| | ᠡᠯ᠎ᠡ ᠰᠤᠮᠤ ᠪᠠᠯᠭᠠᠰᠤ᠂ ᠬᠤᠰᠢᠭᠤᠨ ᠰᠢᠭᠤᠳ ᠬᠠᠷᠢᠶ᠎ᠠ ᠰᠠᠯᠠᠭ᠎ᠠ ᠮᠥᠴᠢᠷ᠂ ᠵᠥᠪᠯᠡᠯ᠂ ᠠᠯᠪᠠᠨ ᠭᠡᠷ᠂ ᠲᠣᠪᠴᠢᠶ᠎ᠠ᠂ | ᠡᠯ᠎ᠡ ᠵᠡᠭᠡᠯᠢ ᠭᠤᠳᠤᠮᠵᠢ᠂ ᠡᠯ᠎ᠡ ᠠᠷᠠᠳ ᠤᠨ ᠪᠦᠯᠬᠦᠮ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ | ᠪᠠᠶᠠᠨᠮᠣᠳᠣ ᠲᠠᠷᠢᠶᠠᠯᠠᠩ ᠤᠨ ᠲᠠᠯᠠᠪᠠᠶ᠂ ᠥᠯᠵᠡᠢ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠳᠤ᠄ | | ᠡᠳᠦᠭᠡ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠯᠠᠱᠠ ᠵᠡᠭᠦᠨ ᠬᠤᠰᠢᠭᠤᠨ ᠤ ᠡᠷᠦᠬᠡ ᠠᠮᠠ ᠶᠢᠨ | ᠲᠠᠩᠰᠠ ᠶᠢᠨ ᠬᠠᠮᠢᠶᠠᠷᠤᠯᠲᠠ ᠶᠢᠨ ᠠᠷᠭ᠎ᠠ︾ ᠶᠢ ᠲᠠᠨᠠᠷ ᠲᠤ ᠬᠡᠪᠯᠡᠨ ᠲᠠᠷᠬᠠᠭᠠᠯ᠎ᠠ᠂ ᠬᠢᠨᠠᠮᠠᠭᠠᠢ ᠲᠤᠤᠱᠯᠠᠭᠤᠯᠤᠨ | ᠬᠡᠷᠡᠭᠵᠢᠭᠦᠯᠲᠦᠭᠡᠢ᠃ | | ᠳᠠᠭᠠᠯᠳᠤᠭᠤᠯᠤᠯ᠄ ᠠᠯᠠᠱᠠ ᠵᠡᠭᠦᠨ ᠬᠤᠰᠢᠭᠤᠨ ᠤ ᠡᠷᠦᠬᠡ ᠠᠮᠠ ᠶᠢᠨ ᠬᠠᠮᠢᠶᠠᠷᠤᠯᠲᠠ ᠶᠢᠨ ᠠᠷᠭ᠎ᠠ | | | | 2022 ᠣᠨ ᠤ 11 ᠰᠠᠷ᠎ᠠ ᠶᠢᠨ 18 | | ᠳᠠᠭᠠᠯᠳᠤᠭᠤᠯᠤᠯ᠄ | | ᠠᠯᠠᠱᠠ ᠵᠡᠭᠦᠨ ᠬᠤᠰᠢᠭᠤᠨ ᠤ ᠡᠷᠦᠬᠡ ᠠᠮᠠ ᠶᠢᠨ ᠬᠠᠮᠢᠶᠠᠷᠤᠯᠲᠠ ᠶᠢᠨ ᠠᠷᠭ᠎ᠠ | | | | | | | | ᠨᠢᠭᠡᠳᠦᠭᠡᠷ ᠪᠦᠯᠦᠭ ᠶᠡᠷᠦᠩᠬᠡᠢ ᠳᠦᠷᠢᠮ | | | ᠨᠢᠭᠡᠳᠦᠭᠡᠷ ᠵᠦᠢᠯ ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠶᠢ ᠤᠯᠠᠮ | ᠠᠬᠢᠭᠤᠯᠬᠤ ᠶᠢᠨ ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ | ᠪᠣᠯᠭᠠᠬᠤ ᠶᠢ ᠠᠬᠢᠭᠤᠯᠵᠤ ︽ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠶᠢ ᠤᠯᠠᠮ ᠲᠦᠯᠬᠢᠨ | ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ︵ᠲᠥᠷᠥ ᠲᠠᠷᠬᠠᠭᠠᠭᠰᠠᠨ ﹇2014﹈ 25 ᠳ᠋ᠤᠭᠠᠷ ᠲᠣᠭᠠᠲᠤ︶ | ︽ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠶᠢ ᠤᠯᠠᠮ ᠲᠦᠯᠬᠢᠨ ᠠᠬᠢᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ︵ᠥᠪᠥᠷ ᠵᠠᠰᠠᠭ ᠲᠠᠷᠬᠠᠭᠠᠭᠰᠠᠨ ﹇ | 2015﹈ 104 ᠳ᠋ᠦ᠋ᠭᠡᠷ ᠲᠣᠭᠠᠲᠤ︶᠂ ᠠᠯᠠᠱᠠ ᠠᠶᠢᠮᠠᠭ ᠤᠨ ︽ᠠᠯᠠᠱᠠ ᠠᠶᠢᠮᠠᠭ ᠤᠨ ᠡᠷᠦᠬᠡ ᠠᠮᠠ ᠶᠢᠨ | ᠬᠠᠷᠢᠶ᠎ᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠠᠷᠭ᠎ᠠ ᠶᠢ | ᠬᠡᠷᠡᠭᠵᠢᠭᠦᠯᠬᠦ ᠠᠷᠭ᠎ᠠ ᠶᠢ ᠬᠡᠪᠯᠡᠨ ᠲᠠᠷᠬᠠᠭᠠᠬᠤ ᠲᠤᠬᠠᠢ ᠠᠯᠠᠱᠠ ᠠᠶᠢᠮᠠᠭ ᠤᠨ ᠵᠠᠬᠢᠷᠭ᠎ᠠ ᠶᠢᠨ ᠮᠡᠳᠡᠭᠳᠡᠯ︾ ︵ᠠᠯᠠᠱᠠ | ᠵᠠᠬᠢᠷᠭ᠎ᠠ ᠲᠠᠷᠬᠠᠭᠠᠭᠰᠠᠨ ﹇2018﹈ 3 ᠳ᠋ᠤᠭᠠᠷ ᠲᠣᠭᠠᠲᠤ︶᠂ ︽ᠬᠤᠲᠠ ᠪᠠᠯᠭᠠᠰᠤᠨ ᠳᠤ ᠡᠷᠦᠬᠡ ᠠᠮᠠ | ᠣᠷᠣᠭᠤᠯᠬᠤ ᠬᠢᠵᠠᠭᠠᠷᠯᠠᠯ ᠢ ᠪᠥᠬᠦ ᠲᠠᠯ᠎ᠠ ᠪᠠᠷ ᠴᠢᠯᠦᠭᠡᠲᠡᠢ ᠲᠠᠯᠪᠢᠵᠤ ᠡᠷᠦᠬᠡ ᠠᠮᠠ ᠶᠢᠨ ᠬᠠᠷᠢᠶ᠎ᠠ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇ | 2019﹈ 2 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠠᠯᠠᠱᠠ ᠵᠡᠭᠦᠨ | ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ | | ᠬᠤᠶᠠᠳᠤᠭᠠᠷ ᠵᠦᠢᠯ ᠡᠷᠦᠬᠡ ᠠᠮᠠ ᠰᠢᠯᠵᠢᠭᠦᠯᠬᠦ ᠳᠤ ᠬᠤᠰᠢᠭᠤᠨ ᠳᠣᠲᠣᠷ᠎ᠠ ᠭᠠᠳᠠᠨᠠᠬᠢ ᠬᠥᠮᠥᠨ | ᠠᠮᠠ ᠶᠢᠨ ᠮᠠᠯᠵᠢᠬᠤ ᠲᠠᠷᠢᠶᠠᠯᠠᠬᠤ ᠣᠷᠣᠨ ᠳᠤ ᠡᠷᠦᠬᠡ ᠠᠮᠠ ᠣᠷᠣᠬᠤ ᠶᠢ ᠴᠢᠩᠭ᠎ᠠ ᠬᠢᠵᠠᠭᠠᠷᠯᠠᠵᠤ᠂ ᠲᠠᠷᠢᠶᠠᠯᠠᠩ ︵ | ᠮᠠᠯᠴᠢᠨ︶ ᠠᠷᠠᠳ ᠤᠨ ᠬᠥᠮᠥᠨ ᠠᠮᠠ ᠶᠢᠨ ᠬᠤᠲᠠ ᠪᠠᠯᠭᠠᠰᠤ ᠳᠠᠰᠢ ᠰᠢᠯᠵᠢᠬᠦ ᠶᠢ ᠬᠥᠲᠥᠯᠥᠨ ᠵᠢᠯᠤᠭᠤᠳᠴᠤ᠂ | ᠬᠤᠲᠠ ᠪᠠᠯᠭᠠᠰᠤᠨ ᠳᠤ ᠠᠵᠢᠯ ᠣᠯᠵᠤ ᠠᠮᠢᠳᠤᠷᠠᠬᠤ ᠴᠢᠳᠠᠪᠤᠷᠢ ᠲᠠᠢ ᠲᠠᠷᠢᠶᠠᠯᠠᠩ ︵ᠮᠠᠯ ᠠᠵᠤ ᠠᠬᠤᠢ︶ ᠤᠨ | ᠰᠢᠯᠵᠢᠭᠰᠡᠨ ᠬᠥᠮᠥᠨ ᠠᠮᠠ ᠪᠣᠯᠣᠨ ᠪᠤᠰᠤᠳ ᠪᠠᠶᠢᠩᠭᠤ ᠰᠠᠭᠤᠭ᠎ᠠ ᠬᠥᠮᠥᠨ ᠠᠮᠠ ᠶᠢᠨ ᠡᠮᠬᠢ ᠵᠢᠷᠤᠮ ᠲᠠᠢ ᠪᠠᠷ | ᠬᠤᠲᠠ ᠶᠢᠨ ᠠᠷᠠᠳ ᠪᠣᠯᠬᠤ ᠶᠢ ᠠᠬᠢᠭᠤᠯᠤᠨ᠎ᠠ᠃ | | ᠭᠤᠷᠪᠠᠳᠤᠭᠠᠷ ᠵᠦᠢᠯ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠬᠠᠤᠯᠢ ᠴᠠᠭᠠᠵᠠ ᠶᠢᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠠᠵᠢᠯ ᠤᠨ | ᠬᠤᠪᠢᠶᠠᠷᠢᠯᠠᠯ ᠶᠣᠰᠣᠭᠠᠷ᠂ ᠵᠣᠬᠢᠴᠠᠩᠭᠤᠢ ᠢᠵᠢ ᠪᠦᠷᠢᠳᠦᠭᠦᠯᠬᠦ ᠲᠦᠷᠦ ᠶᠢᠨ ᠪᠣᠳᠣᠯᠭ᠎ᠠ ᠶᠢ ᠲᠣᠭᠲᠠᠭᠠᠵᠤ᠂ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠡᠷᠦᠬᠡ ᠠᠮᠠ ᠶᠢᠨ | ᠰᠢᠨᠵᠢ ᠴᠢᠨᠠᠷ ᠠᠴᠠ ᠰᠠᠯᠭᠠᠬᠤ ᠬᠡᠷᠡᠭᠲᠡᠢ᠃ | | ᠳᠥᠷᠪᠡᠳᠦᠭᠡᠷ ᠵᠦᠢᠯ ᠨᠢᠭᠡᠳᠦᠯᠲᠡᠢ ᠬᠤᠲᠠ ᠬᠥᠳᠡᠭᠡ ᠶᠢᠨ ᠡᠷᠦᠬᠡ ᠠᠮᠠ ᠶᠢᠨ ᠳᠠᠩᠰᠠᠯᠠᠯᠲᠠ ᠶᠢᠨ | ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ ᠪᠤᠶᠤ | ᠬᠠᠤᠯᠢ ᠶᠣᠰᠣᠨ ᠤ ᠲᠣᠭᠲᠠᠪᠤᠷᠢᠲᠠᠢ ᠠᠵᠢᠯ ᠣᠯᠭᠤᠯᠲᠠ ᠪᠠᠷ ᠦᠨᠳᠦᠰᠦᠨ ᠨᠡᠭᠦᠬᠦ ᠨᠥᠬᠦᠴᠡᠯ ᠪᠣᠯᠭᠠᠵᠤ᠂ ᠪᠠᠶᠢᠩᠭᠤ | ᠰᠠᠭᠤᠭ᠎ᠠ ᠭᠠᠵᠠᠷ ᠤᠨ ᠡᠷᠦᠬᠡ ᠠᠮᠠ ᠶᠢᠨ ᠳᠠᠩᠰᠠᠯᠠᠯᠲᠠ ᠪᠠᠷ ᠦᠨᠳᠦᠰᠦᠨ ᠬᠡᠯᠪᠡᠷᠢ ᠪᠣᠯᠭᠠᠵᠤ᠂ ᠬᠤᠲᠠ | ᠬᠥᠳᠡᠭᠡ ᠶᠢᠨ ᠨᠢᠭᠡᠳᠦᠯᠲᠡᠢ ᠰᠢᠨ᠎ᠡ ᠬᠡᠯᠪᠡᠷᠢ ᠶᠢᠨ ᠡᠷᠦᠬᠡ ᠠᠮᠠ ᠶᠢᠨ ᠬᠠᠮᠢᠶᠠᠷᠤᠯᠲᠠ ᠶᠢᠨ ᠳᠦᠷᠢᠮ ᠢ ᠪᠡᠶᠡᠯᠡᠭᠦᠯᠦᠨ᠎ᠡ | ᠃ | | ᠬᠤᠶᠠᠳᠤᠭᠠᠷ ᠪᠦᠯᠦᠭ ᠪᠠᠶᠢᠩᠭᠤ ᠰᠠᠭᠤᠭ᠎ᠠ ᠡᠷᠦᠬᠡ ᠠᠮᠠ ᠶᠢᠨ ᠣᠷᠣᠬᠤ ᠶᠢ ᠵᠥᠪᠰᠢᠶᠡᠷᠡᠬᠦ ᠨᠥᠬᠦᠴᠡᠯ | | ᠲᠠᠪᠤᠳᠤᠭᠠᠷ ᠵᠦᠢᠯ ᠠᠯᠠᠱᠠ ᠵᠡᠭᠦᠨ ᠬᠤᠰᠢᠭᠤᠨ ᠤ ᠬᠡᠪᠴᠢᠶᠡᠨ ᠳᠤ ᠪᠣᠳᠠᠲᠠᠢ ᠰᠠᠭᠤᠵᠤ ᠪᠠᠶᠢᠭ᠎ᠠ ᠭᠡᠷ | ᠪᠠᠶᠢᠰᠢᠩ ᠤᠨ ᠥᠮᠴᠢᠯᠡᠬᠦ ᠡᠷᠬᠡ ᠶᠢᠨ ᠬᠠᠷᠢᠶᠠᠯᠠᠯ ᠤᠨ ᠭᠡᠷᠡᠴᠢ ᠲᠠᠢ ᠪᠠᠶᠢᠪᠠᠯ᠂ ᠠᠯᠠᠱᠠ ᠵᠡᠭᠦᠨ ᠬᠤᠰᠢᠭᠤᠨ ᠤ | ᠪᠠᠶᠢᠩᠭᠤ ᠰᠠᠭᠤᠭ᠎ᠠ ᠡᠷᠦᠬᠡ ᠠᠮᠠ ᠶᠢᠨ ᠲᠠᠩᠰᠠ ᠶᠢ ᠬᠦᠰᠡᠯᠲᠡ ᠪᠠᠨ ᠳᠡᠪᠰᠢᠭᠦᠯᠦᠨ ᠭᠦᠢᠴᠡᠳᠬᠡᠵᠦ ᠪᠣᠯᠣᠨ᠎ᠠ᠃ | | ᠵᠢᠷᠭᠤᠳᠤᠭᠠᠷ ᠵᠦᠢᠯ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ | ᠨᠡᠶᠢᠭᠡᠮ ᠤᠨ ᠪᠦᠯᠬᠦᠮ᠂ ᠵᠣᠬᠢᠶᠠᠨ ᠪᠠᠶᠢᠭᠤᠯᠤᠯᠲᠠ᠂ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ | ᠵᠥᠪᠰᠢᠶᠡᠷᠡᠵᠦ ᠰᠢᠯᠵᠢᠭᠦᠯᠦᠨ ᠣᠷᠣᠭᠤᠯᠬᠤ ︵ᠰᠢᠯᠭᠠᠨ ᠡᠯᠰᠡᠬᠦ︶ ᠪᠤᠶᠤ ᠤᠷᠢᠨ ᠬᠡᠷᠡᠭᠯᠡᠬᠦ ᠠᠵᠢᠯᠲᠠᠨ᠃ ᠬᠥᠮᠥᠨ | ᠬᠡᠷᠡᠭᠯᠡᠬᠦ ᠨᠢᠭᠡᠴᠢ ᠲᠠᠢ ᠬᠥᠳᠡᠯᠮᠦᠷᠢ ᠶᠢᠨ ᠭᠡᠷ᠎ᠡ ᠲᠣᠭᠲᠠᠭᠰᠠᠨ ᠪᠤᠶᠤ ᠡᠵᠡᠩᠨᠡᠯᠲᠡ ᠶᠢᠨ ᠦᠨᠡᠮᠯᠡᠯ ᠣᠯᠣᠭᠰᠠᠨ ᠬᠥᠮᠥᠰ | ᠠᠯᠠᠱᠠ ᠵᠡᠭᠦᠨ ᠬᠤᠰᠢᠭᠤᠨ ᠤ ᠪᠠᠶᠢᠩᠭᠤ ᠰᠠᠭᠤᠭ᠎ᠠ ᠡᠷᠦᠬᠡ ᠠᠮᠠ ᠶᠢᠨ ᠲᠠᠩᠰᠠ ᠶᠢ ᠬᠦᠰᠡᠯᠲᠡ ᠪᠠᠨ ᠳᠡᠪᠰᠢᠭᠦᠯᠦᠨ | ᠭᠦᠢᠴᠡᠳᠬᠡᠵᠦ ᠪᠣᠯᠣᠨ᠎ᠠ᠃ | | ᠳᠣᠯᠣᠳᠤᠭᠠᠷ ᠵᠦᠢᠯ ᠠᠩᠬ᠎ᠠ ᠵᠡᠷᠭᠡ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠴᠣᠯᠠ ᠲᠠᠢ᠂ ᠳᠡᠭᠡᠳᠦ | ᠵᠡᠷᠭᠡ ᠶᠢᠨ ᠠᠵᠢᠯᠴᠢᠨ ᠠᠴᠠ ᠳᠡᠭᠡᠭᠰᠢᠬᠢ ᠠᠵᠢᠯ ᠮᠡᠷᠭᠡᠵᠢᠯ ᠤᠨ ᠬᠢᠷᠢ ᠬᠡᠮ ᠲᠠᠢ ᠪᠤᠶᠤ ᠤᠯᠤᠰ ᠠᠴᠠ ᠮᠡᠳᠡᠷᠡᠭᠰᠡᠨ | ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠬᠥᠮᠥᠰ᠂ ᠠᠵᠤ | ᠠᠬᠤᠶᠢᠯᠠᠯ ᠳᠤ ᠬᠡᠷᠡᠭᠴᠡᠭᠡ ᠲᠠᠢ ᠮᠡᠷᠭᠡᠵᠢᠯ ᠤᠨ ᠠᠵᠢᠯᠴᠢᠨ᠂ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ | ᠪᠤᠴᠠᠭᠰᠠᠳ ᠲᠤ ᠠᠯᠠᠱᠠ ᠵᠡᠭᠦᠨ ᠬᠤᠰᠢᠭᠤᠨ ᠤ ᠪᠠᠶᠢᠩᠭᠤ ᠰᠠᠭᠤᠭ᠎ᠠ ᠡᠷᠦᠬᠡ ᠠᠮᠠ ᠶᠢᠨ ᠲᠠᠩᠰᠠ ᠶᠢ ᠬᠦᠰᠡᠯᠲᠡ | ᠪᠠᠨ ᠳᠡᠪᠰᠢᠭᠦᠯᠦᠨ ᠭᠦᠢᠴᠡᠳᠬᠡᠵᠦ ᠪᠣᠯᠣᠨ᠎ᠠ᠃ | | ᠨᠠᠢᠮᠠᠳᠤᠭᠠᠷ ᠵᠦᠢᠯ ᠤᠤᠯ ᠨᠢ ᠲᠣᠰ ᠬᠤᠰᠢᠭᠤᠨ ᠤ ᠰᠠᠭᠤᠭᠠᠯᠢ ᠠᠷᠠᠳ ᠶᠡᠭᠡ ᠰᠤᠷᠭᠠᠭᠤᠯᠢ ᠳᠤᠮᠳᠠ | ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠡᠯᠰᠡᠬᠦ᠂ ᠴᠡᠷᠢᠭ ᠲᠤ ᠡᠯᠰᠡᠭᠳᠡᠬᠦ ᠠᠴᠠ ᠪᠣᠯᠵᠤ | ᠡᠷᠦᠬᠡ ᠠᠮᠠ ᠶᠢᠨ ᠲᠠᠩᠰᠠ ᠪᠠᠨ ᠲᠣᠰ ᠬᠤᠰᠢᠭᠤᠨ ᠠᠴᠠ ᠪᠠᠨ ᠰᠢᠯᠵᠢᠭᠦᠯᠵᠦ᠂ ᠰᠤᠷᠭᠠᠭᠤᠯᠢ ᠲᠡᠭᠦᠰᠬᠦ᠂ | ᠰᠤᠷᠤᠯᠭ᠎ᠠ ᠪᠠᠨ ᠵᠣᠭᠰᠣᠬᠤ᠂ ᠰᠤᠷᠤᠯᠭ᠎ᠠ ᠪᠠᠨ ᠲᠦᠷ ᠵᠣᠭᠰᠣᠬᠤ᠂ ᠰᠤᠷᠭᠠᠭᠤᠯᠢ ᠰᠢᠯᠵᠢᠬᠦ᠂ ᠵᠢᠩᠬᠢᠨᠢ ᠠᠯᠪᠠᠨ | ᠠᠴᠠ ᠪᠠᠭᠤᠬᠤ ᠵᠡᠷᠭᠡ ᠰᠢᠯᠲᠠᠭᠠᠨ ᠠᠴᠠ ᠪᠣᠯᠵᠤ᠂ ᠤᠭ ᠨᠤᠲᠤᠭ ᠲᠠᠭᠠᠨ ᠪᠤᠴᠠᠵᠤ ᠠᠵᠢᠯᠯᠠᠵᠤ ᠠᠮᠢᠳᠤᠷᠠᠬᠤ ᠪᠠᠷ | ᠱᠠᠭᠠᠷᠳᠠᠪᠠᠯ᠂ ᠤᠭ ᠨᠤᠲᠤᠭ ᠲᠠᠭᠠᠨ ᠪᠤᠴᠠᠵᠤ ᠡᠷᠦᠬᠡ ᠠᠮᠠ ᠪᠠᠨ ᠣᠷᠣᠭᠤᠯᠬᠤ ᠪᠠᠷ ᠭᠤᠶᠤᠴᠢᠯᠠᠵᠤ ᠪᠣᠯᠣᠨ᠎ᠠ᠃ | | ᠶᠢᠰᠦᠳᠦᠭᠡᠷ ᠵᠦᠢᠯ ᠠᠯᠠᠱᠠ ᠵᠡᠭᠦᠨ ᠬᠤᠰᠢᠭᠤᠨ ᠤ ᠰᠠᠭᠤᠭᠠᠯᠢ ᠠᠷᠠᠳ ᠬᠤᠭᠤᠴᠠᠭ᠎ᠠ ᠲᠠᠢ ᠬᠤᠷᠢᠬᠤ | ᠡᠷᠡᠭᠦᠦ ᠠᠴᠠ ᠳᠡᠭᠡᠭᠰᠢ ᠡᠷᠡᠭᠦᠦ ᠰᠢᠢᠳᠬᠡᠯ ᠢᠶᠠᠷ ᠰᠢᠢᠳᠬᠡᠭᠳᠡᠭᠰᠡᠨ ᠪᠠᠶᠢᠪᠠᠯ᠂ ᠲᠣᠭᠲᠠᠭᠠᠯ ᠶᠣᠰᠣᠭᠠᠷ ᠡᠷᠦᠬᠡ | ᠠᠮᠠ ᠶᠢᠨ ᠲᠠᠩᠰᠠ ᠪᠠᠨ ᠬᠠᠰᠤᠭᠤᠯᠵᠤ᠂ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠤ ᠳᠠᠷᠠᠭ᠎ᠠ | ᠲᠣᠰ ᠬᠤᠰᠢᠭᠤᠨ ᠳᠠᠭᠠᠨ ᠬᠠᠷᠢᠵᠤ ᠠᠵᠢᠯᠯᠠᠵᠤ ᠠᠮᠢᠳᠤᠷᠠᠪᠠᠯ᠂ ᠤᠭ ᠨᠤᠲᠤᠭ ᠤᠨ ᠢᠶᠠᠨ ᠡᠷᠦᠬᠡ ᠠᠮᠠ ᠶᠢᠨ | ᠲᠠᠩᠰᠠ ᠪᠠᠨ ᠰᠡᠷᠭᠦᠭᠡᠬᠦ ᠪᠠᠷ ᠭᠤᠶᠤᠴᠢᠯᠠᠵᠤ ᠪᠣᠯᠣᠨ᠎ᠠ᠃ | | ᠠᠷᠪᠠᠳᠤᠭᠠᠷ ᠵᠦᠢᠯ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠲᠥᠷᠥ ᠶᠢᠨ | ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠴᠡᠷᠢᠭ ᠠᠩᠭᠢ ᠶᠢᠨ ᠴᠡᠷᠢᠭ ᠠᠴᠠ ᠬᠠᠯᠠᠭᠳᠠᠭᠰᠠᠨ ᠺᠠᠳ᠋ᠷ ᠵᠢᠴᠢ | ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ︵ᠠᠯᠪᠠᠨ ᠵᠢᠷᠤᠮ ᠤᠨ ᠴᠡᠷᠢᠭ᠂ ᠴᠡᠷᠢᠭ ᠠᠴᠠ ᠬᠠᠯᠠᠭᠳᠠᠭᠰᠠᠨ ᠪᠠᠭ᠎ᠠ | ᠣᠹᠢᠼᠧᠷ᠂ ᠴᠡᠷᠢᠭ ᠠᠴᠠ ᠬᠠᠯᠠᠭᠳᠠᠭᠰᠠᠨ ᠪᠠᠭ᠎ᠠ ᠣᠹᠢᠼᠧᠷ᠂ ᠰᠢᠷᠬᠠᠲᠤᠵᠤ ᠡᠪᠡᠳᠴᠢᠯᠡᠭᠰᠡᠨ ᠵᠡᠮᠳᠡᠭ ᠪᠠᠶᠢᠯᠳᠤᠭᠴᠢ | ᠪᠠᠭᠲᠠᠨ᠎ᠠ︶ ᠵᠢᠴᠢ ᠣᠨᠳᠣᠣ ᠭᠠᠵᠠᠷ ᠲᠤ ᠲᠥᠪᠬᠢᠨᠡᠭᠦᠯᠬᠦ ᠨᠥᠬᠦᠴᠡᠯ ᠳᠤ ᠨᠡᠶᠢᠴᠡᠬᠦ ᠴᠡᠷᠢᠭ ᠠᠴᠠ ᠬᠠᠯᠠᠭᠳᠠᠭᠰᠠᠨ | ᠪᠠᠭ᠎ᠠ ᠣᠹᠢᠼᠧᠷ ᠲᠤᠬᠠᠢ ᠶᠢᠨ ᠭᠠᠵᠠᠷ ᠤᠨ ᠲᠥᠪᠬᠢᠨᠡᠭᠦᠯᠬᠦ ᠰᠠᠯᠠᠭ᠎ᠠ ᠮᠥᠴᠢᠷ ᠤᠨ ᠡᠷᠦᠬᠡ ᠠᠮᠠ ᠣᠷᠣᠬᠤ | ᠲᠠᠨᠢᠯᠴᠠᠭᠤᠯᠭ᠎ᠠ ᠶᠢᠨ ᠪᠢᠴᠢᠭ ᠢᠶᠠᠷ ᠢᠶᠠᠨ ᠬᠤᠲᠠ ᠪᠠᠯᠭᠠᠰᠤᠨ ᠤ ᠡᠷᠦᠬᠡ ᠠᠮᠠ ᠣᠷᠣᠬᠤ ᠭᠠᠷᠳᠠᠮ ᠢ ᠭᠦᠢᠴᠡᠳᠬᠡᠨ᠎ᠡ᠃ | ᠰᠠᠭᠤᠭ᠎ᠠ ᠭᠠᠵᠠᠷ ᠤᠨ ᠴᠡᠷᠢᠭ ᠠᠩᠭᠢ ᠶᠢᠨ ᠵᠢᠩᠬᠢᠨᠢ ᠠᠯᠪᠠᠨ ᠤ ᠴᠡᠷᠢᠭ ᠠᠩᠭᠢ ᠶᠢᠨ ᠺᠠᠳ᠋ᠷ᠂ ᠬᠤᠯᠪᠣᠰᠤ ᠪᠠᠨ | ᠴᠡᠷᠢᠭ ᠠᠩᠭᠢ ᠶᠢ ᠳᠠᠭᠠᠵᠤ ᠠᠯᠠᠱᠠ ᠵᠡᠭᠦᠨ ᠬᠤᠰᠢᠭᠤᠨ ᠳᠤ ᠡᠷᠦᠬᠡ ᠠᠮᠠ ᠣᠷᠣᠭᠤᠯᠬᠤ ᠪᠠᠷ ᠱᠠᠭᠠᠷᠳᠠᠪᠠᠯ᠂ ᠴᠡᠷᠢᠭ | ᠠᠩᠭᠢ ᠶᠢᠨ ᠳ᠋ᠢᠸᠢᠽᠢ ᠶᠢᠨ ᠱᠠᠲᠤᠨ ᠠᠴᠠ ᠳᠡᠭᠡᠭᠰᠢᠬᠢ ᠤᠯᠤᠰ ᠲᠥᠷᠥ ᠶᠢᠨ ᠪᠠᠶᠢᠭᠤᠯᠭ᠎ᠠ ᠪᠠᠷ ᠵᠥᠪᠰᠢᠶᠡᠷᠡᠭᠦᠯᠦᠭᠡᠳ | ᠡᠷᠦᠬᠡ ᠠᠮᠠ ᠣᠷᠣᠭᠤᠯᠬᠤ ᠭᠠᠷ ᠭᠦᠢᠴᠡᠳᠬᠡᠯ ᠬᠢᠯᠭᠡᠬᠦ ᠪᠠᠷ ᠭᠤᠶᠤᠴᠢᠯᠠᠵᠤ ᠪᠣᠯᠣᠨ᠎ᠠ᠃ | | ᠠᠷᠪᠠᠨ ᠨᠢᠭᠡᠳᠦᠭᠡᠷ ᠵᠦᠢᠯ ᠵᠢᠩᠬᠢᠨᠢ ᠠᠯᠪᠠᠨ ᠠᠴᠠ ᠪᠠᠭᠤᠭᠰᠠᠨ ᠲᠠᠷᠢᠶᠠᠯᠠᠬᠤ ᠮᠠᠯᠵᠢᠬᠤ ᠣᠷᠣᠨ ᠤ | ᠬᠠᠷᠢᠶ᠎ᠠ ᠲᠠᠢ ᠠᠯᠪᠠᠨ ᠵᠢᠷᠤᠮ ᠤᠨ ᠴᠡᠷᠢᠭ ᠪᠣᠯᠣᠨ ᠪᠠᠭ᠎ᠠ ᠣᠹᠢᠼᠧᠷ ᠪᠠᠶᠢᠩᠭᠤ ᠰᠠᠭᠤᠭ᠎ᠠ ᠭᠠᠵᠠᠷ ᠲᠠᠭᠠᠨ ᠠᠯᠠᠱᠠ | ᠵᠡᠭᠦᠨ ᠬᠤᠰᠢᠭᠤᠨ ᠤ ᠪᠠᠶᠢᠩᠭᠤ ᠰᠠᠭᠤᠭ᠎ᠠ ᠡᠷᠥᠭᠡ ᠶᠢ ᠬᠦᠰᠡᠯᠲᠡ ᠪᠠᠨ ᠳᠡᠪᠰᠢᠭᠦᠯᠦᠨ ᠭᠦᠢᠴᠡᠳᠬᠡᠵᠦ ᠪᠣᠯᠣᠨ᠎ᠠ᠂ | ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ᠂ ᠬᠠᠤᠯᠢ ᠶᠣᠰᠣᠨ ᠤ ᠲᠣᠭᠲᠠᠪᠤᠷᠢᠲᠠᠢ ᠠᠵᠢᠯ ᠣᠯᠬᠤ᠂ | ᠬᠤᠲᠠ ᠪᠠᠯᠭᠠᠰᠤ ᠶᠢᠨ ᠨᠡᠶᠢᠭᠡᠮ ᠤᠨ ᠳᠠᠭᠠᠳᠬᠠᠯ ᠳᠤ ᠣᠷᠣᠯᠴᠠᠬᠤ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ | ᠦᠭᠡᠢ᠃ | | ᠠᠷᠪᠠᠨ ᠬᠤᠶᠠᠳᠤᠭᠠᠷ ᠵᠦᠢᠯ ᠠᠯᠠᠱᠠ ᠵᠡᠭᠦᠨ ᠬᠤᠰᠢᠭᠤᠨ ᠤ ᠬᠤᠲᠠ ᠪᠠᠯᠭᠠᠰᠤᠨ ᠳᠤ ᠵᠠᠯᠭᠠᠭ᠎ᠠ ᠪᠠᠷ 6 | ᠰᠠᠷ᠎ᠠ ᠠᠴᠠ ᠳᠡᠭᠡᠭᠰᠢ ᠰᠠᠭᠤᠭᠰᠠᠨ ᠬᠥᠮᠥᠰ᠂ ᠣᠲᠣ ᠶᠢᠨ ᠪᠣᠳᠠᠲᠠᠢ ᠰᠠᠭᠤᠭ᠎ᠠ ᠭᠠᠵᠠᠷ ᠲᠠᠭᠠᠨ ᠡᠷᠦᠬᠡ ᠠᠮᠠ | ᠣᠷᠣᠬᠤ ᠪᠠᠷ ᠭᠤᠶᠤᠴᠢᠯᠠᠵᠤ ᠪᠣᠯᠣᠨ᠎ᠠ᠂ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ᠂ ᠬᠠᠤᠯᠢ | ᠶᠣᠰᠣᠨ ᠤ ᠲᠣᠭᠲᠠᠪᠤᠷᠢᠲᠠᠢ ᠠᠵᠢᠯ ᠣᠯᠭᠤᠯᠲᠠ᠂ ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠯᠴᠠᠬᠤ | ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠦᠭᠡᠢ᠃ | | ᠠᠷᠪᠠᠨ ᠭᠤᠷᠪᠠᠳᠤᠭᠠᠷ ᠵᠦᠢᠯ ᠠᠯᠠᠱᠠ ᠵᠡᠭᠦᠨ ᠬᠤᠰᠢᠭᠤᠨ ᠤ ᠬᠤᠲᠠ ᠪᠠᠯᠭᠠᠰᠤᠨ ᠳᠤ ᠲᠤᠬᠠᠢ ᠶᠢᠨ | ᠭᠠᠵᠠᠷ ᠤᠨ ᠡᠷᠦᠬᠡ ᠠᠮᠠ ᠶᠢᠨ ᠲᠠᠩᠰᠠ ᠲᠠᠢ ᠬᠥᠮᠥᠰ᠂ ᠲᠡᠭᠦᠨ ᠲᠠᠢ ᠬᠠᠮᠲᠤ ᠰᠠᠭᠤᠵᠤ ᠠᠮᠢᠳᠤᠷᠠᠵᠤ ᠪᠠᠶᠢᠭ᠎ᠠ | ᠬᠤᠯᠪᠣᠰᠤ᠂ ᠦᠷ᠎ᠡ ᠬᠡᠦᠬᠡᠳ᠂ ᠣᠮᠪᠣᠯᠣ ᠬᠦᠦ ᠥᠬᠢᠨ ︵ᠵᠢᠭᠡ ᠣᠮᠪᠣᠯᠣ ᠬᠦᠦ ᠥᠬᠢᠨ︶ ᠪᠣᠯᠣᠨ ᠡᠷ᠎ᠡ ᠡᠮ᠎ᠡ | ᠬᠤᠶᠠᠷ ᠡᠲᠡᠭᠡᠳ ᠤᠨ ᠡᠴᠢᠭᠡ ᠡᠬᠡ ᠨᠢ ᠲᠤᠬᠠᠢ ᠶᠢᠨ ᠭᠠᠵᠠᠷ ᠤᠨ ᠪᠠᠶᠢᠩᠭᠤ ᠰᠠᠭᠤᠭ᠎ᠠ ᠡᠷᠦᠬᠡ ᠠᠮᠠ ᠶᠢᠨ | ᠲᠠᠩᠰᠠ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠦᠰᠡᠯᠲᠡ ᠪᠠᠨ ᠳᠡᠪᠰᠢᠭᠦᠯᠦᠨ ᠭᠦᠢᠴᠡᠳᠬᠡᠵᠦ ᠪᠣᠯᠣᠨ᠎ᠠ | ᠃ | | ᠭᠤᠷᠪᠠᠳᠤᠭᠠᠷ ᠪᠦᠯᠦᠭ ᠡᠷᠦᠭᠡ ᠠᠮᠠ ᠶᠢᠨ ᠳᠠᠩᠰᠠᠯᠠᠯᠲᠠ ᠪᠠ ᠬᠠᠮᠢᠶᠠᠷᠤᠯᠲᠠ ᠶᠢ ᠵᠢᠷᠤᠮᠵᠢᠭᠤᠯᠤᠨ᠎ᠠ | | ᠠᠷᠪᠠᠨ ᠳᠥᠷᠪᠡᠳᠦᠭᠡᠷ ᠵᠦᠢᠯ ᠤᠤᠯ ᠨᠢ ᠠᠯᠠᠱᠠ ᠵᠡᠭᠦᠨ ᠬᠤᠰᠢᠭᠤᠨ ᠤ ᠰᠠᠭᠤᠭᠠᠯᠢ ᠠᠷᠠᠳ ᠵᠢᠯ | ᠲᠤᠷᠰᠢ ᠭᠠᠳᠠᠭᠰᠢ ᠭᠠᠷᠤᠭᠠᠳ ᠡᠷᠦᠬᠡ ᠠᠮᠠ ᠪᠠᠨ ᠬᠠᠰᠤᠭᠤᠯᠤᠭᠰᠠᠨ᠂ ᠪᠦᠷᠢᠳᠬᠡᠭᠦᠯᠬᠦ ᠠᠴᠠ ᠭᠤᠭᠤᠵᠢᠭᠳᠠᠭᠰᠠᠨ | ᠵᠡᠷᠭᠡ ᠲᠡᠦᠬᠡ ᠶᠢᠨ ᠰᠢᠯᠲᠠᠭᠠᠨ ᠠᠴᠠ ᠪᠣᠶ ᠪᠣᠯᠤᠭᠰᠠᠨ ᠡᠷᠦᠬᠡ ᠠᠮᠠ ᠶᠢᠨ ᠲᠠᠩᠰᠠ ᠦᠭᠡᠢ ᠬᠥᠮᠥᠰ᠂ ᠣᠲᠣ ᠪᠠᠰᠠ | ᠤᠤᠯ ᠤᠨ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠲᠠᠭᠠᠨ ᠪᠤᠴᠠᠵᠤ ᠪᠣᠳᠠᠲᠠᠢ ᠰᠠᠭᠤᠭᠰᠠᠨ ᠪᠠᠶᠢᠪᠠᠯ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠪᠠᠶᠢᠴᠠᠭᠠᠨ ᠬᠠᠷᠭᠤᠭᠤᠯᠤᠭᠠᠳ ᠪᠤᠰᠤᠳ ᠭᠠᠵᠠᠷ ᠲᠤ ᠡᠷᠦᠬᠡ | ᠠᠮᠠ ᠪᠠᠨ ᠣᠷᠣᠭᠤᠯᠤᠭᠰᠠᠨ ᠦᠭᠡᠢ ᠪᠠᠶᠢᠪᠠᠯ᠂ ᠤᠤᠯ ᠤᠨ ᠡᠷᠦᠬᠡ ᠠᠮᠠ ᠶᠢᠨ ᠲᠠᠩᠰᠠ ᠪᠠᠨ ᠬᠠᠰᠤᠭᠤᠯᠵᠤ᠂ | ᠪᠦᠷᠢᠳᠬᠡᠭᠦᠯᠬᠦ ᠠᠴᠠ ᠭᠤᠭᠤᠵᠢᠭᠳᠠᠭᠰᠠᠨ ᠭᠠᠵᠠᠷ ᠲᠤᠨᠢ ᠪᠠᠶᠢᠩᠭᠤ ᠰᠠᠭᠤᠭ᠎ᠠ ᠡᠷᠦᠬᠡ ᠠᠮᠠ ᠶᠢᠨ ᠳᠠᠩᠰᠠᠯᠠᠯᠲᠠ ᠶᠢ | ᠰᠡᠷᠭᠦᠭᠡᠵᠦ ᠪᠣᠯᠣᠨ᠎ᠠ᠃ ᠠᠩᠬᠠᠨ ᠤ ᠡᠷᠦᠬᠡ ᠠᠮᠠ ᠶᠢᠨ ᠳᠠᠩᠰᠠᠯᠠᠯᠲᠠ ᠶᠢᠨ ᠮᠠᠲ᠋ᠧᠷᠢᠶᠠᠯ ᠲᠠᠢ ᠪᠠᠶᠢᠪᠠᠯ᠂ ᠠᠩᠬᠠᠨ ᠤ | ᠡᠷᠦᠬᠡ ᠠᠮᠠ ᠶᠢᠨ ᠳᠠᠩᠰᠠᠯᠠᠯᠲᠠ ᠶᠢᠨ ᠮᠠᠲ᠋ᠧᠷᠢᠶᠠᠯ ᠵᠡᠷᠭᠡ ᠮᠠᠲ᠋ᠧᠷᠢᠶᠠᠯ ᠢᠶᠠᠷ ᠢᠶᠠᠨ ᠪᠠᠶᠢᠩᠭᠤ ᠰᠠᠭᠤᠭ᠎ᠠ ᠡᠷᠦᠬᠡ | ᠠᠮᠠ ᠶᠢᠨ ᠳᠠᠩᠰᠠᠯᠠᠯᠲᠠ ᠬᠢᠯᠭᠡᠬᠦ ᠪᠠᠷ ᠬᠦᠰᠡᠯᠲᠡ ᠪᠠᠨ ᠳᠡᠪᠰᠢᠭᠦᠯᠦᠨ᠎ᠡ᠃ ᠠᠩᠬᠠᠨ ᠤ ᠡᠷᠦᠬᠡ ᠠᠮᠠ ᠶᠢᠨ | ᠳᠠᠩᠰᠠᠯᠠᠯᠲᠠ ᠶᠢᠨ ᠮᠠᠲ᠋ᠧᠷᠢᠶᠠᠯ ᠪᠠᠶᠢᠬᠤ ᠦᠭᠡᠢ ᠪᠣᠯ᠂ ᠲᠣᠰ ᠬᠥᠮᠥᠨ ᠪᠤᠶᠤ ᠬᠢᠨᠠᠨ ᠬᠠᠮᠠᠭᠠᠯᠠᠭᠴᠢ ᠶᠢᠨ | ᠪᠢᠴᠢᠭᠯᠡᠭᠰᠡᠨ ᠭᠤᠶᠤᠴᠢᠯᠠᠯ᠂ ᠭᠠᠴᠠᠭ᠎ᠠ ᠲᠣᠰᠬᠤᠨ ︵ᠰᠠᠭᠤᠭᠠᠯᠢ ᠠᠷᠠᠳ︶ ᠤ ᠵᠥᠪᠯᠡᠯ ᠤᠨ ᠣᠲᠣ ᠶᠢᠨ ᠣᠷᠣᠰᠢᠨ | ᠰᠠᠭᠤᠵᠤ ᠪᠠᠶᠢᠭ᠎ᠠ ᠪᠠᠶᠢᠳᠠᠯ ᠤᠨ ᠲᠤᠬᠠᠢ ᠭᠡᠷᠡᠴᠢ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ | ᠪᠠᠶᠢᠴᠠᠭᠠᠭᠰᠠᠨ ᠮᠠᠲ᠋ᠧᠷᠢᠶᠠᠯ ᠵᠡᠷᠭᠡ ᠶᠢ ᠳᠡᠭᠡᠭᠰᠢ ᠬᠤᠰᠢᠭᠤ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ | ᠮᠡᠳᠡᠭᠦᠯᠵᠦ ᠬᠢᠨᠠᠨ ᠪᠠᠶᠢᠴᠠᠭᠠᠯᠭᠠᠵᠤ᠂ ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠷ | ᠵᠥᠪᠰᠢᠶᠡᠷᠡᠭᠦᠯᠦᠭᠰᠡᠨ ᠤ ᠳᠠᠷᠠᠭ᠎ᠠ ᠡᠷᠦᠬᠡ ᠠᠮᠠ ᠶᠢ ᠨᠢ ᠰᠡᠷᠭᠦᠭᠡᠵᠦ ᠥᠭᠭᠦᠨ᠎ᠡ᠃ | | ᠠᠷᠪᠠᠨ ᠲᠠᠪᠤᠳᠤᠭᠠᠷ ᠵᠦᠢᠯ ᠡᠷ᠎ᠡ ᠡᠮ᠎ᠡ ᠬᠤᠶᠠᠭᠤᠯᠠ ᠮᠠᠯᠵᠢᠬᠤ ᠲᠠᠷᠢᠶᠠᠯᠠᠬᠤ ᠣᠷᠣᠨ ᠤ ᠡᠷᠦᠬᠡ | ᠠᠮᠠ ᠶᠢᠨ ᠳᠠᠩᠰᠠᠯᠠᠯᠲᠠ ᠶᠢ ᠲᠦᠰᠢᠵᠦ ᠬᠢᠭᠰᠡᠨ ᠪᠠᠶᠢᠪᠠᠯ᠂ ᠤᠷᠤᠭᠯᠠᠭᠠᠳ ᠪᠦᠬᠦᠯᠢ ᠬᠤᠶᠠᠷ ᠵᠢᠯ ᠪᠣᠯᠵᠤ᠂ ᠨᠢᠭᠡ | ᠲᠠᠯ᠎ᠠ ᠨᠢ ᠦᠢᠯᠡᠳᠪᠦᠷᠢᠯᠡᠬᠦ ᠠᠵᠢᠯ ᠠᠮᠢᠳᠤᠷᠠᠯ ᠤᠨ ᠬᠡᠷᠡᠭᠰᠡᠯ ᠲᠠᠢ ᠪᠥᠭᠡᠳ ᠭᠠᠴᠠᠭᠠᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠳᠤ ᠬᠠᠷᠢᠶᠠᠯᠠᠭᠳᠠᠨ᠎ᠠ᠂ ᠲᠤᠰ ᠬᠥᠮᠥᠨ ᠨᠢ ᠪᠢᠴᠢᠭ ᠤᠨ | ᠭᠤᠶᠤᠴᠢᠯᠠᠯ ᠭᠠᠷᠭᠠᠵᠤ᠂ ᠡᠷᠬᠡᠪᠰᠢ ᠭᠠᠴᠠᠭᠠᠨ ᠤ ᠵᠥᠪᠯᠡᠯ ᠤᠨ ᠵᠥᠪᠰᠢᠶᠡᠷᠡᠯ ᠢ ᠣᠯᠵᠤ᠂ ᠰᠢᠢᠳᠪᠦᠷᠢ | ᠭᠠᠷᠭᠠᠭᠰᠠᠨ ᠤ ᠳᠠᠷᠠᠭ᠎ᠠ᠂ ᠭᠠᠴᠠᠭ᠎ᠠ ︵ᠲᠣᠰᠬᠤᠨ︶ ᠶᠢᠨ ᠭᠠᠴᠠᠭᠠᠨ ᠤ ᠠᠷᠠᠳ ᠤᠨ ᠶᠡᠭᠡ ᠬᠤᠷᠠᠯ ᠢ | ᠬᠤᠷᠠᠯᠳᠤᠭᠤᠯᠵᠤ᠂ ᠪᠥᠬᠦ ᠭᠠᠴᠠᠭᠠᠨ ᠤ ᠠᠷᠠᠳ ᠤᠨ ᠭᠤᠷᠪᠠᠨ ᠤ ᠬᠤᠶᠠᠷ ᠠᠴᠠ ᠳᠡᠭᠡᠭᠰᠢᠬᠢ ᠪᠠᠷ ᠪᠠᠲᠤᠯᠠᠭᠤᠯᠤᠭᠰᠠᠨ | ᠪᠥᠭᠡᠳ ᠭᠠᠴᠠᠭ᠎ᠠ ᠪᠠᠷ ᠵᠠᠷᠯᠠᠨ ᠨᠡᠶᠢᠲᠡᠯᠡᠭᠡᠳ ᠲᠤᠯᠤᠭᠠᠨ ᠡᠳᠦᠷ ᠤᠨ ᠳᠣᠲᠣᠷ᠎ᠠ ᠣᠨᠳᠣᠣ ᠰᠠᠨᠠᠯ ᠦᠭᠡᠢ ᠪᠠᠶᠢᠪᠠᠯ᠂ | ᠲᠤᠬᠠᠢ ᠶᠢᠨ ᠭᠠᠵᠠᠷ ᠤᠨ ᠰᠤᠮᠤ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠮᠡᠳᠡᠭᠦᠯᠦᠨ ᠰᠤᠳᠤᠯᠵᠤ | ᠵᠥᠪᠰᠢᠶᠡᠷᠡᠯ ᠤᠨ ᠪᠢᠴᠢᠭ ᠭᠠᠷᠭᠠᠯᠭᠠᠵᠤ᠂ ᠨᠡᠭᠦᠵᠦ ᠣᠷᠣᠬᠤ ᠭᠠᠵᠠᠷ ᠤᠨ ᠲᠣᠮᠢᠯᠠᠭᠰᠠᠨ ᠰᠠᠯᠪᠤᠷᠢ ᠠᠴᠠ ᠭᠥᠯᠢᠶᠡᠨ | ᠠᠪᠴᠤ ᠰᠢᠢᠳᠪᠦᠷᠢᠯᠡᠵᠦ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠬᠢᠨᠠᠨ ᠬᠠᠷᠭᠤᠭᠤᠯᠵᠤ᠂ | ᠳᠡᠭᠡᠭᠰᠢ ᠠᠯᠠᠱᠠ ᠵᠡᠭᠦᠨ ᠬᠤᠰᠢᠭᠤᠨ ᠤ ᠡᠷᠦᠬᠡ ᠠᠮᠠ ᠶᠢᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢᠨ | ᠤᠳᠤᠷᠢᠳᠬᠤ ᠳᠤᠭᠤᠶᠢᠯᠠᠩ ᠳᠤ ᠮᠡᠳᠡᠭᠦᠯᠵᠦ ᠵᠥᠪᠰᠢᠶᠡᠷᠡᠭᠦᠯᠦᠭᠡᠳ᠂ ᠡᠷᠦᠬᠡ ᠳᠤ ᠣᠷᠣᠬᠤ ᠭᠠᠷᠳᠠᠮ ᠢ | ᠭᠦᠢᠴᠡᠳᠬᠡᠵᠦ ᠪᠣᠯᠣᠨ᠎ᠠ᠃ ᠨᠠᠰᠤᠨ ᠳᠤ ᠬᠦᠷᠦᠭᠡᠳᠦᠢ ᠦᠷ᠎ᠡ ᠬᠡᠦᠬᠡᠳ ᠨᠢ ᠳᠠᠭᠠᠵᠤ ᠨᠡᠭᠦᠵᠦ ᠣᠷᠣᠬᠤ ᠭᠠᠷ | ᠭᠦᠢᠴᠡᠳᠬᠡᠯ ᠬᠢᠵᠦ ᠪᠣᠯᠣᠨ᠎ᠠ᠃ | | ᠠᠷᠪᠠᠨ ᠵᠢᠷᠭᠤᠳᠤᠭᠠᠷ ᠵᠦᠢᠯ ᠠᠷᠠᠳ ᠢᠷᠭᠡᠨ ᠨᠠᠰᠤᠨ ᠳᠤ ᠦᠯᠤ ᠬᠥᠷᠦᠭᠰᠡᠳ ᠢ ᠡᠷᠭᠦᠨ ᠲᠡᠵᠢᠭᠡᠬᠦ ᠳᠤ | ᠬᠥᠷᠪᠡᠯ᠂ ᠡᠷᠭᠦᠨ ᠲᠡᠵᠢᠭᠡᠭᠴᠢ ᠨᠢ ᠰᠠᠭᠤᠭᠠᠯᠢ ᠠᠷᠠᠳ ᠤᠨ ᠡᠷᠤᠭᠡ ᠠᠮᠠ ᠶᠢᠨ ᠲᠠᠩᠰᠠ ᠶᠢᠨ ᠳᠡᠪᠲᠡᠷ᠂ ︽ᠡᠷᠭᠦᠨ | ᠲᠡᠵᠢᠭᠡᠬᠦ ᠶᠢ ᠳᠠᠩᠰᠠᠯᠠᠭᠤᠯᠤᠭᠰᠠᠨ ᠦᠨᠡᠮᠯᠡᠯ︾ ᠪᠤᠶᠤ ᠪᠣᠳᠠᠲᠤ ᠬᠡᠷᠡᠭ ᠳᠡᠭᠡᠷᠡᠬᠢ ᠡᠷᠭᠦᠨ ᠲᠡᠵᠢᠭᠡᠭᠰᠡᠨ ᠠᠯᠪᠠᠨ | ᠭᠡᠷᠡᠴᠢᠯᠡᠭᠡᠨ ᠤ ᠪᠢᠴᠢᠭ ᠢᠶᠠᠨ ᠠᠪᠴᠤ᠂ ᠡᠷᠭᠦᠨ ᠲᠡᠵᠢᠭᠡᠭᠴᠢ ᠶᠢᠨ ᠡᠷᠤᠭᠡ ᠠᠮᠠ ᠶᠢᠨ ᠪᠠᠶᠢᠭ᠎ᠠ ᠭᠠᠵᠠᠷ ᠤᠨ | ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠳᠤ ᠡᠷᠤᠭᠡ ᠠᠮᠠ ᠶᠢᠨ ᠳᠠᠩᠰᠠᠯᠠᠯᠲᠠ ᠬᠢᠯᠭᠡᠬᠦ ᠪᠠᠷ ᠮᠡᠳᠡᠭᠦᠯᠬᠦ | ᠬᠡᠷᠡᠭᠲᠡᠢ᠃ ᠡᠷᠭᠦᠨ ᠲᠡᠵᠢᠭᠡᠭᠴᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠡᠷᠭᠦᠨ ᠲᠡᠵᠢᠭᠡᠬᠦ | ᠨᠢᠭᠤᠴᠠ ᠶᠢ ᠬᠠᠮᠠᠭᠠᠯᠠᠬᠤ ᠭᠤᠶᠤᠴᠢᠯᠠᠯ ᠭᠠᠷᠭᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ | ᠰᠠᠯᠪᠤᠷᠢ ᠨᠢ ᠰᠠᠭᠤᠭᠠᠯᠢ ᠠᠷᠠᠳ ᠤᠨ ᠡᠷᠦᠭᠡ ᠠᠮᠠ ᠶᠢᠨ ᠳᠡᠪᠲᠡᠷ ᠳᠡᠭᠡᠷ᠎ᠡ ᠡᠷᠭᠦᠨ ᠲᠡᠵᠢᠭᠡᠭᠴᠢ ᠪᠣᠯᠣᠨ ᠡᠷᠭᠦᠨ | ᠲᠡᠵᠢᠭᠡᠭᠳᠡᠭᠴᠢ ᠶᠢᠨ ᠬᠠᠷᠢᠴᠠᠭ᠎ᠠ ᠶᠢ ᠡᠴᠢᠭᠡ ᠡᠬᠡ ᠦᠷ᠎ᠡ ᠬᠡᠦᠬᠡᠳ ᠤᠨ ᠬᠠᠷᠢᠴᠠᠭ᠎ᠠ ᠪᠠᠷ ᠳᠠᠩᠰᠠᠯᠠᠭᠤᠯᠵᠤ ᠪᠣᠯᠣᠨ᠎ᠠ᠃ | | | ᠠᠷᠪᠠᠨ ᠳᠣᠯᠣᠳᠤᠭᠠᠷ ᠵᠦᠢᠯ ᠬᠠᠤᠯᠢ ᠴᠠᠭᠠᠵᠠ ᠬᠠᠤᠯᠢ ᠲᠣᠭᠲᠠᠭᠠᠯ ᠪᠤᠶᠤ ᠲᠥᠷᠥ ᠶᠢᠨ ᠪᠣᠳᠣᠯᠭ᠎ᠠ ᠶᠢᠨ | ᠲᠣᠭᠲᠠᠭᠠᠯ ᠳᠤ ᠨᠡᠶᠢᠴᠡᠬᠦ ᠦᠭᠡᠢ ᠪᠠᠷ ᠲᠥᠷᠥᠭᠰᠡᠨ ᠨᠢᠯᠬ᠎ᠠ ᠬᠡᠦᠬᠡᠳ ᠲᠤ ᠪᠣᠯ᠂ ᠲᠣᠰ ᠬᠥᠮᠥᠨ ᠪᠤᠶᠤ ᠬᠢᠨᠠᠨ | ᠬᠠᠮᠠᠭᠠᠯᠠᠭᠴᠢ ᠨᠢ ︽ᠲᠥᠷᠥᠭᠰᠡᠨ ᠠᠨᠠᠭᠠᠬᠤ ᠤᠬᠠᠭᠠᠨ ᠤ ᠭᠡᠷᠡᠴᠢ︾ ᠪᠣᠯᠣᠨ ᠡᠴᠢᠭᠡ ᠡᠬᠡ ᠶᠢᠨ ᠨᠢᠭᠡ | ᠡᠲᠡᠭᠡᠳ ᠤᠨ ᠰᠠᠭᠤᠭᠠᠯᠢ ᠠᠷᠠᠳ ᠤᠨ ᠡᠷᠦᠬᠡ ᠠᠮᠠ ᠶᠢᠨ ᠳᠡᠪᠲᠡᠷ᠂ ᠣᠷᠤᠭ ᠤᠨ ᠦᠨᠡᠮᠯᠡᠯ ᠪᠤᠶᠤ ᠤᠷᠤᠭᠯᠠᠭᠰᠠᠨ | ᠦᠭᠡᠢ ᠪᠠᠷ ᠲᠥᠷᠥᠭᠰᠡᠨ ᠲᠣᠳᠣᠷᠬᠠᠶᠢᠯᠠᠯᠲᠠ ᠪᠠᠨ ᠠᠪᠴᠤ᠂ ᠡᠴᠢᠭᠡ ᠡᠬᠡ ᠪᠠᠨ ᠳᠠᠭᠠᠵᠤ ᠰᠠᠶᠢᠨ ᠳᠤᠷ᠎ᠠ ᠠᠴᠠ ᠪᠠᠨ | ᠡᠷᠦᠬᠡ ᠠᠮᠠ ᠣᠷᠣᠬᠤ ᠲᠥᠷᠥ ᠶᠢᠨ ᠪᠣᠳᠣᠯᠭ᠎ᠠ ᠶᠢᠨ ᠶᠣᠰᠣᠭᠠᠷ᠂ ᠪᠠᠶᠢᠩᠭᠤ ᠰᠠᠭᠤᠬᠤ ᠡᠷᠦᠬᠡ ᠠᠮᠠ ᠶᠢᠨ | ᠳᠠᠩᠰᠠᠯᠠᠯᠲᠠ ᠬᠢᠯᠭᠡᠬᠦ ᠪᠠᠷ ᠭᠤᠶᠤᠴᠢᠯᠠᠵᠤ ᠪᠣᠯᠣᠨ᠎ᠠ᠃ ᠡᠴᠢᠭᠡ ᠪᠠᠨ ᠳᠠᠭᠠᠵᠤ ᠡᠷᠦᠬᠡ ᠠᠮᠠ ᠣᠷᠣᠬᠤ ᠪᠠᠷ | ᠭᠤᠶᠤᠴᠢᠯᠠᠭᠰᠠᠨ ᠤᠷᠤᠭᠯᠠᠭᠰᠠᠨ ᠦᠭᠡᠢ ᠪᠠᠷ ᠲᠥᠷᠥᠭᠰᠡᠨ ᠡᠷᠦᠬᠡ ᠠᠮᠠ ᠦᠭᠡᠢ ᠬᠥᠮᠥᠰ ᠲᠤ᠂ ᠬᠢᠷᠢ ᠬᠡᠮ ᠲᠠᠢ | ᠬᠢᠨᠠᠨ ᠲᠣᠭᠲᠠᠭᠠᠬᠤ ᠪᠠᠶᠢᠭᠤᠯᠤᠮᠵᠢ ᠶᠢᠨ ᠭᠠᠷᠭᠠᠭᠰᠠᠨ ᠡᠴᠢᠭᠡ ᠡᠬᠡ ᠦᠷ᠎ᠡ ᠬᠡᠦᠬᠡᠳ ᠤᠨ ᠬᠢᠨᠠᠨ | ᠲᠣᠭᠲᠠᠭᠠᠯᠲᠠ ᠶᠢᠨ ᠭᠡᠷᠡᠴᠢ ᠶᠢ ᠵᠡᠷᠭᠡᠪᠡᠷ ᠬᠠᠩᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠪᠠᠶᠢᠴᠠᠭᠠᠨ | ᠬᠠᠷᠭᠤᠭᠤᠯᠵᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ | ᠬᠡᠷᠡᠭᠲᠡᠢ᠃ ︽ᠲᠥᠷᠥᠭᠰᠡᠨ ᠠᠨᠠᠭᠠᠬᠤ ᠤᠬᠠᠭᠠᠨ ᠤ ᠭᠡᠷᠡᠴᠢ︾ ᠬᠢᠯᠭᠡᠭᠰᠡᠨ ᠦᠭᠡᠢ ᠡᠷᠦᠬᠡ ᠠᠮᠠ ᠶᠢᠨ ᠲᠠᠩᠰᠠ | ᠦᠭᠡᠢ ᠬᠥᠮᠥᠨ᠂ ᠬᠥᠩᠭᠡᠵᠢᠭᠦᠯᠬᠦ ᠪᠠᠶᠢᠭᠤᠯᠤᠮᠵᠢ ᠳᠤ ᠲᠥᠷᠥᠭᠰᠡᠨ ᠡᠷᠦᠬᠡ ᠠᠮᠠ ᠶᠢᠨ ᠲᠠᠩᠰᠠ ᠦᠭᠡᠢ ᠬᠥᠮᠥᠨ ᠤ | ᠲᠣᠰ ᠬᠥᠮᠥᠨ ᠪᠤᠶᠤ ᠲᠡᠭᠦᠨ ᠤ ᠬᠢᠨᠠᠨ ᠬᠠᠮᠠᠭᠠᠯᠠᠭᠴᠢ ᠨᠢ ᠲᠣᠰ ᠬᠥᠩᠭᠡᠵᠢᠭᠦᠯᠬᠦ ᠪᠠᠶᠢᠭᠤᠯᠤᠮᠵᠢ ᠳᠤ ︽ᠲᠥᠷᠥᠭᠰᠡᠨ | ᠠᠨᠠᠭᠠᠬᠤ ᠤᠬᠠᠭᠠᠨ ᠤ ᠭᠡᠷᠡᠴᠢ︾ ᠬᠦᠰᠡᠯᠲᠡ ᠪᠠᠨ ᠳᠡᠪᠰᠢᠭᠦᠯᠦᠨ ᠠᠪᠴᠤ ᠪᠣᠯᠣᠨ᠎ᠠ᠃ ᠬᠥᠩᠭᠡᠵᠢᠭᠦᠯᠬᠦ | ᠪᠠᠶᠢᠭᠤᠯᠤᠮᠵᠢ ᠠᠴᠠ ᠭᠠᠳᠠᠨ᠎ᠠ ᠲᠥᠷᠥᠭᠰᠡᠨ ᠡᠷᠦᠬᠡ ᠠᠮᠠ ᠶᠢᠨ ᠲᠠᠩᠰᠠ ᠦᠭᠡᠢ ᠬᠥᠮᠥᠰ ᠲᠤ᠂ ᠲᠣᠰ ᠬᠥᠮᠥᠨ | ᠪᠤᠶᠤ ᠲᠡᠭᠦᠨ ᠤ ᠬᠢᠨᠠᠨ ᠬᠠᠮᠠᠭᠠᠯᠠᠭᠴᠢ ᠨᠢ ᠬᠢᠷᠢ ᠬᠡᠮ ᠲᠠᠢ ᠬᠢᠨᠠᠨ ᠲᠣᠭᠲᠠᠭᠠᠬᠤ ᠪᠠᠶᠢᠭᠤᠯᠤᠮᠵᠢ ᠶᠢᠨ ᠭᠠᠷᠭᠠᠭᠰᠠᠨ | ᠡᠴᠢᠭᠡ ᠡᠬᠡ ᠦᠷ᠎ᠡ ᠬᠡᠦᠬᠡᠳ ᠤᠨ ᠬᠢᠨᠠᠨ ᠲᠣᠭᠲᠠᠭᠠᠯᠲᠠ ᠶᠢᠨ ᠭᠡᠷᠡᠴᠢ ᠶᠢ ᠬᠠᠩᠭᠠᠵᠤ᠂ ᠠᠯᠠᠱᠠ ᠵᠡᠭᠦᠨ | ᠬᠤᠰᠢᠭᠤᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ | ᠨᠠᠶᠢᠳᠠᠭᠰᠠᠨ ᠪᠠᠶᠢᠭᠤᠯᠤᠮᠵᠢ ᠠᠴᠠ ︽ᠲᠥᠷᠥᠭᠰᠡᠨ ᠠᠨᠠᠭᠠᠬᠤ ᠤᠬᠠᠭᠠᠨ ᠤ ᠭᠡᠷᠡᠴᠢᠯᠡᠯ︾ ᠢ ᠬᠦᠰᠡᠯᠲᠡ ᠪᠠᠨ | ᠳᠡᠪᠰᠢᠭᠦᠯᠦᠨ ᠭᠦᠢᠴᠡᠳᠬᠡᠬᠦ ᠬᠡᠷᠡᠭᠲᠡᠢ᠃ ᠡᠷᠦᠭᠡ ᠠᠮᠠ ᠶᠢᠨ ᠲᠡᠩᠰᠠ ᠦᠭᠡᠢ ᠬᠥᠮᠥᠨ ᠪᠤᠶᠤ ᠲᠡᠭᠦᠨ ᠤ ᠬᠢᠨᠠᠨ | ᠬᠠᠮᠠᠭᠠᠯᠠᠭᠴᠢ ᠨᠢ ︽ᠲᠥᠷᠦᠭᠰᠡᠠ ᠠᠨᠠᠭᠠᠬᠤ ᠤᠬᠠᠭᠠᠨ ᠤ ᠭᠡᠷᠡᠴᠢ︾ ᠪᠣᠯᠣᠨ ᠡᠴᠢᠭᠡ ᠡᠬᠡ ᠶᠢᠨ ᠬᠢᠨᠢ ᠨᠢᠭᠡ | ᠡᠲᠡᠭᠡᠳ ᠤᠨ ᠰᠠᠭᠤᠭᠠᠯᠢ ᠠᠷᠠᠳ ᠤᠨ ᠡᠷᠦᠭᠡ ᠠᠮᠠ ᠶᠢᠨ ᠲᠡᠩᠰᠠ᠂ ᠤᠷᠤᠬ ᠤᠨ ᠦᠨᠡᠮᠯᠡᠯ ᠪᠤᠶᠤ ᠤᠷᠤᠭᠯᠠᠭᠰᠠᠨ | ᠦᠭᠡᠢ ᠪᠠᠷ ᠲᠥᠷᠦᠭᠰᠡᠠ ᠲᠣᠳᠣᠷᠬᠠᠶᠢᠯᠠᠯᠲᠠ ᠪᠠᠷ ᠢᠶᠠᠨ ᠪᠠᠶᠢᠩᠭᠤ ᠰᠠᠭᠤᠬᠤ ᠡᠷᠦᠭᠡ ᠠᠮᠠ ᠶᠢᠨ ᠳᠠᠩᠰᠠᠯᠠᠯᠲᠠ | ᠬᠢᠯᠭᠡᠬᠦ ᠪᠠᠷ ᠬᠦᠰᠡᠯᠲᠡ ᠪᠠᠨ ᠳᠡᠪᠰᠢᠭᠦᠯᠦᠨ᠎ᠡ᠃ ︽ᠲᠦᠷᠦᠭᠰᠡᠨ ᠠᠨᠠᠭᠠᠬᠤ ᠤᠬᠠᠭᠠᠨ ᠤ ᠭᠡᠷᠡᠴᠢ︾ ᠶᠢ ᠬᠦᠰᠡᠯᠲᠡ | ᠪᠠᠨ ᠳᠡᠪᠰᠢᠭᠦᠯᠦᠨ ᠭᠦᠢᠴᠡᠳᠬᠡᠬᠦ ᠶᠢᠨ ᠠᠷᠭ᠎ᠠ ᠦᠭᠡᠢ ᠪᠠᠶᠢᠪᠠᠯ᠂ ᠲᠤᠰ ᠬᠥᠮᠥᠨ ᠪᠤᠶᠤ ᠲᠡᠭᠦᠨ ᠤ ᠬᠢᠨᠠᠨ | ᠬᠠᠮᠠᠭᠠᠯᠠᠭᠴᠢ ᠨᠢ ᠬᠢᠷᠢ ᠬᠡᠮ ᠪᠦᠬᠦᠢ ᠬᠢᠨᠠᠨ ᠲᠣᠭᠲᠠᠭᠠᠬᠤ ᠪᠠᠶᠢᠭᠤᠯᠤᠮᠵᠢ ᠶᠢᠨ ᠭᠠᠷᠭᠠᠭᠰᠠᠨ ᠡᠴᠢᠭᠡ ᠡᠬᠡ ᠦᠷ᠎ᠡ | ᠬᠡᠦᠬᠡᠳ ᠤᠨ ᠬᠢᠨᠠᠨ ᠲᠣᠭᠲᠠᠭᠠᠯᠲᠠ ᠶᠢᠨ ᠭᠡᠷᠡᠴᠢ ᠶᠢ ᠬᠠᠩᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ | ᠪᠠᠶᠢᠴᠠᠭᠠᠨ ᠬᠠᠷᠭᠤᠭᠤᠯᠤᠭᠰᠠᠨ ᠤ ᠲᠠᠷᠠᠭ᠎ᠠ᠂ ᠪᠠᠶᠢᠩᠭᠤ ᠰᠠᠭᠤᠭ᠎ᠠ ᠡᠷᠦᠭᠡ ᠠᠮᠠ ᠶᠢᠨ ᠳᠠᠩᠰᠠᠯᠠᠯᠲᠠ ᠬᠢᠯᠭᠡᠨ᠎ᠡ᠃ | | ᠠᠷᠪᠠᠨ ᠨᠠᠢᠮᠠᠳᠤᠭᠠᠷ ᠵᠦᠢᠯ ᠭᠤᠯᠣᠭᠳᠠᠭᠰᠠᠨ ᠬᠡᠦᠬᠡᠳ ᠪᠤᠶᠤ ᠥᠨᠥᠴᠢᠨ ᠬᠡᠦᠬᠡᠳ ᠢ ᠡᠷᠭᠦᠨ ᠲᠡᠵᠢᠭᠡᠪᠡᠯ | ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠪᠠᠶᠢᠴᠠᠭᠠᠨ ᠬᠠᠷᠭᠤᠭᠤᠯᠵᠤ᠂ ᠬᠤᠰᠢᠭᠤ ᠰᠢᠶᠠᠨ ᠤ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠤᠨ ᠭᠠᠷᠭᠠᠭᠰᠠᠨ ︽ᠡᠷᠭᠦᠨ ᠲᠡᠵᠢᠭᠡᠬᠦ ᠳᠠᠩᠰᠠᠯᠠᠯᠲᠠ ᠶᠢᠨ ᠦᠨᠡᠮᠯᠡᠯ︾ ᠢᠶᠠᠷ ᠢᠶᠠᠨ | ᠪᠠᠶᠢᠩᠭᠤ ᠰᠠᠭᠤᠭ᠎ᠠ ᠡᠷᠦᠬᠡ ᠠᠮᠠ ᠶᠢᠨ ᠲᠠᠩᠰᠠ ᠶᠢ ᠨᠢ ᠲᠡᠮᠳᠡᠭᠯᠡᠵᠦ ᠥᠭᠭᠦᠨ᠎ᠡ᠃ ᠥᠨᠥᠴᠢᠨ ᠪᠡᠯᠪᠡᠰᠦᠨ ᠨᠠᠰᠤᠲᠠᠨ | ᠪᠠ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠦᠭᠡᠢ ᠮᠥᠷᠲᠡᠭᠡᠨ ᠥᠮᠥᠭ ᠲᠦᠰᠢᠭ ᠦᠭᠡᠢ ᠵᠡᠮᠳᠡᠭ | ᠬᠥᠮᠥᠨ ᠢ ᠠᠴᠢᠯᠠᠨ ᠲᠡᠵᠢᠭᠡᠬᠦ ᠪᠤᠶᠤ ᠠᠰᠠᠷᠠᠨ ᠲᠡᠵᠢᠭᠡᠬᠦ ᠳᠤᠷᠠᠲᠠᠢ ᠬᠥᠮᠥᠨ ᠪᠠᠶᠢᠪᠠᠯ᠂ ᠠᠯᠪᠠᠨ ᠭᠡᠷᠡᠴᠢᠯᠡᠭᠡ ᠶᠢᠨ | ᠭᠠᠵᠠᠷ ᠢᠶᠠᠷ ᠠᠯᠪᠠᠨ ᠭᠡᠷᠡᠴᠢᠯᠡᠭᠡ ᠬᠢᠯᠭᠡᠭᠡᠳ ᠪᠠᠶᠢᠩᠭᠤ ᠰᠠᠭᠤᠭ᠎ᠠ ᠡᠷᠦᠭᠡ ᠠᠮᠠ ᠶᠢᠨ ᠲᠠᠩᠰᠠ ᠪᠠᠨ ᠲᠡᠮᠳᠡᠭᠯᠡᠵᠦ | ᠪᠣᠯᠣᠨ᠎ᠠ᠃ | | ᠠᠷᠪᠠ ᠶᠢᠰᠦᠳᠦᠭᠡᠷ ᠵᠦᠢᠯ ᠡᠷᠭᠦᠨ ᠲᠡᠵᠢᠭᠡᠬᠦ ᠳᠠᠩᠰᠠᠯᠠᠯᠲᠠ ᠬᠢᠯᠭᠡᠭᠰᠡᠨ ᠦᠭᠡᠢ ᠪᠣᠳᠠᠲᠤ ᠬᠡᠷᠡᠭ ᠳᠡᠭᠡᠷ᠎ᠡ | ᠡᠷᠦᠬᠡ ᠠᠮᠠ ᠦᠭᠡᠢ ᠬᠥᠮᠥᠨ ᠢ ᠡᠷᠭᠦᠨ ᠲᠡᠵᠢᠭᠡᠬᠦ ᠳᠤ᠂ ᠲᠤᠬᠠᠢ ᠶᠢᠨ ᠬᠥᠮᠥᠨ ᠨᠢ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠲᠤ ᠬᠤᠯᠪᠣᠭᠳᠠᠯ ᠪᠦᠬᠦᠢ ᠬᠠᠤᠯᠢ ᠲᠣᠭᠲᠠᠭᠠᠯ ᠤᠨ ᠶᠣᠰᠣᠭᠠᠷ ᠬᠠᠤᠯᠢ ᠶᠣᠰᠣᠭᠠᠷ ᠡᠷᠭᠦᠨ | ᠲᠡᠵᠢᠭᠡᠬᠦ ᠳᠠᠩᠰᠠᠯᠠᠯᠲᠠ ᠬᠢᠯᠭᠡᠬᠦ ᠪᠠᠷ ᠭᠤᠶᠤᠴᠢᠯᠠᠵᠤ᠂ ᠬᠦᠰᠡᠯᠲᠡ ᠪᠠᠨ ᠳᠡᠪᠰᠢᠭᠦᠯᠦᠨ ᠠᠪᠤᠭᠰᠠᠨ ︽ᠡᠷᠭᠦᠨ | ᠲᠡᠵᠢᠭᠡᠬᠦ ᠳᠠᠩᠰᠠᠯᠠᠯᠲᠠ ᠶᠢᠨ ᠦᠨᠡᠮᠯᠡᠯ︾᠂ ᠡᠷᠭᠦᠨ ᠲᠡᠵᠢᠭᠡᠭᠴᠢ ᠶᠢᠨ ᠰᠠᠭᠤᠭᠠᠯᠢ ᠠᠷᠠᠳ ᠤᠨ ᠡᠷᠦᠬᠡ ᠠᠮᠠ ᠶᠢᠨ | ᠳᠡᠪᠲᠡᠷ ᠢᠶᠠᠨ ᠠᠪᠴᠤ᠂ ᠪᠠᠶᠢᠩᠭᠤ ᠰᠠᠭᠤᠬᠤ ᠡᠷᠦᠬᠡ ᠠᠮᠠ ᠶᠢᠨ ᠳᠠᠩᠰᠠᠯᠠᠯᠲᠠ ᠬᠢᠯᠭᠡᠬᠦ ᠪᠠᠷ ᠭᠤᠶᠤᠴᠢᠯᠠᠵᠤ | ᠪᠣᠯᠣᠨ᠎ᠠ᠃ | | ᠬᠤᠷᠢᠳᠤᠭᠠᠷ ᠵᠦᠢᠯ ᠠᠷᠠᠳ ᠤᠨ ᠰᠢᠭᠦᠬᠦ ᠬᠤᠷᠢᠶ᠎ᠠ ᠠᠯᠠᠭ᠎ᠠ ᠪᠣᠯᠤᠭᠰᠠᠨ ᠢᠶᠠᠷ ᠬᠠᠤᠯᠢ ᠶᠣᠰᠣᠭᠠᠷ | ᠵᠠᠷᠯᠠᠭᠳᠠᠭᠰᠠᠨ ᠪᠤᠶᠤ ᠦᠬᠦᠭᠰᠡᠨ ᠢᠶᠠᠷ ᠵᠠᠷᠯᠠᠭᠰᠠᠨ ᠤ ᠲᠠᠷᠠᠭ᠎ᠠ ᠲᠠᠬᠢᠨ ᠭᠠᠷᠴᠤ ᠢᠷᠡᠭᠰᠡᠨ ᠬᠥᠮᠥᠰ ᠤᠨ ᠲᠤᠰ | ᠬᠥᠮᠥᠨ ᠪᠤᠶᠤ ᠲᠡᠭᠦᠨ ᠤ ᠬᠢᠨᠠᠨ ᠬᠠᠮᠠᠭᠠᠯᠠᠭᠴᠢ ᠨᠢ ᠠᠷᠠᠳ ᠤᠨ ᠰᠢᠭᠦᠬᠦ ᠬᠤᠷᠢᠶᠠᠨ ᠤ ᠠᠯᠠᠭ᠎ᠠ ᠪᠣᠯᠤᠭᠰᠠᠨ ᠢᠶᠠᠷ | ᠵᠠᠷᠯᠠᠭᠰᠠᠨ ︵ᠦᠬᠦᠭᠰᠡᠨ︶ ᠢ ᠬᠦᠴᠦᠨ ᠦᠭᠡᠢ ᠪᠣᠯᠭᠠᠭᠰᠠᠨ ᠬᠦᠴᠦᠨ ᠲᠠᠢ ᠪᠣᠯᠤᠭᠰᠠᠨ ᠲᠠᠰᠤᠯᠤᠯᠳᠡ ᠶᠢᠨ | ᠪᠢᠴᠢᠭ ᠢ ᠦᠨᠳᠦᠰᠦᠯᠡᠨ᠂ ᠪᠠᠶᠢᠩᠭᠤ ᠰᠠᠭᠤᠬᠤ ᠡᠷᠤᠭᠡ ᠠᠮᠠ ᠶᠢᠨ ᠳᠠᠩᠰᠠᠯᠠᠯᠲᠠ ᠶᠢ ᠰᠡᠷᠭᠦᠭᠡᠬᠦ ᠪᠠᠷ ᠭᠤᠶᠤᠴᠢᠯᠠᠵᠤ | ᠪᠣᠯᠣᠨ᠎ᠠ᠃ | | ᠬᠤᠷᠢᠨ ᠨᠢᠭᠡᠳᠦᠭᠡᠷ ᠵᠦᠢᠯ ᠮᠠᠯᠵᠢᠬᠤ ᠲᠠᠷᠢᠶᠠᠯᠠᠬᠤ ᠣᠷᠣᠨ ᠤ ᠤᠷᠤᠭᠯᠠᠭᠰᠠᠨ ᠠᠴᠠ ᠪᠣᠯᠵᠤ ᠤᠭ | ᠨᠤᠲᠤᠭ ᠤᠨ ᠡᠷᠦᠬᠡ ᠠᠮᠠ ᠪᠠᠨ ᠬᠠᠰᠤᠭᠤᠯᠤᠭᠰᠠᠨ ᠬᠥᠮᠥᠰ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ | ᠪᠠᠶᠢᠴᠠᠭᠠᠨ ᠬᠠᠷᠭᠤᠭᠤᠯᠤᠭᠠᠳ ᠪᠤᠰᠤᠳ ᠭᠠᠵᠠᠷ ᠣᠷᠣᠨ ᠳᠤ ᠡᠷᠦᠬᠡ ᠠᠮᠠ ᠪᠠᠨ ᠣᠷᠣᠭᠤᠯᠤᠭᠰᠠᠨ ᠦᠭᠡᠢ ᠪᠠᠶᠢᠪᠠᠯ᠂ | ᠤᠤᠯ ᠤᠨ ᠡᠷᠦᠬᠡ ᠠᠮᠠ ᠪᠠᠨ ᠬᠠᠰᠤᠭᠤᠯᠤᠭᠰᠠᠨ ᠭᠠᠵᠠᠷ ᠲᠤᠨᠢ ᠪᠠᠶᠢᠩᠭᠤ ᠰᠠᠭᠤᠭ᠎ᠠ ᠡᠷᠦᠬᠡ ᠠᠮᠠ ᠪᠠᠨ | ᠰᠡᠷᠭᠦᠭᠡᠬᠦ ᠪᠠᠷ ᠭᠤᠶᠤᠴᠢᠯᠠᠵᠤ ᠪᠣᠯᠣᠨ᠎ᠠ᠃ ᠪᠠᠶᠢᠩᠭᠤ ᠰᠠᠭᠤᠭ᠎ᠠ ᠡᠷᠦᠬᠡ ᠠᠮᠠ ᠶᠢᠨ ᠳᠠᠩᠰᠠᠯᠠᠯᠲᠠ ᠶᠢ | ᠰᠡᠷᠭᠦᠭᠡᠭᠰᠡᠨ ᠤ ᠳᠠᠷᠠᠭ᠎ᠠ᠂ ᠣᠲᠣ ᠶᠢᠨ ᠰᠠᠭᠤᠭ᠎ᠠ ᠭᠠᠵᠠᠷ ᠤᠨ ᠡᠷᠦᠬᠡ ᠠᠮᠠ ᠣᠷᠣᠭᠤᠯᠬᠤ ᠨᠥᠬᠦᠴᠡᠯ ᠳᠤ | ᠨᠡᠶᠢᠴᠡᠭᠰᠡᠨ ᠪᠠᠶᠢᠪᠠᠯ᠂ ᠡᠷᠦᠬᠡ ᠠᠮᠠ ᠰᠢᠯᠵᠢᠭᠦᠯᠬᠦ ᠳᠠᠩᠰᠠᠯᠠᠯᠲᠠ ᠬᠢᠯᠭᠡᠵᠦ ᠪᠣᠯᠣᠨ᠎ᠠ᠃ | | ᠬᠤᠷᠢᠨ ᠬᠤᠶᠠᠳᠤᠭᠠᠷ ᠵᠦᠢᠯ ᠡᠷᠥᠭᠡ ᠠᠮᠠ ᠰᠢᠯᠵᠢᠭᠦᠯᠬᠦ ᠦᠨᠡᠮᠯᠡᠯ ᠢᠶᠠᠨ ᠭᠡᠭᠡᠭᠰᠡᠨ ᠪᠤᠶᠤ ᠬᠦᠴᠦᠨ | ᠪᠦᠬᠦᠢ ᠬᠤᠭᠤᠴᠠᠭ᠎ᠠ ᠠᠴᠠ ᠬᠡᠲᠦᠷᠡᠭᠰᠡᠨ ᠠᠴᠠ ᠪᠣᠯᠵᠤ ᠡᠷᠥᠭᠡ ᠠᠮᠠ ᠦᠭᠡᠢ ᠪᠣᠯᠤᠭᠰᠠᠨ ᠬᠥᠮᠥᠰ ᠭᠠᠷ ᠤᠨ | ᠥᠰᠥᠭ ᠵᠢᠷᠤᠵᠤ ᠣᠯᠭᠤᠭᠰᠠᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠡᠷᠥᠭᠡ ᠠᠮᠠ | ᠰᠢᠯᠵᠢᠭᠦᠯᠬᠦ ᠦᠨᠡᠮᠯᠡᠯ ᠢᠶᠠᠨ ᠨᠥᠬᠦᠵᠦ ᠠᠪᠬᠤ᠂ ᠰᠣᠯᠢᠵᠤ ᠠᠪᠬᠤ ᠪᠠᠷ ᠭᠤᠶᠤᠴᠢᠯᠠᠵᠤ᠂ ᠨᠥᠬᠦᠵᠦ ᠠᠪᠤᠭᠰᠠᠨ᠂ | ᠰᠣᠯᠢᠵᠤ ᠠᠪᠤᠭᠰᠠᠨ ᠡᠷᠥᠭᠡ ᠠᠮᠠ ᠰᠢᠯᠵᠢᠭᠦᠯᠬᠦ ᠦᠨᠡᠮᠯᠡᠯ ᠢᠶᠠᠷ ᠢᠶᠠᠨ ᠡᠷᠥᠭᠡ ᠠᠮᠠ ᠰᠢᠯᠵᠢᠭᠦᠯᠬᠦ ᠲᠠᠩᠰᠠᠯᠠᠯ | ᠬᠢᠯᠭᠡᠵᠦ ᠪᠣᠯᠣᠨ᠎ᠠ᠃ ᠨᠡᠭᠦᠵᠦ ᠣᠷᠣᠭᠰᠠᠨ ᠭᠠᠵᠠᠷ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠡᠷᠦᠬᠡ ᠠᠮᠠ | ᠰᠢᠯᠵᠢᠭᠦᠯᠬᠦ ᠲᠥᠷᠥ ᠶᠢᠨ ᠪᠣᠳᠣᠯᠭ᠎ᠠ ᠳᠤ ᠨᠡᠶᠢᠴᠡᠬᠦ ᠦᠭᠡᠢ ᠪᠠᠶᠢᠪᠠᠯ᠂ ᠤᠤᠯ ᠤᠨ ᠨᠡᠭᠦᠵᠦ ᠭᠠᠷᠤᠭᠰᠠᠨ ᠭᠠᠵᠠᠷ ᠤᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠡᠷᠦᠬᠡ ᠠᠮᠠ ᠶᠢ ᠨᠢ ᠰᠡᠷᠭᠦᠭᠡᠵᠦ ᠥᠭᠬᠦ ᠬᠡᠷᠡᠭᠲᠡᠢ᠃ | | ᠬᠤᠷᠢᠨ ᠭᠤᠷᠪᠠᠳᠤᠭᠠᠷ ᠵᠦᠢᠯ ᠮᠠᠨ ᠤ ᠬᠤᠰᠢᠭᠤᠨ ᠤ ᠰᠠᠭᠤᠭᠠᠯᠢ ᠠᠷᠠᠳ ᠭᠠᠳᠠᠭᠠᠳᠤ ᠶᠢᠨ ᠬᠥᠮᠥᠨ᠂ | ᠤᠯᠤᠰ ᠤᠨ ᠬᠠᠷᠢᠶ᠎ᠠ ᠦᠭᠡᠢ ᠬᠥᠮᠥᠨ ᠲᠠᠢ ᠤᠯᠤᠰ ᠤᠨ ᠳᠣᠲᠣᠭᠠᠳᠤ ᠳᠤ ᠤᠷᠤᠭᠯᠠᠭᠰᠠᠨ ᠦᠭᠡᠢ ᠪᠠᠷ ᠬᠡᠦᠬᠡᠳ | ᠠᠪᠤᠭᠰᠠᠨ᠂ ᠪᠤᠰᠤᠳ ᠤᠯᠤᠰ ᠤᠨ ᠬᠠᠷᠢᠶ᠎ᠠ ᠦᠭᠡᠢ ᠡᠷᠦᠬᠡ ᠠᠮᠠ ᠶᠢᠨ ᠲᠠᠩᠰᠠ ᠦᠭᠡᠢ ᠬᠥᠮᠥᠨ᠂ ᠲᠣᠰ ᠬᠥᠮᠥᠨ | ᠪᠤᠶᠤ ᠲᠡᠭᠦᠨ ᠤ ᠮᠠᠨ ᠤ ᠤᠯᠤᠰ ᠤᠨ ᠬᠠᠷᠢᠶ᠎ᠠ ᠪᠦᠬᠦᠢ ᠬᠢᠨᠠᠨ ᠬᠠᠮᠠᠭᠠᠯᠠᠭᠴᠢ ᠨᠢ ︽ᠲᠥᠷᠥᠭᠰᠡᠨ ᠠᠨᠠᠭᠠᠬᠤ | ᠤᠬᠠᠭᠠᠨ ᠤ ᠭᠡᠷᠡᠴᠢ︾᠂ ᠡᠴᠢᠭᠡ ᠡᠬᠡ ᠶᠢᠨ ᠤᠷᠤᠭᠯᠠᠭᠰᠠᠨ ᠦᠭᠡᠢ ᠪᠠᠷ ᠬᠡᠦᠬᠡᠳ ᠠᠪᠤᠭᠰᠠᠨ ᠲᠣᠳᠣᠷᠬᠠᠶᠢᠯᠠᠯᠲᠠ᠂ | ᠮᠠᠨ ᠤ ᠬᠤᠰᠢᠭᠤᠨ ᠤ ᠰᠠᠭᠤᠭᠠᠯᠢ ᠠᠷᠠᠳ ᠤᠨ ᠨᠢᠭᠡ ᠲᠠᠯ᠎ᠠ ᠶᠢᠨ ᠡᠷᠦᠬᠡ ᠠᠮᠠ ᠶᠢᠨ ᠳᠡᠪᠲᠡᠷ ᠢᠶᠠᠷ ᠢᠶᠠᠨ ᠪᠠᠶᠢᠩᠭᠤ | ᠰᠠᠭᠤᠭ᠎ᠠ ᠡᠷᠦᠬᠡ ᠠᠮᠠ ᠶᠢᠨ ᠳᠠᠩᠰᠠᠯᠠᠯᠲᠠ ᠬᠢᠯᠭᠡᠬᠦ ᠪᠠᠷ ᠭᠤᠶᠤᠴᠢᠯᠠᠵᠤ ᠪᠣᠯᠣᠨ᠎ᠠ᠃ ︽ᠲᠥᠷᠥᠭᠰᠡᠨ ᠠᠨᠠᠭᠠᠬᠤ | ᠤᠬᠠᠭᠠᠨ ᠤ ᠭᠡᠷᠡᠴᠢ︾ ᠬᠢᠯᠭᠡᠭᠰᠡᠨ ᠦᠭᠡᠢ ᠪᠣᠯ ᠬᠢᠷᠢ ᠬᠡᠮ ᠲᠠᠢ ᠰᠢᠯᠭᠠᠨ ᠲᠣᠭᠲᠠᠭᠠᠬᠤ ᠪᠠᠶᠢᠭᠤᠯᠤᠮᠵᠢ ᠶᠢᠨ | ᠭᠠᠷᠭᠠᠭᠰᠠᠨ ᠡᠴᠢᠭᠡ ᠡᠬᠡ ᠦᠷ᠎ᠡ ᠬᠡᠦᠬᠡᠳ ᠤᠨ ᠰᠢᠯᠭᠠᠨ ᠲᠣᠭᠲᠠᠭᠠᠯᠲᠠ ᠶᠢᠨ ᠭᠡᠷᠡᠴᠢ ᠶᠢ ᠬᠠᠩᠭᠠᠬᠤ ᠬᠡᠷᠡᠭᠲᠡᠢ᠃ | | ᠬᠤᠷᠢᠨ ᠳᠥᠷᠪᠡᠳᠦᠭᠡᠷ ᠵᠦᠢᠯ ᠠᠷᠠᠳ ᠢᠷᠭᠡᠨ ᠬᠤᠶᠠᠷ ᠪᠤᠶᠤ ᠬᠤᠶᠠᠷ ᠠᠴᠠ ᠳᠡᠭᠡᠭᠰᠢ ᠪᠠᠶᠢᠩᠭᠤ | ᠰᠠᠭᠤᠭ᠎ᠠ ᠡᠷᠥᠭᠡ ᠠᠮᠠ ᠲᠠᠢ ᠪᠠᠶᠢᠪᠠᠯ᠂ ᠲᠡᠭᠦᠨ ᠤ ᠦᠨᠡᠨ ᠪᠣᠳᠠᠲᠠᠢ ᠬᠠᠤᠯᠢ ᠶᠣᠰᠣᠨ ᠤ ᠪᠠᠶᠢᠩᠭᠤ ᠰᠠᠭᠤᠭ᠎ᠠ | ᠡᠷᠥᠭᠡ ᠠᠮᠠ ᠶᠢ ᠨᠢ ᠦᠯᠡᠳᠡᠭᠡᠵᠦ᠂ ᠪᠤᠰᠤᠳ ᠳᠠᠪᠬᠤᠷᠳᠠᠭᠰᠠᠨ ︵ᠬᠤᠳᠠᠯ ᠬᠠᠭᠤᠷᠮᠠᠭ︶ ᠡᠷᠥᠭᠡ ᠠᠮᠠ ᠶᠢ ᠨᠢ | ᠬᠦᠴᠦᠨ ᠦᠭᠡᠢ ᠪᠣᠯᠭᠠᠨ᠎ᠠ᠃ ᠡᠭᠦᠨ ᠤ ᠬᠠᠮᠲᠤ ᠬᠦᠴᠦᠨ ᠦᠭᠡᠢ ᠪᠣᠯᠭᠠᠭᠳᠠᠭᠰᠠᠨ ᠡᠷᠦᠬᠡ ᠠᠮᠠ ᠶᠢᠨ ᠳᠠᠩᠰᠠ | ᠪᠣᠯᠣᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠤᠷᠢᠶᠠᠨ ᠠᠪᠤᠨ᠎ᠠ᠃ ᠲᠤᠬᠠᠢ ᠶᠢᠨ ᠬᠥᠮᠥᠨ ᠨᠢ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠠᠪᠬᠤᠷᠳᠠᠭᠰᠠᠨ ᠡᠷᠦᠭᠡ ᠠᠮᠠ ᠶᠢᠨ ᠲᠠᠩᠰᠠ ᠶᠢ ᠬᠦᠴᠦᠨ ᠦᠭᠡᠢ | ᠪᠣᠯᠭᠠᠬᠤ ᠳᠤ ᠬᠠᠮᠵᠢᠯᠴᠠᠬᠤ ᠶᠢ ᠲᠡᠪᠴᠢᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠯᠪᠠᠳᠠᠨ | ᠬᠦᠴᠦᠨ ᠦᠭᠡᠢ | | ᠬᠤᠷᠢᠨ ᠲᠠᠪᠤᠳᠤᠭᠠᠷ ᠵᠦᠢᠯ ᠠᠷᠠᠳ ᠢᠷᠭᠡᠨ ᠦᠬᠦᠭᠰᠡᠨ ᠤ ᠲᠠᠷᠠᠭ᠎ᠠ ᠡᠷᠦᠭᠡ ᠠᠮᠠ ᠶᠢᠨ ᠲᠠᠩᠰᠠ ᠪᠠᠨ | ᠴᠠᠭ ᠲᠤᠬᠠᠢ ᠳᠤᠨᠢ ᠬᠦᠴᠦᠨ ᠦᠭᠡᠢ ᠪᠣᠯᠭᠠᠭᠰᠠᠨ ᠦᠭᠡᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ | ᠪᠠᠶᠢᠴᠠᠭᠠᠨ ᠬᠠᠷᠭᠤᠭᠤᠯᠤᠭᠰᠠᠨ ᠤ ᠲᠠᠷᠠᠭ᠎ᠠ᠂ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠢᠶᠠᠷ ᠨᠢ ᠦᠬᠦᠭᠰᠡᠨ | ᠠᠷᠠᠳ ᠢᠷᠭᠡᠨ ᠤ ᠡᠷᠦᠭᠡ ᠠᠮᠠ ᠶᠢᠨ ᠲᠠᠩᠰᠠ ᠶᠢ ᠬᠦᠴᠦᠨ ᠦᠭᠡᠢ ᠪᠣᠯᠭᠠᠬᠤ ᠶᠢᠨ ᠬᠠᠮᠲᠤ ᠡᠷᠦᠭᠡ ᠠᠮᠠ ᠶᠢᠨ | ᠲᠠᠩᠰᠠ ᠶᠢᠨ ᠳᠡᠪᠲᠡᠷ ᠵᠢᠴᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠨᠢ ᠬᠤᠷᠢᠶᠠᠨ ᠠᠪᠤᠨ᠎ᠠ᠃ ᠠᠷᠠᠳ | ᠢᠷᠭᠡᠨ ᠤᠯᠤᠰ ︵ᠬᠢᠯᠢ︶ ᠤᠨ ᠭᠠᠳᠠᠨ᠎ᠠ ᠰᠠᠭᠤᠷᠢᠰᠢᠭᠰᠠᠨ ᠪᠤᠶᠤ ᠨᠢᠭᠡᠨᠲᠡ ᠭᠠᠳᠠᠭᠠᠳᠤ ᠤᠯᠤᠰ ᠤᠨ ᠤᠯᠤᠰ ᠤᠨ | ᠬᠠᠷᠢᠶ᠎ᠠ ᠲᠠᠢ ᠪᠣᠯᠤᠭᠰᠠᠨ ᠪᠣᠯᠪᠠᠴᠤ ᠡᠷᠦᠬᠡ ᠠᠮᠠ ᠶᠢᠨ ᠲᠠᠩᠰᠠ ᠪᠠᠨ ᠬᠠᠷᠠᠬᠠᠨ ᠬᠦᠴᠦᠨ ᠦᠭᠡᠢ ᠪᠣᠯᠭᠠᠭᠠᠳᠤᠢ | ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ | ᠰᠠᠯᠠᠭ᠎ᠠ ᠮᠥᠴᠢᠷ ᠪᠤᠶᠤ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠺᠤᠨᠰᠦ᠋ᠯ ᠤᠨ | ᠭᠠᠵᠠᠷ ᠤᠨ ᠨᠤᠲᠠᠯᠠᠭᠰᠠᠨ ᠪᠢᠴᠢᠭ ᠮᠠᠲ᠋ᠧᠷᠢᠶᠠᠯ ᠪᠤᠶᠤ ᠲᠣᠰ ᠬᠥᠮᠥᠨ ᠤ ᠡᠵᠡᠮᠰᠢᠵᠦ ᠪᠠᠶᠢᠭ᠎ᠠ ᠭᠠᠳᠠᠭᠠᠳᠤ | ᠤᠯᠤᠰ ᠤᠨ ᠫᠠᠰᠫᠣᠷᠲ ᠢᠶᠠᠷ ᠢᠶᠠᠨ ᠡᠷᠦᠬᠡ ᠠᠮᠠ ᠶᠢᠨ ᠲᠠᠩᠰᠠ ᠪᠠᠨ ᠬᠦᠴᠦᠨ ᠦᠭᠡᠢ ᠪᠣᠯᠭᠠᠨ᠎ᠠ᠃ | | ᠬᠤᠷᠢᠨ ᠵᠢᠷᠭᠤᠳᠤᠭᠠᠷ ᠵᠦᠢᠯ ᠠᠷᠠᠳ ᠢᠷᠭᠡᠨ ᠤ ᠤᠷᠤᠭ ᠤᠨ ᠪᠠᠶᠢᠳᠠᠯ᠂ ᠡᠷᠬᠢᠯᠡᠭᠰᠡᠨ ᠠᠵᠢᠯ᠂ | ᠦᠢᠯᠡᠴᠢᠯᠡᠭᠡᠨ ᠤ ᠭᠠᠵᠠᠷ᠂ ᠰᠣᠶᠣᠯ ᠤᠨ ᠬᠡᠮᠵᠢᠶ᠎ᠡ ᠵᠡᠷᠭᠡ ᠡᠷᠦᠬᠡ ᠠᠮᠠ ᠶᠢᠨ ᠪᠦᠷᠢᠳᠬᠡᠯ ᠤᠨ ᠵᠦᠢᠯᠡᠰ ᠤᠨ | ᠠᠭᠤᠯᠭ᠎ᠠ ᠳᠤ ᠬᠤᠪᠢᠷᠠᠯᠲᠠ ᠭᠠᠷᠤᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠷᠠᠳ | ᠢᠷᠭᠡᠨ ᠤ ᠬᠠᠩᠭᠠᠭᠰᠠᠨ ᠬᠦᠴᠦᠨ ᠪᠦᠬᠦᠢ ᠭᠡᠷᠡᠴᠢ ︵ᠵᠦᠢᠯ︶ ᠶᠢ ᠦᠨᠳᠦᠰᠦᠯᠡᠨ ᠬᠤᠪᠢᠷᠠᠭᠤᠯᠤᠨ᠎ᠠ᠃ ᠠᠷᠠᠳ | ᠢᠷᠭᠡᠨ ᠣᠪᠣᠭ ᠨᠡᠷ᠎ᠡ᠂ ᠬᠦᠢᠰᠦ᠂ ᠲᠥᠷᠥᠭᠰᠡᠨ ᠡᠳᠦᠷ ᠬᠤᠭᠤᠴᠠᠭ᠎ᠠ᠂ ᠠᠷᠠᠳ ᠢᠷᠭᠡᠨ ᠤ ᠪᠡᠶ᠎ᠡ ᠶᠢᠨ ᠦᠨᠡᠮᠯᠡᠯ ᠤᠨ | ᠨᠣᠮᠧᠷ ᠵᠡᠷᠭᠡ ᠡᠷᠦᠬᠡ ᠠᠮᠠ ᠶᠢᠨ ᠳᠠᠩᠰᠠᠯᠠᠯ ᠤᠨ ᠭᠤᠣᠯ ᠵᠦᠢᠯ ᠤᠨ ᠠᠭᠤᠯᠭ᠎ᠠ ᠪᠠᠨ ᠬᠤᠪᠢᠷᠠᠭᠤᠯᠬᠤ ᠪᠠᠷ | ᠭᠤᠶᠤᠴᠢᠯᠠᠪᠠᠯ᠂ ᠡᠷᠬᠡᠪᠰᠢ ᠳᠣᠲᠣᠭᠠᠳᠤ ᠶᠢ ᠬᠠᠮᠠᠭᠠᠯᠠᠬᠤ ᠶᠠᠮᠤᠨ ᠤ ︽ᠡᠷᠦᠬᠡ ᠠᠮᠠ ᠶᠢᠨ ᠲᠠᠩᠰᠠ ᠪᠦᠬᠦᠢ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠬᠠᠮᠢᠶᠠᠷᠤᠯᠲᠠ ᠶᠢᠨ ᠠᠵᠢᠯ ᠤᠨ ᠵᠢᠷᠤᠮᠵᠢᠯ ︵ᠲᠤᠷᠰᠢᠨ | ᠬᠡᠷᠡᠭᠵᠢᠭᠦᠯᠬᠦ︶ ᠤᠨ ᠮᠡᠳᠡᠭᠳᠡᠯ︾ ︵ᠥᠪᠥᠷ ᠠᠯᠪᠠᠨ ᠵᠠᠷᠯᠠᠯ ᠥᠰᠥᠭ ﹇2021﹈ 38 ᠳ᠋ᠤᠭᠠᠷ ᠲᠣᠭᠠᠲᠤ︶ ᠢ | ᠴᠢᠩᠭ᠎ᠠ ᠵᠢᠷᠤᠮᠯᠠᠨ ᠭᠦᠢᠴᠡᠳᠬᠡᠵᠦ᠂ ᠠᠷᠠᠳ ᠢᠷᠭᠡᠳ ᠤᠨ ᠦᠨᠳᠦᠰᠦᠲᠡᠨ ᠢᠶᠠᠨ ᠬᠤᠪᠢᠷᠠᠭᠤᠯᠬᠤ ᠪᠠ | ᠵᠠᠯᠠᠷᠠᠭᠤᠯᠬᠤ ᠳᠤ ᠡᠷᠬᠡᠪᠰᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠳ ᠤᠨ | ᠦᠨᠳᠦᠰᠦᠲᠡᠨ ᠤ ᠪᠦᠷᠢᠯᠳᠦᠭᠦᠨ ᠢ ᠳᠡᠩᠰᠡᠯᠡᠨ ᠬᠠᠮᠢᠶᠠᠷᠬᠤ/8/ᠯᠢ ᠶᠢᠨ ᠬᠡᠷᠡᠭᠵᠢᠭᠦᠯᠬᠦ ᠠᠷᠭ᠎ᠠ︾ ︵ᠥᠪᠥᠷ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠲᠠᠷᠬᠠᠭᠠᠭᠰᠠᠨ ﹇2016﹈ 13 ᠳ᠋ᠤᠭᠠᠷ ᠲᠣᠭᠠᠲᠤ︶ ᠶᠢᠨ | ᠲᠣᠭᠲᠠᠭᠠᠯ ᠶᠣᠰᠣᠭᠠᠷ᠂ ᠱᠠᠲᠤ ᠳᠠᠷᠠᠭᠠᠯᠠᠨ ᠬᠢᠨᠠᠨ ᠵᠥᠪᠰᠢᠶᠡᠷᠡᠭᠰᠡᠨ ᠤ ᠳᠠᠷᠠᠭ᠎ᠠ ᠬᠤᠪᠢᠷᠠᠭᠤᠯᠬᠤ ᠬᠡᠷᠡᠭᠲᠡᠢ᠃ | | ᠬᠤᠷᠢᠨ ᠳᠣᠯᠣᠳᠤᠭᠠᠷ ᠵᠦᠢᠯ ᠲᠣᠰ ᠬᠤᠰᠢᠭᠤᠨ ᠤ ᠲᠠᠷᠢᠶᠠᠯᠠᠩ ︵ᠮᠠᠯ ᠠᠵᠤ ᠠᠬᠤᠢ︶ ᠠᠴᠠ | ᠰᠢᠯᠵᠢᠭᠰᠡᠨ ᠬᠥᠮᠥᠨ ᠠᠮᠠ ᠶᠢᠨ ᠬᠤᠲᠠ ᠣᠷᠣᠵᠤ ᠡᠷᠦᠬᠡ ᠠᠮᠠ ᠣᠷᠣᠬᠤ ᠪᠠᠷ ᠬᠦᠰᠡᠯᠲᠡ ᠪᠠᠨ ᠳᠡᠪᠰᠢᠭᠦᠯᠬᠦ ᠶᠢ | ᠵᠣᠷᠢᠭᠵᠢᠭᠤᠯᠵᠤ᠂ ᠶᠠᠮᠠᠷᠪᠠ ᠨᠥᠬᠦᠴᠡᠯ ᠳᠤ ᠬᠢᠵᠠᠭᠠᠷᠯᠠᠭᠳᠠᠬᠤ ᠦᠭᠡᠢ᠃ ᠲᠥᠷᠥ ᠶᠢᠨ ᠪᠠᠶᠢᠭᠤᠯᠤᠯᠭ᠎ᠠ ᠪᠣᠯᠣᠨ | ᠠᠵᠢᠯ ᠦᠢᠯᠡᠰ ᠤᠨ ᠨᠢᠭᠡᠴᠢ ᠪᠠᠷ ᠡᠯᠰᠡᠭᠳᠡᠭᠰᠡᠨ ᠠᠵᠢᠯᠲᠠᠨ ︵ᠪᠦᠷᠢᠳᠬᠡᠭᠦᠯᠬᠦ ᠳᠦᠷᠢᠮᠲᠦ ᠠᠵᠢᠯᠲᠠᠨ ᠪᠠᠭᠲᠠᠨ᠎ᠠ︶ | ᠨᠢ ᠮᠠᠯᠵᠢᠬᠤ ᠲᠠᠷᠢᠶᠠᠯᠠᠬᠤ ᠣᠷᠣᠨ ᠳᠤ ᠡᠷᠦᠬᠡ ᠠᠮᠠ ᠪᠠᠨ ᠳᠡᠩᠰᠡᠯᠡᠵᠦ ᠪᠣᠯᠬᠤ ᠦᠭᠡᠢ᠃ | | ᠬᠤᠷᠢᠨ ᠨᠠᠢᠮᠠᠳᠤᠭᠠᠷ ᠵᠦᠢᠯ ᠲᠤᠰ ᠬᠤᠰᠢᠭᠤᠨ ᠤ ᠰᠠᠭᠤᠭᠠᠯᠢ ᠠᠷᠠᠳ ᠲᠤᠰ ᠬᠤᠰᠢᠭᠤᠨ ᠠᠴᠠ ᠪᠠᠨ | ᠨᠡᠭᠦᠵᠦ ᠭᠠᠷᠬᠤ ᠪᠠᠷ ᠭᠤᠶᠤᠴᠢᠯᠠᠪᠠᠯ ᠰᠠᠶᠢᠨ ᠳᠤᠷ᠎ᠠ ᠠᠴᠠ ᠪᠠᠨ ᠭᠦᠢᠴᠡᠳᠬᠡᠨ᠎ᠡ᠃ ᠲᠤᠰ ᠬᠥᠮᠥᠨ ᠪᠤᠶᠤ | ᠡᠷᠦᠬᠡ ᠶᠢᠨ ᠡᠵᠡᠨ ᠨᠢ ᠨᠡᠭᠦᠵᠦ ᠭᠠᠷᠬᠤ ᠠᠴᠠ ᠪᠠᠨ ᠡᠮᠦᠨ᠎ᠡ ᠡᠷᠦᠬᠡ ᠠᠮᠠ ᠶᠢᠨ ᠪᠠᠶᠢᠭ᠎ᠠ ᠭᠠᠵᠠᠷ ᠤᠨ ᠲᠣᠮᠢᠯᠠᠭᠰᠠᠨ | ᠰᠠᠯᠪᠤᠷᠢ ᠳᠤ ᠨᠡᠭᠦᠵᠦ ᠭᠠᠷᠬᠤ ᠳᠠᠩᠰᠠᠯᠠᠯ ᠢᠶᠠᠨ ᠬᠤᠪᠢ ᠬᠥᠮᠥᠨ ᠤ ᠬᠦᠰᠡᠯ ᠰᠠᠨᠠᠭ᠎ᠠ ᠪᠠᠷ ᠢᠶᠠᠨ ᠮᠡᠳᠡᠭᠦᠯᠵᠦ᠂ | ᠡᠷᠦᠬᠡ ᠠᠮᠠ ᠶᠢᠨ ᠳᠡᠪᠲᠡᠷ᠂ ᠨᠡᠭᠦᠯᠭᠡᠬᠦ ᠶᠢ ᠵᠥᠪᠰᠢᠶᠡᠷᠡᠭᠰᠡᠨ ᠦᠨᠡᠮᠯᠡᠯ ᠢᠶᠠᠷ ᠢᠶᠠᠨ ᠨᠡᠭᠦᠵᠦ ᠭᠠᠷᠬᠤ ᠦᠨᠡᠮᠯᠡᠯ | ᠠᠪᠤᠨ᠎ᠠ᠃ | | ᠬᠤᠷᠢ ᠶᠢᠰᠦᠳᠦᠭᠡᠷ ᠵᠦᠢᠯ ᠡᠷᠥᠭᠡ ᠠᠮᠠ ᠣᠷᠣᠭᠤᠯᠬᠤ ᠶᠢ ᠵᠥᠪᠰᠢᠶᠡᠷᠡᠬᠦ ᠨᠥᠬᠦᠴᠡᠯ ᠳᠤ ᠨᠡᠶᠢᠴᠡᠬᠦ | ᠬᠥᠮᠥᠰ ᠬᠤᠯᠪᠣᠭᠳᠠᠯ ᠪᠦᠬᠦᠢ ᠭᠡᠷᠡᠴᠢ ᠪᠠᠨ ᠠᠪᠴᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠬᠦᠷᠴᠦ | ᠡᠷᠥᠭᠡ ᠠᠮᠠ ᠣᠷᠣᠭᠤᠯᠬᠤ ᠭᠠᠷᠳᠠᠮ ᠭᠦᠢᠴᠡᠳᠬᠡᠬᠦ ᠬᠡᠷᠡᠭᠲᠡᠢ᠃ | | ᠳᠥᠷᠪᠡᠳᠦᠭᠡᠷ ᠪᠦᠯᠦᠭ ᠬᠢᠨᠠᠯᠲᠠ ᠪᠠ ᠬᠠᠷᠢᠭᠤᠴᠠᠯᠭ᠎ᠠ | | ᠭᠤᠴᠢᠳᠤᠭᠠᠷ ᠵᠦᠢᠯ ᠪᠦᠬᠦ ᠬᠤᠰᠢᠭᠤᠨ ᠤ ᠰᠠᠭᠤᠭᠠᠯᠢ ᠠᠷᠠᠳ ᠤᠨ ᠡᠷᠦᠬᠡ ᠠᠮᠠ ᠰᠢᠯᠵᠢᠭᠦᠯᠬᠦ | ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠵᠠᠰᠠᠭ ᠤᠨ ᠣᠷᠳᠣᠨ ᠤ ᠬᠤᠪᠢᠳᠠᠨ | ᠬᠠᠮᠢᠶᠠᠷᠴᠤ ᠪᠦᠬᠦᠢ ᠳᠡᠳ᠋ ᠬᠤᠰᠢᠭᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠰᠢᠭᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠢᠶᠠᠷ ᠪᠦᠷᠢᠯᠳᠦᠭᠦᠨ | ᠪᠣᠯᠭᠠᠭᠰᠠᠨ ᠠᠯᠠᠱᠠ ᠵᠡᠭᠦᠨ ᠬᠤᠰᠢᠭᠤᠨ ᠤ ᠡᠷᠦᠬᠡ ᠠᠮᠠ ᠶᠢᠨ ᠬᠠᠮᠢᠶᠠᠷᠤᠯᠲᠠ ᠶᠢᠨ ᠳᠦᠷᠢᠮ ᠤᠨ | ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ | | ᠭᠤᠴᠢᠨ ᠨᠢᠭᠡᠳᠦᠭᠡᠷ ᠵᠦᠢᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠢᠨᠠᠨ ᠵᠥᠪᠰᠢᠶᠡᠷᠡᠬᠦ | ᠳᠦᠷᠢᠮ ᠢ ᠴᠢᠩᠭ᠎ᠠ ᠵᠢᠷᠤᠮᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ | ᠴᠢᠩᠭᠠᠳᠬᠠᠬᠤ ᠬᠡᠷᠡᠭᠲᠡᠢ᠃ ᠠᠯᠠᠱᠠ ᠵᠡᠭᠦᠨ ᠬᠤᠰᠢᠭᠤᠨ ᠤ ᠡᠷᠦᠬᠡ ᠠᠮᠠ ᠶᠢᠨ ᠬᠠᠮᠢᠶᠠᠷᠤᠯᠲᠠ ᠶᠢᠨ ᠳᠦᠷᠢᠮ ᠤᠨ | ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠬᠢᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠥᠮᠥᠨ | ᠲᠣᠮᠢᠯᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠡᠷᠦᠬᠡ ᠠᠮᠠ ᠶᠢᠨ ᠲᠠᠩᠰᠠ ᠪᠠᠨ | ᠭᠦᠢᠴᠡᠳᠬᠡᠭᠰᠡᠨᠲ᠋ᠣᠭᠲᠠᠭᠠᠯ ᠢ ᠵᠥᠷᠢᠴᠡᠨ ᠬᠢᠨᠠᠨ ᠵᠥᠪᠰᠢᠶᠡᠷᠡᠭᠦᠯᠦᠭᠰᠡᠨ᠂ ᠡᠷᠦᠭᠡ ᠠᠮᠠ ᠶᠢᠨ ᠲᠠᠩᠰᠠ ᠪᠠᠨ ᠵᠢᠭᠡᠯᠡᠨ | ᠠᠪᠴᠤ ᠬᠡᠭᠡᠯᠢ ᠠᠪᠴᠤ ᠬᠠᠭ᠋ᠤᠤᠯᠢ ᠢᠳᠡᠭᠰᠡᠨ ᠵᠢᠴᠢ ᠬᠤᠳᠠᠯ ᠬᠡᠯᠡᠵᠦ ᠬᠠᠭᠤᠷᠮᠠᠭᠯᠠᠨ ᠦᠢᠯᠡᠳᠦᠭᠰᠡᠨ᠂ ᠬᠤᠪᠢ ᠶᠢᠨ | ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ ᠵᠡᠷᠭᠡ ᠦᠢᠯᠡ | ᠠᠵᠢᠯᠯᠠᠭ᠎ᠠ ᠠᠴᠠ ᠡᠷᠬᠢᠯᠡᠨ ᠬᠠᠮᠢᠶᠠᠷᠬᠤ ᠤᠳᠤᠷᠢᠳᠤᠯᠭ᠎ᠠ ᠪᠠ ᠰᠢᠭᠤᠳ ᠬᠠᠷᠢᠭᠤᠴᠠᠯᠭ᠎ᠠ ᠲᠠᠢ ᠬᠥᠮᠥᠨ ᠤ | ᠬᠠᠷᠢᠭᠤᠴᠠᠯᠭ᠎ᠠ ᠶᠢ ᠨᠡᠬᠡᠮᠵᠢᠯᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ ᠬᠦᠰᠡᠯᠲᠡ ᠭᠠᠷᠭᠠᠭᠰᠠᠨ ᠬᠥᠮᠥᠰ ᠨᠢ ᠮᠠᠲ᠋ᠧᠷᠢᠶᠠᠯ ᠢᠶᠠᠨ ᠦᠨᠡᠨ ᠪᠣᠳᠠᠲᠠᠢ ᠪᠠᠷ | ᠮᠡᠳᠡᠭᠦᠯᠦᠭᠰᠡᠨ ᠦᠭᠡᠢ ᠪᠠᠶᠢᠪᠠᠯ᠂ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠳᠡᠩᠰᠡᠯᠡᠵᠦ ᠥᠭᠬᠦ ᠦᠭᠡᠢ ᠪᠤᠶᠤ | ᠬᠠᠤᠯᠢ ᠶᠣᠰᠣᠭᠠᠷ ᠬᠦᠴᠦᠨ ᠦᠭᠡᠢ ᠪᠣᠯᠭᠠᠬᠤ ᠭᠠᠷᠳᠠᠮ ᠭᠦᠢᠴᠡᠳᠬᠡᠬᠦ ᠦᠭᠡᠢ᠃ | | ᠭᠤᠴᠢᠨ ᠬᠤᠶᠠᠳᠤᠭᠠᠷ ᠵᠦᠢᠯ ᠲᠣᠰ ᠠᠷᠭ᠎ᠠ ᠶᠢ 2022 ᠣᠨ ᠤ 11 ᠳ᠋ᠦ᠋ᠭᠡᠷ ᠰᠠᠷ᠎ᠠ ᠶᠢᠨ 18 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠠᠯᠠᠱᠠ ᠵᠡᠭᠦᠨ ᠬᠤᠰᠢᠭᠤᠨ ᠤ ᠡᠷᠦᠬᠡ | ᠠᠮᠠ ᠶᠢᠨ ᠲᠠᠩᠰᠠ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠠᠶᠢᠯᠤᠮᠵᠢ | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | | |