| | | | ᠨᠢᠭᠡᠳᠦᠭᠡᠷ ᠪᠦᠯᠦᠭ ᠶᠡᠷᠦᠩᠬᠡᠢ ᠳᠦᠷᠢᠮ | | | ᠨᠢᠭᠡᠳᠦᠭᠡᠷ ᠵᠦᠢᠯ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ | ᠪᠠᠲᠤᠲᠠᠢ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠬᠢᠨᠠᠨ ᠡᠵᠡᠮᠳᠡᠬᠦ ᠪᠠ ᠬᠠᠮᠢᠶᠠᠷᠬᠤ ᠶᠢ | ᠴᠢᠩᠭᠠᠳᠬᠠᠨ᠂ ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢᠨ ᠤᠷᠤᠭᠰᠢᠲᠠᠢ ᠪᠡᠶᠡᠯᠡᠭᠳᠡᠬᠦ ᠶᠢ ᠦᠨᠡᠨᠬᠦ | ᠪᠠᠲᠤᠯᠠᠬᠤ ᠶᠢᠨ ᠲᠤᠰᠠᠳᠠ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠣᠨ ᠴᠢᠬᠤᠯᠠ | ᠶᠡᠭᠡ ᠡᠮᠦᠨᠡᠬᠢ ᠬᠤᠭᠤᠴᠠᠭᠠᠨ ᠤ ᠲᠥᠷᠥᠯ ᠵᠦᠢᠯ ᠤᠨ ᠬᠠᠷᠢᠭᠤᠴᠠᠯᠭ᠎ᠠ ᠶᠢᠨ ᠳᠦᠷᠢᠮ ᠤᠨ ᠬᠠᠮᠢᠶᠠᠷᠤᠯᠲᠠ ᠶᠢᠨ | ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ | ᠠᠷᠭ᠎ᠠ ᠶᠢ ᠲᠣᠭᠲᠠᠭᠠᠪᠠ᠃ | | ᠬᠤᠶᠠᠳᠤᠭᠠᠷ ᠪᠦᠯᠦᠭ ᠵᠦᠢᠯᠡᠰ ᠢ ᠬᠠᠮᠢᠶᠠᠷᠬᠤ ᠪᠠ ᠬᠢᠨᠠᠨ ᠡᠵᠡᠮᠳᠡᠬᠦ | | ᠬᠤᠶᠠᠳᠤᠭᠠᠷ ᠵᠦᠢᠯ ᠬᠠᠷᠢᠭᠤᠴᠠᠯᠭ᠎ᠠ ᠶᠢᠨ ᠳᠦᠷᠢᠮ ᠦᠨᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠲᠣᠭᠲᠠᠭᠠᠭᠰᠠᠨ ᠣᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ | ᠴᠢᠬᠤᠯᠠ ᠶᠡᠭᠡ ᠡᠮᠦᠨᠡᠬᠢ ᠬᠤᠭᠤᠴᠠᠭᠠᠨ ᠤ ᠲᠥᠷᠥᠯ ᠵᠦᠢᠯ ᠤᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠳᠤ | ᠬᠠᠷᠢᠭᠤᠴᠠᠯᠭ᠎ᠠ ᠶᠢᠨ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠣᠨ ᠤ ᠰᠠᠯᠠᠭ᠎ᠠ ᠮᠥᠴᠢᠷ ᠵᠢᠴᠢ | ᠤᠳᠤᠷᠢᠳᠬᠤ ᠺᠠᠳ᠋ᠷ ᠤᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠰᠢᠰᠲ᠋ᠧᠮᠵᠢ ᠳᠤ ᠣᠷᠣᠭᠤᠯᠤᠨ᠎ᠠ᠃ ᠬᠤᠰᠢᠭᠤᠨ | ᠱᠠᠲᠤᠨ ᠤ ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠡᠯ᠎ᠡ ᠬᠤᠰᠢᠭᠤ | ᠭᠠᠵᠠᠷ ᠤᠨ ᠱᠠᠲᠤᠨ ᠤ ᠤᠳᠤᠷᠢᠳᠤᠯᠭ᠎ᠠ ᠲᠥᠷᠥᠯ ᠵᠦᠢᠯ ᠢ ᠬᠡᠷᠡᠭᠵᠢᠭᠦᠯᠬᠦ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠵᠦ᠂ ᠡᠯ᠎ᠡ ᠰᠤᠮᠤ ᠪᠠᠯᠭᠠᠰᠤ ᠪᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠲᠡᠭᠦᠨ ᠤ ᠭᠤᠣᠯ | ᠬᠠᠷᠢᠭᠤᠴᠠᠯᠭᠠᠲᠠᠨ ᠨᠢ ᠲᠥᠷᠥᠯ ᠵᠦᠢᠯ ᠢ ᠬᠡᠷᠡᠭᠵᠢᠭᠦᠯᠬᠦ ᠬᠠᠷᠢᠭᠤᠴᠠᠯᠭᠠᠲᠤ ᠨᠢᠭᠡᠴᠢ ᠪᠠ ᠬᠠᠷᠢᠭᠤᠴᠠᠯᠭᠠᠲᠠᠨ | ᠪᠣᠯᠤᠭᠰᠠᠨ ᠤ ᠬᠤᠪᠢ ᠳᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠡᠭᠦᠷᠭᠡᠯᠡᠵᠦ᠂ ᠬᠠᠷᠠᠯᠲᠠ ᠪᠠᠨ ᠲᠣᠳᠣᠷᠬᠠᠶᠢᠯᠠᠨ᠂ ᠲᠣᠰ ᠲᠣᠰ ᠤᠨ ᠬᠠᠷᠢᠭᠤᠴᠠᠯᠭ᠎ᠠ ᠪᠠᠨ | ᠭᠦᠢᠴᠡᠳᠬᠡᠵᠦ᠂ ᠲᠥᠷᠥᠯ ᠵᠦᠢᠯ ᠤᠨ ᠡᠯ᠎ᠡ ᠭᠤᠭᠴᠤᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠠᠳᠬᠤᠬᠤ ᠬᠡᠷᠡᠭᠲᠡᠢ᠃ ᠬᠤᠰᠢᠭᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠲᠥᠷᠥᠯ ᠵᠦᠢᠯ ᠢ | ᠴᠤᠭᠯᠠᠭᠤᠯᠬᠤ᠂ ᠰᠢᠭᠰᠢᠨ ᠰᠣᠩᠭᠤᠬᠤ᠂ ᠡᠮᠬᠢᠯᠡᠬᠦ ᠪᠠ ᠶᠡᠷᠦᠩᠬᠡᠶᠢᠯᠡᠨ ᠬᠢᠨᠠᠨ ᠡᠵᠡᠮᠳᠡᠵᠦ ᠲᠣᠬᠢᠷᠠᠭᠤᠯᠬᠤ ᠠᠵᠢᠯ ᠢ | ᠬᠠᠷᠢᠭᠤᠴᠠᠵᠤ᠂ ᠴᠠᠭ ᠲᠤᠬᠠᠢ ᠳᠤᠨᠢ ᠬᠤᠰᠢᠭᠤᠨ ᠵᠠᠰᠠᠭ ᠤᠨ ᠣᠷᠳᠣᠨ ᠳᠤ ᠮᠡᠳᠡᠭᠦᠯᠦᠨ ᠲᠥᠷᠥᠯ ᠵᠦᠢᠯ ᠢ | ᠬᠡᠷᠡᠭᠵᠢᠭᠦᠯᠬᠦ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠣᠰ ᠵᠢᠯ ᠤᠨ ᠲᠥᠷᠥᠯ ᠵᠦᠢᠯ ᠤᠨ ᠠᠵᠢᠯ | ᠡᠬᠢᠯᠡᠭᠦᠯᠦᠭᠰᠡᠨ ᠨᠣᠷᠮ᠎ᠠ ᠶᠢ 6 ᠰᠠᠷ᠎ᠠ ᠶᠢᠨ ᠰᠡᠭᠦᠯᠴᠢ ᠳᠤ 70% ᠳᠤ ᠬᠦᠷᠭᠡᠵᠦ᠂ 9 ᠰᠠᠷ᠎ᠠ ᠶᠢᠨ ᠰᠡᠭᠦᠯᠴᠢ ᠳᠤ | 90% ᠳᠤ ᠬᠦᠷᠭᠡᠵᠦ᠂ 10 ᠰᠠᠷ᠎ᠠ ᠶᠢᠨ ᠰᠡᠭᠦᠯᠴᠢ ᠳᠤ ᠪᠦᠬᠦᠨ ᠢ ᠠᠵᠢᠯ ᠡᠬᠢᠯᠡᠭᠦᠯᠬᠦ ᠶᠢ ᠪᠠᠲᠤᠯᠠᠨ᠎ᠠ᠃ | ᠭᠤᠷᠪᠠᠳᠤᠭᠠᠷ ᠵᠦᠢᠯ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠠᠮᠲᠤᠷᠠᠭᠰᠠᠨ ᠬᠤᠷᠠᠯ ᠤᠨ | ᠳᠦᠷᠢᠮ ᠢ ᠪᠠᠶᠢᠭᠤᠯᠤᠨ᠎ᠠ᠃ | ︵ᠨᠢᠭᠡ︶ ᠲᠥᠷᠥᠯ ᠵᠦᠢᠯ ᠲᠣᠬᠢᠷᠠᠭᠤᠯᠬᠤ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠬᠤ ᠪᠠ | ᠬᠤᠷᠠᠯᠳᠤᠭᠤᠯᠬᠤ ᠠᠷᠭ᠎ᠠ ᠮᠠᠶ᠋ᠢᠭ | | | ᠬᠤᠷᠠᠯᠳᠤᠭᠠᠨ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠵᠦᠢᠯᠡᠰ᠂ ᠴᠢᠬᠤᠯᠠ ᠶᠡᠭᠡ ᠡᠮᠦᠨᠡᠬᠢ | ᠬᠤᠭᠤᠴᠠᠭᠠᠨ ᠤ ᠵᠦᠢᠯᠡᠰ ᠢ ᠬᠢᠨᠠᠨ ᠵᠥᠪᠰᠢᠶᠡᠷᠡᠭᠰᠡᠨ ᠪᠠᠶᠢᠳᠠᠯ᠂ ᠠᠬᠢᠴᠠ ᠶᠢᠨ ᠪᠠᠶᠢᠳᠠᠯ ᠪᠠ ᠬᠡᠷᠡᠭᠵᠢᠭᠦᠯᠬᠦ ᠳᠤᠮᠳᠠ | ᠣᠷᠣᠰᠢᠵᠤ ᠪᠠᠶᠢᠭ᠎ᠠ ᠠᠰᠠᠭᠤᠳᠠᠯ᠂ ᠬᠦᠴᠢᠷᠳᠡᠯ ᠢ ᠦᠨᠳᠦᠰᠦᠯᠡᠨ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ | ᠪᠠᠶᠢᠭᠤᠯᠵᠤ ᠬᠤᠷᠠᠯᠳᠤᠭᠤᠯᠬᠤ ᠬᠡᠷᠡᠭᠲᠡᠢ᠃ ᠰᠠᠷ᠎ᠠ ᠪᠦᠷᠢ ᠬᠥᠭᠵᠢᠭᠦᠯᠦᠯᠲᠡ ᠥᠭᠡᠷᠡᠴᠢᠯᠡᠯᠲᠡ ᠶᠢᠨ ᠠᠵᠢᠯ ᠢ | ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠰᠢᠭᠤᠨ ᠳᠠᠷᠤᠭ᠎ᠠ ᠠᠴᠠ ᠨᠢᠭᠡ ᠤᠳᠠᠭ᠎ᠠ ᠡᠷᠭᠢᠯᠡᠨ ᠬᠤᠷᠠᠯᠳᠤᠭᠤᠯᠤᠨ᠎ᠠ ︵ | ᠪᠣᠳᠠᠲᠠᠢ ᠠᠵᠢᠯ ᠤᠨ ᠠᠬᠢᠴᠠ ᠶᠢᠨ ᠪᠠᠶᠢᠳᠠᠯ ᠢ ᠦᠨᠳᠦᠰᠦᠯᠡᠨ᠂ ᠬᠡᠵᠢᠶ᠎ᠡ ᠴᠦ ᠵᠣᠬᠢᠶᠠᠨ ᠪᠠᠶᠢᠭᠤᠯᠵᠤ | ᠬᠤᠷᠠᠯᠳᠤᠭᠤᠯᠵᠤ ᠪᠣᠯᠣᠨ᠎ᠠ︶᠃ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠤᠯᠤᠰ ᠤᠨ ᠭᠠᠵᠠᠷ ᠰᠢᠷᠣᠢ ᠶᠢᠨ | ᠲᠣᠪᠴᠢᠶ᠎ᠠ ᠵᠡᠷᠭᠡ ᠲᠥᠷᠥᠯ ᠵᠦᠢᠯ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠂ ᠲᠥᠷᠥᠯ ᠵᠦᠢᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ᠂ ᠬᠠᠮᠢᠶ᠎ᠠ ᠪᠦᠬᠦᠢ ᠲᠥᠷᠥᠯ ᠵᠦᠢᠯ ᠤᠨ ᠨᠢᠭᠡᠴᠢ ᠵᠢᠴᠢ ᠬᠤᠰᠢᠭᠤᠨ ᠨᠠᠮ ᠤᠨ | ᠬᠤᠷᠢᠶ᠎ᠠ ᠶᠢᠨ ᠰᠢᠮᠳᠠᠭᠤᠯᠤᠨ ᠪᠠᠶᠢᠴᠠᠭᠠᠬᠤ ᠲᠠᠰᠤᠭ᠂ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ | ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠤ | ᠣᠷᠣᠯᠴᠠᠭᠰᠠᠨ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠪᠦᠷᠢᠯᠳᠦᠭᠦᠯᠦᠨ᠎ᠡ᠃ | ︵ᠬᠤᠶᠠᠷ︶ ᠲᠥᠷᠥᠯ ᠵᠦᠢᠯ ᠲᠣᠬᠢᠷᠠᠭᠤᠯᠬᠤ ᠬᠠᠮᠲᠤᠷᠠᠭᠰᠠᠨ ᠬᠤᠷᠠᠯ ᠤᠨ ᠭᠤᠣᠯ ᠠᠵᠢᠯ ᠤᠨ ᠡᠭᠦᠷᠭᠡ | ᠬᠠᠷᠢᠭᠤᠴᠠᠯᠭ᠎ᠠ | 1.ᠬᠤᠷᠠᠯ ᠠᠴᠠ ᠭᠤᠣᠯᠳᠠᠭᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠵᠦᠢᠯᠡᠰ᠂ ᠴᠢᠬᠤᠯᠠ | ᠶᠡᠭᠡ ᠡᠮᠦᠨᠡᠬᠢ ᠬᠤᠭᠤᠴᠠᠭᠠᠨ ᠤ ᠵᠦᠢᠯᠡᠰ ᠤᠨ ᠬᠠᠮᠢᠶᠠᠷᠤᠯᠲᠠ ᠵᠢᠴᠢ ᠬᠤᠯᠪᠣᠭᠳᠠᠯ ᠪᠦᠬᠦᠢ ᠳᠦᠷᠢᠮ᠂ ᠲᠣᠭᠲᠠᠭᠠᠯ ᠢ | ᠬᠡᠷᠡᠭᠵᠢᠭᠦᠯᠦᠭᠰᠡᠨ ᠪᠠᠶᠢᠳᠠᠯ ᠢ ᠰᠣᠯᠢᠯᠴᠠᠬᠤ ᠪᠠ ᠪᠠᠶᠢᠴᠠᠭᠠᠨ᠎ᠠ᠃ | 2. ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠴᠢᠬᠤᠯᠠ ᠶᠡᠭᠡ ᠡᠮᠦᠨᠡᠬᠢ | ᠬᠤᠭᠤᠴᠠᠭᠠᠨ ᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠴᠣᠬᠤᠯᠠᠪᠤᠷᠢ ᠪᠠ ᠬᠡᠷᠡᠭᠵᠢᠭᠦᠯᠦᠯᠲᠡ ᠶᠢᠨ | ᠠᠬᠢᠴᠠ ᠶᠢᠨ ᠪᠠᠶᠢᠳᠠᠯ ᠢ ᠨᠠᠪᠲᠠᠷᠡᠭᠦᠯᠵᠦ᠂ ᠲᠥᠷᠥᠯ ᠵᠦᠢᠯ ᠤᠨ ᠠᠬᠢᠴᠠ ᠶᠢ ᠨᠥᠯᠥᠭᠡᠯᠡᠬᠦ ᠡᠯ᠎ᠡ ᠲᠥᠷᠥᠯ ᠤᠨ | ᠵᠥᠷᠢᠴᠡᠯ ᠪᠠ ᠡᠯᠧᠮᠧᠨ᠋ᠲ ᠢ ᠨᠠᠷᠢᠪᠴᠢᠯᠠᠨ ᠪᠠᠶᠢᠴᠠᠭᠠᠵᠤ ᠵᠠᠳᠠᠯᠤᠨ᠂ ᠦᠨᠡᠨᠬᠦ ᠶᠠᠪᠤᠭᠳᠠᠭᠤᠰᠢᠲᠠᠢ ᠠᠵᠢᠯᠯᠠᠬᠤ ᠠᠷᠭ᠎ᠠ | ᠪᠠ ᠠᠷᠭᠠᠴᠠᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠠᠯᠢ ᠲᠦᠷᠭᠡᠨ ᠢᠶᠠᠷ ᠬᠠᠪᠰᠤᠷᠤᠨ ᠰᠢᠢᠳᠪᠦᠷᠢᠯᠡᠨ᠎ᠡ᠃ | | 3. ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠬᠢᠵᠠᠭᠠᠷᠯᠠᠬᠤ ᠡᠯᠧᠮᠧᠨ᠋ᠲ ᠢ ᠠᠷᠭᠠᠴᠠᠨ᠂ ᠲᠥᠷᠥᠯ ᠵᠦᠢᠯ | ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠠᠪᠤᠴᠠ ᠶᠢ ᠪᠣᠭᠤᠨᠢᠰᠬᠠᠬᠤ ᠶᠢ ᠰᠤᠳᠤᠯᠤᠨ ᠲᠣᠭᠲᠠᠭᠠᠵᠤ | ᠂ ᠲᠥᠷᠥᠯ ᠵᠦᠢᠯ ᠤᠨ ᠨᠥᠭᠡᠴᠡᠯᠡᠯᠲᠡ ᠶᠢ ᠴᠢᠩᠭᠠᠳᠬᠠᠨ᠂ ᠪᠦᠲᠦᠭᠡᠨ ᠪᠠᠶᠢᠭᠤᠯᠬᠤ ᠨᠥᠬᠦᠴᠡᠯ ᠢ ᠦᠨᠡᠨᠬᠦ | ᠨᠠᠶᠢᠳᠠᠪᠤᠷᠢᠵᠢᠭᠤᠯᠵᠤ᠂ ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠤᠨ᠂ ᠣᠷᠣᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠵᠤ᠂ ᠨᠢᠭᠡ ᠥᠷᠲᠡᠭᠡᠨ ᠤ ᠮᠠᠶ᠋ᠢᠭ ᠤᠨ ᠠᠯᠪᠠᠯᠠᠬᠤ ᠬᠡᠯᠬᠢᠶ᠎ᠡ ᠦᠢᠯᠡᠴᠢᠯᠡᠭᠡ ᠶᠢ ᠪᠡᠶᠡᠯᠡᠭᠦᠯᠵᠦ᠂ ᠬᠠᠤᠯᠢ | ᠶᠣᠰᠣᠭᠠᠷ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠵᠦ᠂ ᠡᠯ᠎ᠡ ᠰᠠᠯᠠᠭ᠎ᠠ ᠮᠥᠴᠢᠷ ᠤᠳ ᠵᠣᠬᠢᠴᠠᠭᠤᠯᠤᠨ | ᠬᠠᠮᠵᠢᠯᠴᠠᠵᠤ ᠪᠠᠶᠢᠭᠠᠳ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠥᠷᠥᠯ ᠵᠦᠢᠯ ᠢ ᠬᠡᠷᠡᠭᠵᠢᠭᠦᠯᠬᠦ | ᠠᠬᠢᠴᠠ ᠶᠢ ᠲᠦᠷᠭᠡᠳᠬᠡᠨ ᠠᠬᠢᠭᠤᠯᠤᠨ᠎ᠠ᠃ | 4. ᠣᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠴᠢᠬᠤᠯᠠ ᠶᠡᠭᠡ | ᠡᠮᠦᠨᠡᠬᠢ ᠬᠤᠭᠤᠴᠠᠭᠠᠨ ᠤ ᠲᠥᠷᠥᠯ ᠵᠦᠢᠯ ᠵᠢᠴᠢ ᠲᠥᠷᠥᠯ ᠵᠦᠢᠯ ᠳᠤ ᠲᠣᠬᠢᠷᠠᠭᠤᠯᠤᠯᠲᠠ ᠬᠢᠵᠦ ᠰᠣᠯᠢᠬᠤ | ᠠᠰᠠᠭᠤᠳᠠᠯ ᠢ ᠰᠤᠳᠤᠯᠤᠨ ᠲᠣᠭᠲᠠᠭᠠᠨ᠎ᠠ᠃ | 5. ᠠᠬᠢᠴᠠ ᠤᠳᠠᠭᠠᠨ᠂ ᠣᠷᠣᠰᠢᠵᠤ ᠪᠠᠶᠢᠭ᠎ᠠ ᠠᠰᠠᠭᠤᠳᠠᠯ ᠨᠡᠯᠢᠶᠡᠳ ᠣᠯᠠᠨ᠂ ᠪᠦᠬᠦᠶᠢᠯᠡ ᠲᠥᠷᠥᠯ ᠵᠦᠢᠯ | ᠤᠨ ᠠᠵᠢᠯ ᠢ ᠠᠬᠢᠭᠤᠯᠬᠤ ᠶᠢ ᠨᠥᠯᠥᠭᠡᠯᠡᠬᠦ ᠴᠢᠬᠤᠯᠠ ᠶᠡᠭᠡ ᠲᠥᠷᠥᠯ ᠵᠦᠢᠯ ᠢ ᠴᠠᠭ ᠲᠤᠬᠠᠢ ᠳᠤᠨᠢ ᠬᠤᠰᠢᠭᠤᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠦᠨ᠎ᠡ᠃ | ᠳᠥᠷᠪᠡᠳᠦᠭᠡᠷ ᠵᠦᠢᠯ ᠪᠦᠲᠦᠭᠡᠨ ᠪᠠᠶᠢᠭᠤᠯᠤᠯᠲᠠ ᠪᠠᠨ ᠪᠠᠷᠢᠯᠭ᠎ᠠ ᠪᠠᠨ ᠬᠤᠭᠤᠴᠠᠭᠠᠨ ᠤ ᠲᠥᠯᠥᠪᠯᠡᠭᠡ | ᠬᠢᠭᠡᠳ ᠲᠣᠬᠢᠷᠠᠭᠤᠯᠤᠯᠲᠠ ᠶᠢ ᠲᠣᠩᠭᠤᠷᠠᠭᠤᠯᠤᠨ ᠵᠢᠭᠰᠠᠭᠠᠬᠤ ᠬᠡᠷᠡᠭᠲᠡᠢ᠃ ᠵᠢᠯ ᠪᠦᠷᠢ ᠶᠢᠨ 3 ᠰᠠᠷ᠎ᠠ ᠶᠢᠨ | ᠰᠡᠭᠦᠯᠴᠢ ᠠᠴᠠ ᠡᠮᠦᠨ᠎ᠡ᠂ ᠡᠯ᠎ᠡ ᠲᠥᠷᠥᠯ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠭᠤᠯᠭᠠᠭᠰᠠᠨ ᠪᠦᠬᠦ ᠬᠤᠰᠢᠭᠤᠨ ᠤ ᠭᠤᠣᠯᠳᠠᠯᠭ᠎ᠠ ᠲᠠᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ᠂ ᠴᠢᠬᠤᠯᠠ ᠶᠡᠭᠡ ᠡᠮᠦᠨᠡᠬᠢ ᠬᠤᠭᠤᠴᠠᠭᠠᠨ ᠤ ᠲᠥᠷᠥᠯ ᠵᠦᠢᠯ ᠤᠨ | ᠲᠥᠯᠥᠪᠯᠡᠭᠡ ᠶᠢ ᠦᠨᠳᠦᠰᠦᠯᠡᠵᠦ᠂ ᠤᠯᠠᠷᠢᠯ ᠤᠨ ᠵᠠᠩᠭᠢᠯᠠᠭ᠎ᠠ ᠶᠢᠨ ᠴᠡᠭ ᠢᠶᠠᠷ ᠣᠨ ᠤ ᠪᠦᠲᠦᠭᠡᠨ | ᠪᠠᠶᠢᠭᠤᠯᠤᠯᠲᠠ ᠶᠢᠨ ᠡᠭᠦᠷᠭᠡ ᠶᠢ ᠬᠤᠪᠢᠶᠠᠷᠢᠯᠠᠵᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠤᠭᠤᠴᠠᠭ᠎ᠠ ᠶᠢ | ᠲᠣᠩᠭᠤᠷᠠᠭᠤᠯᠤᠨ ᠵᠢᠭᠰᠠᠭᠠᠬᠤ ᠲᠥᠯᠥᠪᠯᠡᠭᠡ ᠶᠢ ᠲᠣᠭᠲᠠᠭᠠᠵᠤ᠂ ᠬᠤᠰᠢᠭᠤᠨ ᠵᠠᠰᠠᠭ ᠤᠨ ᠣᠷᠳᠣᠨ ᠳᠤ | ᠮᠡᠳᠡᠭᠦᠯᠬᠦ ᠶᠢᠨ ᠬᠠᠮᠲᠤ ᠬᠤᠰᠢᠭᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠬᠠᠭᠤᠯᠤᠨ ᠬᠦᠷᠭᠡᠵᠦ | ᠂ ᠡᠯ᠎ᠡ ᠲᠥᠷᠥᠯ ᠵᠦᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠰ ᠲᠥᠯᠥᠪᠯᠡᠭᠡ ᠶᠣᠰᠣᠭᠠᠷ ᠲᠥᠷᠥᠯ | ᠵᠦᠢᠯ ᠤᠨ ᠬᠡᠷᠡᠭᠵᠢᠭᠦᠯᠬᠦ ᠠᠬᠢᠴᠠ ᠶᠢ ᠬᠢᠨᠠᠨ ᠡᠵᠡᠮᠳᠡᠬᠦ ᠬᠡᠷᠡᠭᠲᠡᠢ᠂ ᠢᠯᠠᠩᠭᠤᠶ᠎ᠠ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠥᠷᠥᠯ ᠤᠨ ᠲᠥᠷᠥᠯ ᠵᠦᠢᠯ ᠢ ᠤᠯᠤᠰ ᠤᠨ ᠬᠢ ᠶᠢ ᠦᠨᠳᠦᠰᠦᠯᠡᠬᠦ ᠬᠡᠷᠡᠭᠲᠡᠢ᠃ | | | ᠪᠣᠭᠤᠮᠲᠠ ᠶᠢᠨ ᠲᠣᠭᠲᠠᠭᠠᠯ ᠨᠢ ᠵᠦᠢ ᠵᠣᠬᠢᠰᠲᠠᠢ ᠪᠥᠭᠡᠳ ᠲᠣᠩᠭᠤᠷᠤᠤ ᠪᠠᠶᠢᠷᠢᠰᠢᠯᠳᠤ ᠪᠠᠷᠢᠯᠭ᠎ᠠ ᠶᠢᠨ | ᠬᠤᠭᠤᠴᠠᠭᠠᠨ ᠤ ᠲᠥᠯᠥᠪᠯᠡᠭᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠵᠢᠯ ᠪᠦᠷᠢ ᠶᠢᠨ 5 ᠰᠠᠷ᠎ᠠ ᠶᠢᠨ ᠡᠬᠢᠨ ᠳᠤ᠂ | ᠵᠢᠯ ᠤᠨ ᠡᠬᠢᠨ ᠳᠤ ᠲᠣᠭᠲᠠᠭᠠᠭᠰᠠᠨ ᠬᠤᠶᠠᠳᠤᠭᠠᠷ ᠬᠤᠭᠤᠴᠠᠭᠠᠨ ᠤ ᠲᠥᠯᠥᠪᠯᠡᠭᠡ ᠶᠢ ᠲᠥᠷᠥᠯ ᠵᠦᠢᠯ ᠤᠨ | ᠠᠬᠢᠭᠤᠯᠤᠯᠲᠠ ᠶᠢᠨ ᠪᠠᠶᠢᠳᠠᠯ ᠢ ᠦᠨᠳᠦᠰᠦᠯᠡᠨ ᠬᠠᠷᠭᠤᠭᠤᠯᠤᠨ ᠲᠣᠬᠢᠷᠠᠭᠤᠯᠵᠤ᠂ ᠲᠣᠬᠢᠷᠠᠭᠤᠯᠤᠭᠰᠠᠨ ᠤ ᠳᠠᠷᠠᠭᠠᠬᠢ | ᠠᠵᠢᠯ ᠤᠨ ᠬᠤᠭᠤᠴᠠᠭᠠᠨ ᠤ ᠲᠥᠯᠥᠪᠯᠡᠭᠡ ᠶᠢ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠪᠠᠷ ᠬᠢᠨᠠᠨ | ᠬᠠᠷᠭᠤᠭᠤᠯᠵᠤ ᠭᠠᠷ ᠤᠨ ᠥᠰᠥᠭ ᠵᠢᠷᠤᠭᠤᠯᠵᠤ ᠲᠠᠮᠠᠭ᠎ᠠ ᠳᠠᠷᠤᠭᠤᠯᠵᠤ᠂ ᠬᠤᠰᠢᠭᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠠᠵᠢᠯ ᠲᠥᠷᠥᠯ ᠤᠨ ᠰᠢᠰᠲ᠋ᠧᠮ ᠤᠨ ᠲᠠᠰᠤᠭ ᠲᠤ ᠮᠡᠳᠡᠭᠦᠯᠦᠨ ᠬᠢᠨᠠᠨ | ᠬᠠᠷᠭᠤᠭᠤᠯᠵᠤ ᠳᠠᠩᠰᠠᠯᠠᠭᠤᠯᠤᠨ᠎ᠠ᠂ ᠴᠠᠬᠢᠮ ᠬᠡᠪᠯᠡᠯ ᠢ ᠠᠵᠢᠯ ᠲᠥᠷᠥᠯ ᠤᠨ ᠰᠢᠰᠲ᠋ᠧᠮ ᠤᠨ ᠲᠠᠰᠤᠭ ᠤᠨ ᠰᠢᠤᠳᠠᠨ ᠤ | ᠬᠠᠶᠢᠷᠴᠠᠭ ᠲᠤ ᠬᠦᠷᠭᠡᠨ᠎ᠡ᠃ | ᠲᠠᠪᠤᠳᠤᠭᠠᠷ ᠵᠦᠢᠯ ᠲᠥᠷᠥᠯ ᠵᠦᠢᠯ ᠢ ᠲᠦᠯᠬᠢᠨ ᠠᠬᠢᠭᠤᠯᠬᠤ ᠪᠠ ᠲᠣᠬᠢᠷᠠᠭᠤᠯᠬᠤ᠃ ᠣᠨ ᠤ | ᠭᠤᠣᠯᠳᠠᠯᠭ᠎ᠠ ᠲᠠᠢ ᠲᠥᠷᠥᠯ ᠵᠦᠢᠯ ᠢ ᠲᠣᠭᠲᠠᠭᠠᠮᠠᠭᠴᠠ᠂ ᠪᠣᠶ ᠪᠦᠬᠦᠢ ᠲᠥᠷᠥᠯ ᠵᠦᠢᠯ ᠵᠢᠴᠢ ᠲᠤᠭ᠎ᠠ ᠪᠠᠷᠢᠮᠲᠠ ᠶᠢᠨ | ᠭᠦᠢᠴᠡᠳᠬᠡᠯ ᠲᠤᠭ᠎ᠠ ᠶᠢ ᠳᠤᠷ᠎ᠠ ᠪᠠᠷ ᠢᠶᠠᠨ ᠥᠭᠡᠷᠡᠴᠢᠯᠡᠵᠦ ᠲᠣᠬᠢᠷᠠᠭᠤᠯᠵᠤ ᠪᠣᠯᠬᠤ ᠦᠭᠡᠢ᠃ ᠬᠤᠰᠢᠭᠤᠨ ᠤ | ᠵᠠᠰᠠᠭ ᠤᠨ ᠣᠷᠳᠣᠨ ᠠᠴᠠ ᠵᠢᠯ ᠪᠦᠷᠢ ᠶᠢᠨ ᠨᠢᠭᠡ ᠤᠳᠠᠭᠠᠨ ᠤ ᠲᠥᠷᠥᠯ ᠵᠦᠢᠯ ᠢ ᠲᠥᠪᠯᠡᠷᠡᠭᠦᠯᠦᠨ ᠲᠣᠬᠢᠷᠠᠭᠤᠯᠵᠤ᠂ | ᠡᠯ᠎ᠡ ᠲᠥᠷᠥᠯ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠭᠤᠣᠯᠳᠠᠯᠭ᠎ᠠ ᠲᠠᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠪᠠ ᠴᠢᠬᠤᠯᠠ ᠶᠡᠭᠡ ᠡᠮᠦᠨᠡᠬᠢ ᠬᠤᠭᠤᠴᠠᠭᠠᠨ ᠤ ᠲᠥᠯᠥᠪᠯᠡᠭᠡ ᠳᠤ | ᠣᠷᠣᠭᠤᠯᠤᠭᠰᠠᠨ ᠲᠥᠷᠥᠯ ᠵᠦᠢᠯ ᠳᠤ᠂ ᠦᠨᠡᠬᠡᠷ ᠪᠤᠰᠤᠳᠴᠢ ᠰᠢᠯᠲᠠᠭᠠᠨ ᠠᠴᠠ ᠪᠣᠯᠵᠤ ᠪᠠᠷᠢᠯᠭ᠎ᠠ ᠡᠬᠢᠯᠡᠭᠦᠯᠬᠦ ᠶᠢᠨ | ᠠᠷᠭ᠎ᠠ ᠦᠭᠡᠢ᠂ ᠳᠠᠷᠠᠭᠠᠴᠢ ᠶᠢᠨ ᠱᠠᠲᠤᠨ ᠤ ᠠᠵᠢᠯ ᠢ ᠬᠢᠬᠦ ᠶᠢᠨ ᠠᠷᠭ᠎ᠠ ᠦᠭᠡᠢ ᠣᠨᠴᠠ ᠵᠠᠷᠢᠮ ᠲᠥᠷᠥᠯ ᠵᠦᠢᠯ | ᠡᠰᠡᠬᠦᠯ᠎ᠡ ᠪᠤᠰᠤᠳᠴᠢ ᠰᠢᠯᠲᠠᠭᠠᠨ ᠠᠴᠠ ᠪᠣᠯᠵᠤ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠡᠪᠴᠢᠶ᠎ᠡ᠂ | ᠣᠨ ᠤ ᠲᠥᠯᠥᠪᠯᠡᠭᠡ ᠶᠢᠨ ᠪᠡᠯᠡ ᠣᠷᠣᠭᠤᠯᠤᠯᠲᠠ᠂ ᠪᠦᠲᠦᠭᠡᠨ ᠪᠠᠶᠢᠭᠤᠯᠤᠯᠲᠠ ᠶᠢᠨ ᠵᠢᠯ ᠬᠤᠭᠤᠴᠠᠭ᠎ᠠ ᠵᠡᠷᠭᠡ | ᠲᠤᠭ᠎ᠠ ᠪᠠᠷᠢᠮᠲᠠ ᠶᠢᠨ ᠭᠦᠢᠴᠡᠳᠬᠡᠬᠦ ᠲᠤᠭ᠎ᠠ ᠳᠤ ᠬᠤᠪᠢᠷᠠᠯᠲᠠ ᠭᠠᠷᠭᠠᠭᠰᠠᠨ ᠪᠠᠶᠢᠪᠠᠯ᠂ ᠵᠢᠯ ᠪᠦᠷᠢ ᠶᠢᠨ 6 | ᠰᠠᠷ᠎ᠠ ᠶᠢᠨ ᠳᠤᠮᠳᠠᠴᠢ ᠪᠠᠷ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ᠂ ᠬᠡᠷᠡᠭᠵᠢᠭᠦᠯᠬᠦ ᠰᠢᠯᠲᠠᠭᠠᠨ᠂ ᠰᠣᠯᠢᠬᠤ | ᠭᠡᠵᠦ ᠪᠠᠶᠢᠭ᠎ᠠ ᠲᠥᠷᠥᠯ ᠵᠦᠢᠯ ᠤᠨ ᠦᠨᠳᠦᠰᠦᠨ ᠪᠠᠶᠢᠳᠠᠯ ᠵᠢᠴᠢ ᠲᠣᠬᠢᠷᠠᠭᠤᠯᠬᠤ ᠪᠠᠷ ᠪᠠᠶᠢᠭ᠎ᠠ ᠲᠥᠷᠥᠯ ᠵᠦᠢᠯ ᠤᠨ | ᠲᠤᠭ᠎ᠠ ᠪᠠᠷᠢᠮᠲᠠ ᠶᠢᠨ ᠭᠦᠢᠴᠡᠳᠬᠡᠬᠦ ᠲᠤᠭ᠎ᠠ ᠶᠢ ᠦᠷᠭᠦᠯᠵᠢᠯᠡᠨ ᠬᠢᠨᠠᠨ ᠡᠵᠡᠮᠳᠡᠵᠦ ᠪᠣᠯᠬᠤ ᠦᠭᠡᠢ᠃ ᠠᠯᠪᠠᠨ | ᠶᠣᠰᠣᠨ ᠤ ᠪᠢᠴᠢᠭ ᠮᠠᠲ᠋ᠧᠷᠢᠶᠠᠯ ᠢᠶᠠᠷ ᠬᠤᠰᠢᠭᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠬᠠᠭᠤᠯᠤᠨ ᠬᠦᠷᠭᠡᠵᠦ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠠᠴᠠ ᠪᠣᠳᠠᠲᠠᠢ ᠪᠠᠶᠢᠳᠠᠯ ᠢ ᠦᠨᠳᠦᠰᠦᠯᠡᠨ ᠲᠣᠬᠢᠷᠠᠭᠤᠯᠤᠯᠲᠠ ᠬᠢᠭᠰᠡᠨ ᠲᠥᠷᠥᠯ | ᠵᠦᠢᠯ ᠢᠶᠠᠨ ᠬᠤᠷᠢᠶᠠᠩᠭᠤᠶᠢᠯᠠᠨ ᠠᠯᠪᠠᠨ ᠶᠣᠰᠣᠨ ᠤ ᠪᠢᠴᠢᠭ ᠮᠠᠲ᠋ᠧᠷᠢᠶᠠᠯ ᠢᠶᠠᠷ ᠬᠤᠰᠢᠭᠤᠨ ᠵᠠᠰᠠᠭ ᠤᠨ | ᠣᠷᠳᠣᠨ ᠳᠤ ᠮᠡᠳᠡᠭᠦᠯᠵᠦ᠂ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠭᠰᠠᠨ ᠤ ᠳᠠᠷᠠᠭ᠎ᠠ ᠲᠣᠬᠢᠷᠠᠭᠤᠯᠤᠯᠲᠠ | ᠬᠢᠵᠦ ᠰᠣᠯᠢᠬᠤ ᠶᠢᠨ ᠬᠠᠮᠲᠤ ᠳᠠᠷᠠᠭᠠᠬᠢ ᠪᠢᠴᠢᠭ ᠮᠠᠲ᠋ᠧᠷᠢᠶᠠᠯ ᠢ ᠮᠡᠳᠡᠭᠳᠡᠨ᠎ᠡ᠃ | ᠵᠢᠷᠭᠤᠳᠤᠭᠠᠷ ᠵᠦᠢᠯ ᠲᠥᠷᠥᠯ ᠵᠦᠢᠯ ᠤᠨ ᠮᠡᠳᠡᠭᠡ ᠵᠠᠩᠭᠢ ᠳᠤ ᠠᠷᠪᠠ ᠬᠤᠨᠤᠭ ᠤᠨ ᠮᠡᠳᠡᠭᠦᠯᠬᠦ | ᠳᠦᠷᠢᠮ ᠢ ᠬᠡᠷᠡᠭᠵᠢᠭᠦᠯᠦᠨ᠎ᠡ᠃ | ᠡᠯ᠎ᠡ ᠲᠥᠷᠥᠯ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠡᠷᠡᠭᠵᠢᠭᠦᠯᠦᠭᠰᠡᠨ ᠲᠥᠷᠥᠯ ᠵᠦᠢᠯ | ᠤᠨ ᠠᠬᠢᠴᠠ ᠶᠢᠨ ᠪᠠᠶᠢᠳᠠᠯ ᠢ ᠬᠠᠭᠠᠰ ᠰᠠᠷ᠎ᠠ ᠶᠢᠨ ᠳᠣᠲᠣᠷ᠎ᠠ ᠳᠦᠷᠢᠮ ᠢᠶᠠᠨ ᠮᠡᠳᠡᠭᠦᠯᠵᠦ᠂ ᠲᠥᠷᠥᠯ ᠵᠦᠢᠯ ᠢ | ᠬᠡᠷᠡᠭᠵᠢᠭᠦᠯᠦᠭᠰᠡᠨ ᠠᠬᠢᠴᠠ ᠶᠣᠰᠣᠭᠠᠷ ᠲᠣᠰ ᠵᠢᠯ ᠤᠨ ︽ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠬᠦᠰᠦᠨᠦᠭᠲᠦ︾ ᠶᠢ ᠲᠣᠬᠢᠷᠠᠭᠤᠯᠵᠤ᠂ ᠰᠠᠷ᠎ᠠ ᠪᠦᠷᠢ ᠶᠢᠨ 14 ᠡᠳᠦᠷ᠂ 28 ᠡᠳᠦᠷ ᠤᠨ | ᠡᠮᠦᠨ᠎ᠡ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠯ᠎ᠡ ᠠᠵᠢᠯ ᠲᠥᠷᠥᠯ ᠤᠨ | ᠲᠠᠰᠤᠭ ᠲᠤ ᠮᠡᠳᠡᠭᠦᠯᠦᠨ ᠬᠦᠷᠭᠡᠬᠦ ᠶᠢᠨ ᠬᠠᠮᠲᠤ ᠭᠡᠷᠡᠴᠢᠯᠡᠭᠰᠡᠨ ᠮᠠᠲ᠋ᠧᠷᠢᠶᠠᠯ ᠢᠶᠠᠨ ᠲᠤᠭ᠎ᠠ ᠪᠦᠷᠢᠳᠬᠡᠯ ᠤᠨ | ᠲᠣᠪᠴᠢᠶ᠎ᠠ ᠳᠤ ᠮᠡᠳᠡᠭᠦᠯᠦᠨ ᠬᠦᠷᠭᠡᠵᠦ ᠲᠣᠭᠲᠠᠮᠠᠯ ᠬᠥᠷᠥᠩᠭᠡ ᠶᠢᠨ ᠪᠦᠷᠢᠳᠬᠡᠯ ᠳᠤ ᠣᠷᠣᠭᠤᠯᠤᠨ᠎ᠠ᠂ | ᠮᠡᠳᠡᠭᠦᠯᠦᠯᠲᠡ ᠶᠢᠨ ᠬᠦᠰᠦᠨᠦᠭᠲᠦ ᠶᠢ ᠪᠠᠶᠢᠭᠤᠯᠭ᠎ᠠ ᠶᠢᠨ ᠭᠤᠣᠯ ᠤᠳᠤᠷᠢᠳᠤᠯᠭ᠎ᠠ ᠪᠠᠷ ᠬᠢᠨᠠᠨ ᠬᠠᠷᠭᠤᠭᠤᠯᠵᠤ | ᠭᠠᠷ ᠤᠨ ᠥᠰᠥᠭ ᠵᠢᠷᠤᠭᠤᠯᠵᠤ᠂ ᠠᠯᠪᠠᠨ ᠲᠠᠮᠠᠭ᠎ᠠ ᠳᠠᠷᠤᠭᠤᠯᠵᠤ᠂ ᠴᠠᠬᠢᠮ ᠬᠡᠪᠯᠡᠯ ᠢ ᠠᠵᠢᠯ ᠲᠥᠷᠥᠯ ᠤᠨ | ᠲᠠᠰᠤᠭ ᠤᠨ ᠰᠢᠤᠳᠠᠨ ᠤ ᠬᠠᠶᠢᠷᠴᠠᠭ ᠲᠤ ᠬᠦᠷᠭᠡᠬᠦ ᠬᠡᠷᠡᠭᠲᠡᠢ ᠭᠡᠵᠦ ᠱᠠᠭᠠᠷᠳᠠᠪᠠ᠃ ᠬᠤᠰᠢᠭᠤᠨ ᠤ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠤᠨ ᠡᠯ᠎ᠡ ᠠᠵᠢᠯ ᠲᠥᠷᠥᠯ ᠤᠨ ᠲᠠᠰᠤᠭ ᠤᠨ ᠬᠢᠨ ᠮᠡᠳᠡᠭᠦᠯᠦᠯᠲᠡ ᠶᠢᠨ | ᠬᠦᠰᠦᠨᠦᠭᠲᠦ ᠶᠢ ᠬᠢᠨᠠᠨ ᠬᠠᠷᠭᠤᠭᠤᠯᠵᠤ ᠬᠤᠷᠢᠶᠠᠩᠭᠤᠶᠢᠯᠠᠨ᠂ ᠴᠠᠭᠠᠰᠤᠨ ᠬᠡᠪᠯᠡᠯ ᠢ ᠲᠠᠩᠰᠠ ᠡᠪᠬᠡᠮᠡᠯ ᠳᠤ | ᠣᠷᠣᠭᠤᠯᠤᠨ᠎ᠠ᠃ ᠡᠯ᠎ᠡ ᠲᠥᠷᠥᠯ ᠵᠦᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠭᠠᠷ ᠤᠨ | ᠥᠰᠥᠭ ᠵᠢᠷᠤᠬᠤ ᠤᠳᠤᠷᠢᠳᠤᠯᠭ᠎ᠠ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠣᠭᠤᠮᠲᠠ ᠶᠢ ᠴᠢᠩᠭ᠎ᠠ ᠠᠳᠬᠤᠨ᠂ | ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠪᠡᠯ ᠳᠤᠷ᠎ᠠ ᠪᠠᠷ ᠢᠶᠠᠨ | ᠵᠠᠰᠠᠪᠤᠷᠢ ᠣᠷᠣᠭᠤᠯᠵᠤ ᠪᠣᠯᠬᠤ ᠦᠭᠡᠢ᠃ | ᠳᠡᠭᠡᠭᠰᠢ ᠮᠡᠳᠡᠭᠦᠯᠬᠦ ᠭᠤᠣᠯ ᠠᠭᠤᠯᠭ᠎ᠠ ᠵᠢᠴᠢ ᠱᠠᠭᠠᠷᠳᠠᠯᠭ᠎ᠠ᠄ | L ᠪᠡᠯᠡ ᠣᠷᠣᠭᠤᠯᠤᠯᠲᠠ ᠶᠢᠨ ᠪᠠᠶᠢᠳᠠᠯ᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ᠂ | ᠨᠡᠶᠢᠲᠡ ᠪᠡᠶᠡᠯᠡᠭᠦᠯᠦᠭᠰᠡᠨ ᠪᠡᠯᠡ ᠣᠷᠣᠭᠤᠯᠤᠯᠲᠠ᠂ ᠣᠨ ᠤ ᠲᠥᠯᠥᠪᠯᠡᠭᠡ ᠶᠢᠨ ᠪᠡᠯᠡ ᠣᠷᠣᠭᠤᠯᠤᠯᠲᠠ᠂ ᠣᠨ ᠤ | ᠪᠡᠶᠡᠯᠡᠭᠦᠯᠦᠭᠰᠡᠨ ᠪᠡᠯᠡ ᠣᠷᠣᠭᠤᠯᠤᠯᠲᠠ ᠳᠤ᠂ ᠡᠯ᠎ᠡ ᠲᠥᠷᠥᠯ ᠵᠦᠢᠯ ᠤᠨ ᠬᠠᠷᠢᠭᠤᠴᠠᠯᠭᠠᠲᠤ ᠨᠢᠭᠡᠴᠢ ᠨᠦᠭᠦᠳ | ᠲᠤᠭ᠎ᠠ ᠪᠠᠷᠢᠮᠲᠠ ᠶᠢᠨ ᠣᠨᠣᠪᠴᠢᠲᠠᠶ ᠨᠢᠭᠡᠳᠦᠯᠲᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | 2.ᠠᠵᠢᠯ ᠢᠶᠠᠨ ᠡᠬᠢᠯᠡᠭᠦᠯᠦᠭᠰᠡᠨ ︵ᠰᠡᠷᠭᠦᠭᠡᠭᠰᠡᠨ︶ ᠪᠠᠶᠢᠳᠠᠯ᠃ ᠲᠥᠷᠥᠯ ᠵᠦᠢᠯ ᠤᠨ ᠠᠵᠢᠯ | ᠡᠬᠢᠯᠡᠭᠦᠯᠦᠭᠰᠡᠨ ᠪᠠ ᠠᠵᠢᠯ ᠰᠡᠷᠭᠦᠭᠡᠭᠰᠡᠨ ᠪᠠᠶᠢᠳᠠᠯ ᠢ ᠴᠠᠭ ᠲᠤᠬᠠᠢ ᠳᠤᠨᠢ ᠬᠤᠰᠢᠭᠤᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠳᠤ ᠠᠵᠢᠯ ᠲᠥᠷᠥᠯ ᠢᠶᠠᠷ ᠢᠶᠠᠨ ᠵᠣᠬᠢᠴᠠᠭᠤᠯᠬᠤ ᠶᠢᠨ ᠲᠠᠭᠠᠤ ᠬᠠᠷᠢᠭᠤ ᠲᠤᠰᠬᠠᠯ | ᠬᠢᠨ᠎ᠡ᠃ ᠲᠥᠷᠥᠯ ᠵᠦᠢᠯ ᠤᠨ ᠠᠵᠢᠯ ᠡᠬᠢᠯᠡᠭᠦᠯᠬᠦ ︵ᠳᠠᠬᠢᠨ ᠰᠡᠷᠭᠦᠭᠡᠬᠦ︶ ᠡᠰᠡᠬᠦ᠂ ᠪᠠᠭᠠᠵᠢ ᠬᠡᠷᠡᠭᠰᠡᠯ ᠤᠨ | ᠴᠣᠭᠴᠠ ᠶᠢᠨ ᠴᠠᠭ᠂ ᠠᠵᠢᠯ ᠡᠬᠢᠯᠡᠭᠦᠯᠬᠦ ︵ᠳᠠᠬᠢᠨ ᠰᠡᠷᠭᠦᠭᠡᠬᠦ︶ ᠴᠠᠭ ᠢ ᠲᠥᠰᠥᠭᠡᠯᠡᠨ᠎ᠡ᠃ ᠠᠵᠢᠯ ᠢᠶᠠᠨ | ᠡᠬᠢᠯᠡᠭᠦᠯᠪᠡᠯ ᠵᠣᠬᠢᠬᠤ ︵ᠬᠠᠷᠢᠭᠤᠯᠬᠤ︶ ᠳᠠᠭᠠᠨ ᠡᠬᠢᠯᠡᠭᠦᠯᠦᠭᠡᠳᠦᠢ᠂ ᠠᠵᠢᠯ ᠢᠶᠠᠨ ᠡᠬᠢᠯᠡᠭᠦᠯᠦᠭᠰᠡᠨ ︵ᠬᠠᠷᠢᠭᠤᠯᠬᠤ︶ | ᠦᠭᠡᠢ ᠪᠣᠯ ᠰᠢᠯᠲᠠᠭᠠᠨ ᠪᠠ ᠣᠷᠣᠰᠢᠵᠤ ᠪᠠᠶᠢᠭ᠎ᠠ ᠠᠰᠠᠭᠤᠳᠠᠯ ᠢ ᠨᠢ ᠲᠣᠳᠣᠷᠬᠠᠶᠢᠯᠠᠬᠤ ᠬᠡᠷᠡᠭᠲᠡᠢ᠃ | 3. ᠲᠥᠷᠥᠯ ᠵᠦᠢᠯ ᠤᠨ ᠭᠠᠷᠳᠠᠮ ᠢ ᠭᠦᠢᠴᠡᠳᠬᠡᠭᠰᠡᠨ ᠪᠠᠶᠢᠳᠠᠯ᠃ ᠣᠳᠣᠬᠠᠨ ᠤ ᠲᠥᠷᠥᠯ ᠵᠦᠢᠯ ᠤᠨ ᠡᠯ᠎ᠡ | ᠵᠦᠢᠯ ᠤᠨ ᠭᠠᠷᠳᠠᠮ ᠢ ᠭᠦᠢᠴᠡᠳᠬᠡᠬᠦ ᠶᠢ ᠦᠨᠡᠨ ᠮᠥᠨ ᠢᠶᠠᠷ ᠨᠢ ᠲᠤᠰᠬᠠᠬᠤ ᠬᠡᠮᠵᠢᠶ᠎ᠡ᠂ ᠬᠠᠷᠠᠬᠠᠨ | ᠰᠢᠢᠳᠪᠦᠷᠢᠯᠡᠭᠡᠳᠦᠢ᠂ ᠰᠢᠢᠳᠪᠦᠷᠢᠯᠡᠬᠦ ᠨᠢ ᠤᠳᠠᠭᠠᠨ᠂ ᠰᠢᠢᠳᠪᠦᠷᠢᠯᠡᠵᠦ ᠳᠡᠶᠢᠯᠬᠦ ᠦᠭᠡᠢ ᠪᠣᠯ ᠪᠠᠶᠢᠳᠠᠯ ᠢ | ᠲᠣᠳᠣᠷᠬᠠᠶᠢᠯᠠᠵᠤ᠂ ᠰᠢᠯᠲᠠᠭᠠᠨ ᠪᠠ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ᠎ᠠ᠃ | 4. ᠳᠦᠷᠢ ᠲᠥᠷᠬᠦ ᠶᠢᠨ ᠠᠬᠢᠴᠠ ᠶᠢ ᠪᠡᠶᠡᠯᠡᠭᠦᠯᠦᠭᠰᠡᠨ ᠪᠠᠶᠢᠳᠠᠯ᠃ ᠪᠠᠶᠢᠭᠤᠯᠵᠤ ᠪᠠᠶᠢᠭ᠎ᠠ ᠵᠦᠢᠯᠡᠰ ᠢ | ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠦᠨᠳᠦᠰᠦᠯᠡᠨ ᠭᠤᠣᠯᠳᠠᠯᠭ᠎ᠠ ᠲᠠᠢ ᠲᠤᠰᠬᠠᠬᠤ ᠬᠡᠷᠡᠭᠲᠡᠢ | ᠪᠠᠷᠢᠯᠭ᠎ᠠ ᠶᠢᠨ ᠳᠦᠷᠢ ᠲᠥᠷᠬᠦ ᠶᠢᠨ ᠠᠬᠢᠴᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ᠂ ᠭᠤᠣᠯ ᠠᠵᠢᠯ ᠢ ᠪᠡᠶᠡᠯᠡᠭᠦᠯᠦᠭᠰᠡᠨ ᠬᠡᠮᠵᠢᠶ᠎ᠡ᠂ ᠠᠬᠢᠴᠠ ᠶᠢ ᠪᠡᠶᠡᠯᠡᠭᠦᠯᠦᠭᠰᠡᠨ ᠬᠠᠷᠢᠴᠠᠯ᠃ ᠠᠵᠢᠯ | ᠡᠬᠢᠯᠡᠭᠦᠯᠦᠭᠡᠳᠦᠢ ᠲᠥᠷᠥᠯ ᠵᠦᠢᠯ ᠨᠢ ᠲᠥᠷᠥᠯ ᠵᠦᠢᠯ ᠢ ᠮᠡᠳᠡᠭᠦᠯᠦᠨ ᠵᠥᠪᠰᠢᠶᠡᠷᠡᠭᠦᠯᠬᠦ᠂ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠵᠡᠷᠭᠡ ᠡᠮᠦᠨᠡᠬᠢ ᠬᠤᠭᠤᠴᠠᠭᠠᠨ ᠤ | ᠠᠵᠢᠯ ᠤᠨ ᠬᠠᠮᠤᠭ ᠤᠨ ᠰᠢᠨ᠎ᠡ ᠠᠬᠢᠴᠠ ᠶᠢᠨ ᠪᠠᠶᠢᠳᠠᠯ ᠢ ᠭᠤᠣᠯᠳᠠᠯᠭ᠎ᠠ ᠲᠠᠢ ᠲᠤᠰᠬᠠᠨ᠎ᠠ᠃ ᠲᠥᠷᠥᠯ ᠵᠦᠢᠯ ᠤᠨ | ᠮᠡᠳᠡᠭᠦᠯᠦᠨ ᠵᠥᠪᠰᠢᠶᠡᠷᠡᠭᠦᠯᠦᠭᠰᠡᠨ ᠪᠠᠶᠢᠳᠠᠯ ᠳᠤ ᠪᠣᠳᠠᠲᠠᠢ᠄ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ᠂ | ᠲᠥᠯᠦᠪᠵᠢᠭᠦᠯᠭᠡ ᠶᠢᠨ ᠭᠠᠵᠠᠷ ᠰᠣᠩᠭᠤᠬᠤ᠂ ᠣᠷᠴᠢᠨ ᠲᠣᠭᠤᠷᠢᠨ ᠤ ᠦᠨᠡᠯᠡᠯᠲᠡ ᠶᠢᠨ ᠦᠨᠡᠯᠡᠯᠲᠡ᠂ ᠭᠠᠵᠠᠷ | ᠰᠢᠷᠣᠢ᠂ ᠦᠨᠡᠯᠡᠨ ᠵᠢᠱᠢᠬᠦ ᠵᠡᠷᠭᠡ ᠳᠡᠮᠵᠢᠯᠭᠡ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠭᠰᠡᠨ | ᠪᠠᠶᠢᠳᠠᠯ᠂ ᠨᠢᠭᠡᠨᠲᠡ ᠠᠵᠢᠯ ᠳᠠᠭᠤᠰᠤᠭᠰᠠᠨ ᠲᠥᠷᠥᠯ ᠵᠦᠢᠯ ᠤᠨ ᠳᠠᠭᠢᠵᠤ ᠮᠡᠳᠡᠭᠡ ᠵᠠᠩᠭᠢ ᠪᠠᠨ ᠮᠡᠳᠡᠭᠦᠯᠦᠨ | ᠬᠦᠷᠭᠡᠬᠦ ᠦᠭᠡᠢ ᠪᠠᠶᠢᠬᠤ ᠵᠡᠷᠭᠡ ᠪᠠᠭᠲᠠᠨ᠎ᠠ᠃ | 5.ᠣᠷᠣᠰᠢᠵᠤ ᠪᠠᠶᠢᠭ᠎ᠠ ᠠᠰᠠᠭᠤᠳᠠᠯ ᠵᠢᠴᠢ ᠠᠷᠭ᠎ᠠ ᠬᠡᠮᠵᠢᠶ᠎ᠡ ᠶᠢᠨ ᠲᠤᠬᠠᠢ ᠰᠠᠨᠠᠭᠤᠯᠭ᠎ᠠ᠃ ᠡᠯ᠎ᠡ ᠲᠥᠷᠥᠯ | ᠵᠦᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠥᠷᠥᠯ ᠵᠦᠢᠯ ᠢ ᠦᠨᠡᠨᠬᠦ ᠴᠢᠩᠭᠠᠳᠬᠠᠬᠤ ᠬᠡᠷᠡᠭᠲᠡᠢ᠃ | | ᠭᠠᠷᠴᠠᠭ ᠤᠨ ᠨᠢᠭᠡᠴᠢ ᠶᠢᠨ ᠨᠡᠪᠲᠡᠷᠡᠯᠴᠡᠨ ᠪᠠᠶᠢᠴᠠᠭᠠᠨ ᠰᠤᠳᠤᠯᠤᠯᠲᠠ ᠬᠢᠵᠦ᠂ ᠲᠥᠷᠥᠯ ᠵᠦᠢᠯ ᠢ | ᠠᠬᠢᠭᠤᠯᠬᠤ ᠶᠠᠪᠤᠴᠠ ᠳᠤ᠂ ᠲᠥᠷᠥᠯ ᠵᠦᠢᠯ ᠢ ᠮᠡᠳᠡᠭᠦᠯᠦᠨ ᠵᠥᠪᠰᠢᠶᠡᠷᠡᠭᠦᠯᠬᠦ᠂ ᠭᠠᠵᠠᠷ ᠲᠠᠲᠠᠪᠤᠷᠢᠯᠠᠨ ᠨᠤᠷᠠᠭᠠᠵᠤ | ᠨᠡᠭᠦᠯᠭᠡᠬᠦ᠂ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ | ᠬᠦᠴᠢᠷᠳᠡᠯ ᠪᠠ ᠠᠰᠠᠭᠤᠳᠠᠯ ᠢ ᠣᠨᠣᠪᠴᠢᠲᠠᠶ ᠡᠵᠡᠮᠰᠢᠵᠦ᠂ ᠴᠢᠭᠯᠡᠭᠦᠯᠬᠦ ᠴᠢᠨᠠᠷᠲᠠᠢ ᠪᠠᠷ ᠦᠨᠡᠨᠬᠦ ᠶᠠᠪᠤᠭᠳᠠᠭᠤᠰᠢᠲᠠᠢ | ᠠᠷᠭ᠎ᠠ ᠬᠡᠮᠵᠢᠶ᠎ᠡ ᠪᠠ ᠰᠠᠨᠠᠭᠤᠯᠭ᠎ᠠ ᠶᠢ ᠳᠤᠷᠠᠳᠬᠤ ᠬᠡᠷᠡᠭᠲᠡᠢ᠃ | ᠳᠣᠯᠣᠳᠤᠭᠠᠷ ᠵᠦᠢᠯ ᠲᠥᠷᠥᠯ ᠵᠦᠢᠯ ᠤᠨ ᠪᠠᠷᠢᠯᠭ᠎ᠠ ᠡᠬᠢᠯᠡᠭᠰᠡᠨ ︵ᠰᠡᠷᠭᠦᠭᠡᠭᠰᠡᠨ︶ ᠪᠠᠶᠢᠳᠠᠯ ᠳᠤ | ᠬᠥᠳᠡᠯᠦᠩᠭᠦᠢ ᠪᠠᠷ ᠮᠡᠳᠡᠭᠦᠯᠦᠨ ᠬᠦᠷᠭᠡᠬᠦ ᠳᠦᠷᠢᠮ ᠢ ᠬᠡᠷᠡᠭᠵᠢᠭᠦᠯᠦᠨ᠎ᠡ᠃ ᠡᠯ᠎ᠡ ᠵᠦᠢᠯ ᠤᠨ ᠭᠤᠣᠯ ᠬᠠᠮᠢᠶᠠᠷᠤᠭᠴᠢ | ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠤᠨ ᠪᠠᠶᠢᠳᠠᠯ ᠢ ᠬᠥᠳᠡᠯᠦᠩᠭᠦᠢ ᠪᠠᠷ | ᠮᠡᠳᠡᠭᠦᠯᠦᠨ ᠬᠦᠷᠭᠡᠬᠦ ᠳᠦᠷᠢᠮ ᠢ ᠬᠡᠷᠡᠭᠵᠢᠭᠦᠯᠵᠦ᠂ ᠲᠣᠰ ᠡᠳᠦᠷ ᠤᠨ ᠠᠵᠢᠯ ᠤᠨ ᠪᠠᠶᠢᠳᠠᠯ ᠢ ᠲᠣᠰ ᠡᠳᠦᠷ ᠲᠤ | ᠮᠡᠳᠡᠭᠦᠯᠦᠨ ᠬᠦᠷᠭᠡᠵᠦ᠂ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠠᠬᠢᠴᠠ ᠶᠢᠨ ᠶᠣᠰᠣᠭᠠᠷ ᠲᠣᠰ ᠵᠢᠯ ᠤᠨ ︽ | ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠦᠰᠦᠨᠦᠭᠲᠦ︾ ᠶᠢ ᠲᠣᠬᠢᠷᠠᠭᠤᠯᠤᠨ | ᠬᠤᠰᠢᠭᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠯ᠎ᠡ ᠠᠵᠢᠯ ᠲᠥᠷᠥᠯ ᠤᠨ ᠲᠠᠰᠤᠭ ᠲᠤ | ᠮᠡᠳᠡᠭᠦᠯᠦᠨ ᠬᠦᠷᠭᠡᠬᠦ ᠬᠡᠷᠡᠭᠲᠡᠢ ᠭᠡᠵᠦ ᠱᠠᠭᠠᠷᠳᠠᠪᠠ᠃ ᠮᠡᠳᠡᠭᠦᠯᠦᠯᠲᠡ ᠶᠢᠨ ᠬᠦᠰᠦᠨᠦᠭᠲᠦ ᠶᠢ ᠪᠠᠶᠢᠭᠤᠯᠭ᠎ᠠ ᠶᠢᠨ | ᠭᠤᠣᠯ ᠤᠳᠤᠷᠢᠳᠤᠯᠭ᠎ᠠ ᠪᠠᠷ ᠬᠢᠨᠠᠨ ᠬᠠᠷᠭᠤᠭᠤᠯᠵᠤ ᠭᠠᠷ ᠤᠨ ᠥᠰᠥᠭ ᠵᠢᠷᠤᠭᠤᠯᠵᠤ᠂ ᠠᠯᠪᠠᠨ ᠲᠠᠮᠠᠭ᠎ᠠ | ᠳᠠᠷᠤᠭᠤᠯᠵᠤ᠂ ᠴᠠᠬᠢᠮ ᠬᠡᠪᠯᠡᠯ ᠢ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠢᠯ | ᠲᠥᠷᠥᠯ ᠤᠨ ᠰᠢᠰᠲ᠋ᠧᠮ ᠤᠨ ᠲᠠᠰᠤᠭ ᠤᠨ ᠰᠢᠤᠳᠠᠨ ᠤ ᠬᠠᠶᠢᠷᠴᠠᠭ ᠲᠤ ᠬᠦᠷᠭᠡᠵᠦ᠂ ᠴᠠᠭᠠᠰᠤᠨ ᠬᠡᠪᠯᠡᠯ ᠢ ᠲᠠᠩᠰᠠ | ᠡᠪᠬᠡᠮᠡᠯ ᠳᠤ ᠣᠷᠣᠭᠤᠯᠤᠨ᠎ᠠ᠃ | ᠨᠠᠢᠮᠠᠳᠤᠭᠠᠷ ᠵᠦᠢᠯ ᠲᠥᠷᠥᠯ ᠵᠦᠢᠯ ᠤᠨ ᠮᠡᠳᠡᠭᠡ ᠵᠠᠩᠭᠢ ᠳᠤ ᠲᠤᠰᠬᠠᠢ ᠬᠥᠮᠥᠨ ᠢᠶᠠᠷ ᠬᠠᠷᠢᠭᠤᠴᠠᠬᠤ | ᠳᠦᠷᠢᠮ ᠢ ᠬᠡᠷᠡᠭᠵᠢᠭᠦᠯᠦᠨ᠎ᠡ᠃ ᠡᠯ᠎ᠡ ᠲᠥᠷᠥᠯ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢ ᠱᠠᠭᠠᠷᠳᠠᠨ | ᠵᠢᠭᠠᠨ᠎ᠠ᠃ | ᠨᠢᠭᠡ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠬᠥᠳᠡᠯᠦᠯ ᠪᠠᠶᠢᠳᠠᠯ ᠢ ᠰᠠᠶᠢᠨ ᠮᠡᠳᠡᠳᠡᠭ ᠤᠳᠤᠷᠢᠳᠬᠤ ᠬᠡᠯᠲᠡᠰ ᠪᠤᠶᠤ ᠠᠵᠢᠯᠲᠠᠨ ᠢ ᠮᠡᠳᠡᠭᠡ | ᠵᠠᠩᠭᠢ ᠶᠢᠨ ᠬᠤᠯᠪᠣᠭᠠᠴᠢᠨ ᠪᠣᠯᠭᠠᠵᠤ᠂ ᠲᠥᠷᠥᠯ ᠵᠦᠢᠯ ᠤᠨ ᠮᠡᠳᠡᠭᠡ ᠵᠠᠩᠭᠢ ᠶᠢ ᠴᠤᠭᠯᠠᠭᠤᠯᠵᠤ ᠳᠡᠭᠡᠭᠰᠢ ᠮᠡᠳᠡᠭᠦᠯᠬᠦ | ᠠᠵᠢᠯ ᠢ ᠬᠠᠷᠢᠭᠤᠴᠠᠭᠤᠯᠤᠨ᠎ᠠ᠃ ᠮᠡᠳᠡᠭᠡ ᠵᠠᠩᠭᠢ ᠶᠢᠨ ᠲᠤᠬᠠᠢ ᠶᠢᠨ ᠵᠢᠯ ᠤᠨ ︽ᠭᠤᠣᠯᠳᠠᠯᠭ᠎ᠠ ᠲᠠᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠦᠰᠦᠨᠦᠭᠲᠦ︾ ᠶᠢ ᠳᠡᠭᠡᠭᠰᠢ ᠮᠡᠳᠡᠭᠦᠯᠵᠦ᠂ ᠡᠯ᠎ᠡ ᠬᠤᠯᠪᠣᠭᠠᠴᠢᠨ | ᠲᠥᠷᠥᠯ ᠵᠦᠢᠯ ᠤᠨ ᠨᠢᠭᠡᠴᠢ ᠯᠦᠭᠡ ᠶᠢᠨ ᠠᠵᠢᠯ ᠢᠶᠠᠨ ᠦᠨᠡᠨᠬᠦ ᠴᠢᠩᠭᠠᠳᠬᠠᠨ ᠬᠠᠷᠢᠯᠴᠠᠵᠤ ᠨᠡᠪᠲᠡᠷᠡᠯᠴᠡᠵᠦ᠂ | ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ ᠪᠠᠶᠢᠩᠭᠤ ᠭᠦᠨᠵᠡᠭᠡᠶᠢᠷᠡᠵᠦ᠂ ᠲᠥᠷᠥᠯ ᠵᠦᠢᠯ ᠤᠨ ᠠᠬᠢᠴᠠ ᠶᠢᠨ | ᠪᠠᠶᠢᠳᠠᠯ ᠢ ᠣᠶᠢᠯᠠᠭᠠᠨ ᠡᠵᠡᠮᠰᠢᠬᠦ ᠬᠡᠷᠡᠭᠲᠡᠢ᠃ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ᠂ | ᠣᠨᠣᠪᠴᠢᠲᠠᠶ᠂ ᠪᠦᠷᠢᠨ ᠪᠦᠲᠦᠨ ᠪᠠᠶᠢᠯᠭᠠᠬᠤ ᠪᠠᠷ ᠴᠢᠷᠮᠠᠶᠢᠵᠤ᠂ ᠲᠥᠷᠥᠯ ᠵᠦᠢᠯ ᠤᠨ ᠠᠬᠢᠴᠠ ᠶᠢᠨ ᠴᠢᠬᠤᠯᠠ | ᠵᠠᠩᠭᠢᠯᠠᠭ᠎ᠠ ᠶᠢᠨ ᠴᠢᠭ᠋ ᠪᠠ ᠪᠣᠳᠠᠲᠠᠢ ᠠᠬᠢᠴᠠ ᠶᠢᠨ ᠲᠣᠭᠠᠴᠢᠯᠲᠠ ᠶᠢ ᠵᠢᠷᠤᠮᠵᠢᠯ ᠲᠠᠢ᠂ ᠲᠣᠳᠣᠷᠬᠠᠢ᠂ ᠲᠣᠪᠴᠢ | ᠠᠪᠰᠠᠷᠬᠠᠨ ᠪᠠᠶᠢᠯᠭᠠᠨ᠎ᠠ᠃ ᠡᠯ᠎ᠡ ᠲᠥᠷᠥᠯ ᠵᠦᠢᠯ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠮᠡᠳᠡᠭᠡ | ᠵᠠᠩᠭᠢ ᠶᠢᠨ ᠬᠤᠯᠪᠣᠭᠠᠴᠢᠨ ᠬᠤᠪᠢᠷᠠᠯᠲᠠ ᠭᠠᠷᠪᠠᠯ᠂ ᠴᠠᠭ ᠲᠤᠬᠠᠢ ᠳᠤᠨᠢ ᠬᠤᠰᠢᠭᠤᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠠᠵᠢᠯ ᠲᠥᠷᠥᠯ ᠤᠨ ᠰᠢᠰᠲ᠋ᠧᠮ ᠤᠨ ᠲᠠᠰᠤᠭ ᠲᠤ ᠮᠡᠳᠡᠭᠳᠡᠵᠦ᠂ ᠲᠤᠬᠠᠶᠢᠯᠠᠭᠰᠠᠨ | ᠠᠵᠢᠯ ᠤᠨ ᠲᠠᠯ᠎ᠠ ᠪᠠᠷ ᠨᠡᠪᠲᠡᠷᠡᠯᠴᠡᠬᠦ ᠳᠤ ᠲᠥᠬᠦᠮ ᠪᠣᠯᠭᠠᠨ᠎ᠠ᠃ | | ᠭᠤᠷᠪᠠᠳᠤᠭᠠᠷ ᠪᠦᠯᠦᠭ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ | | ᠶᠢᠰᠦᠳᠦᠭᠡᠷ ᠵᠦᠢᠯ ᠬᠤᠰᠢᠭᠤᠨ ᠵᠠᠰᠠᠭ ᠤᠨ ᠣᠷᠳᠣᠨ ᠤ ᠠᠯᠪᠠᠨ ᠭᠡᠷ ᠨᠢ ᠭᠤᠣᠯᠳᠠᠯᠭ᠎ᠠ ᠲᠠᠢ ᠲᠥᠷᠥᠯ | ᠵᠦᠢᠯ ᠢ ᠰᠢᠮᠳᠠᠭᠤᠯᠤᠨ ᠪᠠᠶᠢᠴᠠᠭᠠᠬᠤ ᠶᠢ ᠣᠨ ᠤ ᠰᠢᠮᠳᠠᠭᠤᠯᠤᠨ ᠪᠠᠶᠢᠴᠠᠭᠠᠬᠤ ᠲᠥᠯᠥᠪᠯᠡᠭᠡ ᠳᠤ ᠣᠷᠣᠭᠤᠯᠬᠤ ᠶᠢᠨ | ᠬᠠᠮᠲᠤ᠂ ᠰᠢᠮᠳᠠᠭᠤᠯᠤᠨ ᠪᠠᠶᠢᠴᠠᠭᠠᠬᠤ ᠲᠥᠯᠥᠪᠯᠡᠭᠡ ᠶᠢᠨ ᠶᠣᠰᠣᠭᠠᠷ ᠬᠤᠰᠢᠭᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠪᠣᠳᠠᠲᠠᠢ ᠠᠬᠢᠴᠠ ᠵᠢᠴᠢ ᠣᠷᠣᠰᠢᠵᠤ ᠪᠠᠶᠢᠭ᠎ᠠ ᠠᠰᠠᠭᠤᠳᠠᠯ ᠵᠡᠷᠭᠡ ᠪᠠᠶᠢᠳᠠᠯ ᠢ ᠴᠠᠭ | ᠲᠤᠬᠠᠢ ᠳᠤᠨᠢ ᠡᠵᠡᠮᠰᠢᠬᠦ ᠶᠢᠨ ᠬᠠᠮᠲᠤ᠂ ᠬᠤᠰᠢᠭᠤᠨ ᠵᠠᠰᠠᠭ ᠤᠨ ᠣᠷᠳᠣᠨ ᠳᠤ ᠬᠠᠷᠢᠭᠤ ᠲᠤᠰᠬᠠᠬᠤ ᠬᠡᠷᠡᠭᠲᠡᠢ᠃ | ᠣᠨᠴᠠ ᠵᠠᠷᠢᠮ ᠴᠢᠬᠤᠯᠠ ᠶᠡᠭᠡ ᠪᠤᠶᠤ ᠣᠨᠴᠣᠭᠤᠢ ᠲᠥᠷᠥᠯ ᠵᠦᠢᠯ ᠢ ᠡᠷᠬᠡᠪᠰᠢ ᠲᠤᠬᠠᠢ ᠶᠢᠨ ᠭᠠᠵᠠᠷ ᠲᠤᠨᠢ | ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠲᠠᠢ ᠪᠠᠨ ᠤᠶᠠᠯᠳᠤᠭᠤᠯᠤᠨ ᠴᠠᠭ ᠲᠤᠨᠢ ᠲᠣᠬᠢᠷᠠᠭᠤᠯᠤᠨ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠲᠤᠰᠬᠠᠢ ᠵᠦᠢᠯ ᠢᠶᠠᠷ ᠬᠠᠷᠢᠭᠤ ᠲᠤᠰᠬᠠᠬᠤ ᠬᠡᠷᠡᠭᠲᠡᠢ᠃ | ᠠᠷᠪᠠᠳᠤᠭᠠᠷ ᠵᠦᠢᠯ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ | ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠥᠯᠦᠪᠵᠢᠭᠦᠯᠭᠡ᠂ ᠭᠠᠵᠠᠷ ᠰᠢᠷᠣᠢ᠂ ᠣᠷᠴᠢᠨ ᠲᠣᠭᠤᠷᠢᠨ ᠤ | ᠲᠣᠭᠤᠷᠢᠨ ᠳᠤ | ᠦᠨᠡᠯᠡᠬᠦ᠂ ᠦᠨᠡᠯᠡᠬᠦ᠂ ᠲᠥᠷᠥᠯ ᠵᠦᠢᠯ ᠲᠣᠭᠲᠠᠭᠠᠬᠤ᠂ ᠵᠢᠷᠤᠭᠯᠠᠨ ᠲᠥᠯᠥᠪᠯᠡᠬᠦ᠂ ᠤᠰᠤᠨ ᠤ ᠬᠠᠮᠠᠭᠠᠯᠠᠯᠲᠠ | ᠂ ᠳᠠᠭᠠᠭᠠᠴᠢᠯᠠᠯᠲᠠ ᠵᠠᠷᠯᠠᠬᠤ ᠵᠡᠷᠭᠡ ᠭᠠᠷᠳᠠᠮ ᠢ ᠭᠦᠢᠴᠡᠳᠬᠡᠭᠰᠡᠨ ᠪᠠᠶᠢᠳᠠᠯ ᠳᠤ᠂ ᠠᠵᠢᠯ ᠡᠬᠢᠯᠡᠭᠦᠯᠦᠭᠡᠳᠦᠢ᠂ | ᠠᠵᠢᠯ ᠢᠶᠠᠨ ᠰᠡᠷᠭᠦᠭᠡᠭᠰᠡᠨ ᠲᠥᠷᠥᠯ ᠵᠦᠢᠯ ᠤᠨ ᠪᠠᠶᠢᠳᠠᠯ ᠪᠣᠯᠣᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠬᠤ ᠲᠥᠯᠥᠪᠯᠡᠭᠡ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ | ᠠᠰᠠᠭᠤᠳᠠᠯ ᠤᠨ ᠨᠠᠷᠢᠨ ᠬᠠᠭᠤᠳᠠᠰᠤ ᠶᠢ ᠪᠦᠷᠢᠯᠳᠦᠭᠦᠯᠦᠨ᠂ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢ | ᠠᠬᠢᠭᠤᠯᠤᠨ᠎ᠠ᠃ | ᠠᠷᠪᠠᠨ ᠨᠢᠭᠡᠳᠦᠭᠡᠷ ᠵᠦᠢᠯ ᠰᠢᠯᠭᠠᠨ ᠬᠢᠨᠠᠬᠤ ᠰᠢᠰᠲ᠋ᠧᠮᠵᠢ ᠶᠢ ᠪᠠᠶᠢᠭᠤᠯᠤᠨ᠎ᠠ᠃ ᠬᠢᠨᠠᠨ ᠰᠢᠯᠭᠠᠵᠤ | ᠰᠢᠯᠭᠠᠷᠠᠭᠤᠯᠬᠤ ᠠᠵᠢᠯ ᠢ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠭᠤᠣᠯᠯᠠᠨ | ᠬᠠᠷᠢᠭᠤᠴᠠᠵᠤ᠂ | ᠤᠯᠠᠷᠢᠯ ᠪᠦᠷᠢ ᠳᠤ ᠡᠯ᠎ᠡ ᠲᠥᠷᠥᠯ ᠵᠦᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠥᠷᠥᠯ | ᠵᠦᠢᠯ ᠢ ᠠᠬᠢᠭᠤᠯᠤᠭᠰᠠᠨ ᠪᠠᠶᠢᠳᠠᠯ ᠢ ᠰᠢᠯᠭᠠᠨ ᠦᠨᠡᠯᠡᠵᠦ ᠬᠤᠪᠢ ᠥᠭᠴᠦ᠂ ᠵᠢᠯ ᠤᠨ ᠡᠴᠦᠰ ᠲᠤ ᠤᠯᠠᠷᠢᠯ | ᠪᠦᠷᠢ ᠶᠢᠨ ᠰᠢᠯᠭᠠᠨ ᠲᠣᠭᠲᠠᠭᠠᠭᠰᠠᠨ ᠦᠷ᠎ᠡ ᠳ᠋ᠦᠩ ᠢ ᠡᠷᠬᠡ ᠨᠡᠮᠡᠵᠦ ᠲᠡᠭᠰᠢᠳᠬᠡᠨ᠂ ᠬᠤᠪᠢ ᠶᠢᠨ ᠥᠷᠲᠡᠭ ᠢ | ᠬᠤᠰᠢᠭᠤᠨ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤᠭᠤᠶᠢᠯᠠᠩ ᠳᠤ | ᠮᠡᠳᠡᠭᠦᠯᠵᠦ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠪᠣᠳᠠᠲᠤ ᠠᠮᠵᠢᠯᠲᠠ ᠶᠢ ᠰᠢᠯᠭᠠᠨ ᠬᠢᠨᠠᠬᠤ ᠦᠨᠳᠦᠰᠦᠯᠡᠯ | ᠪᠣᠯᠭᠠᠨ᠎ᠠ᠃ | ᠠᠷᠪᠠᠨ ᠬᠤᠶᠠᠳᠤᠭᠠᠷ ᠵᠦᠢᠯ ᠲᠥᠷᠥᠯ ᠵᠦᠢᠯ ᠤᠨ ᠰᠢᠯᠭᠠᠨ ᠦᠨᠡᠯᠡᠯᠲᠡ ᠳᠤ ᠬᠤᠪᠢ ᠣᠯᠭᠤᠨ᠎ᠠ᠃ | ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠴᠢᠬᠤᠯᠠ ᠶᠡᠭᠡ ᠡᠮᠦᠨᠡᠬᠢ ᠬᠤᠭᠤᠴᠠᠭᠠᠨ ᠤ | ᠲᠥᠷᠥᠯ ᠵᠦᠢᠯ ᠤᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠲᠥᠷᠥᠯ ᠬᠤᠪᠢᠶᠠᠨ ᠰᠢᠯᠭᠠᠨ ᠦᠨᠡᠯᠡᠬᠦ ᠶᠢ | ᠬᠡᠷᠡᠭᠵᠢᠭᠦᠯᠵᠦ᠂ ᠡᠮᠦᠨᠡᠬᠢ ᠬᠤᠭᠤᠴᠠᠭᠠᠨ ᠤ ᠭᠠᠷᠳᠠᠮ ᠢ ᠪᠦᠷᠢᠨ ᠭᠦᠢᠴᠡᠳ᠂ ᠠᠵᠢᠯ ᠡᠬᠢᠯᠡᠭᠦᠯᠦᠭᠰᠡᠨ ᠨᠣᠷᠮ᠎ᠠ᠂ | ᠵᠠᠩᠭᠢᠯᠠᠭ᠎ᠠ ᠶᠢᠨ ᠴᠡᠭ ᠤᠨ ᠡᠭᠦᠷᠭᠡ ᠶᠢ ᠪᠡᠶᠡᠯᠡᠭᠦᠯᠦᠭᠰᠡᠨ᠂ ᠮᠡᠳᠡᠭᠡ ᠵᠠᠩᠭᠢ ᠶᠢ ᠳᠡᠭᠡᠭᠰᠢ ᠮᠡᠳᠡᠭᠦᠯᠦᠭᠰᠡᠨ᠂ | ᠠᠰᠠᠭᠤᠳᠠᠯ ᠢ ᠰᠢᠢᠳᠪᠦᠷᠢᠯᠡᠭᠰᠡᠨ ᠵᠡᠷᠭᠡ ᠳᠤ ᠠᠳᠠᠯᠢ ᠪᠤᠰᠤ ᠬᠤᠪᠢ ᠶᠢᠨ ᠵᠢᠩ ᠢ ᠦᠨᠡᠯᠡᠵᠦ ᠬᠤᠪᠢ ᠪᠤᠳᠤᠨ᠎ᠠ᠃ | ᠬᠤᠶᠠᠷ ᠠᠴᠠ ᠳᠡᠭᠡᠭᠰᠢᠬᠢ ᠲᠥᠷᠥᠯ ᠵᠦᠢᠯ ᠢ ᠬᠠᠷᠢᠭᠤᠴᠠᠨ ᠬᠡᠷᠡᠭᠵᠢᠭᠦᠯᠬᠦ ᠰᠠᠯᠠᠭ᠎ᠠ ᠮᠥᠴᠢᠷ ᠨᠢ ᠬᠡᠷᠡᠭᠵᠢᠭᠦᠯᠬᠦ | ᠲᠥᠷᠥᠯ ᠵᠦᠢᠯ ᠤᠨ ᠳᠤᠮᠳᠠᠴᠢ ᠬᠤᠪᠢ ᠶᠢᠨ ᠥᠷᠲᠡᠭ ᠢᠶᠠᠷ ᠬᠤᠪᠢ ᠪᠤᠳᠤᠨ᠎ᠠ᠃ ᠭᠤᠣᠯᠳᠠᠯᠭ᠎ᠠ ᠲᠠᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠪᠠ ᠴᠢᠬᠤᠯᠠ ᠶᠡᠭᠡ ᠡᠮᠦᠨᠡᠬᠢ ᠬᠤᠭᠤᠴᠠᠭᠠᠨ ᠤ ᠲᠥᠷᠥᠯ ᠵᠦᠢᠯ ᠢ | ᠬᠡᠷᠡᠭᠵᠢᠭᠦᠯᠬᠦ ᠶᠠᠪᠤᠴᠠ ᠳᠤ ᠢᠯᠡᠳᠲᠡ ᠠᠮᠵᠢᠯᠲᠠ ᠪᠦᠲᠦᠮᠵᠢ ᠣᠯᠣᠭᠰᠠᠳ ᠲᠤ ᠬᠤᠪᠢ ᠨᠡᠮᠡᠨ᠎ᠡ᠃ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠨᠢ ᠲᠥᠷᠥᠯ ᠵᠦᠢᠯ ᠤᠨ ᠣᠷᠣᠰᠢᠵᠤ ᠪᠠᠶᠢᠭ᠎ᠠ | ᠲᠥᠯᠦᠪᠵᠢᠭᠦᠯᠭᠡ᠂ ᠰᠠᠨᠠᠭᠤᠯᠭ᠎ᠠ ᠶᠢᠨ ᠪᠢᠴᠢᠭ᠂ ᠰᠤᠳᠤᠯᠵᠤ ᠪᠣᠯᠬᠤ ᠮᠡᠳᠡᠭᠦᠯᠦᠯᠲᠡ᠂ ᠠᠩᠬ᠎ᠠ ᠠᠯᠬᠤᠮ ᠤᠨ ᠵᠢᠷᠤᠭ | ᠲᠥᠯᠥᠪᠯᠡᠭᠡ ᠵᠡᠷᠭᠡ ᠶᠢ ᠦᠨᠳᠦᠰᠦᠯᠡᠨ᠎ᠡ᠃ | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠠᠯᠠᠱᠠ ᠵᠡᠭᠦᠨ ᠬᠤᠰᠢᠭᠤᠨ ᠤ ᠭᠤᠣᠯᠳᠠᠯᠭ᠎ᠠ ᠲᠠᠢ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠡᠵᠡᠮᠳᠡᠬᠦ ᠬᠠᠮᠢᠶᠠᠷᠤᠯᠲᠠ ᠶᠢᠨ ᠠᠷᠭ᠎ᠠ︾ ᠶᠢᠨ ᠲᠤᠬᠠᠢ | ᠲᠠᠶᠢᠯᠤᠮᠵᠢ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | | | | |