ᠦᠷᠭᠦᠯᠵᠢ ᠳᠠᠭᠤᠤ ᠬᠦᠭᠵᠢᠮ ᠰᠣᠨᠣᠰᠬᠤ ᠨᠢ ᠡᠷᠡᠭᠦᠯ ᠮᠡᠨᠳᠦ ᠳᠤ ᠠᠰᠢᠭᠲᠠᠢ
ᠨᠡᠶᠢᠲᠡᠯᠡᠭᠰᠡᠨ ᠴᠠᠭ᠄
2023/12/26
              ᠣᠯᠠᠩᠬᠢ ᠬᠦᠮᠦᠰ ᠪᠦᠷᠢ ᠡᠶᠢᠮᠦ ᠨᠢᠭᠡ ᠣᠶᠢᠯᠠᠭᠠᠯᠲᠠ ᠲᠠᠢ ᠪᠠᠶᠢᠳᠠᠭ᠃ ᠠᠵᠢᠯᠯᠠᠵᠤ ᠰᠤᠷᠤᠯᠴᠠᠭᠰᠠᠨ ᠤ ᠳᠠᠷᠠᠭ᠎ᠠ ᠨᠢᠭᠡ ᠰᠠᠶᠢᠬᠠᠨ ᠳᠠᠭᠤᠤ ᠬᠦᠭᠵᠢᠮ ᠰᠣᠨᠣᠰᠬᠤ ᠨᠢ ᠰᠡᠳᠭᠢᠯ ᠰᠠᠨᠠᠭ᠎ᠠ ᠶᠢ ᠠᠭᠤᠵᠢᠷᠠᠭᠤᠯᠵᠤ᠂ ᠶᠠᠳᠠᠷᠠᠯ ᠵᠦᠳᠡᠷᠡᠯ ᠢ ᠲᠠᠶᠢᠯᠳᠠᠭ ᠭᠡᠵᠦ ᠦᠵᠡᠳᠡᠭ᠃ ᠲᠡᠭᠡᠪᠡᠯ ᠶᠠᠭᠤᠨ ᠳᠤ ᠴᠢᠬᠢᠨ ᠳᠤ ᠲᠠᠭᠠᠲᠠᠢ ᠳᠠᠭᠤᠤ ᠬᠦᠭᠵᠢᠮ ᠨᠢ ᠡᠷᠡᠭᠦᠯ ᠮᠡᠨᠳᠦ ᠳᠤ ᠠᠰᠢᠭᠲᠠᠢ ᠪᠠᠶᠢᠳᠠᠭ ᠪᠣᠢ︖     ᠤᠤᠯ ᠨᠢ ᠳᠠᠭᠤᠤ ᠬᠦᠭᠵᠢᠮ ᠰᠣᠨᠣᠰᠬᠤ ᠨᠢ ᠬᠦᠮᠦᠨ ᠤ ᠪᠡᠶ᠎ᠡ ᠳᠤ ᠬᠤᠶᠠᠷ ᠲᠠᠯ᠎ᠠ ᠶᠢᠨ ᠦᠢᠯᠡᠳᠦᠯ ᠦᠵᠡᠭᠦᠯᠳᠡᠭ᠃     1.ᠹᠢᠽᠢᠤᠯᠤᠬᠢ ᠶᠢᠨ ᠲᠠᠯ᠎ᠠ ᠶᠢᠨ ᠦᠢᠯᠡᠳᠦᠯ᠃ ᠤᠶᠠᠬᠠᠨ ᠵᠦᠭᠡᠯᠡᠨ ᠠᠶᠠᠲᠠᠶᠢᠬᠠᠨ ᠳᠠᠭᠤᠤ ᠬᠦᠭᠵᠢᠮ ᠪᠣᠯᠣᠨ ᠡᠷᠡᠭᠦᠯ ᠬᠦᠮᠦᠨ ᠤ ᠹᠢᠽᠢᠤᠯᠤᠬᠢ ᠶᠢᠨ ᠠᠵᠢᠯᠯᠠᠭ᠎ᠠ ᠶᠢᠨ ᠠᠶᠢᠵᠠᠮ ᠲᠠᠢ ︿ᠴᠤᠤᠷᠠᠢ﹀ ᠡᠭᠦᠰᠳᠡᠭ ᠠᠴᠠ ᠬᠦᠮᠦᠰ ᠤᠨ ᠡᠷᠭᠢᠯᠲᠡ ᠶᠢᠨ ᠰᠢᠰᠲ᠋ᠧᠮ ᠪᠠ ᠠᠮᠢᠰᠬᠤᠯ ᠤᠨ ᠰᠢᠰᠲ᠋ᠧᠮ ᠤᠨ ᠬᠡᠪ ᠤᠨ ᠠᠵᠢᠯᠯᠠᠭ᠎ᠠ ᠶᠢ ᠪᠠᠲᠤᠯᠠᠬᠤ ᠳᠤ ᠠᠰᠢᠭᠲᠠᠢ ᠪᠠᠶᠢᠳᠠᠭ ᠃ ᠪᠠᠰᠠ ᠴᠢᠰᠤᠨ ᠳᠠᠷᠤᠯᠲᠠ ᠶᠢ ᠳᠣᠷᠣᠭᠰᠢᠯᠠᠭᠤᠯᠵᠤ᠂ ᠡᠪᠡᠳᠬᠦ ᠶᠢ ᠨᠠᠮᠳᠠᠭᠠᠨ᠂ ᠢᠳᠡᠭᠡᠨ ᠤ ᠳᠤᠷᠠᠰᠢᠯ ᠢ ᠠᠬᠢᠭᠤᠯᠬᠤ ᠪᠠ ᠰᠢᠩᠭᠡᠭᠡᠯᠲᠡ ᠶᠢ ᠰᠠᠶᠢᠵᠢᠷᠠᠭᠤᠯᠳᠠᠭ ᠦᠢᠯᠡᠳᠦᠯ ᠲᠠᠢ᠃     2.ᠰᠡᠳᠭᠢᠴᠡ` ᠶᠢᠨ ᠲᠠᠯ᠎ᠠ ᠶᠢᠨ ᠦᠢᠯᠡᠳᠦᠯ᠃ ᠴᠢᠬᠢᠨ ᠳᠤ ᠲᠠᠭᠠᠲᠠᠢ ᠳᠠᠭᠤᠤ ᠬᠦᠭᠵᠢᠮ ᠨᠢ ᠬᠦᠮᠦᠰ ᠢ ᠪᠠᠶᠠᠷ ᠪᠠᠶᠠᠰᠬᠤᠯᠠᠩᠲᠠᠢ ᠪᠣᠯᠭᠠᠵᠤ᠂ ᠤᠷᠮ᠎ᠠ ᠵᠣᠷᠢᠭ ᠤᠨ ᠪᠠᠴᠢᠮᠳᠠᠩᠭᠤᠢ ᠪᠠᠶᠢᠳᠠᠯ ᠢ ᠨᠠᠮᠳᠠᠭᠤᠯᠳᠠᠭ᠃      
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号