᠤᠮᠵᠢ ᠠᠴᠠ ︽ᠲᠥᠷᠥᠭᠰᠡᠨ ᠠᠨᠠᠭᠠᠬᠤ ᠤᠬᠠᠭᠠᠨ ᠤ ᠭᠡᠷᠡᠴᠢᠯᠡᠯ︾ ᠎ ᠢ ᠬᠦᠰᠡᠯᠲᠡ ᠪᠠᠨ ᠳᠡᠪᠰᠢᠭᠦᠯᠦᠨ ᠭᠦᠢᠴᠡᠳᠬᠡᠬᠦ ᠬᠡᠷᠡᠭᠲᠡᠢ᠃ ᠡᠷᠦᠭᠡ ᠠᠮᠠ ᠶᠢᠨ ᠲᠡᠩᠰᠠ ᠦᠭᠡᠢ ᠬᠥᠮᠥᠨ ᠪᠤᠶᠤ ᠲᠡᠭᠦᠨ ᠤ ᠬᠢᠨᠠᠨ ᠬᠠᠮᠠᠭᠠᠯᠠᠭᠴᠢ ᠨᠢ ︽ᠲᠥᠷᠦᠭᠰᠡᠠ ᠠᠨᠠᠭᠠᠬᠤ ᠤᠬᠠᠭᠠᠨ ᠤ ᠭᠡᠷᠡᠴᠢ︾ ᠪᠣᠯᠣᠨ ᠡᠴᠢᠭᠡ ᠡᠬᠡ ᠶᠢᠨ ᠬᠢᠨᠢ ᠨᠢᠭᠡ ᠡᠲᠡᠭᠡᠳ ᠤᠨ ᠰᠠᠭᠤᠭᠠᠯᠢ ᠠᠷᠠᠳ ᠤᠨ ᠡᠷᠦᠭᠡ ᠠᠮᠠ ᠶᠢᠨ ᠲᠡᠩᠰᠠ᠂ ᠤᠷᠤᠬ ᠤᠨ ᠦᠨᠡᠮᠯᠡᠯ ᠪᠤᠶᠤ ᠤᠷᠤᠭᠯᠠᠭᠰᠠᠨ ᠦᠭᠡᠢ ᠪᠠᠷ ᠲᠥᠷᠦᠭᠰᠡᠠ ᠲᠣᠳᠣᠷᠬᠠᠶᠢᠯᠠᠯᠲᠠ ᠪᠠᠷ ᠢᠶᠠᠨ ᠪᠠᠶᠢᠩᠭᠤ ᠰᠠᠭᠤᠬᠤ ᠡᠷᠦᠭᠡ ᠠᠮᠠ ᠶᠢᠨ ᠳᠠᠩᠰᠠᠯᠠᠯᠲᠠ ᠬᠢᠯᠭᠡᠬᠦ ᠪᠠᠷ ᠬᠦᠰᠡᠯᠲᠡ ᠪᠠᠨ ᠳᠡᠪᠰᠢᠭᠦᠯᠦᠨ᠎ᠡ᠃ ︽ᠲᠦᠷᠦᠭᠰᠡᠨ ᠠᠨᠠᠭᠠᠬᠤ ᠤᠬᠠᠭᠠᠨ ᠤ ᠭᠡᠷᠡᠴᠢ︾ ᠎ ᠶᠢ ᠬᠦᠰᠡᠯᠲᠡ ᠎ ᠪᠠᠨ ᠳᠡᠪᠰᠢᠭᠦᠯᠦᠨ ᠭᠦᠢᠴᠡᠳᠬᠡᠬᠦ ᠶᠢᠨ ᠠᠷᠭ᠎ᠠ ᠦᠭᠡᠢ ᠪᠠᠶᠢᠪᠠᠯ᠂ ᠲᠤᠰ ᠬᠥᠮᠥᠨ ᠪᠤᠶᠤ ᠲᠡᠭᠦᠨ ᠤ ᠬᠢᠨᠠᠨ ᠬᠠᠮᠠᠭᠠᠯᠠᠭᠴᠢ ᠨᠢ ᠬᠢᠷᠢ ᠬᠡᠮ ᠪᠦᠬᠦᠢ ᠬᠢᠨᠠᠨ ᠲᠣᠭᠲᠠᠭᠠᠬᠤ ᠪᠠᠶᠢᠭᠤᠯᠤᠮᠵᠢ ᠶᠢᠨ ᠭᠠᠷᠭᠠᠭᠰᠠᠨ ᠡᠴᠢᠭᠡ ᠡᠬᠡ ᠦᠷ᠎ᠡ ᠬᠡᠦᠬᠡᠳ ᠤᠨ ᠬᠢᠨᠠᠨ ᠲᠣᠭᠲᠠᠭᠠᠯᠲᠠ ᠶᠢᠨ ᠭᠡᠷᠡᠴᠢ ᠶᠢ ᠬᠠᠩᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠪᠠᠶᠢᠴᠠᠭᠠᠨ ᠬᠠᠷᠭᠤᠭᠤᠯᠤᠭᠰᠠᠨ ᠤ ᠲᠠᠷᠠᠭ᠎ᠠ᠂ ᠪᠠᠶᠢᠩᠭᠤ ᠰᠠᠭᠤᠭ᠎ᠠ ᠡᠷᠦᠭᠡ ᠠᠮᠠ ᠶᠢᠨ ᠳᠠᠩᠰᠠᠯᠠᠯᠲᠠ ᠬᠢᠯᠭᠡᠨ᠎ᠡ᠃            ᠠᠷᠪᠠᠨ ᠨᠠᠢᠮᠠᠳᠤᠭᠠᠷ ᠵᠦᠢᠯ    ᠭᠤᠯᠣᠭᠳᠠᠭᠰᠠᠨ ᠬᠡᠦᠬᠡᠳ ᠪᠤᠶᠤ ᠥᠨᠥᠴᠢᠨ ᠬᠡᠦᠬᠡᠳ ᠢ ᠡᠷᠭᠦᠨ ᠲᠡᠵᠢᠭᠡᠪᠡᠯ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠪᠠᠶᠢᠴᠠᠭᠠᠨ ᠬᠠᠷᠭᠤᠭᠤᠯᠵᠤ᠂ ᠬᠤᠰᠢᠭᠤ ᠰᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠭᠠᠷᠭᠠᠭᠰᠠᠨ ︽ᠡᠷᠭᠦᠨ ᠲᠡᠵᠢᠭᠡᠬᠦ ᠳᠠᠩᠰᠠᠯᠠᠯᠲᠠ ᠶᠢᠨ ᠦᠨᠡᠮᠯᠡᠯ︾ ᠎ ᠢᠶᠠᠷ ᠢᠶᠠᠨ ᠪᠠᠶᠢᠩᠭᠤ ᠰᠠᠭᠤᠭ᠎ᠠ ᠡᠷᠦᠬᠡ ᠠᠮᠠ ᠶᠢᠨ ᠲᠠᠩᠰᠠ ᠶᠢ ᠨᠢ ᠲᠡᠮᠳᠡᠭᠯᠡᠵᠦ ᠥᠭᠭᠦᠨ᠎ᠡ᠃ ᠥᠨᠥᠴᠢᠨ ᠪᠡᠯᠪᠡᠰᠦᠨ ᠨᠠᠰᠤᠲᠠᠨ ᠪᠠ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠦᠭᠡᠢ ᠮᠥᠷᠲᠡᠭᠡᠨ ᠥᠮᠥᠭ ᠲᠦᠰᠢᠭ ᠦᠭᠡᠢ ᠵᠡᠮᠳᠡᠭ ᠬᠥᠮᠥᠨ ᠢ ᠠᠴᠢᠯᠠᠨ ᠲᠡᠵᠢᠭᠡᠬᠦ ᠪᠤᠶᠤ ᠠᠰᠠᠷᠠᠨ ᠲᠡᠵᠢᠭᠡᠬᠦ ᠳᠤᠷᠠᠲᠠᠢ ᠬᠥᠮᠥᠨ ᠪᠠᠶᠢᠪᠠᠯ᠂ ᠠᠯᠪᠠᠨ ᠭᠡᠷᠡᠴᠢᠯᠡᠭᠡ ᠶᠢᠨ ᠭᠠᠵᠠᠷ ᠢᠶᠠᠷ ᠠᠯᠪᠠᠨ ᠭᠡᠷᠡᠴᠢᠯᠡᠭᠡ ᠬᠢᠯᠭᠡᠭᠡᠳ ᠪᠠᠶᠢᠩᠭᠤ ᠰᠠᠭᠤᠭ᠎ᠠ ᠡᠷᠦᠭᠡ ᠠᠮᠠ ᠶᠢᠨ ᠲᠠᠩᠰᠠ ᠪᠠᠨ ᠲᠡᠮᠳᠡᠭᠯᠡᠵᠦ ᠪᠣᠯᠣᠨ᠎ᠠ᠃            ᠠᠷᠪᠠ ᠶᠢᠰᠦᠳᠦᠭᠡᠷ ᠵᠦᠢᠯ    ᠡᠷᠭᠦᠨ ᠲᠡᠵᠢᠭᠡᠬᠦ ᠳᠠᠩᠰᠠᠯᠠᠯᠲᠠ ᠬᠢᠯᠭᠡᠭᠰᠡᠨ ᠦᠭᠡᠢ ᠪᠣᠳᠠᠲᠤ ᠬᠡᠷᠡᠭ ᠳᠡᠭᠡᠷ᠎ᠡ ᠡᠷᠦᠬᠡ ᠠᠮᠠ ᠦᠭᠡᠢ ᠬᠥᠮᠥᠨ ᠢ ᠡᠷᠭᠦᠨ ᠲᠡᠵᠢᠭᠡᠬᠦ ᠳᠤ᠂ ᠲᠤᠬᠠᠢ ᠶᠢᠨ ᠬᠥᠮᠥᠨ ᠨᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠬᠤᠯᠪᠣᠭᠳᠠᠯ ᠪᠦᠬᠦᠢ ᠬᠠᠤᠯᠢ ᠲᠣᠭᠲᠠᠭᠠᠯ ᠤᠨ ᠶᠣᠰᠣᠭᠠᠷ ᠬᠠᠤᠯᠢ ᠶᠣᠰᠣᠭᠠᠷ ᠡᠷᠭᠦᠨ ᠲᠡᠵᠢᠭᠡᠬᠦ ᠳᠠᠩᠰᠠᠯᠠᠯᠲᠠ ᠬᠢᠯᠭᠡᠬᠦ ᠪᠠᠷ ᠭᠤᠶᠤᠴᠢᠯᠠᠵᠤ᠂ ᠬᠦᠰᠡᠯᠲᠡ ᠪᠠᠨ ᠳᠡᠪᠰᠢᠭᠦᠯᠦᠨ ᠠᠪᠤᠭᠰᠠᠨ ︽ᠡᠷᠭᠦᠨ ᠲᠡᠵᠢᠭᠡᠬᠦ ᠳᠠᠩᠰᠠᠯᠠᠯᠲᠠ ᠶᠢᠨ ᠦᠨᠡᠮᠯᠡᠯ︾᠂ ᠡᠷᠭᠦᠨ ᠲᠡᠵᠢᠭᠡᠭᠴᠢ ᠶᠢᠨ ᠰᠠᠭᠤᠭᠠᠯᠢ ᠠᠷᠠᠳ ᠤᠨ ᠡᠷᠦᠬᠡ ᠠᠮᠠ ᠶᠢᠨ ᠳᠡᠪᠲᠡᠷ ᠢᠶᠠᠨ ᠠᠪᠴᠤ᠂ ᠪᠠᠶᠢᠩᠭᠤ ᠰᠠᠭᠤᠬᠤ ᠡᠷᠦᠬᠡ ᠠᠮᠠ ᠶᠢᠨ ᠳᠠᠩᠰᠠᠯᠠᠯᠲᠠ ᠬᠢᠯᠭᠡᠬᠦ ᠪᠠᠷ ᠭᠤᠶᠤᠴᠢᠯᠠᠵᠤ ᠪᠣᠯᠣᠨ᠎ᠠ᠃            ᠬᠤᠷᠢᠳᠤᠭᠠᠷ ᠵᠦᠢᠯ    ᠠᠷᠠᠳ ᠤᠨ ᠰᠢᠭᠦᠬᠦ ᠬᠤᠷᠢᠶ᠎ᠠ ᠠᠯᠠᠭ᠎ᠠ ᠪᠣᠯᠤᠭᠰᠠᠨ ᠢᠶᠠᠷ ᠬᠠᠤᠯᠢ ᠶᠣᠰᠣᠭᠠᠷ ᠵᠠᠷᠯᠠᠭᠳᠠᠭᠰᠠᠨ ᠪᠤᠶᠤ ᠦᠬᠦᠭᠰᠡᠨ ᠢᠶᠠᠷ ᠵᠠᠷᠯᠠᠭᠰᠠᠨ ᠤ ᠲᠠᠷᠠᠭ᠎ᠠ ᠲᠠᠬᠢᠨ ᠭᠠᠷᠴᠤ ᠢᠷᠡᠭᠰᠡᠨ ᠬᠥᠮᠥᠰ ᠤᠨ ᠲᠤᠰ ᠬᠥᠮᠥᠨ ᠪᠤᠶᠤ ᠲᠡᠭᠦᠨ ᠤ ᠬᠢᠨᠠᠨ ᠬᠠᠮᠠᠭᠠᠯᠠᠭᠴᠢ ᠨᠢ ᠠᠷᠠᠳ ᠤᠨ ᠰᠢᠭᠦᠬᠦ ᠬᠤᠷᠢᠶᠠᠨ ᠤ ᠠᠯᠠᠭ᠎ᠠ ᠪᠣᠯᠤᠭᠰᠠᠨ ᠢᠶᠠᠷ ᠵᠠᠷᠯᠠᠭᠰᠠᠨ ︵ᠦᠬᠦᠭᠰᠡᠨ︶᠎ ᠢ ᠬᠦᠴᠦᠨ ᠦᠭᠡᠢ ᠪᠣᠯᠭᠠᠭᠰᠠᠨ ᠬᠦᠴᠦᠨ ᠲᠠᠢ ᠪᠣᠯᠤᠭᠰᠠᠨ ᠲᠠᠰᠤᠯᠤᠯᠳᠡ ᠶᠢᠨ ᠪᠢᠴᠢᠭ ᠢ ᠦᠨᠳᠦᠰᠦᠯᠡᠨ᠂ ᠪᠠᠶᠢᠩᠭᠤ ᠰᠠᠭᠤᠬᠤ ᠡᠷᠤᠭᠡ ᠠᠮᠠ ᠶᠢᠨ ᠳᠠᠩᠰᠠᠯᠠᠯᠲᠠ ᠶᠢ ᠰᠡᠷᠭᠦᠭᠡᠬᠦ ᠪᠠᠷ ᠭᠤᠶᠤᠴᠢᠯᠠᠵᠤ ᠪᠣᠯᠣᠨ᠎ᠠ᠃            ᠬᠤᠷᠢᠨ ᠨᠢᠭᠡᠳᠦᠭᠡᠷ ᠵᠦᠢᠯ    ᠮᠠᠯᠵᠢᠬᠤ ᠲᠠᠷᠢᠶᠠᠯᠠᠬᠤ ᠣᠷᠣᠨ ᠤ ᠤᠷᠤᠭᠯᠠᠭᠰᠠᠨ ᠠᠴᠠ ᠪᠣᠯᠵᠤ ᠤᠭ ᠨᠤᠲᠤᠭ ᠤᠨ ᠡᠷᠦᠬᠡ ᠠᠮᠠ ᠪᠠᠨ ᠬᠠᠰᠤᠭᠤᠯᠤᠭᠰᠠᠨ ᠬᠥᠮᠥᠰ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠪᠠᠶᠢᠴᠠᠭᠠᠨ ᠬᠠᠷᠭᠤᠭᠤᠯᠤᠭᠠᠳ ᠪᠤᠰᠤᠳ ᠭᠠᠵᠠᠷ ᠣᠷᠣᠨ ᠳᠤ ᠡᠷᠦᠬᠡ ᠠᠮᠠ ᠪᠠᠨ ᠣᠷᠣᠭᠤᠯᠤᠭᠰᠠᠨ ᠦᠭᠡᠢ ᠪᠠᠶᠢᠪᠠᠯ᠂ ᠤᠤᠯ ᠤᠨ ᠡᠷᠦᠬᠡ ᠠᠮᠠ ᠪᠠᠨ ᠬᠠᠰᠤᠭᠤᠯᠤᠭᠰᠠᠨ ᠭᠠᠵᠠᠷ ᠲᠤᠨᠢ ᠪᠠᠶᠢᠩᠭᠤ ᠰᠠᠭᠤᠭ᠎ᠠ ᠡᠷᠦᠬᠡ ᠠᠮᠠ ᠪᠠᠨ ᠰᠡᠷᠭᠦᠭᠡᠬᠦ ᠪᠠᠷ ᠭᠤᠶᠤᠴᠢᠯᠠᠵᠤ ᠪᠣᠯᠣᠨ᠎ᠠ᠃ ᠪᠠᠶᠢᠩᠭᠤ ᠰᠠᠭᠤᠭ᠎ᠠ ᠡᠷᠦᠬᠡ ᠠᠮᠠ ᠶᠢᠨ ᠳᠠᠩᠰᠠᠯᠠᠯᠲᠠ ᠶᠢ ᠰᠡᠷᠭᠦᠭᠡᠭᠰᠡᠨ ᠤ ᠳᠠᠷᠠᠭ᠎ᠠ᠂ ᠣᠲᠣ ᠶᠢᠨ ᠰᠠᠭᠤᠭ᠎ᠠ ᠭᠠᠵᠠᠷ ᠤᠨ ᠡᠷᠦᠬᠡ ᠠᠮᠠ ᠣᠷᠣᠭᠤᠯᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠡᠷᠦᠬᠡ ᠠᠮᠠ ᠰᠢᠯᠵᠢᠭᠦᠯᠬᠦ ᠳᠠᠩᠰᠠᠯᠠᠯᠲᠠ ᠬᠢᠯᠭᠡᠵᠦ ᠪᠣᠯᠣᠨ᠎ᠠ᠃            ᠬᠤᠷᠢᠨ ᠬᠤᠶᠠᠳᠤᠭᠠᠷ ᠵᠦᠢᠯ    ᠡᠷᠥᠭᠡ ᠠᠮᠠ ᠰᠢᠯᠵᠢᠭᠦᠯᠬᠦ ᠦᠨᠡᠮᠯᠡᠯ ᠢᠶᠠᠨ ᠭᠡᠭᠡᠭᠰᠡᠨ ᠪᠤᠶᠤ ᠬᠦᠴᠦᠨ ᠪᠦᠬᠦᠢ ᠬᠤᠭᠤᠴᠠᠭ᠎ᠠ ᠠᠴᠠ ᠬᠡᠲᠦᠷᠡᠭᠰᠡᠨ ᠠᠴᠠ ᠪᠣᠯᠵᠤ ᠡᠷᠥᠭᠡ ᠠᠮᠠ ᠦᠭᠡᠢ ᠪᠣᠯᠤᠭᠰᠠᠨ ᠬᠥᠮᠥᠰ ᠭᠠᠷ ᠤᠨ ᠥᠰᠥᠭ ᠵᠢᠷᠤᠵᠤ ᠣᠯᠭᠤᠭᠰᠠᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠡᠷᠥᠭᠡ ᠠᠮᠠ ᠰᠢᠯᠵᠢᠭᠦᠯᠬᠦ ᠦᠨᠡᠮᠯᠡᠯ ᠢᠶᠠᠨ ᠨᠥᠬᠦᠵᠦ ᠠᠪᠬᠤ᠂ ᠰᠣᠯᠢᠵᠤ ᠠᠪᠬᠤ ᠪᠠᠷ ᠭᠤᠶᠤᠴᠢᠯᠠᠵᠤ᠂ ᠨᠥᠬᠦᠵᠦ ᠠᠪᠤᠭᠰᠠᠨ᠂ ᠰᠣᠯᠢᠵᠤ ᠠᠪᠤᠭᠰᠠᠨ ᠡᠷᠥᠭᠡ ᠠᠮᠠ ᠰᠢᠯᠵᠢᠭᠦᠯᠬᠦ ᠦᠨᠡᠮᠯᠡᠯ ᠢᠶᠠᠷ ᠢᠶᠠᠨ ᠡᠷᠥᠭᠡ ᠠᠮᠠ ᠰᠢᠯᠵᠢᠭᠦᠯᠬᠦ ᠲᠠᠩᠰᠠᠯᠠᠯ ᠬᠢᠯᠭᠡᠵᠦ ᠪᠣᠯᠣᠨ᠎ᠠ᠃ ᠨᠡᠭᠦᠵᠦ ᠣᠷᠣᠭᠰᠠᠨ ᠭᠠᠵᠠᠷ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠡᠷᠦᠬᠡ ᠠᠮᠠ ᠰᠢᠯᠵᠢᠭᠦᠯᠬᠦ ᠲᠥᠷᠥ ᠶᠢᠨ ᠪᠣᠳᠣᠯᠭ᠎ᠠ ᠳᠤ ᠨᠡᠶᠢᠴᠡᠬᠦ ᠦᠭᠡᠢ ᠪᠠᠶᠢᠪᠠᠯ᠂ ᠤᠤᠯ ᠤᠨ ᠨᠡᠭᠦᠵᠦ ᠭᠠᠷᠤᠭᠰᠠᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠡᠷᠦᠬᠡ ᠠᠮᠠ ᠶᠢ ᠨᠢ ᠰᠡᠷᠭᠦᠭᠡᠵᠦ ᠥᠭᠬᠦ ᠬᠡᠷᠡᠭᠲᠡᠢ᠃            ᠬᠤᠷᠢᠨ ᠭᠤᠷᠪᠠᠳᠤᠭᠠᠷ ᠵᠦᠢᠯ    ᠮᠠᠨ ᠤ ᠬᠤᠰᠢᠭᠤᠨ ᠤ ᠰᠠᠭᠤᠭᠠᠯᠢ ᠠᠷᠠᠳ ᠭᠠᠳᠠᠭᠠᠳᠤ ᠶᠢᠨ ᠬᠥᠮᠥᠨ᠂ ᠤᠯᠤᠰ ᠤᠨ ᠬᠠᠷᠢᠶ᠎ᠠ ᠦᠭᠡᠢ ᠬᠥᠮᠥᠨ ᠲᠠᠢ ᠤᠯᠤᠰ ᠤᠨ ᠳᠣᠲᠣᠭᠠᠳᠤ ᠳᠤ ᠤᠷᠤᠭᠯᠠᠭᠰᠠᠨ ᠦᠭᠡᠢ ᠪᠠᠷ ᠬᠡᠦᠬᠡᠳ ᠠᠪᠤᠭᠰᠠᠨ᠂ ᠪᠤᠰᠤᠳ ᠤᠯᠤᠰ ᠤᠨ ᠬᠠᠷᠢᠶ᠎ᠠ ᠦᠭᠡᠢ ᠡᠷᠦᠬᠡ ᠠᠮᠠ ᠶᠢᠨ ᠲᠠᠩᠰᠠ ᠦᠭᠡᠢ ᠬᠥᠮᠥᠨ᠂ ᠲᠣᠰ ᠬᠥᠮᠥᠨ ᠪᠤᠶᠤ ᠲᠡᠭᠦᠨ ᠤ ᠮᠠᠨ ᠤ ᠤᠯᠤᠰ ᠤᠨ ᠬᠠᠷᠢᠶ᠎ᠠ ᠪᠦᠬᠦᠢ ᠬᠢᠨᠠᠨ ᠬᠠᠮᠠᠭᠠᠯᠠᠭᠴᠢ ᠨᠢ ︽ᠲᠥᠷᠥᠭᠰᠡᠨ ᠠᠨᠠᠭᠠᠬᠤ ᠤᠬᠠᠭᠠᠨ ᠤ ᠭᠡᠷᠡᠴᠢ︾᠂ ᠡᠴᠢᠭᠡ ᠡᠬᠡ ᠶᠢᠨ ᠤᠷᠤᠭᠯᠠᠭᠰᠠᠨ ᠦᠭᠡᠢ ᠪᠠᠷ ᠬᠡᠦᠬᠡᠳ ᠠᠪᠤᠭᠰᠠᠨ ᠲᠣᠳᠣᠷᠬᠠᠶᠢᠯᠠᠯᠲᠠ᠂ ᠮᠠᠨ ᠤ ᠬᠤᠰᠢᠭᠤᠨ ᠤ ᠰᠠᠭᠤᠭᠠᠯᠢ ᠠᠷᠠᠳ ᠤᠨ ᠨᠢᠭᠡ ᠲᠠᠯ᠎ᠠ ᠶᠢᠨ ᠡᠷᠦᠬᠡ ᠠᠮᠠ ᠶᠢᠨ ᠳᠡᠪᠲᠡᠷ ᠢᠶᠠᠷ ᠢᠶᠠᠨ ᠪᠠᠶᠢᠩᠭᠤ ᠰᠠᠭᠤᠭ᠎ᠠ ᠡᠷᠦᠬᠡ ᠠᠮᠠ ᠶᠢᠨ ᠳᠠᠩᠰᠠᠯᠠᠯᠲᠠ ᠬᠢᠯᠭᠡᠬᠦ ᠪᠠᠷ ᠭᠤᠶᠤᠴᠢᠯᠠᠵᠤ ᠪᠣᠯᠣᠨ᠎ᠠ᠃ ︽ᠲᠥᠷᠥᠭᠰᠡᠨ ᠠᠨᠠᠭᠠᠬᠤ ᠤᠬᠠᠭᠠᠨ ᠤ ᠭᠡᠷᠡᠴᠢ︾ ᠬᠢᠯᠭᠡᠭᠰᠡᠨ ᠦᠭᠡᠢ ᠪᠣᠯ ᠬᠢᠷᠢ ᠬᠡᠮ ᠲᠠᠢ ᠰᠢᠯᠭᠠᠨ ᠲᠣᠭᠲᠠᠭᠠᠬᠤ ᠪᠠᠶᠢᠭᠤᠯᠤᠮᠵᠢ ᠶᠢᠨ ᠭᠠᠷᠭᠠᠭᠰᠠᠨ ᠡᠴᠢᠭᠡ ᠡᠬᠡ ᠦᠷ᠎ᠡ ᠬᠡᠦᠬᠡᠳ ᠤᠨ ᠰᠢᠯᠭᠠᠨ ᠲᠣᠭᠲᠠᠭᠠᠯᠲᠠ ᠶᠢᠨ ᠭᠡᠷᠡᠴᠢ ᠶᠢ ᠬᠠᠩᠭᠠᠬᠤ ᠬᠡᠷᠡᠭᠲᠡᠢ᠃            ᠬᠤᠷᠢᠨ ᠳᠥᠷᠪᠡᠳᠦᠭᠡᠷ ᠵᠦᠢᠯ    ᠠᠷᠠᠳ ᠢᠷᠭᠡᠨ ᠬᠤᠶᠠᠷ ᠪᠤᠶᠤ ᠬᠤᠶᠠᠷ ᠠᠴᠠ ᠳᠡᠭᠡᠭᠰᠢ ᠪᠠᠶᠢᠩᠭᠤ ᠰᠠᠭᠤᠭ᠎ᠠ ᠡᠷᠥᠭᠡ ᠠᠮᠠ ᠲᠠᠢ ᠪᠠᠶᠢᠪᠠᠯ᠂ ᠲᠡᠭᠦᠨ ᠤ ᠦᠨᠡᠨ ᠪᠣᠳᠠᠲᠠᠢ ᠬᠠᠤᠯᠢ ᠶᠣᠰᠣᠨ ᠤ ᠪᠠᠶᠢᠩᠭᠤ ᠰᠠᠭᠤᠭ᠎ᠠ ᠡᠷᠥᠭᠡ ᠠᠮᠠ ᠶᠢ ᠨᠢ ᠦᠯᠡᠳᠡᠭᠡᠵᠦ᠂ ᠪᠤᠰᠤᠳ ᠳᠠᠪᠬᠤᠷᠳᠠᠭᠰᠠᠨ ︵ᠬᠤᠳᠠᠯ ᠬᠠᠭᠤᠷᠮᠠᠭ︶ ᠡᠷᠥᠭᠡ ᠠᠮᠠ ᠶᠢ ᠨᠢ ᠬᠦᠴᠦᠨ ᠦᠭᠡᠢ ᠪᠣᠯᠭᠠᠨ᠎ᠠ᠃ ᠡᠭᠦᠨ ᠤ ᠬᠠᠮᠲᠤ ᠬᠦᠴᠦᠨ ᠦᠭᠡᠢ ᠪᠣᠯᠭᠠᠭᠳᠠᠭᠰᠠᠨ ᠡᠷᠦᠬᠡ ᠠᠮᠠ ᠶᠢᠨ ᠳᠠᠩᠰᠠ ᠪᠣᠯᠣᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠤᠷᠢᠶᠠᠨ ᠠᠪᠤᠨ᠎ᠠ᠃ ᠲᠤᠬᠠᠢ ᠶᠢᠨ ᠬᠥᠮᠥᠨ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠠᠪᠬᠤᠷᠳᠠᠭᠰᠠᠨ ᠡᠷᠦᠭᠡ ᠠᠮᠠ ᠶᠢᠨ ᠲᠠᠩᠰᠠ ᠶᠢ ᠬᠦᠴᠦᠨ ᠦᠭᠡᠢ ᠪᠣᠯᠭᠠᠬᠤ ᠳᠤ ᠬᠠᠮᠵᠢᠯᠴᠠᠬᠤ ᠶᠢ ᠲᠡᠪᠴᠢᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠯᠪᠠᠳᠠᠨ ᠬᠦᠴᠦᠨ ᠦᠭᠡᠢ            ᠬᠤᠷᠢᠨ ᠲᠠᠪᠤᠳᠤᠭᠠᠷ ᠵᠦᠢᠯ    ᠠᠷᠠᠳ ᠢᠷᠭᠡᠨ ᠦᠬᠦᠭᠰᠡᠨ ᠤ ᠲᠠᠷᠠᠭ᠎ᠠ ᠡᠷᠦᠭᠡ ᠠᠮᠠ ᠶᠢᠨ ᠲᠠᠩᠰᠠ ᠪᠠᠨ ᠴᠠᠭ ᠲᠤᠬᠠᠢ ᠳᠤᠨᠢ ᠬᠦᠴᠦᠨ ᠦᠭᠡᠢ ᠪᠣᠯᠭᠠᠭᠰᠠᠨ ᠦᠭᠡᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠪᠠᠶᠢᠴᠠᠭᠠᠨ ᠬᠠᠷᠭᠤᠭᠤᠯᠤᠭᠰᠠᠨ ᠤ ᠲᠠᠷᠠᠭ᠎ᠠ᠂ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠢᠶᠠᠷ ᠨᠢ ᠦᠬᠦᠭᠰᠡᠨ ᠠᠷᠠᠳ ᠢᠷᠭᠡᠨ ᠤ ᠡᠷᠦᠭᠡ ᠠᠮᠠ ᠶᠢᠨ ᠲᠠᠩᠰᠠ ᠶᠢ ᠬᠦᠴᠦᠨ ᠦᠭᠡᠢ ᠪᠣᠯᠭᠠᠬᠤ ᠶᠢᠨ ᠬᠠᠮᠲᠤ ᠡᠷᠦᠭᠡ ᠠᠮᠠ ᠶᠢᠨ ᠲᠠᠩᠰᠠ ᠶᠢᠨ ᠳᠡᠪᠲᠡᠷ ᠵᠢᠴᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠨᠢ ᠬᠤᠷᠢᠶᠠᠨ ᠠᠪᠤᠨ᠎ᠠ᠃ ᠠᠷᠠᠳ ᠢᠷᠭᠡᠨ ᠤᠯᠤᠰ ︵ᠬᠢᠯᠢ︶᠎ ᠤᠨ ᠭᠠᠳᠠᠨ᠎ᠠ ᠰᠠᠭᠤᠷᠢᠰᠢᠭᠰᠠᠨ ᠪᠤᠶᠤ ᠨᠢᠭᠡᠨᠲᠡ ᠭᠠᠳᠠᠭᠠᠳᠤ ᠤᠯᠤᠰ ᠤᠨ ᠤᠯᠤᠰ ᠤᠨ ᠬᠠᠷᠢᠶ᠎ᠠ ᠲᠠᠢ ᠪᠣᠯᠤᠭᠰᠠᠨ ᠪᠣᠯᠪᠠᠴᠤ ᠡᠷᠦᠬᠡ ᠠᠮᠠ ᠶᠢᠨ ᠲᠠᠩᠰᠠ ᠪᠠᠨ ᠬᠠᠷᠠᠬᠠᠨ ᠬᠦᠴᠦᠨ ᠦᠭᠡᠢ ᠪᠣᠯᠭᠠᠭᠠᠳᠤᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ ᠰᠠᠯᠠᠭ᠎ᠠ ᠮᠥᠴᠢᠷ ᠪᠤᠶᠤ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠺᠤᠨᠰᠦ᠋ᠯ ᠤᠨ ᠭᠠᠵᠠᠷ ᠤᠨ ᠨᠤᠲᠠᠯᠠᠭᠰᠠᠨ ᠪᠢᠴᠢᠭ ᠮᠠᠲ᠋ᠧᠷᠢᠶᠠᠯ ᠪᠤᠶᠤ ᠲᠣᠰ ᠬᠥᠮᠥᠨ ᠤ ᠡᠵᠡᠮᠰᠢᠵᠦ ᠪᠠᠶᠢᠭ᠎ᠠ ᠭᠠᠳᠠᠭᠠᠳᠤ ᠤᠯᠤᠰ ᠤᠨ ᠫᠠᠰᠫᠣᠷᠲ ᠢᠶᠠᠷ ᠢᠶᠠᠨ ᠡᠷᠦᠬᠡ ᠠᠮᠠ ᠶᠢᠨ ᠲᠠᠩᠰᠠ ᠪᠠᠨ ᠬᠦᠴᠦᠨ ᠦᠭᠡᠢ ᠪᠣᠯᠭᠠᠨ᠎ᠠ᠃            ᠬᠤᠷᠢᠨ ᠵᠢᠷᠭᠤᠳᠤᠭᠠᠷ ᠵᠦᠢᠯ    ᠠᠷᠠᠳ ᠢᠷᠭᠡᠨ ᠤ ᠤᠷᠤᠭ ᠤᠨ ᠪᠠᠶᠢᠳᠠᠯ᠂ ᠡᠷᠬᠢᠯᠡᠭᠰᠡᠨ ᠠᠵᠢᠯ᠂ ᠦᠢᠯᠡᠴᠢᠯᠡᠭᠡᠨ ᠤ ᠭᠠᠵᠠᠷ᠂ ᠰᠣᠶᠣᠯ ᠤᠨ ᠬᠡᠮᠵᠢᠶ᠎ᠡ ᠵᠡᠷᠭᠡ ᠡᠷᠦᠬᠡ ᠠᠮᠠ ᠶᠢᠨ ᠪᠦᠷᠢᠳᠬᠡᠯ ᠤᠨ ᠵᠦᠢᠯᠡᠰ ᠤᠨ ᠠᠭᠤᠯᠭ᠎ᠠ ᠳᠤ ᠬᠤᠪᠢᠷᠠᠯᠲᠠ ᠭᠠᠷᠤᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠷᠠᠳ ᠢᠷᠭᠡᠨ ᠤ ᠬᠠᠩᠭᠠᠭᠰᠠᠨ ᠬᠦᠴᠦᠨ ᠪᠦᠬᠦᠢ ᠭᠡᠷᠡᠴᠢ ︵ᠵᠦᠢᠯ︶᠎ ᠶᠢ ᠦᠨᠳᠦᠰᠦᠯᠡᠨ ᠬᠤᠪᠢᠷᠠᠭᠤᠯᠤᠨ᠎ᠠ᠃ ᠠᠷᠠᠳ ᠢᠷᠭᠡᠨ ᠣᠪᠣᠭ ᠨᠡᠷ᠎ᠡ᠂ ᠬᠦᠢᠰᠦ᠂ ᠲᠥᠷᠥᠭᠰᠡᠨ ᠡᠳᠦᠷ ᠬᠤᠭᠤᠴᠠᠭ᠎ᠠ᠂ ᠠᠷᠠᠳ ᠢᠷᠭᠡᠨ ᠤ ᠪᠡᠶ᠎ᠡ ᠶᠢᠨ ᠦᠨᠡᠮᠯᠡᠯ ᠤᠨ ᠨᠣᠮᠧᠷ ᠵᠡᠷᠭᠡ ᠡᠷᠦᠬᠡ ᠠᠮᠠ ᠶᠢᠨ ᠳᠠᠩᠰᠠᠯᠠᠯ ᠤᠨ ᠭᠤᠣᠯ ᠵᠦᠢᠯ ᠤᠨ ᠠᠭᠤᠯᠭ᠎ᠠ ᠪᠠᠨ ᠬᠤᠪᠢᠷᠠᠭᠤᠯᠬᠤ ᠪᠠᠷ ᠭᠤᠶᠤᠴᠢᠯᠠᠪᠠᠯ᠂ ᠡᠷᠬᠡᠪᠰᠢ ᠳᠣᠲᠣᠭᠠᠳᠤ ᠶᠢ ᠬᠠᠮᠠᠭᠠᠯᠠᠬᠤ ᠶᠠᠮᠤᠨ ᠤ ︽ᠡᠷᠦᠬᠡ ᠠᠮᠠ ᠶᠢᠨ ᠲᠠᠩᠰᠠ ᠪᠦᠬᠦᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠬᠠᠮᠢᠶᠠᠷᠤᠯᠲᠠ ᠶᠢᠨ ᠠᠵᠢᠯ ᠤᠨ ᠵᠢᠷᠤᠮᠵᠢᠯ ︵ᠲᠤᠷᠰᠢᠨ ᠬᠡᠷᠡᠭᠵᠢᠭᠦᠯᠬᠦ︶᠎ ᠤᠨ ᠮᠡᠳᠡᠭᠳᠡᠯ︾ ︵ᠥᠪᠥᠷ ᠠᠯᠪᠠᠨ ᠵᠠᠷᠯᠠᠯ ᠥᠰᠥᠭ ﹇2021﹈ 38 ᠳ᠋ᠤᠭᠠᠷ ᠲᠣᠭᠠᠲᠤ︶᠎ ᠢ ᠴᠢᠩᠭ᠎ᠠ ᠵᠢᠷᠤᠮᠯᠠᠨ ᠭᠦᠢᠴᠡᠳᠬᠡᠵᠦ᠂ ᠠᠷᠠᠳ ᠢᠷᠭᠡᠳ ᠤᠨ ᠦᠨᠳᠦᠰᠦᠲᠡᠨ ᠢᠶᠠᠨ ᠬᠤᠪᠢᠷᠠᠭᠤᠯᠬᠤ ᠪᠠ ᠵᠠᠯᠠᠷᠠᠭᠤᠯᠬᠤ ᠳᠤ ᠡᠷᠬᠡᠪᠰᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠳ ᠤᠨ ᠦᠨᠳᠦᠰᠦᠲᠡᠨ ᠤ ᠪᠦᠷᠢᠯᠳᠦᠭᠦᠨ ᠢ ᠳᠡᠩᠰᠡᠯᠡᠨ ᠬᠠᠮᠢᠶᠠᠷᠬᠤ/8/ᠯᠢ ᠶᠢᠨ ᠬᠡᠷᠡᠭᠵᠢᠭᠦᠯᠬᠦ ᠠᠷᠭ᠎ᠠ︾ ︵ᠥᠪᠥᠷ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠲᠠᠷᠬᠠᠭᠠᠭᠰᠠᠨ ﹇2016﹈ 13 ᠳ᠋ᠤᠭᠠᠷ ᠲᠣᠭᠠᠲᠤ︶᠎ ᠶᠢᠨ ᠲᠣᠭᠲᠠᠭᠠᠯ ᠶᠣᠰᠣᠭᠠᠷ᠂ ᠱᠠᠲᠤ ᠳᠠᠷᠠᠭᠠᠯᠠᠨ ᠬᠢᠨᠠᠨ ᠵᠥᠪᠰᠢᠶᠡᠷᠡᠭᠰᠡᠨ ᠤ ᠳᠠᠷᠠᠭ᠎ᠠ ᠬᠤᠪᠢᠷᠠᠭᠤᠯᠬᠤ ᠬᠡᠷᠡᠭᠲᠡᠢ᠃            ᠬᠤᠷᠢᠨ ᠳᠣᠯᠣᠳᠤᠭᠠᠷ ᠵᠦᠢᠯ    ᠲᠣᠰ ᠬᠤᠰᠢᠭᠤᠨ ᠤ ᠲᠠᠷᠢᠶᠠᠯᠠᠩ ︵ᠮᠠᠯ ᠠᠵᠤ ᠠᠬᠤᠢ︶᠎ ᠠᠴᠠ ᠰᠢᠯᠵᠢᠭᠰᠡᠨ ᠬᠥᠮᠥᠨ ᠠᠮᠠ ᠶᠢᠨ ᠬᠤᠲᠠ ᠣᠷᠣᠵᠤ ᠡᠷᠦᠬᠡ ᠠᠮᠠ ᠣᠷᠣᠬᠤ ᠪᠠᠷ ᠬᠦᠰᠡᠯᠲᠡ ᠪᠠᠨ ᠳᠡᠪᠰᠢᠭᠦᠯᠬᠦ ᠶᠢ ᠵᠣᠷᠢᠭᠵᠢᠭᠤᠯᠵᠤ᠂ ᠶᠠᠮᠠᠷᠪᠠ ᠨᠥᠬᠦᠴᠡᠯ ᠳᠤ ᠬᠢᠵᠠᠭᠠᠷᠯᠠᠭᠳᠠᠬᠤ ᠦᠭᠡᠢ᠃ ᠲᠥᠷᠥ ᠶᠢᠨ ᠪᠠᠶᠢᠭᠤᠯᠤᠯᠭ᠎ᠠ ᠪᠣᠯᠣᠨ ᠠᠵᠢᠯ ᠦᠢᠯᠡᠰ ᠤᠨ ᠨᠢᠭᠡᠴᠢ ᠪᠠᠷ ᠡᠯᠰᠡᠭᠳᠡᠭᠰᠡᠨ ᠠᠵᠢᠯᠲᠠᠨ ︵ᠪᠦᠷᠢᠳᠬᠡᠭᠦᠯᠬᠦ ᠳᠦᠷᠢᠮᠲᠦ ᠠᠵᠢᠯᠲᠠᠨ ᠪᠠᠭᠲᠠᠨ᠎ᠠ︶ ᠎ ᠨᠢ ᠮᠠᠯᠵᠢᠬᠤ ᠲᠠᠷᠢᠶᠠᠯᠠᠬᠤ ᠣᠷᠣᠨ ᠳᠤ ᠡᠷᠦᠬᠡ ᠠᠮᠠ ᠪᠠᠨ ᠳᠡᠩᠰᠡᠯᠡᠵᠦ ᠪᠣᠯᠬᠤ ᠦᠭᠡᠢ᠃            ᠬᠤᠷᠢᠨ ᠨᠠᠢᠮᠠᠳᠤᠭᠠᠷ ᠵᠦᠢᠯ    ᠲᠤᠰ ᠬᠤᠰᠢᠭᠤᠨ ᠤ ᠰᠠᠭᠤᠭᠠᠯᠢ ᠠᠷᠠᠳ ᠲᠤᠰ ᠬᠤᠰᠢᠭᠤᠨ ᠠᠴᠠ ᠪᠠᠨ ᠨᠡᠭᠦᠵᠦ ᠭᠠᠷᠬᠤ ᠪᠠᠷ ᠭᠤᠶᠤᠴᠢᠯᠠᠪᠠᠯ ᠰᠠᠶᠢᠨ ᠳᠤᠷ᠎ᠠ ᠠᠴᠠ ᠪᠠᠨ ᠭᠦᠢᠴᠡᠳᠬᠡᠨ᠎ᠡ᠃ ᠲᠤᠰ ᠬᠥᠮᠥᠨ ᠪᠤᠶᠤ ᠡᠷᠦᠬᠡ ᠶᠢᠨ ᠡᠵᠡᠨ ᠨᠢ ᠨᠡᠭᠦᠵᠦ ᠭᠠᠷᠬᠤ ᠠᠴᠠ ᠪᠠᠨ ᠡᠮᠦᠨ᠎ᠡ ᠡᠷᠦᠬᠡ ᠠᠮᠠ ᠶᠢᠨ ᠪᠠᠶᠢᠭ᠎ᠠ ᠭᠠᠵᠠᠷ ᠤᠨ ᠲᠣᠮᠢᠯᠠᠭᠰᠠᠨ ᠰᠠᠯᠪᠤᠷᠢ ᠳᠤ ᠨᠡᠭᠦᠵᠦ ᠭᠠᠷᠬᠤ ᠳᠠᠩᠰᠠᠯᠠᠯ ᠢᠶᠠᠨ ᠬᠤᠪᠢ ᠬᠥᠮᠥᠨ ᠤ ᠬᠦᠰᠡᠯ ᠰᠠᠨᠠᠭ᠎ᠠ ᠪᠠᠷ ᠢᠶᠠᠨ ᠮᠡᠳᠡᠭᠦᠯᠵᠦ᠂ ᠡᠷᠦᠬᠡ ᠠᠮᠠ ᠶᠢᠨ ᠳᠡᠪᠲᠡᠷ᠂ ᠨᠡᠭᠦᠯᠭᠡᠬᠦ ᠶᠢ ᠵᠥᠪᠰᠢᠶᠡᠷᠡᠭᠰᠡᠨ ᠦᠨᠡᠮᠯᠡᠯ ᠢᠶᠠᠷ ᠢᠶᠠᠨ ᠨᠡᠭᠦᠵᠦ ᠭᠠᠷᠬᠤ ᠦᠨᠡᠮᠯᠡᠯ ᠠᠪᠤᠨ᠎ᠠ᠃            ᠬᠤᠷᠢ ᠶᠢᠰᠦᠳᠦᠭᠡᠷ ᠵᠦᠢᠯ    ᠡᠷᠥᠭᠡ ᠠᠮᠠ ᠣᠷᠣᠭᠤᠯᠬᠤ ᠶᠢ ᠵᠥᠪᠰᠢᠶᠡᠷᠡᠬᠦ ᠨᠥᠬᠦᠴᠡᠯ ᠳᠤ ᠨᠡᠶᠢᠴᠡᠬᠦ ᠬᠥᠮᠥᠰ ᠬᠤᠯᠪᠣᠭᠳᠠᠯ ᠪᠦᠬᠦᠢ ᠭᠡᠷᠡᠴᠢ ᠪᠠᠨ ᠠᠪᠴᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠬᠦᠷᠴᠦ ᠡᠷᠥᠭᠡ ᠠᠮᠠ ᠣᠷᠣᠭᠤᠯᠬᠤ ᠭᠠᠷᠳᠠᠮ ᠭᠦᠢᠴᠡᠳᠬᠡᠬᠦ ᠬᠡᠷᠡᠭᠲᠡᠢ᠃            ᠳᠥᠷᠪᠡᠳᠦᠭᠡᠷ ᠪᠦᠯᠦᠭ   ᠬᠢᠨᠠᠯᠲᠠ ᠪᠠ ᠬᠠᠷᠢᠭᠤᠴᠠᠯᠭ᠎ᠠ            ᠭᠤᠴᠢᠳᠤᠭᠠᠷ ᠵᠦᠢᠯ    ᠪᠦᠬᠦ ᠬᠤᠰᠢᠭᠤᠨ ᠤ ᠰᠠᠭᠤᠭᠠᠯᠢ ᠠᠷᠠᠳ ᠤᠨ ᠡᠷᠦᠬᠡ ᠠᠮᠠ ᠰᠢᠯᠵᠢᠭᠦᠯᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠳᠡᠳ᠋ ᠬᠤᠰᠢᠭᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠰᠢᠭᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠢᠶᠠᠷ ᠪᠦᠷᠢᠯᠳᠦᠭᠦᠨ ᠪᠣᠯᠭᠠᠭᠰᠠᠨ ᠠᠯᠠᠱᠠ ᠵᠡᠭᠦᠨ ᠬᠤᠰᠢᠭᠤᠨ ᠤ ᠡᠷᠦᠬᠡ ᠠᠮᠠ ᠶᠢᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃            ᠭᠤᠴᠢᠨ ᠨᠢᠭᠡᠳᠦᠭᠡᠷ ᠵᠦᠢᠯ    ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠵᠢᠷᠤᠮᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠢ᠃ ᠠᠯᠠᠱᠠ ᠵᠡᠭᠦᠨ ᠬᠤᠰᠢᠭᠤᠨ ᠤ ᠡᠷᠦᠬᠡ ᠠᠮᠠ ᠶᠢᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠬᠢᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠥᠮᠥᠨ ᠲᠣᠮᠢᠯᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠡᠷᠦᠬᠡ ᠠᠮᠠ ᠶᠢᠨ ᠲᠠᠩᠰᠠ ᠪᠠᠨ ᠭᠦᠢᠴᠡᠳᠬᠡᠭᠰᠡᠨ‌‍ᠲ᠋ᠣᠭᠲᠠᠭᠠᠯ ᠢ ᠵᠥᠷᠢᠴᠡᠨ ᠬᠢᠨᠠᠨ ᠵᠥᠪᠰᠢᠶᠡᠷᠡᠭᠦᠯᠦᠭᠰᠡᠨ᠂ ᠡᠷᠦᠭᠡ ᠠᠮᠠ ᠶᠢᠨ ᠲᠠᠩᠰᠠ ᠪᠠᠨ ᠵᠢᠭᠡᠯᠡᠨ ᠠᠪᠴᠤ ᠬᠡᠭᠡᠯᠢ ᠠᠪᠴᠤ ᠬᠠᠭ᠋ᠤᠤᠯᠢ ᠢᠳᠡᠭᠰᠡᠨ ᠵᠢᠴᠢ ᠬᠤᠳᠠᠯ ᠬᠡᠯᠡᠵᠦ ᠬᠠᠭᠤᠷᠮᠠᠭᠯᠠᠨ ᠦᠢᠯᠡᠳᠦᠭᠰᠡᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ ᠵᠡᠷᠭᠡ ᠦᠢᠯᠡ ᠠᠵᠢᠯᠯᠠᠭ᠎ᠠ ᠠᠴᠠ ᠡᠷᠬᠢᠯᠡᠨ ᠬᠠᠮᠢᠶᠠᠷᠬᠤ ᠤᠳᠤᠷᠢᠳᠤᠯᠭ᠎ᠠ ᠪᠠ ᠰᠢᠭᠤᠳ ᠬᠠᠷᠢᠭᠤᠴᠠᠯᠭ᠎ᠠ ᠲᠠᠢ ᠬᠥᠮᠥᠨ ᠤ ᠬᠠᠷᠢᠭᠤᠴᠠᠯᠭ᠎ᠠ ᠶᠢ ᠨᠡᠬᠡᠮᠵᠢᠯᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠦᠰᠡᠯᠲᠡ ᠭᠠᠷᠭᠠᠭᠰᠠᠨ ᠬᠥᠮᠥᠰ ᠨᠢ ᠮᠠᠲ᠋ᠧᠷᠢᠶᠠᠯ ᠢᠶᠠᠨ ᠦᠨᠡᠨ ᠪᠣᠳᠠᠲᠠᠢ ᠪᠠᠷ ᠮᠡᠳᠡᠭᠦᠯᠦᠭᠰᠡᠨ ᠦᠭᠡᠢ ᠪᠠᠶᠢᠪᠠᠯ᠂ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠳᠡᠩᠰᠡᠯᠡᠵᠦ ᠥᠭᠬᠦ ᠦᠭᠡᠢ ᠪᠤᠶᠤ ᠬᠠᠤᠯᠢ ᠶᠣᠰᠣᠭᠠᠷ ᠬᠦᠴᠦᠨ ᠦᠭᠡᠢ ᠪᠣᠯᠭᠠᠬᠤ ᠭᠠᠷᠳᠠᠮ ᠭᠦᠢᠴᠡᠳᠬᠡᠬᠦ ᠦᠭᠡᠢ᠃            ᠭᠤᠴᠢᠨ ᠬᠤᠶᠠᠳᠤᠭᠠᠷ ᠵᠦᠢᠯ    ᠲᠣᠰ ᠠᠷᠭ᠎ᠠ ᠶᠢ 2022 ᠣᠨ ᠤ 11 ᠳ᠋ᠦ᠋ᠭᠡᠷ ᠰᠠᠷ᠎ᠠ ᠶᠢᠨ 18᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃              ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠠᠯᠠᠱᠠ ᠵᠡᠭᠦᠨ ᠬᠤᠰᠢᠭᠤᠨ ᠤ ᠡᠷᠦᠬᠡ ᠠᠮᠠ ᠶᠢᠨ ᠲᠠᠩᠰᠠ ᠶᠢᠨ ᠬᠠᠮᠢᠶᠠᠷᠤᠯᠲᠠ ᠶᠢᠨ ᠠᠷᠭ᠎ᠠ︾  ᠎ ᠶᠢᠨ ᠲᠠᠶᠢᠯᠤᠮᠵᠢ      ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号