︽ᠠᠯᠠᠱᠠ ᠵᠡᠭᠦᠨ ᠬᠤᠰᠢᠭᠤᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠡᠵᠡᠮᠳᠡᠬᠦ ᠬᠠᠮᠢᠶᠠᠷᠤᠯᠲᠠ ᠶᠢᠨ ᠠᠷᠭ᠎ᠠ︾ ᠶᠢᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2023/12/26
     ᠨᠢᠭᠡ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠨᠳᠦᠰᠦᠯᠡᠯ             ︽ᠠᠯᠠᠱᠠ ᠵᠡᠭᠦᠨ ᠬᠤᠰᠢᠭᠤᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠡᠵᠡᠮᠳᠡᠬᠦ ᠬᠠᠮᠢᠶᠠᠷᠤᠯᠲᠠ ᠶᠢᠨ ᠠᠷᠭ᠎ᠠ︾ ︵ᠠᠯᠠᠱᠠ ᠵᠡᠭᠦᠨ ᠵᠠᠰᠠᠭ ᠠᠯᠪᠠᠨ ᠲᠠᠷᠬᠠᠭᠠᠭᠰᠠᠨ ﹇2016﹈ 32 ᠳ᠋ᠤᠭᠠᠷ ᠲᠣᠭᠠᠲᠤ︶ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠢ ᠨᠢᠭᠡᠨᠲᠡ 5 ᠵᠢᠯ ᠤᠨ ᠬᠦᠴᠦᠨ ᠲᠠᠢ ᠬᠤᠭᠤᠴᠠᠭ᠎ᠠ ᠠᠴᠠ ᠬᠡᠲᠦᠷᠡᠭᠰᠡᠨ ᠠᠴᠠ ᠪᠣᠯᠵᠤ᠂ ︽ᠠᠯᠠᠱᠠ ᠠᠶᠢᠮᠠᠭ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠴᠢᠬᠤᠯᠠ ᠶᠡᠭᠡ ᠡᠮᠦᠨᠡᠬᠢ ᠬᠤᠭᠤᠴᠠᠭᠠᠨ ᠤ ᠲᠥᠷᠥᠯ ᠵᠦᠢᠯ  ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ︵ᠠᠯᠠᠱᠠ ᠵᠠᠬᠢᠷᠭ᠎ᠠ ᠲᠠᠷᠬᠠᠭᠠᠭᠰᠠᠨ ﹇2017 ﹈ 138 ᠳ᠋ᠤᠭᠠᠷ ᠲᠣᠭᠠᠲᠤ︶ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ ᠵᠠᠰᠠᠵᠤ ᠲᠡᠭᠦᠯᠳᠡᠷᠵᠢᠭᠦᠯᠬᠦ ᠶᠢᠨ ᠬᠠᠮᠲᠤ ᠬᠠᠮᠢᠶ᠎ᠠ ᠪᠦᠬᠦᠢ ᠬᠥᠮᠥᠰ ᠢ ᠵᠣᠬᠢᠶᠠᠨ ᠪᠠᠶᠢᠭᠤᠯᠤᠨ ᠲᠥᠪᠯᠡᠷᠡᠭᠦᠯᠦᠨ ᠶᠠᠷᠢᠯᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ ᠬᠤᠷᠢᠶᠠᠵᠤ᠂ ᠣᠳᠣᠬᠠᠨ ᠤ ︽ᠠᠯᠠᠱᠠ ᠵᠡᠭᠦᠨ ᠬᠤᠰᠢᠭᠤᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠡᠵᠡᠮᠳᠡᠬᠦ ᠬᠠᠮᠢᠶᠠᠷᠤᠯᠲᠠ ᠶᠢᠨ ᠠᠷᠭ᠎ᠠ︾  ᠶᠢ ᠪᠣᠶ ᠪᠣᠯᠭᠠᠪᠠ᠃            ᠬᠤᠶᠠᠷ᠂ ᠲᠤᠭᠤᠷᠪᠢᠨ ᠪᠢᠴᠢᠭᠰᠡᠨ ᠶᠠᠪᠤᠴᠠ            2022 ᠣᠨ ᠤ 2 ᠰᠠᠷ᠎ᠠ ᠶᠢᠨ ᠳᠤᠮᠳᠠᠴᠢ ᠪᠠᠷ᠂ ︽ᠠᠯᠠᠱᠠ ᠵᠡᠭᠦᠨ ᠬᠤᠰᠢᠭᠤᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠡᠵᠡᠮᠳᠡᠬᠦ ᠬᠠᠮᠢᠶᠠᠷᠤᠯᠲᠠ ᠶᠢᠨ ᠠᠷᠭ᠎ᠠ︾ ︵ᠰᠠᠨᠠᠯ ᠬᠤᠷᠢᠶᠠᠬᠤ ᠨᠣᠣᠷᠠᠭ︶ ᠶᠢ ᠰᠤᠳᠤᠯᠤᠨ ᠲᠤᠭᠤᠷᠪᠢᠵᠤ᠂ ᠬᠤᠰᠢᠭᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠥᠯᠵᠡᠢ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠪᠢᠴᠢᠭ ᠢᠶᠠᠷ ᠬᠤᠷᠢᠶᠠᠭᠰᠠᠨ ᠪᠥᠭᠡᠳ ᠬᠠᠷᠢᠭᠤ ᠲᠤᠰᠬᠠᠭᠰᠠᠨ ᠰᠠᠨᠠᠯ ᠢ ᠦᠨᠳᠦᠰᠦᠯᠡᠨ ᠵᠠᠰᠠᠪᠤᠷᠢ ᠣᠷᠣᠭᠤᠯᠪᠠ᠃ 3 ᠰᠠᠷ᠎ᠠ ᠶᠢᠨ 7 ᠤ ᠡᠳᠦᠷ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠠᠤᠯᠢ ᠶᠣᠰᠣᠨ ᠤ ᠬᠢᠨᠠᠨ ᠪᠠᠶᠢᠴᠠᠭᠠᠯᠲᠠ ᠶᠢᠨ ᠰᠠᠨᠠᠯ ᠭᠠᠷᠭᠠᠵᠤ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠤᠨ ᠲᠣᠪᠴᠢ ᠲᠡᠮᠳᠡᠭᠯᠡᠯ ᠢ ᠬᠢᠨᠠᠨ ᠪᠠᠲᠤᠯᠠᠭᠤᠯᠬᠤ ᠪᠠᠷ ᠮᠡᠳᠡᠭᠦᠯᠪᠡ᠃ 4 ᠰᠠᠷ᠎ᠠ ᠶᠢᠨ 28 ᠤ ᠡᠳᠦᠷ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠵᠢᠩᠬᠢᠨᠢ ᠪᠠᠷ ᠲᠠᠷᠬᠠᠭᠠᠪᠠ᠃            ᠭᠤᠷᠪᠠ᠂ ᠭᠤᠣᠯ ᠠᠭᠤᠯᠭ᠎ᠠ            ᠨᠢᠭᠡᠳᠦᠭᠡᠷ ᠪᠦᠯᠦᠭ   ᠪᠣᠯ ᠶᠡᠷᠦᠩᠬᠡᠢ ᠳᠦᠷᠢᠮ᠂ ᠨᠡᠶᠢᠲᠡ 1 ᠵᠦᠢᠯ᠂ ᠭᠤᠣᠯᠳᠠᠯᠭ᠎ᠠ ᠲᠠᠢ ᠪᠦᠲᠦᠭᠡᠨ ᠪᠠᠢᠭᠤᠯᠤᠯᠲᠠ ᠶᠢᠨ ᠵᠦᠢᠯᠡᠰ ᠤᠨ ᠬᠢᠨᠠᠨ ᠡᠵᠡᠮᠳᠡᠬᠦ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠭᠰᠠᠨ ᠭᠤᠣᠯ ᠰᠢᠯᠲᠠᠭᠠᠨ ᠪᠠ ᠵᠣᠷᠢᠯᠭ᠎ᠠ ᠶᠢ ᠭᠤᠣᠯᠳᠠᠯᠭ᠎ᠠ ᠲᠠᠢ ᠥᠭᠦᠯᠡᠨ ᠲᠣᠭᠠᠴᠢᠪᠠ᠃            ᠬᠤᠶᠠᠳᠤᠭᠠᠷ ᠪᠦᠯᠦᠭ   ᠪᠣᠯ ᠲᠥᠷᠥᠯ ᠵᠦᠢᠯ ᠤᠨ ᠬᠠᠮᠢᠶᠠᠷᠤᠯᠲᠠ ᠪᠠ ᠬᠢᠨᠠᠨ ᠡᠵᠡᠮᠳᠡᠯ ᠪᠣᠯᠣᠨ᠎ᠠ᠂ ᠨᠡᠶᠢᠲᠡ 7 ᠵᠦᠢᠯ ᠪᠠᠶᠢᠵᠤ᠂ ᠭᠤᠣᠯᠳᠠᠭᠤ ᠬᠠᠷᠢᠭᠤᠴᠠᠯᠭ᠎ᠠ ᠶᠢᠨ ᠳᠦᠷᠢᠮ ᠢ ᠴᠢᠩᠳᠠᠯᠠᠬᠤ᠂ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠬᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠤᠭᠤᠴᠠᠭᠠᠨ ᠤ ᠲᠥᠯᠥᠪᠯᠡᠭᠡ ᠵᠢᠴᠢ ᠲᠣᠬᠢᠷᠠᠭᠤᠯᠤᠯᠲᠠ᠂ ᠲᠥᠷᠥᠯ ᠵᠦᠢᠯ ᠢ ᠲᠦᠯᠬᠢᠨ ᠠᠬᠢᠭᠤᠯᠬᠤ ᠪᠠ ᠲᠣᠬᠢᠷᠠᠭᠤᠯᠤᠯᠲᠠ ᠬᠢᠬᠦ ᠠᠷᠭ᠎ᠠ ᠮᠠᠶ᠋ᠢᠭ᠂ ᠲᠥᠷᠥᠯ ᠵᠦᠢᠯ ᠤᠨ ᠮᠡᠳᠡᠭᠡ ᠵᠠᠩᠭᠢ ᠶᠢ ᠠᠷᠪᠠᠨ ᠡᠳᠦᠷ ᠢᠶᠠᠷ ᠮᠡᠳᠡᠭᠦᠯᠬᠦ ᠳᠦᠷᠢᠮ᠂ ᠲᠥᠷᠥᠯ ᠵᠦᠢᠯ ᠤᠨ ᠡᠬᠢᠯᠡᠵᠦ ᠠᠵᠢᠯ ᠰᠡᠷᠭᠦᠭᠡᠭᠰᠡᠨ ᠪᠠᠶᠢᠳᠠᠯ ᠢ ᠬᠥᠳᠡᠯᠦᠩᠭᠦᠢ ᠪᠠᠷ ᠮᠡᠳᠡᠭᠦᠯᠦᠨ ᠬᠦᠷᠭᠡᠬᠦ ᠵᠢᠴᠢ ᠲᠤᠰᠬᠠᠢ ᠬᠥᠮᠥᠨ ᠢᠶᠠᠷ ᠬᠠᠷᠢᠭᠤᠴᠠᠭᠤᠯᠬᠤ ᠳᠦᠷᠢᠮ ᠵᠡᠷᠭᠡ ᠠᠷᠭ᠎ᠠ ᠮᠠᠶ᠋ᠢᠭ ᠢᠶᠠᠷ ᠲᠥᠷᠥᠯ ᠵᠦᠢᠯ ᠢ ᠬᠠᠮᠢᠶᠠᠷᠬᠤ ᠪᠠ ᠬᠢᠨᠠᠨ ᠡᠵᠡᠮᠳᠡᠬᠦ ᠶᠢ ᠲᠣᠳᠣᠷᠬᠠᠶᠢᠯᠠᠨ ᠥᠭᠦᠯᠡᠨ᠎ᠡ᠃            ᠭᠤᠷᠪᠠᠳᠤᠭᠠᠷ ᠪᠦᠯᠦᠭ   ᠪᠣᠯ ᠰᠢᠮᠳᠠᠭᠤᠯᠤᠨ ᠪᠠᠶᠢᠴᠠᠭᠠᠵᠤ ᠰᠢᠯᠭᠠᠨ ᠦᠨᠡᠯᠡᠨ᠎ᠡ᠂ ᠨᠡᠶᠢᠲᠡ 6 ᠵᠦᠢᠯ ᠪᠠᠶᠢᠵᠤ᠂ 6 ᠲᠠᠯ᠎ᠠ ᠠᠴᠠ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ᠂ ᠥᠮᠴᠢᠲᠡᠨ ᠤ ᠨᠢᠭᠡᠴᠢ ᠪᠣᠯᠣᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠰᠢᠯᠭᠠᠨ ᠬᠢᠨᠠᠵᠤ ᠱᠠᠩᠨᠠᠵᠤ ᠲᠣᠷᠭᠠᠬᠤ ᠦᠨᠳᠦᠰᠦᠨ ᠵᠠᠷᠴᠢᠮ ᠢ ᠲᠣᠳᠣᠷᠬᠠᠶᠢᠯᠠᠨ᠎ᠠ᠃            ᠳᠥᠷᠪᠡᠳᠦᠭᠡᠷ ᠪᠦᠯᠦᠭ ᠨᠢ ᠳᠠᠭᠠᠯᠳᠤᠭᠤᠯᠤᠭᠰᠠᠨ ᠳᠦᠷᠢᠮ ᠪᠣᠯᠣᠨ᠎ᠠ᠂ ᠨᠡᠶᠢᠲᠡ 2 ᠵᠦᠢᠯ ᠲᠠᠢ᠂ ᠭᠤᠣᠯᠳᠠᠭᠤ ᠲᠣᠰ ᠠᠷᠭ᠎ᠠ ᠶᠢᠨ ᠬᠡᠷᠡᠭᠯᠡᠬᠦ ᠬᠡᠪᠴᠢᠶ᠎ᠡ᠂ ᠬᠡᠷᠡᠭᠵᠢᠭᠦᠯᠬᠦ ᠴᠠᠭ ᠢ ᠲᠣᠳᠣᠷᠬᠠᠶᠢᠯᠠᠨ᠎ᠠ᠃                             ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ︽ᠠᠯᠠᠱᠠ ᠵᠡᠭᠦᠨ ᠬᠤᠰᠢᠭᠤᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠡᠵᠡᠮᠳᠡᠬᠦ ᠬᠠᠮᠢᠶᠠᠷᠤᠯᠲᠠ ᠶᠢᠨ ᠠᠷᠭ᠎ᠠ︾            ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号