ᠰᠢ ᠶᠢᠨ ᠫᠢᠩ  ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ  ᠶᠢᠨ ᠶᠢᠷᠲᠢᠨᠴᠦ  ᠶᠢᠨ ᠦᠵᠡᠯᠲᠡ ᠪᠠ ᠠᠷᠭ᠎ᠠ  ᠶᠢᠨ ᠤᠨᠤᠯ  ᠢᠶᠠᠷ ᠰᠢᠨ᠎ᠡ ᠦᠢᠯᠡᠳᠦᠯᠭᠡ ᠪᠠᠨ ᠵᠢᠯᠣᠭᠤᠳᠤᠭᠤᠯᠬᠤ ᠶᠢ ᠪᠠᠷᠢᠮᠲᠠᠯᠠᠶ᠎ᠠ
ᠨᠡᠶᠢᠲᠡᠯᠡᠭᠰᠡᠨ ᠴᠠᠭ᠄
2023/12/29
              ᠰᠦᠨ ᠱᠣᠣ ᠴᠧᠩ       ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ  ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠡᠨᠡ ᠬᠦ ᠰᠢᠨᠵᠢᠯᠡᠬᠦ ᠤᠬᠠᠭᠠᠨᠴᠢ ᠦᠵᠡᠯ ᠰᠠᠨᠠᠭᠠᠨ  ᠤ ᠤᠨᠤᠯ ᠤᠨ ᠬᠡᠪ ᠴᠢᠨᠠᠷ ᠪᠠ ᠢᠯᠡ ᠲᠣᠳᠣ ᠣᠨᠴᠠᠯᠢᠭ ᠰᠢᠨᠵᠢ ᠶᠢ ᠭᠦᠨᠵᠡᠭᠡᠢ ᠢᠯᠡᠷᠡᠭᠦᠯᠦᠨ᠂ ︽ᠵᠢᠷᠭᠤᠭ᠎ᠠ ᠶᠢ ᠪᠠᠷᠢᠮᠲᠠᠯᠠᠬᠤ︾᠎ ᠶᠢ ᠬᠤᠷᠢᠶᠠᠩᠭᠤᠶᠢᠯᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠥᠷᠭᠡᠨ ᠳᠡᠯᠭᠡᠷ ᠭᠦᠨ ᠭᠦᠨᠵᠡᠭᠡᠢ ᠪᠠᠶᠢᠵᠤ᠂ ︽ᠵᠢᠷᠭᠤᠭ᠎ᠠ ᠶᠢ ᠪᠠᠷᠢᠮᠲᠠᠯᠠᠬᠤ︾᠎ ᠨᠢ ᠪᠢᠳᠠᠨ  ᠤ ᠡᠨᠡ ᠬᠦ ᠰᠢᠨᠵᠢᠯᠡᠬᠦ ᠤᠬᠠᠭᠠᠨᠴᠢ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠵᠤ ᠡᠵᠡᠮᠰᠢᠬᠦ ᠳᠤ ︽ᠠᠯᠲᠠᠨ ᠲᠦᠯᠬᠢᠭᠦᠷ︾ ᠠᠳᠬᠤᠭᠤᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠤᠷᠢᠳ ᠬᠤᠵᠢᠳ ᠬᠤᠶᠠᠷ ᠤᠳᠠᠭ᠎ᠠ ᠥᠪᠥᠷ ᠮᠣᠩᠭᠤᠯ ᠳᠤ ᠢᠷᠠᠵᠤ ᠰᠢᠨᠵᠢᠯᠡᠨ ᠪᠠᠶᠢᠴᠠᠭᠠᠵᠤ᠂ 5 ᠵᠢᠯ ᠳᠠᠷᠠᠭᠠᠯᠠᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠨ᠂ ᠥᠪᠥᠷ ᠮᠣᠩᠭᠤᠯ ᠤᠨ ᠠᠵᠢᠯ ᠤᠨ ᠲᠤᠬᠠᠢ ᠠᠯᠢ ᠤᠯᠠᠨ ᠴᠢᠬᠤᠯᠠ ᠵᠢᠭᠠᠪᠤᠷᠢ ᠥᠭᠴᠡᠢ᠃ ᠡᠲᠡᠭᠡᠷ ᠠᠯᠢ ᠤᠯᠠᠨ ᠴᠢᠬᠤᠯᠠ ᠵᠢᠭᠠᠪᠤᠷᠢ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ  ᠢ ᠭᠦᠨᠵᠡᠭᠡᠢ ᠠᠬᠤᠭᠤᠯᠵᠤ᠂ ᠥᠪᠥᠷ ᠮᠣᠩᠭᠤᠯ ᠤᠨ ᠬᠥᠭᠵᠢᠯᠲᠡ ᠶᠢ ᠠᠬᠢᠭᠤᠯᠬᠤ ᠳᠤ ᠤᠷᠤᠭᠰᠢᠯᠠᠬᠤ ᠴᠢᠭᠯᠡᠯ  ᠢ ᠲᠣᠳᠣᠷᠬᠠᠢ ᠵᠢᠭᠠᠨ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠰᠢᠨ᠎ᠡ ᠠᠶᠠᠨ ᠳᠤ᠂ ᠪᠢᠳᠡ ᠰᠢᠨᠲᠠᠷᠠᠰᠢ ᠦᠭᠡᠢ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠵᠤ᠂ ᠡᠨᠡ ᠬᠦ ᠰᠢᠨᠵᠢᠯᠡᠬᠦ ᠤᠬᠠᠭᠠᠨᠴᠢ ᠦᠵᠡᠯ ᠰᠠᠨᠠᠭᠠᠨ  ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ  ᠢ ᠪᠦᠷᠢᠨ ᠪᠦᠲᠦᠨ ᠡᠵᠡᠮᠳᠡᠨ᠂ ᠵᠥᠪ ᠣᠨᠣᠪᠴᠢᠲᠠᠢ ᠣᠶᠢᠯᠠᠭᠠᠵᠤ᠂ ᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠪᠠᠷᠢᠮᠲᠠᠯᠠᠨ᠂ ᠰᠠᠶᠢᠲᠤᠷ ᠬᠡᠷᠡᠭᠯᠡᠵᠦ᠂ ᠦᠢᠯᠡᠳᠦᠯᠭᠡ ᠪᠠᠨ ᠨᠡᠩ ᠰᠠᠶᠢᠲᠤᠷ ᠵᠢᠯᠣᠭᠤᠳᠤᠭᠤᠯᠬᠤ ᠪᠣᠯᠣᠨ᠎ᠠ᠃       ︽ᠠᠷᠠᠳ ᠲᠦᠮᠡᠨ  ᠢ ᠳᠡᠭᠡᠳᠦᠯᠡᠬᠦ ᠶᠢ ᠪᠠᠷᠢᠮᠲᠠᠯᠠᠬᠤ︾ ᠦᠨᠳᠦᠰᠦᠨ ᠥᠷᠲᠡᠭ ᠤᠨ ᠬᠠᠨᠳᠤᠰᠢ ᠶᠢ ᠭᠦᠨᠵᠡᠭᠡᠢ ᠣᠶᠢᠯᠠᠭᠠᠨ ᠡᠵᠡᠮᠰᠢᠨ᠎ᠡ᠃ ᠬᠡᠨ  ᠢ ᠢᠲᠡᠭᠡᠬᠦ᠂ ᠬᠡᠨ  ᠤ ᠲᠥᠯᠥᠭᠡ ᠪᠠᠶᠢᠬᠤ᠂ ᠬᠡᠨ ᠳᠤ ᠲᠦᠰᠢᠭᠯᠡᠬᠦ᠂ ᠬᠠᠮᠤᠭ ᠤᠨ ᠥᠷᠭᠡᠨ ᠤᠯᠠᠨ ᠠᠷᠠᠳ ᠲᠦᠮᠡᠨ  ᠤ ᠵᠣᠭᠰᠣᠯᠲᠠ ᠳᠡᠭᠡᠷ᠎ᠡ ᠢᠮᠠᠭᠲᠠ ᠵᠣᠭᠰᠣᠬᠤ ᠡᠰᠡᠬᠦ ᠪᠣᠯ ᠨᠢᠭᠡ ᠵᠦᠢᠯ ᠤᠨ ᠦᠵᠡᠯ ᠰᠠᠨᠠᠭ᠎ᠠ ᠤᠨᠤᠯ ᠤᠨ ᠲᠡᠷᠢᠭᠦᠨ  ᠤ ᠴᠢᠨᠠᠷ  ᠢ ᠰᠢᠯᠭᠠᠬᠤ ᠦᠨᠳᠦᠰᠦᠨ ᠬᠡᠮᠵᠢᠭᠦᠷ ᠮᠥᠨ᠃ ᠠᠷᠠᠳ ᠲᠦᠮᠡᠨ  ᠢ ᠳᠡᠭᠡᠳᠦᠯᠡᠬᠦ ᠶᠢ ᠪᠠᠷᠢᠮᠲᠠᠯᠠᠬᠤ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠬᠤ ᠤᠯᠠᠭᠠᠨ ᠱᠤᠭᠤᠮ ᠪᠠᠶᠢᠵᠤ᠂ ᠡᠨᠡ ᠬᠦ ᠰᠢᠨᠵᠢᠯᠡᠬᠦ ᠤᠬᠠᠭᠠᠨᠴᠢ ᠦᠵᠡᠯ ᠰᠠᠨᠠᠭᠠᠨ  ᠤ ᠢᠯᠡ ᠲᠣᠳᠣ ᠣᠣᠷ ᠴᠢᠨᠠᠷ ᠪᠣᠯᠣᠨ ᠦᠨᠳᠦᠰᠦᠨ ᠵᠣᠭᠰᠣᠯᠲᠠ ᠶᠢ ᠭᠦᠨᠵᠡᠭᠡᠢ ᠢᠯᠡᠷᠡᠭᠦᠯᠵᠡᠢ᠃       ᠶᠡᠷᠦᠩᠬᠡᠢ ᠱᠦᠵᠢ ᠰᠢ ᠶᠢᠨ ᠫᠢᠩ ᠪᠣᠯ ᠠᠷᠠᠳ ᠲᠦᠮᠡᠨ  ᠤ ᠳᠤᠮᠳᠠ ᠦᠰᠦᠨ ᠪᠣᠶᠢᠵᠢᠵᠤ᠂ ᠠᠷᠠᠳ ᠲᠦᠮᠡᠨ  ᠤ ᠬᠠᠶᠢᠷ᠎ᠠ ᠬᠦᠨᠳᠦᠳᠬᠡᠯ  ᠢ ᠭᠦᠨ ᠭᠥᠷᠳᠡᠭᠰᠡᠨ ᠠᠷᠠᠳ ᠲᠦᠮᠡᠨ  ᠤ ᠤᠳᠤᠷᠢᠳᠤᠭᠴᠢ ᠮᠥᠨ᠂ ︽ᠠᠮᠢ ᠬᠤᠪᠢ ᠪᠠᠨ ᠪᠣᠳᠣᠬᠤ ᠦᠭᠡᠢ᠂ ᠠᠷᠠᠳ ᠲᠦᠮᠡᠨ ᠳᠤ ᠣᠰᠣᠯᠳᠠᠬᠤ ᠦᠭᠡᠢ︾ ᠭᠡᠬᠦ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠡᠭᠦᠷᠭᠡ ᠬᠠᠷᠢᠭᠤᠴᠠᠯᠭ᠎ᠠ ᠲᠠᠢ ᠶᠤᠮ᠃ 2014 ᠣᠨ ᠳᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ᠄ ︽ᠨᠢᠭᠡ ᠭᠡᠷ ᠨᠢᠭᠡ ᠡᠷᠦᠭᠡ ᠴᠢᠨᠠᠭᠰᠢᠯᠠᠪᠠᠯ ᠨᠢᠭᠡ ᠯᠠ ᠬᠥᠮᠥᠨ ᠴᠦ ᠦᠨᠳᠦᠰᠦᠨ ᠠᠮᠢᠳᠤᠷᠠᠯ ᠤᠨ ᠠᠰᠠᠭᠤᠳᠠᠯ ᠢᠶᠠᠨ ᠰᠢᠢᠳᠪᠦᠷᠢᠯᠡᠭᠡᠳᠦᠢ ᠪᠠᠶᠢᠪᠠᠯ ᠪᠢᠳᠡ ᠰᠠᠨᠠᠭ᠎ᠠ ᠠᠮᠤᠷ ᠰᠠᠭᠤᠵᠤ ᠪᠣᠯᠬᠤ ᠦᠭᠡᠢ; ᠤᠯᠠᠨ ᠲᠦᠮᠡᠨ  ᠤ ᠵᠣᠯ ᠵᠢᠷᠭᠠᠯᠲᠤ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠳᠠᠲᠤ ᠠᠬᠤᠢ ᠪᠣᠯᠣᠨ ᠪᠡᠶᠡᠯᠡᠭᠳᠡᠭᠡᠳᠦᠢ ᠯᠠ ᠶᠤᠮ ᠪᠣᠯ ᠪᠢᠳᠡ ᠥᠴᠥᠬᠡᠨ ᠴᠦ ᠴᠠᠯᠠᠭᠠᠶᠢᠷᠠᠬᠤ ᠦᠭᠡᠢ ᠪᠠᠷ ᠤᠯᠠᠨ ᠲᠦᠮᠡᠨ  ᠢ ᠪᠦᠯᠬᠦᠮᠳᠡᠭᠦᠯᠦᠨ ᠳᠠᠭᠠᠭᠤᠯᠵᠤ ᠬᠠᠮᠲᠤ ᠪᠠᠷ ᠲᠡᠮᠡᠴᠡᠬᠦ ᠭᠡᠷᠡᠭᠲᠡᠢ︾ ᠭᠡᠵᠦ ᠪᠢᠳᠠᠨ ᠳᠤ ᠵᠠᠬᠢᠪᠠ᠃       2020 ᠣᠨ  ᠤ 5 ᠰᠠᠷ᠎ᠠ ᠶᠢᠨ 22᠎ ᠤᠨ ᠡᠳᠦᠷ ᠠᠷᠪᠠᠨ ᠭᠤᠷᠪᠠᠳᠤᠭᠠᠷ ᠬᠤᠭᠤᠴᠠᠭᠠᠨ  ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ᠄ ︽ᠡᠷᠬᠡᠪᠰᠢ ᠠᠷᠠᠳ ᠲᠦᠮᠡᠨ  ᠢ ᠳᠡᠭᠡᠳᠦᠯᠡᠬᠦ᠂ ᠠᠷᠠᠳ ᠲᠦᠮᠡᠨ ᠳᠤ ᠨᠢᠭᠲᠠ ᠲᠦᠰᠢᠭᠯᠡᠬᠦ᠂ ᠠᠷᠠᠳ ᠲᠦᠮᠡᠨ ᠳᠤ ᠲᠠᠰᠤᠷᠠᠯᠳᠡ ᠦᠭᠡᠢ ᠪᠤᠶᠠᠨ ᠦᠢᠯᠡᠳᠬᠦ᠂ ᠠᠷᠠᠳ ᠲᠦᠮᠡᠨ  ᠤ ᠳᠤᠮᠳᠠ ᠪᠠᠲᠤ ᠦᠨᠳᠦᠰᠦᠯᠡᠬᠦ ᠶᠢ ᠪᠠᠷᠢᠮᠲᠠᠯᠠᠬᠤ ᠭᠡᠷᠡᠭᠲᠡᠢ︾ ᠭᠡᠵᠦ ᠴᠢᠬᠤᠯᠠᠴᠢᠯᠠᠪᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠯ  ᠢ ᠪᠠᠲᠤ ᠴᠡᠭᠡᠵᠢᠯᠡᠵᠦ᠂ ᠠᠷᠠᠳ ᠲᠦᠮᠡᠨ  ᠢ ᠰᠡᠳᠬᠢᠯ ᠵᠢᠷᠦᠬᠡᠨ  ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠨᠢᠭᠡ ᠲᠠᠯ᠎ᠠ ᠪᠠᠷ ᠦᠨᠳᠦᠰᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠬᠦᠴᠢᠷᠳᠡᠯᠲᠡᠢ ᠣᠯᠠᠨ ᠲᠦᠮᠡᠨ  ᠢ ᠢᠳᠡᠵᠦ ᠡᠮᠦᠰᠬᠦ ᠳᠡᠭᠡᠨ ᠵᠥᠪ ᠪᠣᠯᠭᠠᠵᠤ ᠨᠡᠷ᠎ᠡ ᠬᠦᠨᠳᠦ ᠲᠠᠢ ᠪᠤᠯᠭᠠᠪᠠ; ᠨᠦᠭᠦᠭᠡ ᠲᠠᠯ᠎ᠠ ᠪᠠᠷ ᠬᠠᠮᠲᠤ ᠪᠠᠷ ᠪᠠᠶᠠᠵᠢᠬᠤ ᠶᠢ ᠠᠬᠢᠭᠤᠯᠵᠤ᠂ 10 ᠵᠢᠯ ᠤᠨ ᠲᠤᠷᠰᠢ ᠬᠥᠮᠥᠨ ᠳᠤᠮᠳᠠᠴᠢ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ  ᠢ 4.2 ᠲᠦᠮᠡᠨ ᠲᠥᠭᠦᠷᠢᠭ ᠪᠠᠶᠢᠭᠰᠠᠨ ᠠᠴᠠ 8.5 ᠲᠦᠮᠡᠨ ᠲᠥᠭᠦᠷᠢᠭ ᠪᠣᠯᠭᠠᠨ ᠨᠡᠮᠡᠭᠳᠡᠭᠦᠯᠵᠦ᠂ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 16800 ᠲᠥᠭᠦᠷᠢᠭ ᠪᠠᠶᠢᠭᠰᠠᠨ ᠠᠴᠠ 34108 ᠲᠥᠭᠦᠷᠢᠭ ᠪᠣᠯᠭᠠᠨ ᠨᠡᠮᠡᠭᠳᠡᠭᠦᠯᠵᠦ᠂ ᠤᠯᠠᠨ ᠲᠦᠮᠡᠨ  ᠤ ᠣᠷᠣᠯᠭ᠎ᠠ ᠶᠢᠨ ᠲᠦᠪᠰᠢᠨ ᠠᠵᠤ ᠠᠬᠤᠢ ᠶᠢᠨ ᠬᠥᠭᠵᠢᠯᠲᠡ ᠶᠢ ᠳᠠᠭᠠᠯᠳᠤᠨ ︽ᠤᠰᠤ ᠥᠰᠴᠦ ᠣᠩᠭᠤᠴᠠ ᠳᠡᠭᠡᠭᠰᠢᠯᠡᠭᠰᠡᠨ︾ ᠪᠠᠶᠢᠨ᠎ᠠ᠃ 2022 ᠣᠨ ᠠᠴᠠ ᠨᠠᠭᠠᠰᠢ᠂ ᠪᠢᠳᠡ ᠣᠯᠠᠨ ᠲᠦᠮᠡᠨ  ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ  ᠢ ᠨᠡᠩ ᠰᠠᠶᠢᠲᠤᠷ ᠰᠢᠢᠳᠪᠦᠷᠢᠯᠡᠬᠦ ᠶᠢ ᠪᠣᠳᠣᠯᠬᠢᠯᠠᠵᠤ᠂ ᠥᠷᠢ ᠰᠢᠷᠢ ᠶᠢ ᠠᠷᠢᠯᠭᠠᠬᠤ᠂ ᠳᠤᠯᠠᠭᠠᠯᠠᠭ᠎ᠠ ᠬᠠᠩᠭᠠᠬᠤ᠂ ᠭᠠᠮᠰᠢᠭ ᠠᠴᠠ ᠠᠪᠤᠷᠬᠠᠸ᠂ ᠠᠪᠤᠷᠠᠨ ᠲᠤᠰᠠᠯᠠᠬᠤ᠂ ᠨᠠᠰᠤᠵᠢᠯ ᠤᠨ ᠠᠰᠠᠷᠠᠮᠵᠢ᠂ ᠠᠵᠢᠯ ᠣᠯᠭᠤᠯᠲᠠ ᠵᠡᠷᠭᠡ ᠲᠠᠯ᠎ᠠ ᠪᠠᠷ ᠦᠨᠳᠦᠰᠦᠨ ᠵᠦᠢᠯ  ᠢ ᠪᠠᠲᠤᠯᠠᠬᠤ ᠴᠢᠨᠠᠷᠲᠠᠢ ᠪᠠᠲᠤᠯᠠᠭ᠎ᠠ ᠶᠢᠨ ᠬᠠᠷᠠᠯᠲᠠ ᠶᠢ ᠰᠤᠳᠤᠯᠤᠨ ᠳᠤᠷᠠᠳᠴᠤ᠂ ᠡᠯ᠎ᠡ ᠱᠠᠲᠤᠨ  ᠤ ᠠᠮᠠᠯᠠᠯᠲᠠ ᠬᠢᠵᠦ ᠠᠮᠠᠯᠠᠯᠲᠠ ᠪᠠᠨ ᠦᠢᠯᠡᠳᠦᠯᠭᠡᠵᠢᠭᠦᠯᠬᠦ ᠶᠢ ᠠᠬᠢᠭᠤᠯᠤᠨ᠂ ᠦᠨᠡᠨ ᠪᠣᠳᠠᠲᠠᠢ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠰᠡᠳᠬᠢᠯ  ᠢ ᠳᠤᠯᠠᠭᠠᠴᠠᠭᠤᠯᠪᠠ᠃ ᠰᠢᠨ᠎ᠡ ᠠᠶᠠᠨ ᠳᠤ᠂ ᠪᠢᠳᠡ ᠢᠮᠠᠭᠲᠠ ᠠᠷᠠᠳ ᠲᠦᠮᠡᠨ  ᠤ ᠵᠣᠭᠰᠣᠯᠲᠠ ᠳᠡᠭᠡᠷ᠎ᠡ ᠪᠠᠲᠤ ᠵᠣᠭᠰᠣᠨ᠂ ᠠᠷᠠᠳ ᠲᠦᠮᠡᠨ  ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ ᠪᠣᠯᠭᠠᠵᠤ᠂ ᠤᠯᠠᠨ ᠲᠦᠮᠡᠨ  ᠤ ᠬᠠᠨᠤᠮᠵᠢᠲᠠᠢ ᠪᠠᠶᠢᠬᠤ ᠪᠠᠷ ᠪᠠᠷᠢᠮᠵᠢᠶ᠎ᠠ ᠪᠣᠯᠭᠠᠨ᠂ ᠤᠯᠠᠨ ᠲᠦᠮᠡᠨ  ᠤ ᠬᠠᠷᠠᠭᠠᠰᠤ ᠠᠴᠠ ᠢᠯᠡᠭᠦᠬᠡᠨ ᠪᠣᠳᠣᠯᠬᠢᠯᠠᠵᠤ᠂ ᠤᠯᠠᠨ ᠲᠦᠮᠡᠨ  ᠤ ᠰᠠᠨᠠᠯ ᠱᠠᠭᠠᠷᠳᠠᠯᠭ᠎ᠠ ᠶᠢ ᠢᠯᠡᠭᠦᠬᠡᠨ ᠰᠣᠨᠣᠰᠴᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠎ ᠢ ᠨᠠᠷᠢᠯᠢᠭ ᠠᠴᠠ ᠨᠠᠷᠢᠯᠢᠭ ᠪᠣᠳᠠᠲᠠᠢ ᠠᠴᠠ ᠪᠣᠳᠠᠲᠠᠢ ᠪᠠᠷ ᠨᠡᠮᠡᠭᠳᠡᠭᠦᠯᠦᠨ᠂ ᠠᠷᠠᠳ ᠲᠦᠮᠡᠨ  ᠤ ᠠᠮᠢᠳᠤᠷᠠᠯ  ᠢ ᠡᠳᠦᠷ ᠠᠴᠠ ᠡᠳᠦᠷ ᠰᠠᠶᠢᠵᠢᠷᠠᠭᠤᠯᠬᠤ ᠪᠣᠯᠣᠨ᠎ᠠ᠃       ︽ᠪᠡᠶ᠎ᠡ ᠳᠡᠭᠡᠨ ᠢᠲᠡᠭᠡᠯ ᠲᠠᠢ ᠪᠠᠶᠢᠵᠤ ᠪᠡᠶ᠎ᠡ ᠪᠠᠨ ᠳᠠᠭᠠᠭᠠᠬᠤ ᠶᠢ ᠪᠠᠷᠢᠮᠲᠠᠯᠠᠬᠤ︾᠎ ᠶᠢᠨ ᠢᠯᠡ ᠲᠣᠳᠣ ᠵᠣᠷᠢᠭ ᠰᠠᠨᠠᠭᠠᠨ  ᠤ ᠣᠨᠴᠠᠯᠢᠭ ᠰᠢᠨᠵᠢ ᠶᠢ ᠭᠦᠨᠵᠡᠭᠡᠢ ᠣᠶᠢᠯᠠᠭᠠᠨ ᠡᠵᠡᠮᠰᠢᠨ᠎ᠡ᠃ ᠨᠠᠮ ᠤᠨ ᠵᠠᠭᠤᠨ ᠵᠢᠯ ᠤᠨ ᠲᠡᠮᠡᠴᠡᠯ ᠤᠨ ᠠᠮᠵᠢᠯᠲᠠ ᠣᠯᠣᠭᠰᠠᠨ ᠵᠠᠮ  ᠢ ᠪᠣᠯ ᠨᠠᠮ ᠠᠴᠠ ᠠᠷᠠᠳ ᠲᠦᠮᠡᠨ  ᠢ ᠤᠳᠤᠷᠢᠳᠤᠨ ᠪᠡᠶ᠎ᠡ ᠪᠠᠨ ᠳᠠᠭᠠᠭᠠᠵᠤ ᠡᠵᠡᠨ ᠮᠡᠳᠡᠨ ᠰᠦᠪᠡᠭᠴᠢᠯᠡᠵᠦ ᠪᠠᠶᠢᠭᠠᠳ ᠨᠡᠭᠡᠭᠡᠭᠰᠡᠨ ᠶᠤᠮ᠂ ᠮᠠᠷᠺᠰ ᠤᠨ ᠦᠵᠡᠯ ᠤᠨ ᠳᠤᠮᠳᠠᠳᠤ ᠤᠯᠤᠰ ᠤᠨ ᠬᠠᠭᠤᠳᠠᠰᠤ ᠶᠢ ᠪᠣᠯ ᠳᠤᠮᠳᠠᠳᠤ ᠤᠯᠤᠰ ᠤᠨ ᠡᠪ ᠬᠠᠮᠲᠤᠴᠤᠳ ᠥᠪᠡᠷ ᠤᠨ ᠬᠦᠴᠦᠨ ᠳᠡᠭᠡᠨ ᠲᠦᠰᠢᠭᠯᠡᠨ ᠦᠢᠯᠡᠳᠦᠯᠭᠡᠵᠢᠭᠦᠯᠵᠦ ᠪᠠᠶᠢᠭᠠᠳ ᠪᠢᠴᠢᠭᠯᠡᠭᠰᠡᠨ ᠶᠤᠮ᠂ ᠪᠡᠶ᠎ᠡ ᠳᠡᠭᠡᠨ ᠢᠲᠡᠭᠡᠯ ᠲᠠᠢ ᠪᠠᠶᠢᠵᠤ ᠪᠡᠶ᠎ᠡ ᠪᠠᠨ ᠳᠠᠭᠠᠭᠠᠬᠤ ᠪᠣᠯ ᠢᠮᠠᠭᠲᠠ ᠮᠠᠨ  ᠤ ᠨᠠᠮ ᠤᠨ ᠠᠭᠤᠤ ᠶᠡᠭᠡ ᠭᠡᠷᠡᠯ ᠰᠠᠴᠤᠷᠠᠩᠭᠤᠢ ᠠᠮᠵᠢᠯᠲᠠ ᠶᠢ ᠪᠦᠲᠦᠭᠡᠭᠰᠡᠨ ᠥᠪᠡᠷᠮᠢᠴᠡ ᠣᠶᠤᠨ ᠰᠠᠨᠠᠭᠠᠨ  ᠤ ᠰᠦᠷ ᠰᠦᠯᠳᠡ ᠮᠥᠨ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠨᠢ ᠪᠡᠶ᠎ᠡ ᠪᠠᠨ ᠳᠠᠭᠠᠭᠠᠵᠤ ᠡᠵᠡᠨ ᠮᠡᠳᠡᠬᠦ ᠰᠦᠪᠡᠭᠴᠢᠯᠡᠯ ᠪᠠ ᠦᠢᠯᠡᠳᠦᠯᠭᠡ ᠶᠢᠨ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠦ᠂ ᠥᠪᠡᠷ ᠤᠨ ᠵᠠᠮ ᠢᠶᠠᠷ ᠢᠶᠠᠨ ᠵᠠᠮᠨᠠᠬᠤ ᠶᠢ ᠪᠠᠷᠢᠮᠲᠠᠯᠠᠬᠤ ᠡᠷᠡᠰ ᠪᠠᠲᠤ ᠢᠲᠡᠭᠡᠯ ᠵᠣᠷᠢᠭ ᠢᠮᠠᠭᠲᠠ ᠲᠤᠭᠤᠰᠢᠯᠠᠭᠳᠠᠵᠤ ᠪᠠᠶᠢᠨ᠎ᠠ᠃ ᠡᠨᠡ ᠬᠦ ᠰᠢᠨᠵᠢᠯᠡᠬᠦ ᠤᠬᠠᠭᠠᠨᠴᠢ ᠦᠵᠡᠯ ᠰᠠᠨᠠᠭᠠᠨ  ᠤ ᠵᠢᠯᠣᠭᠤᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠶᠢᠨ ᠠᠷᠪᠠᠨ ᠵᠢᠯ ᠳᠤ ᠠᠭᠤᠤ ᠶᠡᠭᠡ ᠬᠤᠪᠢᠰᠤᠯᠲᠠ ᠶᠢ ᠪᠡᠶᠡᠯᠡᠭᠦᠯᠵᠦ᠂ ︽ᠣᠳᠣᠬᠠᠨ  ᠤ ᠳᠡᠯᠡᠬᠡᠢ ᠶᠢᠷᠲᠢᠨᠴᠦ ᠳᠤ ᠠᠯᠢ ᠨᠢᠭᠡ ᠲᠥᠷᠥ ᠶᠢᠨ ᠨᠠᠮ᠂ ᠠᠯᠢ ᠨᠢᠭᠡ ᠤᠯᠤᠰ᠂ ᠠᠯᠢ ᠨᠢᠭᠡ ᠦᠨᠳᠦᠰᠦᠲᠡᠨ ᠪᠡᠶ᠎ᠡ ᠳᠡᠭᠡᠨ ᠢᠲᠡᠭᠡᠯ ᠲᠠᠢ ᠪᠠᠶᠢᠵᠤ ᠴᠢᠳᠠᠬᠤ ᠪᠤᠢ ᠭᠡᠪᠡᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ᠂ ᠳᠤᠮᠳᠠᠳᠤ ᠶᠢᠨ ᠦᠨᠳᠦᠰᠦᠲᠡᠨ ᠪᠣᠯ ᠪᠡᠶ᠎ᠡ ᠳᠡᠭᠡᠨ ᠬᠠᠮᠤᠭ ᠠᠴᠠ ᠢᠯᠡᠭᠦᠦ ᠢᠲᠡᠭᠡᠯ ᠲᠠᠢ ᠪᠠᠶᠢᠳᠠᠭ︾ ᠭᠡᠳᠡᠭ  ᠢ ᠳᠠᠬᠢᠨᠲᠠ ᠭᠡᠷᠡᠴᠢᠯᠡᠪᠡ᠃       ᠰᠢᠨ᠎ᠡ ᠴᠠᠭ ᠦᠶ᠎ᠡ ᠰᠢᠨ᠎ᠡ ᠠᠶᠠᠨ ᠳᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠬᠤ ᠳᠤ᠂ ᠡᠷᠬᠡᠪᠰᠢ ︽ᠬᠤᠶᠠᠷ  ᠢ ᠲᠣᠭᠲᠠᠭᠠᠭᠰᠠᠨ︾᠎ ᠤ ᠰᠢᠢᠳᠪᠦᠷᠢᠯᠡᠭᠴᠢ ᠠᠴᠢ ᠬᠤᠯᠪᠣᠭᠳᠠᠯ  ᠢ ᠭᠦᠨᠵᠡᠭᠡᠢ ᠣᠶᠢᠯᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ  ᠢ ᠬᠠᠮᠠᠭᠠᠯᠠᠬᠤ︾᠎ ᠶᠢ ᠦᠢᠯᠡᠳᠦᠯᠭᠡᠵᠢᠭᠦᠯᠬᠦ ᠭᠡᠷᠡᠭᠲᠡᠢ᠃ ᠥᠪᠥᠷ ᠮᠣᠩᠭᠤᠯ ᠣᠷᠳᠣ ᠬᠤᠭᠤᠴᠠᠭᠠᠨ  ᠤ ᠲᠤᠷᠰᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠬᠡᠮᠡᠭᠳᠡᠭᠰᠡᠭᠡᠷ ᠢᠷᠠᠵᠤ᠂ ᠵᠢᠱᠢᠶᠡᠴᠢ ᠪᠤᠯᠤᠬᠰᠠᠨ  ᠤ ᠤᠴᠢᠷ ᠨᠢ ᠨᠠᠮ ᠤᠨ ᠦᠭᠡ ᠶᠢ ᠰᠤᠨᠤᠰᠤᠬᠰᠠᠨ ᠳᠤ ᠪᠤᠢ᠃ ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠬᠡᠴᠢᠨᠡᠨ ᠬᠦᠴᠢᠷᠳᠡᠯ ᠪᠠ ᠥᠷᠢᠰᠥᠯᠳᠦᠭᠡᠨ ᠳᠤ ᠲᠤᠯᠭᠠᠷᠠᠭᠰᠠᠨ ᠴᠤ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ  ᠤ ᠨᠠᠮ ᠳᠠᠭᠠᠨ ᠬᠠᠶᠢᠷᠠᠲᠠᠢ ᠪᠠᠶᠢᠬᠤ ᠪᠠ ᠦᠨᠡᠨᠴᠢ ᠰᠢᠳᠤᠷᠭᠤ ᠪᠠᠶᠢᠬᠤ ᠶᠢ ᠣᠭᠲᠣᠬᠠᠨ ᠴᠦ ᠭᠤᠶᠢᠪᠢᠯᠵᠠᠭᠤᠯᠵᠤ ᠴᠢᠳᠠᠭᠰᠠᠨ ᠦᠭᠡᠢ ᠶᠤᠮ᠃ ᠢᠷᠡᠭᠡᠳᠦᠢ ᠳᠤ ᠬᠠᠨᠳᠤᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠤ ᠡᠷᠬᠢᠮ ᠳᠡᠭᠡᠳᠦ ᠢᠷᠠᠭᠤ ᠠᠯᠳᠠᠷ  ᠢ ᠰᠠᠶᠢᠲᠤᠷ ᠬᠠᠮᠠᠭᠠᠯᠠᠬᠤ ᠳᠤ ᠬᠠᠮᠤᠭ ᠤᠨ ᠴᠢᠬᠤᠯᠠ ᠨᠢ ᠪᠥᠬᠦ ᠣᠷᠣᠨ  ᠤ ᠦᠨᠳᠦᠰᠦᠲᠡᠨ ᠨᠦᠭᠦᠳ ᠤᠨ ᠠᠷᠠᠳ ᠲᠦᠮᠡᠨ  ᠢ ᠬᠥᠮᠥᠵᠢᠭᠦᠯᠦᠨ ᠵᠢᠯᠤᠭᠤᠳᠴᠤ ᠪᠠᠶᠢᠭᠠᠳ ᠨᠡᠩ ᠦᠨᠡᠨ ᠰᠡᠳᠬᠢᠯ ᠠᠴᠠ ᠪᠠᠨ ᠨᠠᠮ ᠤᠨ ᠠᠴᠢ ᠡᠨᠡᠷᠢᠯ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠪᠣᠯᠭᠠᠨ᠎ᠠ᠃ ᠪᠢᠳᠡ ᠨᠠᠮ ᠤᠨ ᠥᠪᠥᠷ ᠮᠣᠩᠭᠤᠯ ᠣᠷᠣᠨ ᠳᠠᠬᠢ ᠲᠡᠦᠬᠡ ᠶᠢ ᠰᠤᠳᠤᠯᠤᠨ ᠲᠠᠶᠢᠯᠪᠤᠷᠢᠯᠠᠬᠤ ᠶᠢ ᠦᠨᠡᠨ ᠬᠦ ᠴᠢᠩᠭᠠᠳᠬᠠᠵᠤ᠂ ᠲᠡᠦᠬᠡ ᠶᠢᠨ ᠪᠣᠳᠠᠲᠤ ᠪᠠᠶᠢᠳᠠᠯ ᠪᠣᠯᠣᠨ ᠪᠣᠳᠠᠲᠤ ᠶᠠᠪᠤᠳᠠᠯ ᠢᠶᠠᠷ ᠦᠭᠡ ᠬᠡᠯᠡᠬᠦ ᠶᠢ ᠪᠠᠷᠢᠮᠲᠠᠯᠠᠵᠤ᠂ ᠪᠥᠬᠦ ᠣᠷᠣᠨ  ᠤ ᠥᠷᠭᠡᠨ ᠣᠯᠠᠨ ᠺᠠᠳ᠋ᠷ ᠣᠯᠠᠨ ᠲᠦᠮᠡᠨ  ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠥᠪᠥᠷ ᠮᠣᠩᠭᠤᠯ ᠪᠣᠯ ᠮᠠᠨ ᠎ ᠤ ᠤᠯᠤᠰ ᠤᠨ ᠬᠠᠮᠤᠭ ᠤᠨ ᠡᠷᠲᠡ ᠪᠠᠶᠢᠭᠤᠯᠤᠭᠳᠠᠭᠰᠠᠨ ᠦᠨᠳᠦᠰᠦᠲᠡᠨ  ᠤ ᠥᠪᠡᠷᠲᠡᠭᠡᠨ ᠵᠠᠰᠠᠬᠤ ᠣᠷᠣᠨ ᠮᠥᠨ᠂ ᠨᠠᠮ ᠤᠨ ᠦᠨᠳᠦᠰᠦᠲᠡᠨ  ᠤ ᠣᠷᠣᠨ  ᠤ ᠥᠪᠡᠷᠲᠡᠭᠡᠨ ᠵᠠᠰᠠᠬᠤ ᠪᠠᠶᠢᠭᠤᠯᠤᠯ  ᠢ ᠬᠠᠮᠤᠭ ᠤᠨ ᠡᠷᠲᠡ ᠬᠡᠷᠡᠭᠵᠢᠭᠦᠯᠦᠭᠰᠡᠨ ᠭᠠᠵᠠᠷ ᠮᠥᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠨᠠᠮ ᠤᠨ ᠲᠥᠪ ᠬᠤᠷᠢᠶᠠᠨ  ᠤ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ᠂ ᠨᠠᠮ ᠤᠨ ᠲᠥᠪ ᠬᠤᠷᠢᠶᠠᠨ  ᠤ ᠳᠡᠮᠵᠢᠯᠭᠡ ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠴᠢᠬᠤᠯᠠ ᠶᠡᠭᠡ ᠬᠡᠯᠪᠡᠷᠢᠯ  ᠢ ᠴᠥᠮ ᠨᠠᠮ ᠤᠨ ᠲᠥᠪ ᠬᠤᠷᠢᠶ᠎ᠠ ᠬᠠᠪᠰᠤᠷᠤᠨ ᠵᠠᠯᠠᠷᠠᠭᠤᠯᠤᠭᠰᠠᠨ ᠶᠤᠮ ᠭᠡᠳᠡᠭ  ᠢ ᠭᠦᠨᠵᠡᠭᠡᠢ ᠲᠠᠨᠢᠭᠤᠯᠵᠤ᠂ ᠪᠠᠲᠤ ᠴᠡᠭᠡᠵᠢᠯᠡᠭᠦᠯᠵᠡᠢ᠃ ᠪᠢᠳᠡ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠳᠤᠷᠠᠳᠴᠤ᠂ ᠡᠯ᠎ᠡ ᠦᠨᠳᠦᠰᠦᠲᠡᠨ  ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠡᠮᠦᠨ᠎ᠡ ᠨᠢ ᠬᠤᠰᠢᠭᠤᠷᠠᠬᠤ ᠪᠠᠷ ᠪᠠᠷᠠᠬᠤ ᠦᠭᠡᠢ ᠪᠠᠰᠠ ᠤᠯᠤᠰ ᠲᠥᠷᠥ ᠶᠢ ᠡᠷᠭᠢᠮᠯᠡᠭᠦ᠂ ᠶᠡᠭᠡ ᠲᠠᠯ᠎ᠠ ᠶᠢ ᠬᠠᠷᠠᠭᠠᠯᠵᠠᠬᠤ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠵᠡᠷᠭᠡ ᠡᠯ᠎ᠡ ᠲᠠᠯ᠎ᠠ ᠪᠠᠷ ᠵᠢᠱᠢᠶᠡᠴᠢ ᠶᠢᠨ ᠳᠦᠷᠢ ᠲᠥᠷᠬᠦ ᠶᠢ ᠢᠯᠡᠷᠡᠭᠦᠯᠬᠦ ᠭᠡᠷᠡᠭᠲᠡᠶ᠂ ᠢᠯᠠᠩᠭᠤᠶ᠎ᠠ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ  ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ  ᠢ ᠪᠠᠲᠤᠯᠠᠬᠤ ᠲᠠᠯ᠎ᠠ ᠪᠠᠷ ᠥᠪᠥᠷ ᠮᠣᠩᠭᠤᠯ ᠤᠨ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠶᠢᠯᠭ᠎ᠠ ᠶᠢ ᠭᠦᠢᠴᠡᠳ ᠢᠯᠡᠷᠡᠭᠦᠯᠵᠦ᠂ ᠪᠥᠬᠦ ᠣᠷᠣᠨ  ᠤ ᠦᠨᠳᠦᠰᠦᠲᠡᠨ ᠨᠦᠭᠦᠳ ᠤᠨ ᠠᠷᠠᠳ ᠲᠦᠮᠡᠨ  ᠤ ᠨᠠᠮ ᠢᠶᠠᠨ ᠲᠠᠭᠠᠬᠤ᠂ ᠨᠠᠮ ᠤᠨ ᠲᠥᠪ ᠬᠤᠷᠢᠶ᠎ᠠ ᠪᠠᠨ ᠲᠠᠭᠠᠬᠤ ᠬᠤᠪᠢᠰᠬᠠᠯᠲᠤ ᠤᠳᠤᠮᠰᠢᠯ ᠪᠠ ᠶᠡᠭᠡ ᠶᠣᠰᠣ ᠶᠢ ᠮᠡᠳᠡᠬᠦ᠂ ᠶᠡᠭᠡ ᠲᠠᠯ᠎ᠠ ᠶᠢ ᠬᠠᠷᠠᠭᠠᠯᠵᠠᠬᠤ᠂ ᠬᠡᠪ ᠰᠤᠷᠲᠠᠯ  ᠢ ᠡᠷᠭᠢᠮᠯᠡᠭᠦ᠂ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ᠂ ᠬᠠᠷᠢᠭᠤᠴᠠᠯᠭ᠎ᠠ ᠡᠭᠦᠷᠭᠡᠯᠡᠬᠦ ᠡᠷᠬᠢᠮ ᠨᠠᠨᠳᠢᠨ ᠵᠠᠩ ᠴᠢᠨᠠᠷ ᠎ ᠢ ᠲᠠᠰᠤᠷᠠᠯᠲᠠ ᠦᠭᠡᠢ ᠪᠠᠳᠠᠷᠠᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃ ᠣᠳᠣᠬᠠᠨ ᠳᠤ᠂ ᠪᠥᠬᠦ ᠣᠷᠣᠨ  ᠤ ᠦᠨᠳᠦᠰᠦᠲᠡᠨ ᠨᠦᠭᠦᠳ ᠤᠨ ᠠᠷᠠᠳ ᠲᠦᠮᠡᠨ ᠨᠡᠩ ᠪᠦᠯᠬᠦᠮᠳᠡᠨ ᠲᠡᠮᠡᠴᠡᠵᠦ ᠪᠠᠶᠢᠨ᠎ᠠ᠂ ᠪᠢᠳᠡ ᠥᠪᠥᠷ ᠮᠣᠩᠭᠤᠯ ᠤᠨ ᠶᠠᠪᠤᠳᠠᠯ  ᠢ ᠨᠡᠩ ᠰᠠᠶᠢᠲᠤᠷ ᠬᠢᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠤ ᠠᠯᠳᠠᠨ ᠦᠰᠦᠭᠲᠦ ᠫᠠᠶᠢᠰᠠ ᠶᠢ ᠨᠡᠩ ᠭᠢᠯᠠᠯᠵᠠᠭᠤᠯᠬᠤ ᠢᠲᠡᠭᠡᠯ ᠲᠠᠢ ᠪᠠᠶᠢᠨ᠎ᠠ᠃       ︽ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠬᠤ︾᠎ ᠶᠢᠨ ᠡᠷᠬᠢᠮ ᠨᠠᠨᠳᠢᠨ ᠤᠨᠤᠯ ᠤᠨ ᠬᠡᠪ ᠴᠢᠨᠠᠷ  ᠢ ᠭᠦᠨᠵᠡᠭᠡᠢ ᠣᠶᠢᠯᠠᠭᠠᠨ ᠡᠵᠡᠮᠰᠢᠬᠦ ᠭᠡᠷᠡᠭᠲᠡᠢ᠃ ᠲᠥᠪ ᠶᠣᠰᠣ ᠶᠢ ᠪᠠᠷᠢᠮᠲᠠᠯᠠᠪᠠᠯ ᠰᠠᠶ᠋ᠢ ᠴᠢᠭᠯᠡᠯ ᠢᠶᠠᠨ ᠠᠯᠳᠠᠬᠤ ᠦᠭᠡᠢ᠂ ᠨᠤᠷᠠᠭᠠᠯᠲᠠ ᠶᠢᠨ ᠴᠢᠨᠠᠷᠲᠠᠢ ᠠᠯᠳᠠᠭ᠎ᠠ ᠭᠠᠷᠭᠠᠬᠤ ᠦᠭᠡᠢ ᠪᠠᠶᠢᠵᠤ ᠴᠢᠳᠠᠨ᠎ᠠ᠂ ᠰᠢᠨ᠎ᠡ ᠶᠢ ᠡᠭᠦᠳᠪᠡᠯ ᠰᠠᠶ᠋ᠢ ᠴᠠᠭ ᠦᠶ᠎ᠡ ᠶᠢ ᠡᠵᠡᠮᠳᠡᠵᠦ᠂ ᠴᠠᠭ ᠦᠶ᠎ᠡ ᠶᠢ ᠬᠥᠲᠥᠯᠥᠨ ᠳᠠᠭᠠᠭᠤᠯᠵᠤ ᠴᠢᠳᠠᠨ᠎ᠠ᠃ ᠰᠢᠨ᠎ᠡ ᠴᠠᠭ ᠦᠶ᠎ᠡ ᠶᠢᠨ ᠠᠭᠤᠤ ᠶᠡᠭᠡ ᠦᠢᠯᠡᠳᠦᠯᠭᠡ ᠳᠤᠮᠳᠠ ᠡᠭᠦᠳᠦᠭᠰᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠨᠢ ᠡᠪᠦᠭᠡ ᠳᠡᠭᠡᠳᠦᠰ ᠤᠨ ᠭᠡᠷᠢᠶᠡᠰ ᠵᠣᠷᠢᠭ  ᠢ ᠪᠠᠷᠢᠮᠲᠠᠯᠠᠭᠰᠠᠨ ᠢᠶᠠᠷ ᠪᠠᠷᠠᠬᠤ ᠦᠭᠡᠢ ᠪᠠᠰᠠ ᠮᠠᠰᠢ ᠤᠯᠠᠨ ᠰᠢᠨ᠎ᠡ ᠦᠭᠡ ᠶᠠᠷᠢᠵᠤ᠂ ᠳᠤᠮᠳᠠᠳᠤ ᠤᠯᠤᠰ ᠤᠨ ᠠᠰᠠᠭᠤᠯᠲᠠ᠂ ᠳᠡᠯᠡᠬᠡᠢ ᠶᠢᠨ ᠠᠰᠠᠭᠤᠯᠲᠠ᠂ ᠠᠷᠠᠳ ᠲᠦᠮᠡᠨ  ᠤ ᠠᠰᠠᠭᠤᠯᠲᠠ᠂ ᠴᠠᠭ ᠦᠶ᠎ᠡ ᠶᠢᠨ ᠠᠰᠠᠭᠤᠯᠲᠠ ᠶᠢ ᠭᠦᠨᠵᠡᠭᠡᠢ ᠬᠠᠷᠢᠭᠤᠯᠪᠠ᠃       ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠬᠤ ᠨᠢ ᠶᠡᠷᠦᠩᠬᠡᠢ ᠱᠦᠵᠢ ᠰᠢ ᠶᠢᠨ ᠫᠢᠩ ᠤᠨ ᠲᠥᠷᠥ ᠶᠢ ᠵᠠᠰᠠᠵᠤ ᠵᠠᠰᠠᠭ  ᠢ ᠡᠷᠭᠢᠯᠡᠭᠦ ᠪᠥᠬᠦ ᠤᠨᠤᠯ ᠪᠠ ᠦᠢᠯᠡᠳᠦᠯᠭᠡ ᠳᠡᠭᠡᠷ᠎ᠡ ᠪᠥᠬᠦ ᠲᠠᠯ᠎ᠠ ᠪᠠᠷ ᠢᠯᠡᠷᠡᠵᠦ ᠪᠠᠶᠢᠬᠤ ᠪᠠᠷ ᠪᠠᠷᠠᠬᠤ ᠦᠭᠡᠢ ᠪᠠᠰᠠ ᠶᠡᠷᠦᠩᠬᠡᠢ ᠱᠦᠵᠢ ᠰᠢ ᠶᠢᠨ ᠫᠢᠩ ᠤᠨ ᠡᠯ᠎ᠡ ᠭᠠᠵᠠᠷ ᠣᠷᠣᠨ ᠡᠯ᠎ᠡ ᠬᠦᠷᠢᠶᠡᠨ  ᠤ ᠠᠵᠢᠯ ᠳᠠᠬᠢ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠡᠭᠡᠷ᠎ᠡ ᠪᠣᠳᠠᠲᠠᠢ ᠢᠯᠡᠷᠡᠵᠦ ᠪᠠᠶᠢᠨ᠎ᠠ᠃ ᠥᠪᠥᠷ ᠮᠣᠩᠭᠤᠯ ᠤᠨ ᠠᠵᠤ ᠠᠬᠤᠢ ᠶᠢᠨ ᠬᠥᠭᠵᠢᠯᠲᠡ ᠪᠠ ᠠᠮᠢ ᠠᠬᠤᠢ ᠣᠷᠴᠢᠨ ᠲᠣᠭᠤᠷᠢᠨ  ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠬᠠᠷᠢᠴᠠᠭᠠᠨ  ᠤ ᠠᠰᠠᠭᠤᠳᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠢᠮᠠᠭᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠭᠰᠠᠨ ᠢᠶᠠᠷ ᠪᠠᠷᠠᠬᠤ ᠦᠭᠡᠢ ᠪᠠᠰᠠ ᠰᠢᠨ᠎ᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠷᠠᠳᠤᠨ ᠭᠠᠷᠭᠠᠵᠤ᠂ ︽ᠥᠪᠥᠷ ᠮᠣᠩᠭᠤᠯ  ᠢ ᠮᠠᠨ  ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ  ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ ᠨᠢ ᠪᠥᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠵᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠮᠥᠨ᠂ ᠪᠠᠰᠠ ᠴᠦ ᠥᠪᠥᠷ ᠮᠣᠩᠭᠤᠯ ᠤᠨ ᠡᠷᠬᠡᠪᠰᠢ ᠤᠬᠠᠮᠰᠠᠷ ᠠᠴᠠ ᠪᠠᠨ ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠮᠥᠨ︾ ᠭᠡᠵᠦ ᠴᠢᠬᠤᠯᠠᠴᠢᠯᠠᠵᠤ᠂ ᠪᠢᠳᠠᠨ ᠢ ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ  ᠢ ᠲᠤᠭᠤᠰᠢᠯᠠᠭᠤᠯᠵᠤ᠂ ᠠᠵᠤ ᠠᠬᠤᠢ ᠶᠢᠨ ᠬᠥᠭᠵᠢᠯᠲᠡ ᠪᠣᠯᠣᠨ ᠠᠮᠢ ᠠᠬᠤᠢ ᠣᠷᠴᠢᠨ ᠲᠣᠭᠤᠷᠢᠨ  ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ᠂ ᠥᠪᠥᠷ ᠮᠣᠩᠭᠤᠯ ᠤᠨ ᠣᠨᠴᠠᠯᠢᠭ  ᠢ ᠢᠯᠡᠷᠡᠭᠦᠯᠦᠭᠰᠡᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ  ᠢ ᠴᠢᠷᠮᠠᠶᠢᠨ ᠰᠦᠪᠡᠭᠴᠢᠯᠡᠵᠦ ᠭᠠᠷᠭᠠᠬᠤ ᠭᠡᠷᠡᠭᠲᠡᠶ︾ ᠭᠡᠵᠦ ᠱᠠᠭᠠᠷᠳᠠᠪᠠ᠃ ᠪᠢᠳᠡ ︽ᠤᠯᠤᠰ ᠤᠨ ᠶᠡᠭᠡ ᠶᠠᠪᠤᠳᠠᠯ︾᠎ ᠢ ᠪᠠᠲᠤ ᠴᠡᠭᠡᠵᠢᠯᠡᠵᠦ᠂ ᠠᠮᠢ ᠠᠬᠤᠢ ᠣᠷᠴᠢᠨ ᠲᠣᠭᠤᠷᠢᠨ  ᠤ ᠬᠠᠮᠠᠭᠠᠯᠠᠯᠲᠠ ᠶᠢ ᠤᠭᠲᠤ ᠭᠤᠶᠢᠪᠢᠰᠢ ᠦᠭᠡᠢ ᠲᠡᠷᠢᠭᠦᠨ ᠳᠤ ᠲᠠᠯᠪᠢᠵᠤ᠂ ᠲᠣᠭᠲᠠᠯ ᠬᠦᠴᠦᠨ ᠢᠶᠠᠷ ᠢᠶᠠᠨ ᠥᠳᠥᠭᠡᠯᠭᠡ ᠶᠢ ᠬᠤᠷᠢᠭᠯᠠᠵᠤ᠂ ᠨᠢᠳᠦᠨ ᠡᠮᠦᠨᠡᠬᠢ ᠠᠰᠢᠭ ᠲᠤᠰᠠ ᠶᠢᠨ ᠢᠶᠠᠨ ᠲᠥᠯᠥᠭᠡ ᠠᠮᠢ ᠠᠬᠤᠢ ᠣᠷᠴᠢᠨ ᠲᠣᠭᠤᠷᠢᠨ  ᠢ ᠡᠪᠳᠡᠬᠦ ᠶᠠᠪᠤᠳᠠᠯ ᠢ ᠦᠯᠦ ᠬᠢᠵᠦ᠂ ᠦᠷ᠎ᠡ ᠬᠤᠶᠢᠴᠢᠰ ᠤᠨ ᠢᠶᠠᠨ ᠪᠤᠳᠠᠭᠠᠨ ᠠᠶᠠᠭ᠎ᠠ ᠶᠢ ᠦᠯᠦ ᠪᠠᠯᠪᠠᠴᠢᠵᠤ᠂ ᠥᠪᠥᠷ ᠮᠣᠩᠭᠤᠯ ᠤᠨ ᠡᠨᠡ ᠬᠦ ᠨᠣᠮᠢᠨ ᠨᠣᠭᠤᠭᠠᠨ᠂ ᠴᠡᠩᠬᠡᠷ ᠬᠥᠬᠡ᠂ ᠠᠷᠢᠭᠤᠨ ᠴᠡᠪᠡᠷ  ᠢ ᠪᠠᠲᠤ ᠰᠠᠬᠢᠨ ᠬᠠᠮᠠᠭᠠᠯᠠᠪᠠ; ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠭᠤᠷᠪᠠᠨ ᠵᠦᠢᠯ ᠤᠨ ᠠᠷᠭ᠎ᠠ ᠬᠡᠯᠪᠡᠷᠢ ᠶᠢ ᠲᠣᠳᠣᠷᠬᠠᠢ ᠳᠤᠷᠠᠳᠴᠤ᠂ ᠪᠥᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ᠵᠥᠪᠰᠢᠶᠡᠷᠡᠭᠦᠯᠬᠦ ᠪᠠᠷ ᠪᠠᠶᠢᠭ᠎ᠠ ᠳᠦᠷᠦᠯ ᠵᠦᠢᠯ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ᠂ ᠲᠤᠨᠤᠮᠠᠯ ᠪᠡᠯᠡ ᠮᠥᠩᠭᠦ᠂ ︽ᠬᠠᠭᠠᠰ ᠳᠤᠲᠠᠭᠤ ᠤᠷᠭᠢᠬᠰᠠᠨ︾ ᠢᠨᠵᠧᠨᠧᠷᠢᠩ᠂ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠶᠢᠨ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠷᠳᠣ ᠬᠤᠭᠤᠴᠠᠭᠠᠨ  ᠤ ᠲᠤᠷᠰᠢ ᠣᠷᠣᠰᠢᠵᠤ ᠪᠠᠶᠢᠭᠰᠠᠨ ᠡᠬᠢ ᠪᠠᠶᠠᠯᠢᠭ  ᠢ ᠪᠦᠳᠦᠭᠦᠯᠢᠭ ᠢᠶᠠᠷ ᠨᠡᠭᠡᠭᠡᠨ ᠠᠰᠢᠭᠯᠠᠬᠤ᠂ ᠳᠣᠣᠷ᠎ᠠ ᠦᠷ᠎ᠡ ᠪᠦᠲᠦᠮᠵᠢᠲᠡᠢ ᠪᠠᠷ ᠠᠰᠢᠭᠯᠠᠬᠤ᠂ ᠬᠦᠨᠳᠦ ᠨᠣᠴᠢᠲᠠᠢ ᠪᠦᠷᠢᠯᠭᠡᠨ ᠰᠦᠢᠳᠬᠡᠬᠦ ᠠᠰᠠᠭᠤᠳᠠᠯ  ᠢ ᠬᠦᠴᠦᠯᠡᠨ ᠰᠢᠢᠳᠪᠦᠷᠢᠯᠡᠬᠦ ᠶᠢᠨ ᠬᠠᠮᠲᠤ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠵᠦ᠂ ᠵᠣᠷᠢᠭᠲᠠᠢ ᠲᠤᠷᠰᠢᠵᠤ᠂ ᠵᠣᠷᠢᠭᠲᠠᠢ ᠰᠢᠪᠲᠤᠯᠤᠯᠲᠠ ᠬᠢᠵᠦ᠂ ᠭᠠᠵᠠᠷ ᠰᠢᠷᠣᠢ ᠶᠢᠨ ᠡᠵᠡᠩᠨᠡᠯᠲᠡ᠂ ᠨᠠᠭᠦᠷᠡᠰᠦᠲᠦ᠋ᠷᠦᠭᠴᠢ ᠬᠤᠷᠠᠮᠳᠤᠭᠤᠯᠬᠤ ᠠᠷᠠᠯᠵᠢᠶ᠎ᠠ ᠵᠡᠷᠭᠡ ᠰᠢᠨ᠎ᠡ ᠬᠡᠯᠪᠡᠷᠢ ᠶᠢᠨ ᠵᠠᠭᠪᠤᠷ  ᠢ ᠢᠳᠡᠪᠬᠢᠲᠡᠢ ᠰᠦᠪᠡᠭᠴᠢᠯᠡᠵᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠪᠤᠵᠠᠭᠠᠶᠢᠷᠠᠭᠤᠯᠵᠤ᠂ ᠬᠥᠭᠵᠢᠯᠲᠡ ᠶᠢᠨ ᠶᠠᠰᠤ ᠴᠢᠨᠠᠷ ᠎ ᠢ ᠳᠡᠭᠡᠭᠰᠢᠯᠡᠭᠦᠯᠵᠡᠢ᠃       ︽ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ︾ ᠦᠨᠡᠨ  ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠣᠪᠣᠷ  ᠢ ᠭᠦᠨᠵᠡᠭᠡᠢ ᠣᠶᠢᠯᠠᠭᠠᠨ ᠡᠵᠡᠮᠰᠢᠬᠦ ᠭᠡᠷᠡᠭᠲᠡᠢ᠃ ᠠᠰᠠᠭᠤᠳᠠᠯ ᠪᠣᠯ ᠴᠠᠭ ᠦᠶ᠎ᠡ ᠶᠢᠨ ᠲᠠᠭᠤᠨ ᠮᠥᠨ᠂ ᠠᠰᠠᠭᠤᠳᠠᠯ  ᠢ ᠬᠠᠷᠢᠭᠤᠯᠬᠤ ᠶᠢ ᠵᠢᠯᠤᠭᠤᠳᠬᠤ ᠪᠣᠯ ᠤᠨᠤᠯ ᠤᠨ ᠦᠨᠳᠦᠰᠦᠨ ᠡᠭᠦᠷᠭᠡ ᠮᠥᠨ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ  ᠤ ᠢᠯᠡ ᠲᠣᠳᠣ ᠬᠡᠪ ᠨᠠᠮᠪᠠ ᠮᠥᠨ ᠃ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠦᠢᠯᠡᠳᠦᠯᠭᠡ ᠳᠤᠮᠳᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠢᠮᠠᠭᠲᠠ ᠠᠰᠠᠭᠤᠳᠠᠯ  ᠢ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠭᠠᠷᠤᠭ᠎ᠠ ᠪᠣᠯᠭᠠᠵᠤ᠂ ᠵᠥᠷᠢᠴᠡᠯ  ᠢ ᠰᠢᠢᠳᠪᠦᠷᠢᠯᠡᠬᠦ᠂ ᠬᠦᠴᠢᠷ ᠠᠰᠠᠭᠤᠳᠠᠯ  ᠢ ᠰᠢᠢᠳᠪᠦᠷᠢᠯᠡᠬᠦ ᠶᠢ ᠰᠢᠨ᠎ᠡ ᠪᠠᠶᠢᠳᠠᠯ  ᠢ ᠨᠡᠭᠡᠭᠡᠬᠦ ᠰᠢᠪᠲᠤᠯᠤᠯᠲᠠ ᠶᠢᠨ ᠴᠡᠭ ᠪᠣᠯᠭᠠᠵᠤ᠂ ᠵᠣᠷᠢᠭᠲᠠᠢ ᠲᠡᠮᠡᠴᠡᠬᠦ᠂ ᠵᠣᠷᠢᠭᠲᠠᠢ ᠢᠯᠠᠬᠤ ᠳᠤᠮᠳᠠ ᠨᠠᠮ ᠪᠣᠯᠣᠨ ᠤᠯᠤᠰ ᠤᠨ ᠠᠵᠢᠯ ᠦᠢᠯᠡᠰ ᠤᠨ ᠳᠠᠪᠠᠯᠭᠠᠨ  ᠢ ᠵᠦᠰᠦᠨ ᠤᠷᠤᠭᠰᠢᠯᠠᠬᠤ ᠶᠢ ᠠᠬᠢᠭᠤᠯᠪᠠ᠃       ᠣᠶᠢᠷ᠎ᠠ ᠶᠢᠨ ᠵᠢᠯ ᠠᠴᠠ᠂ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ  ᠢ ᠰᠢᠢᠳᠪᠦᠷᠢᠯᠡᠬᠦ ᠤᠬᠠᠮᠰᠠᠷ᠂ ᠰᠢᠢᠳᠪᠦᠷᠢ ᠭᠠᠷᠭᠠᠬᠤ ᠰᠡᠳᠬᠢᠬᠦᠢ ᠪᠠᠷ ᠠᠵᠢᠯ ᠢᠶᠠᠨ ᠴᠢᠩᠭᠠᠳᠬᠠᠨ ᠰᠠᠶᠢᠵᠢᠷᠠᠭᠤᠯᠪᠠ᠃ ᠭᠠᠵᠠᠷ ᠣᠷᠣᠨ  ᠤ ᠤᠯᠤᠰ ᠲᠥᠷᠥ ᠶᠢᠨ ᠠᠮᠢ ᠠᠬᠤᠢ ᠬᠦᠨᠳᠦ ᠨᠣᠴᠢᠲᠠᠢ ᠡᠪᠳᠡᠭᠳᠡᠭᠰᠡᠨ ᠠᠰᠠᠭᠤᠳᠠᠯ ᠳᠤ ᠴᠢᠭᠯᠡᠭᠦᠯᠦᠨ᠂ ᠨᠡᠭᠦᠷᠡᠰᠦᠨ  ᠤ ᠡᠬᠢ ᠪᠠᠶᠠᠯᠢᠭ ᠤᠨ ᠬᠦᠷᠢᠶᠡᠨ ᠳᠠᠬᠢ ᠳᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ  ᠢ ᠲᠤᠰᠬᠠᠢ ᠴᠡᠭᠴᠡᠯᠡᠨ ᠵᠠᠰᠠᠬᠤ ᠠᠵᠢᠯ  ᠢ ᠥᠷᠨᠢᠭᠦᠯᠵᠦ᠂ ᠨᠡᠭᠦᠷᠡᠰᠦ ᠲᠠᠢ ᠬᠤᠯᠪᠣᠭᠳᠠᠭᠰᠠᠨ ᠬᠦᠷᠢᠶᠡᠨ  ᠤ ᠢᠯᠵᠠᠷᠠᠯ ᠢ ︽20 ᠵᠢᠯ ᠬᠡᠳᠡᠷᠬᠦ ᠪᠠᠶᠢᠴᠠᠭᠠᠬᠤ︾ ᠠᠵᠢᠯᠯᠠᠭ᠎ᠠ ᠶᠢ ᠦᠷᠨᠢᠭᠦᠯᠵᠠᠢ; ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ  ᠢ ᠪᠣᠯᠭᠢᠴᠢᠯᠠᠬᠤ ᠠᠷᠠᠯᠵᠢᠶᠠᠯᠠᠬᠤ ᠠᠰᠠᠭᠤᠳᠠᠯ  ᠢ ᠲᠥᠪᠯᠡᠷᠡᠭᠦᠯᠦᠨ ᠵᠠᠰᠠᠬᠤ ᠶᠢ ᠥᠷᠨᠢᠭᠦᠯᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ᠂ ︽ᠵᠢᠵᠢᠭ ᠪᠦᠯᠬᠦᠮ ᠤᠨ ᠰᠣᠶᠣᠯ︾ ︽ᠤᠯᠤᠰ ᠲᠥᠷᠥ ᠶᠢᠨ ᠵᠠᠪᠰᠢᠭᠴᠢ ᠪᠣᠯᠬᠤ︾ ︽ᠤᠯᠤᠰ ᠲᠥᠷᠥ ᠶᠢᠨ ᠥᠮᠥᠭ ᠡᠷᠢᠬᠦ︾ ᠵᠡᠷᠭᠡ ᠦᠵᠡᠭᠳᠡᠯ  ᠢ ᠴᠡᠭᠴᠡᠯᠡᠨ ᠵᠠᠰᠠᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠠ᠃ ᠵᠠᠷᠢᠮ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠳᠤ ᠴᠢᠭᠯᠡᠭᠦᠯᠦᠨ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ 12 ᠵᠤᠷᠪᠤᠰ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠪᠠ ᠠᠯᠳᠠᠭ᠎ᠠ ᠪᠤᠷᠤᠭᠤ ᠶᠢ ᠵᠠᠯᠠᠷᠠᠭᠤᠯᠬᠤ ᠠᠵᠢᠯ ᠎ ᠢ ᠤᠯᠠᠮ ᠠᠬᠢᠭᠤᠯᠬᠤ 8 ᠵᠤᠷᠪᠤᠰ ᠰᠠᠨᠠᠯ  ᠢ ᠲᠣᠭᠲᠠᠭᠠᠵᠤ᠂ ᠪᠥᠬᠦ ᠣᠷᠣᠨ  ᠤ ᠬᠡᠪᠴᠢᠶᠡᠨ ᠳᠤ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾᠎ ᠢ ᠰᠢᠯᠭᠠᠷᠠᠭᠤᠯᠤᠨ ᠬᠥᠬᠢᠭᠦᠯᠵᠦ᠂ ᠤᠯᠤᠰ ᠲᠥᠷᠥ ᠶᠢᠨ ᠬᠡᠪ ᠪᠤᠯᠪᠠᠰᠤᠷᠠᠯ ᠪᠠᠲᠤ ᠴᠢᠩᠭ᠎ᠠ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ᠂ ᠠᠵᠢᠯ ᠤᠨ ᠪᠣᠳᠠᠲᠤ ᠠᠮᠵᠢᠯᠲᠠ ᠪᠦᠲᠦᠮᠵᠢ ᠪᠠᠷ ᠲᠣᠪᠣᠶᠢᠮ᠎ᠠ ᠺᠠᠳ᠋ᠷ  ᠢ ᠶᠡᠭᠡ ᠪᠠᠷ ᠬᠥᠬᠢᠭᠦᠯᠦᠨ ᠰᠠᠶᠢᠰᠢᠶᠠᠵᠤ᠂ ᠵᠣᠷᠢᠭᠲᠠᠢ ᠪᠠᠷ ᠬᠡᠷᠡᠭᠯᠡᠬᠦ ᠶᠢᠨ ᠬᠠᠮᠲᠤ ᠠᠵᠢᠯ ᠬᠢᠬᠦ ᠦᠭᠡᠢ᠂ ᠠᠵᠢᠯ ᠢᠶᠠᠨ ᠰᠠᠶᠢᠲᠤᠷ ᠬᠢᠬᠦ ᠦᠭᠡᠢ ᠺᠠᠳ᠋ᠷ ᠲᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠪᠥᠬᠦ ᠣᠷᠣᠨ  ᠤ ᠳᠡᠭᠡᠷ᠎ᠡ ᠳᠣᠣᠷ᠎ᠠ ᠱᠠᠲᠤᠨ ᠳᠤ ᠪᠣᠳᠠᠲᠠᠢ ᠠᠵᠢᠯᠯᠠᠭᠴᠢ᠂ ᠬᠠᠷᠢᠭᠤᠴᠠᠯᠭ᠎ᠠ ᠡᠭᠦᠷᠭᠡᠯᠡᠭᠴᠢ ᠶᠢ ᠴᠢᠬᠤᠯᠠᠴᠢᠯᠠᠨ ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠪᠤᠢ ᠪᠣᠯᠭᠠᠪᠠ᠃ ᠠᠵᠢᠯ ᠤᠨ ᠰᠤᠷᠲᠠᠯ ᠦᠨᠡᠨ ᠪᠣᠳᠠᠲᠠᠢ ᠪᠤᠰᠤ ᠠᠰᠠᠭᠤᠳᠠᠯ ᠳᠤ ᠴᠢᠭᠯᠡᠭᠦᠯᠦᠨ᠂ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ︵ᠬᠤᠷᠠᠯ ᠣᠯᠠᠨ᠂ ᠠᠵᠢᠯᠯᠠᠭ᠎ᠠ ᠣᠯᠠᠨ᠂ ᠭᠠᠳᠠᠭᠰᠢ ᠭᠠᠷᠬᠤ ᠨᠢ ᠣᠯᠠᠨ᠂ ᠪᠠᠶᠢᠴᠠᠭᠠᠨ ᠰᠤᠳᠤᠯᠤᠯᠲᠠ ᠬᠢᠬᠦ ᠮᠡᠳᠡᠭᠦᠯᠦᠯᠲᠡ ᠬᠢᠬᠦ ᠨᠢ ᠴᠥᠭᠡᠨ᠂ ᠠᠵᠢᠯ ᠤᠨ ᠰᠡᠳᠬᠢᠮᠵᠢ ᠴᠥᠭᠡᠨ᠂ ᠪᠣᠳᠠᠲᠠᠢ ᠠᠰᠠᠭᠤᠳᠠᠯ  ᠢ ᠰᠢᠢᠳᠪᠦᠷᠢᠯᠡᠬᠦ ᠨᠢ ᠴᠥᠭᠡᠨ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ ᠤᠳᠠᠭᠠᠨ᠂ ᠬᠥᠳᠡᠯᠬᠦ ᠨᠢ ᠤᠳᠠᠭᠠᠨ᠂ ᠦᠷ᠎ᠡ ᠳ᠋ᠦᠩ ᠭᠠᠷᠭᠠᠬᠤ ᠨᠢ ᠤᠳᠠᠭᠠᠨ︶ ᠵᠡᠷᠭᠡ ᠭᠤᠷᠪᠠᠨ ᠡᠪᠡᠳᠴᠢᠨ  ᠤ ᠦᠨᠳᠦᠰᠦ ᠶᠢ ᠣᠨᠣᠪᠴᠢᠲᠠᠢ ᠡᠷᠢᠵᠦ᠂ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾ 3 ᠵᠣᠷ ᠭᠠᠷᠭᠠᠵᠤ᠂ ᠰᠤᠷᠲᠠᠯ ᠤᠨ ᠪᠠᠶᠢᠭᠤᠯᠤᠯᠲᠠ ᠳᠠᠬᠢ ᠠᠷᠬᠠᠭ ᠬᠡᠮ ᠪᠠ ᠮᠠᠭᠤ ᠳᠠᠳᠬᠠᠯ  ᠢ ᠴᠢᠷᠮᠠᠶᠢᠨ ᠠᠷᠢᠯᠭᠠᠪᠠ᠃ ᠰᠢᠨ᠎ᠡ ᠠᠶᠠᠨ ᠳᠤ᠂ ᠪᠢᠳᠡ ᠦᠷᠭᠦᠯᠵᠢᠯᠡᠨ ᠠᠰᠠᠭᠤᠳᠠᠯ  ᠢ ᠣᠨᠢᠯᠠᠵᠤ᠂ ᠠᠰᠠᠭᠤᠳᠠᠯ  ᠢ ᠤᠭᠲᠤᠨ ᠣᠷᠣᠵᠤ᠂ ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ ᠳᠠᠭᠠᠷᠠᠪᠠᠯ ᠬᠥᠭᠦᠷᠭᠡ ᠲᠠᠯᠪᠢᠵᠤ᠂ ᠠᠰᠠᠭᠤᠳᠠᠯ  ᠢ ᠲᠠᠰᠤᠷᠠᠯᠲᠠ ᠦᠭᠡᠢ ᠰᠢᠢᠳᠪᠦᠷᠢᠯᠡᠬᠦ ᠳᠤᠮᠳᠠ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ  ᠢ ᠡᠭᠦᠳᠬᠦ ᠪᠣᠯᠣᠨ᠎ᠠ᠃       ︽ᠰᠢᠰᠲ᠋ᠧᠮᠲᠦ ᠦᠵᠡᠯᠲᠡ ᠶᠢ ᠪᠠᠷᠢᠮᠲᠠᠯᠠᠬᠤ︾ ᠰᠢᠨᠵᠢᠯᠡᠬᠦ ᠤᠬᠠᠭᠠᠨᠴᠢ ᠰᠡᠳᠬᠢᠬᠦᠢ ᠶᠢᠨ ᠠᠷᠭ᠎ᠠ ᠶᠢ ᠭᠦᠨᠵᠡᠭᠡᠢ ᠣᠶᠢᠯᠠᠭᠠᠨ ᠡᠵᠡᠮᠰᠢᠪᠡ᠃ ᠰᠢᠰᠲ᠋ᠧᠮᠲᠦ ᠦᠵᠡᠯᠲᠡ ᠪᠣᠯ ᠬᠤᠪᠢᠰᠤᠩᠭᠤᠢ ᠪᠣᠳᠠᠰᠴᠢ ᠦᠵᠡᠯ ᠤᠨ ᠴᠢᠬᠤᠯᠠ ᠲᠠᠨᠢᠯᠲᠠ ᠶᠢᠨ ᠤᠨᠤᠯ ᠪᠠ ᠠᠷᠭ᠎ᠠ ᠶᠢᠨ ᠤᠨᠤᠯ ᠮᠥᠨ᠂ ᠰᠠᠭᠤᠷᠢ ᠴᠢᠨᠠᠷᠲᠠᠢ ᠦᠵᠡᠯ ᠰᠠᠨᠠᠭ᠎ᠠ ᠪᠠ ᠠᠵᠢᠯᠯᠠᠬᠤ ᠠᠷᠭ᠎ᠠ ᠮᠥᠨ᠃ ᠶᠡᠷᠦᠩᠬᠡᠢ ᠱᠦᠵᠢ ᠰᠢ ᠶᠢᠨ ᠫᠢᠩ ᠢᠮᠠᠭᠲᠠ ᠰᠢᠰᠲ᠋ᠧᠮᠲᠦ ᠰᠡᠳᠬᠢᠬᠦᠢ᠂ ᠪᠥᠬᠦ ᠲᠠᠯ᠎ᠠ ᠶᠢ ᠲᠥᠯᠥᠪᠵᠢᠭᠦᠯᠬᠦ ᠶᠢ ᠪᠠᠷᠢᠮᠲᠠᠯᠠᠵᠤ᠂ ᠨᠡᠶᠢᠳᠡᠮ ᠬᠤᠯᠪᠣᠯᠳᠤᠭᠰᠠᠨ᠂ ᠪᠥᠬᠦ ᠲᠠᠯ᠎ᠠ ᠶᠢᠨ ᠰᠢᠰᠲ᠋ᠧᠮ ᠲᠠᠢ᠂ ᠬᠥᠭᠵᠢᠯᠲᠡ ᠬᠤᠪᠢᠷᠠᠯᠲᠠ ᠶᠢᠨ ᠦᠵᠡᠯᠲᠡ ᠪᠠᠷ ᠬᠡᠷᠡᠭ ᠪᠣᠳᠠᠰ  ᠢ ᠠᠵᠢᠭᠯᠠᠵᠤ᠂ ᠬᠡᠷᠡᠭ ᠪᠣᠳᠠᠰ ᠤᠨ ᠬᠥᠭᠵᠢᠯᠲᠡ ᠶᠢᠨ ᠵᠢᠮ᠎ᠡ ᠶᠣᠰᠣ ᠶᠢ ᠡᠵᠡᠮᠳᠡᠵᠦ᠂ ᠪᠢᠳᠠᠨ  ᠤ ᠪᠤᠳᠤᠯᠢᠶᠠᠨᠲᠠᠢ ᠪᠠᠶᠢᠳᠠᠯ  ᠢ ᠠᠷᠭᠠᠴᠠᠭᠠᠬᠤ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠰᠢᠨᠵᠢᠯᠡᠬᠦ ᠤᠬᠠᠭᠠᠨᠴᠢ ᠵᠢᠷᠤᠮᠯᠠᠯ ᠬᠠᠩᠭᠠᠵᠠᠢ᠃       ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠲᠠᠪᠤᠨ ᠶᠡᠭᠡ ᠡᠭᠦᠷᠭᠡ ᠶᠢ ᠲᠣᠳᠣᠷᠬᠠᠶᠢᠯᠠᠵᠤ᠂ ᠪᠢᠳᠠᠨ  ᠢ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾᠎ ᠶᠢ ᠰᠠᠶᠢᠲᠤᠷ ᠪᠦᠲᠦᠭᠡᠨ ᠪᠠᠶᠢᠭᠤᠯᠬᠤ ᠭᠡᠷᠡᠭᠲᠡᠶ ᠭᠡᠵᠦ ᠱᠠᠭᠠᠷᠳᠠᠪᠠ᠃ ᠡᠨᠡ ᠲᠠᠪᠤᠨ ᠶᠡᠭᠡ ᠡᠭᠦᠷᠭᠡ ᠪᠣᠯ ᠬᠠᠷᠢᠯᠴᠠᠨ ᠬᠤᠯᠪᠣᠭ᠎ᠠ ᠲᠠᠢ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠡᠭᠦᠨ ᠳᠤ ᠠᠮᠢ ᠠᠬᠤᠢ ᠶᠢᠨ ᠠᠮᠤᠷ ᠲᠦᠪᠰᠢᠨ ᠪᠣᠯ ᠣᠷᠣᠰᠢᠨ ᠲᠣᠭᠲᠠᠨᠢᠬᠤ ᠶᠢᠨ ᠦᠨᠳᠦᠰᠦ᠂ ᠠᠮᠤᠷ ᠲᠦᠪᠰᠢᠨ ᠲᠣᠭᠲᠠᠭᠤᠨ ᠪᠣᠯ ᠬᠥᠭᠵᠢᠯᠲᠡ ᠶᠢᠨ ᠤᠷᠢᠲᠠᠯ᠂ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠦᠢᠯᠡᠳᠪᠦᠷᠢᠯᠡᠯ ᠪᠣᠯ ᠬᠥᠭᠵᠢᠯᠲᠡ ᠶᠢᠨ ᠲᠤᠯᠭᠠᠭᠤᠷᠢ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ  ᠤ ᠦᠢᠯᠡᠳᠪᠦᠷᠢᠯᠡᠯ ᠪᠣᠯ ᠬᠥᠭᠵᠢᠯᠲᠡ ᠶᠢᠨ ᠰᠠᠭᠤᠷᠢ᠂ ᠭᠠᠳᠠᠭᠰᠢ ᠨᠡᠭᠡᠭᠡᠯᠲᠡ ᠬᠢᠬᠦ ᠪᠣᠯ ᠬᠥᠭᠵᠢᠯᠲᠡ ᠶᠢᠨ ᠬᠥᠳᠡᠯᠭᠡᠬᠦ ᠡᠨᠧᠷᠭᠢ ᠮᠥᠨ᠃ ᠪᠢᠳᠡ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠶᠢ ᠥᠪᠥᠷ ᠮᠣᠩᠭᠤᠯ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠶᠡᠷᠦᠩᠬᠡᠶᠢᠯᠡᠨ ᠵᠢᠯᠤᠭᠤᠳᠬᠤ ᠴᠢᠨᠠᠷᠲᠠᠢ ᠭᠠᠷᠳᠠᠴᠠ᠂ ᠶᠡᠷᠦᠩᠬᠡᠶᠢᠯᠡᠨ ᠬᠠᠮᠢᠶᠠᠷᠬᠤ ᠴᠢᠨᠠᠷᠲᠠᠢ ᠱᠠᠭᠠᠷᠳᠠᠯᠭ᠎ᠠ ᠪᠣᠯᠭᠠᠬᠤ ᠶᠢ ᠪᠠᠷᠢᠮᠲᠠᠯᠠᠵᠤ᠂ ᠪᠠᠷᠠᠯᠠᠯᠳᠤ ᠴᠢᠨᠠᠷᠲᠠᠢ ᠪᠠᠷ ᠰᠡᠳᠬᠢᠬᠦ᠂ ᠪᠥᠬᠦ ᠲᠠᠯ᠎ᠠ ᠶᠢᠨ ᠴᠢᠨᠠᠷᠲᠠᠢ ᠪᠠᠷ ᠲᠥᠯᠥᠪᠵᠢᠭᠦᠯᠬᠦ᠂ ᠪᠦᠬᠦᠯᠢ ᠴᠣᠭᠴᠠ ᠶᠢᠨ ᠴᠢᠨᠠᠷᠲᠠᠢ ᠪᠠᠷ ᠠᠬᠢᠭᠤᠯᠬᠤ ᠶᠢ ᠴᠢᠩᠭᠠᠳᠬᠠᠵᠤ᠂ 5 ᠪᠣᠳᠠᠲᠠᠢ ᠬᠡᠷᠡᠭᠵᠢᠭᠦᠯᠬᠦ ᠲᠥᠰᠥᠯ  ᠢ ᠰᠢᠰᠲ᠋ᠧᠮ ᠲᠠᠢ ᠰᠤᠳᠤᠯᠤᠨ ᠲᠣᠭᠲᠠᠭᠠᠵᠤ᠂ ᠲᠥᠰᠥᠯ ᠪᠦᠷᠢ ᠳᠤ ᠴᠥᠮ ᠪᠣᠳᠠᠲᠠᠢ ᠬᠠᠷᠠᠯᠲᠠ᠂ ᠡᠭᠦᠷᠭᠡ᠂ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠰᠢᠨ᠎ᠡ ᠠᠶᠠᠨ ᠳᠤ᠂ ᠪᠢᠳᠡ ᠬᠠᠷᠠᠯᠲᠠ ᠪᠠᠨ ᠣᠨᠢᠯᠠᠨ᠂ ᠡᠴᠦᠰ ᠲᠤᠨᠢ ᠲᠤᠯᠲᠠᠯ᠎ᠠ ᠬᠢᠵᠦ᠂ ᠮᠠᠨ  ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ  ᠤ ᠬᠠᠯᠬᠠᠪᠴᠢ ᠶᠢ ᠰᠦᠢᠷᠡᠰᠢ ᠦᠭᠡᠢ ᠪᠠᠲᠤ ᠪᠠᠬᠢ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ  ᠤ ᠬᠠᠯᠬᠠᠪᠴᠢ ᠶᠢ ᠡᠪᠳᠡᠷᠡᠰᠢ ᠦᠭᠡᠢ ᠪᠠᠲᠤ ᠪᠠᠬᠢ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ  ᠢ ᠡᠷᠴᠢᠮᠲᠡᠢ ᠪᠦᠲᠦᠭᠡᠨ ᠪᠠᠶᠢᠭᠤᠯᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ  ᠤ ᠦᠢᠯᠡᠳᠪᠦᠷᠢᠯᠡᠯ ᠤᠨ ᠰᠠᠭᠤᠷᠢᠨ  ᠢ ᠲᠤᠭ᠎ᠠ ᠬᠡᠮᠵᠢᠶ᠎ᠡ ᠪᠠᠷ ᠶᠡᠭᠡ ᠪᠥᠭᠡᠳ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠰᠦᠷᠯᠢᠭ ᠥᠷᠨᠢᠭᠦᠨ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠣᠯᠠᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ᠃       ︽ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ  ᠢ ᠪᠠᠭᠲᠠᠭᠠᠬᠤ ᠶᠢ ᠪᠠᠷᠢᠮᠲᠠᠯᠠᠬᠤ︾ ᠠᠤᠭ᠎ᠠ ᠶᠡᠭᠡ ᠬᠠᠷᠠᠭᠠᠰᠤ ᠪᠠᠶᠢᠷᠢᠰᠢᠯ ᠢ ᠭᠦᠨᠵᠡᠭᠡᠢ ᠣᠶᠢᠯᠠᠭᠠᠨ ᠡᠵᠡᠮᠳᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ  ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠨᠠᠮ ᠮᠥᠨ᠂ ᠪᠠᠰᠠ ᠴᠤ ᠬᠥᠮᠥᠨ ᠲᠥᠷᠥᠯᠬᠢᠲᠡᠨ  ᠤ ᠳᠠᠪᠰᠢᠯᠲᠠ ᠶᠢᠨ ᠲᠥᠯᠥᠭᠡ᠂ ᠳᠡᠯᠡᠬᠡᠢ ᠳ᠋ᠠᠬᠢᠨ  ᠤ ᠡᠪ ᠨᠢᠭᠡᠳᠦᠯ ᠤᠨ ᠲᠥᠯᠥᠭᠡ ᠴᠢᠷᠮᠠᠶᠢᠬᠤ ᠨᠠᠮ ᠮᠥᠨ᠃ ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠳᠤ᠂ ᠮᠠᠨ  ᠤ ᠨᠠᠮ ᠢᠮᠠᠭᠲᠠ ᠳᠡᠯᠡᠬᠡᠢ ᠶᠢᠨ ᠬᠠᠷᠠᠭᠠᠰᠤ ᠪᠠᠷ ᠬᠥᠮᠥᠨ ᠲᠥᠷᠥᠯᠬᠢᠲᠡᠨ  ᠤ ᠢᠷᠡᠭᠡᠳᠦᠢ ᠬᠤᠪᠢ ᠵᠠᠶᠠᠭ᠎ᠠ ᠶᠢ ᠠᠩᠬᠠᠷᠴᠤ᠂ ᠬᠥᠮᠥᠨ ᠲᠥᠷᠥᠯᠬᠢᠲᠡᠨ  ᠤ ᠬᠥᠭᠵᠢᠯᠲᠡ ᠶᠢᠨ ᠶᠡᠭᠡ ᠤᠷᠤᠰᠬᠠᠯ᠂ ᠳᠡᠯᠡᠬᠡᠢ ᠶᠢᠨ ᠬᠤᠪᠢᠷᠠᠯᠲᠠ ᠶᠢᠨ ᠶᠡᠭᠡ ᠪᠠᠶᠢᠷᠢᠰᠢᠯ᠂ ᠳᠤᠮᠳᠠᠳᠤ ᠤᠯᠤᠰ ᠤᠨ ᠬᠥᠭᠵᠢᠯᠲᠡ ᠶᠢᠨ ᠶᠡᠭᠡ ᠲᠡᠦᠬᠡ ᠠᠴᠠ ᠭᠠᠳᠠᠭᠠᠳᠤ ᠶᠢᠷᠲᠢᠨᠴᠦ ᠯᠦᠭᠡ ᠶᠢᠨ ᠬᠠᠷᠢᠯᠴᠠᠭ᠎ᠠ ᠶᠢ ᠵᠥᠪ ᠲᠠᠨᠢᠨ ᠰᠢᠢᠳᠪᠦᠷᠢᠯᠡᠵᠦ᠂ ᠢᠮᠠᠭᠲᠠ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠬᠥᠮᠥᠨ ᠲᠥᠷᠥᠯᠬᠢᠲᠡᠨ  ᠤ ᠪᠣᠯᠪᠠᠰᠤᠨ  ᠤ ᠳᠠᠪᠰᠢᠯᠲᠠ ᠶᠢᠨ ᠲᠠᠯ᠎ᠠ ᠳᠤ ᠵᠣᠭᠰᠣᠵᠤ᠂ ᠳᠡᠯᠡᠬᠡᠢ ᠶᠢᠨ ᠬᠥᠭᠵᠢᠯᠲᠡ ᠪᠠ ᠬᠥᠮᠥᠨ ᠲᠥᠷᠥᠯᠬᠢᠲᠡᠨ  ᠤ ᠳᠠᠪᠰᠢᠯᠲᠠ ᠶᠢᠨ ᠦᠢᠯᠡᠰ ᠲᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠶᠤᠮ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠵᠤ ᠂ ᠶᠡᠷᠦᠩᠬᠡᠢ ᠱᠦᠵᠢ ᠰᠢ ᠶᠢᠨ ᠫᠢᠩ ᠬᠥᠮᠥᠨ ᠲᠥᠷᠥᠯᠬᠢᠲᠡᠨ  ᠤ ᠢᠷᠡᠭᠡᠳᠦᠢ ᠬᠤᠪᠢ ᠵᠠᠶᠠᠭ᠎ᠠ ᠠᠴᠠ ᠡᠭᠦᠰᠴᠦ᠂ ᠬᠥᠮᠥᠨ ᠲᠥᠷᠥᠯᠬᠢᠲᠡᠨ  ᠤ ᠬᠤᠪᠢ ᠵᠠᠶᠠᠭᠠᠨ  ᠤ ᠬᠠᠮᠲᠤ ᠶᠢᠨ ᠴᠣᠭᠴᠠ ᠶᠢ ᠪᠠᠶᠢᠭᠤᠯᠬᠤ ᠴᠢᠬᠤᠯᠠ ᠶᠡᠭᠡ ᠰᠠᠨᠠᠭᠠᠴᠢᠯᠠᠭ᠎ᠠ ᠶᠢ ᠢᠯᠡ ᠲᠣᠳᠣᠷᠬᠠᠢ ᠳᠤᠷᠠᠳᠤᠭᠰᠠᠨ ᠪᠥᠭᠡᠳ ᠭᠦᠨ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠥᠬᠦ ᠪᠦᠮᠪᠦᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠥᠬᠦ ᠪᠦᠮᠪᠦᠷᠴᠡᠭ ᠤᠨ ᠠᠮᠤᠷ ᠲᠦᠪᠰᠢᠨ  ᠤ ᠰᠠᠨᠠᠭᠠᠴᠢᠯᠠᠭ᠎ᠠ ᠶᠢ ᠳᠤᠷᠠᠳᠴᠤ᠂ ᠳᠤᠮᠳᠠᠳᠤ ᠤᠯᠤᠰ ᠤᠨ ᠠᠮᠤᠷ ᠲᠦᠪᠰᠢᠨ  ᠤ ᠦᠵᠡᠯᠲᠡ᠂ ᠬᠥᠭᠵᠢᠯᠲᠡ ᠶᠢᠨ ᠦᠵᠡᠯᠲᠡ᠂ ᠵᠢᠷᠤᠮ ᠠᠰᠢᠭ ᠤᠨ ᠦᠵᠡᠯᠲᠡ᠂ ᠳᠡᠯᠡᠬᠡᠶᠢᠵᠢᠯᠲᠡ ᠶᠢᠨ ᠦᠵᠡᠯᠲᠡ᠂ ᠪᠥᠬᠦ ᠪᠦᠮᠪᠦᠷᠴᠡᠭ ᠤᠨ ᠵᠠᠰᠠᠯᠲᠠ ᠶᠢᠨ ᠦᠵᠡᠯᠲᠡ ᠶᠢ ᠲᠣᠳᠣᠷᠬᠠᠶᠢᠯᠠᠵᠤ᠂ ᠪᠥᠬᠦ ᠬᠥᠮᠥᠨ ᠲᠥᠷᠥᠯᠬᠢᠲᠡᠨ  ᠤ ᠬᠠᠮᠲᠤ ᠶᠢᠨ ᠥᠷᠲᠡᠭ  ᠢ ᠪᠠᠳᠠᠷᠠᠭᠤᠯᠬᠤ᠂ ᠰᠢᠨ᠎ᠡ ᠬᠡᠯᠪᠡᠷᠢ ᠶᠢᠨ ᠣᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠳᠤᠷᠠᠳᠴᠤ᠂ ᠥᠨᠢ ᠤᠳᠠᠭᠠᠨ ᠡᠩᠬᠡ ᠲᠠᠶᠢᠪᠤᠩ᠂ ᠨᠡᠶᠢᠳᠡᠮ ᠳᠡᠭᠡᠨ ᠠᠮᠤᠷ ᠲᠦᠪᠰᠢᠨ᠂ ᠬᠠᠮᠲᠤ ᠪᠠᠷ ᠴᠡᠴᠡᠭᠯᠡᠨ ᠬᠥᠭᠵᠢᠬᠦ᠂ ᠨᠡᠭᠡᠭᠡᠯᠲᠡᠲᠡᠢ ᠪᠠᠭᠲᠠᠭᠠᠮᠵᠢᠲᠠᠢ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠬᠤ ᠰᠠᠶᠢᠨ ᠰᠠᠶᠢᠬᠠᠨ ᠬᠡᠲᠦ ᠶᠢᠨ ᠲᠥᠯᠥᠪ ᠢ ᠵᠢᠷᠤᠭᠯᠠᠵᠤ᠂ ᠳᠡᠯᠡᠬᠡᠢ ᠶᠢᠨ ᠡᠩᠬᠡ ᠲᠠᠶᠢᠪᠤᠩ  ᠢ ᠬᠠᠮᠠᠭᠠᠯᠠᠬᠤ ᠪᠠ ᠬᠠᠮᠲᠤ ᠶᠢᠨ ᠬᠥᠭᠵᠢᠯᠲᠡ ᠶᠢ ᠠᠬᠢᠭᠤᠯᠬᠤ ᠳᠤ ᠳᠤᠮᠳᠠᠳᠤ ᠤᠯᠤᠰ ᠤᠨ ᠣᠶᠤᠨ ᠤᠬᠠᠭᠠᠨ᠂ ᠳᠤᠮᠳᠠᠳᠤ ᠤᠯᠤᠰ ᠤᠨ ᠲᠥᠰᠥᠯ ᠢ ᠬᠠᠩᠭᠠᠵᠠᠢ᠃       ᠶᠡᠷᠦᠩᠬᠡᠢ ᠱᠦᠵᠢ ᠰᠢ ᠶᠢᠨ ᠫᠢᠩ᠄ ︽ᠥᠪᠥᠷ ᠮᠣᠩᠭᠤᠯ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠎ ᠤ ᠠᠵᠢᠯ  ᠢ ᠰᠠᠶᠢᠲᠤᠷ ᠬᠢᠬᠦ ᠨᠢ ᠪᠥᠬᠦ ᠤᠯᠤᠰ᠂ ᠳᠡᠯᠡᠬᠡᠢ ᠳ᠋ᠠᠬᠢᠨ ᠳᠤ ᠴᠥᠮ ᠢᠳᠡᠪᠬᠢᠲᠡᠢ ᠠᠴᠢ ᠬᠤᠯᠪᠣᠭᠳᠠᠯ ᠲᠠᠢ ᠶᠤᠮ︾ ᠭᠡᠵᠦ ᠵᠢᠭᠠᠵᠤ ᠭᠠᠷᠭᠠᠪᠠ᠂ ᠥᠪᠥᠷ ᠮᠣᠩᠭᠤᠯ ᠨᠢ ᠤᠯᠤᠰ ᠤᠨ ᠳᠣᠲᠣᠭᠠᠳᠤ ᠳᠤ ᠨᠠᠢᠮᠠᠨ ᠮᠤᠵᠢ ᠣᠷᠣᠨ ᠲᠠᠢ ᠵᠠᠯᠭᠠᠯᠳᠤᠵᠤ᠂ ᠭᠠᠳᠠᠭᠰᠢ ᠪᠠᠨ ᠣᠷᠣᠰ ᠪᠠ ᠮᠣᠩᠭᠤᠯ ᠤᠯᠤᠰ ᠲᠠᠢ ᠬᠥᠷᠰᠢᠯᠡᠵᠦ᠂ ᠲᠡᠦᠬᠡᠨ ᠳᠡᠭᠡᠷ᠎ᠡ ︽ᠲᠠᠯ᠎ᠠ ᠨᠤᠲᠤᠭ ᠤᠨ ᠲᠣᠷᠭᠠᠨ ᠵᠠᠮ︾ ᠪᠠ ︽ᠲᠦᠮᠡᠨ ᠭᠠᠵᠠᠷ ᠤᠨ ᠴᠠᠢ ᠶᠢᠨ ᠵᠠᠮ︾᠎ ᠤᠨ ᠴᠢᠬᠤᠯᠠ ᠬᠦᠢᠰᠦ ᠪᠠ ᠨᠡᠪᠲᠡᠷᠡᠬᠦ ᠵᠠᠮ ᠪᠠᠶᠢᠵᠤ᠂ ᠣᠲᠣ ᠪᠣᠯ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠵᠠᠢ᠃ ᠣᠳᠣᠬᠠᠨ ᠳᠤ᠂ ᠮᠠᠨ  ᠤ ᠤᠯᠤᠰ ᠶᠠᠭ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ  ᠢ ᠲᠦᠷᠭᠡᠳᠬᠡᠨ ᠪᠠᠶᠢᠭᠤᠯᠵᠤ ᠪᠠᠶᠢᠨ᠎ᠠ᠃ ᠪᠢᠳᠡ ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾᠎ ᠶᠢ ᠪᠠᠭᠲᠠᠭᠠᠵᠤ᠂ ᠥᠨᠳᠥᠷ ᠲᠤ ᠵᠣᠭᠰᠣᠨ ᠠᠯᠤᠰ  ᠢ ᠪᠠᠷᠠᠯᠠᠵᠤ᠂ ᠥᠪᠥᠷ ᠮᠣᠩᠭᠤᠯ ᠠᠴᠠ ᠭᠠᠷᠴᠤ ᠥᠪᠥᠷ ᠮᠣᠩᠭᠤᠯ  ᠢ ᠬᠠᠷᠠᠵᠤ᠂ ᠬᠢᠯᠢ ᠳᠠᠭᠠᠤ ᠨᠡᠭᠡᠭᠡᠯᠲᠡ ᠬᠢᠬᠦ ᠥᠪᠡᠷᠮᠢᠴᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠡᠩ ᠰᠠᠶᠢᠲᠤᠷ ᠦᠢᠯᠡᠴᠢᠯᠡᠵᠦ ᠠᠭᠤᠰᠤᠯᠴᠠᠨ᠎ᠠ᠃ ᠪᠢᠳᠡ ᠨᠡᠩ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠨᠡᠭᠡᠭᠡᠯᠲᠡ ᠬᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠪᠠ ᠭᠠᠵᠠᠷ ᠣᠷᠣᠨ ᠯᠤᠭ᠎ᠠ ᠶᠢᠨ ᠠᠵᠤ ᠠᠬᠤᠢ ᠠᠷᠠᠯᠵᠢᠶᠠᠨ  ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠣᠲᠣᠭᠠᠳᠤ ᠭᠠᠳᠠᠭᠠᠳᠤ ᠶᠢ ᠬᠤᠯᠪᠣᠵᠤ᠂ ᠡᠷᠭᠢᠨ ᠲᠣᠭᠤᠷᠢᠨ  ᠢ ᠬᠠᠮᠤᠷᠴᠤ᠂ ᠡᠬᠢ ᠪᠠᠶᠠᠯᠢᠭ  ᠢ ᠲᠥᠪᠯᠡᠷᠡᠭᠦᠯᠦᠨ ᠲᠠᠷᠬᠠᠭᠠᠵᠤ᠂ ᠡᠯᠧᠮᠧᠨ᠋ᠲ  ᠢ ᠠᠭᠤᠰᠤᠯᠴᠠᠭᠤᠯᠤᠨ ᠨᠡᠪᠲᠡᠷᠡᠯᠴᠡᠭᠦᠯᠦᠭᠰᠡᠨ ᠪᠥᠬᠦ ᠣᠷᠣᠨ ᠪᠦᠰᠡ ᠶᠢᠨ ᠨᠡᠭᠡᠭᠡᠯᠲᠡ ᠬᠢᠬᠦ ᠲᠠᠪᠴᠠᠩ  ᠢ ᠲᠦᠷᠭᠡᠳᠬᠡᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠴᠢᠬᠤᠯᠠ ᠵᠠᠩᠭᠢᠯᠠᠭ᠎ᠠ ᠶᠢᠨ ᠴᠡᠭ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠤᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠴᠡᠭ  ᠢ ᠴᠣᠭᠴᠠᠯᠠᠵᠤ᠂ ᠪᠥᠬᠦ ᠤᠯᠤᠰ ᠤᠨ ᠪᠥᠬᠦ ᠲᠠᠯ᠎ᠠ ᠳᠤ ᠭᠡᠷᠡᠯ ᠭᠢᠯᠪᠠᠭ᠎ᠠ ᠨᠡᠮᠡᠷᠢᠯᠡᠬᠦ ᠪᠠᠷ ᠴᠢᠷᠮᠠᠶᠢᠨ᠎ᠠ᠃            ︵ᠵᠣᠬᠢᠶᠠᠭᠴᠢ ᠪᠣᠯ ᠥᠪᠥᠷ ᠮᠣᠩᠭᠤᠯ ᠤᠨ ᠥᠪᠡᠷᠲᠡᠭᠡᠨ            ᠵᠠᠰᠠᠬᠤ ᠣᠷᠣᠨ  ᠤ ᠨᠠᠮ  ᠤᠨ ᠬᠤᠷᠢᠶᠠᠨ  ᠤ ᠱᠦᠵᠢ︶  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号