ᠠᠷᠠᠤᠨ ᠤᠨ ᠲᠥᠯᠥᠭᠡᠯᠡᠭᠴᠢ ᠠᠷᠠᠤᠨ ᠲᠦᠮᠡᠨ ᠤ ᠪᠠᠨ ᠲᠥᠯᠥᠭᠡ
ᠨᠡᠶᠢᠲᠡᠯᠡᠭᠰᠡᠨ ᠴᠠᠭ᠄
2023/12/29
          — ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠠᠵᠢᠯ ᠤᠨ ᠲᠤᠬᠠᠢ ᠡᠷᠭᠢᠴᠡᠭᠦᠯᠦᠯ             ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠬᠴᠢ ᠴᠧᠨ ᠴᠦᠨ ᠶᠠᠨ       ᠨᠡᠷᠡᠨ ᠰᠠᠷᠠᠨ ᠡᠭᠡᠯᠵᠢᠯᠡᠵᠦ᠂ ᠬᠠᠪᠤᠷ ᠨᠠᠮᠤᠷ ᠣᠷᠴᠢᠨ᠎ᠠ᠃ ᠴᠠᠭ ᠮᠥᠴᠡ ᠪᠥᠬᠦᠨ ᠳᠤ ᠤᠭ ᠰᠠᠨᠠᠭ᠎ᠠ ᠪᠠᠨ ᠮᠠᠷᠲᠠᠯ ᠦᠭᠡᠢ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠢᠯᠡᠳᠦᠯᠭᠡ ᠶᠢ ᠲᠡᠮᠳᠡᠭᠯᠡᠨ᠎ᠡ᠃       ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠬᠦᠴᠦᠯᠡᠨ ᠴᠢᠷᠮᠠᠶᠢᠵᠤ ᠠᠮᠵᠢᠯᠲᠠ ᠪᠦᠲᠦᠮᠵᠢ ᠭᠠᠷᠭᠠᠯ᠎ᠠ᠃ ᠲᠠᠲᠠ ᠬᠦᠨᠳᠦ ᠨᠠᠶᠢᠳᠠᠯᠭ᠎ᠠ ᠶᠢ ᠦᠯᠦ ᠬᠥᠰᠡᠷᠳᠡᠭᠦᠯᠬᠦ᠂ ᠴᠠᠭ ᠦᠶ᠎ᠡ ᠳᠤ ᠦᠯᠦ ᠣᠰᠣᠯᠳᠠᠬᠤ ᠰᠢᠯᠭᠠᠯᠲᠠ ᠶᠢᠨ ᠬᠠᠭᠤᠳᠠᠰᠤ ᠶᠢ ᠲᠤᠰᠢᠶᠠᠪᠠ᠃       2018 ᠣᠨ ᠠᠴᠠ ᠨᠠᠭᠠᠰᠢᠬᠢ 5 ᠵᠢᠯ ᠪᠣᠯ ᠥᠪᠥᠷ ᠮᠣᠩᠭᠤᠯ ᠤᠨ ᠬᠥᠭᠵᠢᠯᠲᠡ ᠶᠢᠨ ᠲᠤᠶᠢᠯ ᠤᠨ ᠶᠡᠷᠦ ᠪᠤᠰᠤ ᠶᠢᠨ᠂ ᠲᠤᠶᠢᠯ ᠤᠨ ᠵᠢᠷ ᠤᠨ ᠪᠤᠰᠤ 5 ᠵᠢᠯ ᠪᠣᠯᠣᠨ᠎ᠠ᠂ ᠶᠡᠷᠦᠩᠬᠡᠢ ᠱᠦᠵᠢ ᠰᠢ ᠶᠢᠨ ᠫᠢᠩ 5 ᠵᠢᠯ ᠳᠠᠷᠠᠭᠠᠯᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠠᠵᠢᠯ ᠢ ᠰᠠᠶᠢᠲᠤᠷ ᠬᠢᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃       ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠰᠢᠷᠢᠰ ᠪᠦᠭᠦᠳᠡ ᠬᠤᠷᠠᠯ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ ᠂ ᠶᠡᠭᠡ ᠬᠠᠨᠳᠤᠰᠢ ᠶᠢ ᠠᠵᠢᠵᠤ᠂ ᠪᠥᠬᠦ ᠲᠠᠯ᠎ᠠ ᠶᠢ ᠲᠥᠯᠥᠪᠵᠢᠭᠦᠯᠵᠦ᠂ ᠶᠡᠭᠡ ᠶᠠᠪᠤᠳᠠᠯ ᠢ ᠠᠳᠬᠤᠵᠤ᠂ ᠲᠥᠯᠥᠭᠡᠯᠡᠭᠴᠢ ᠶᠢᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠭᠦᠨᠳᠦᠳᠭᠡᠵᠦ᠂ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠡᠮᠵᠢᠵᠦ᠂ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠶᠢ ᠭᠦᠢᠴᠡᠳ ᠢᠯᠡᠷᠡᠭᠦᠯᠪᠡ᠃       2022 ᠣᠨ ᠤ 7 ᠰᠠᠷ᠎ᠠ ᠶᠢᠨ 26᠎ ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠵᠢᠷᠭᠤᠳᠤᠭᠠᠷ ᠬᠤᠷᠠᠯ ᠳᠤ ᠰᠤᠯᠠ ᠣᠷᠣᠯᠴᠠᠬᠰᠠᠨ ᠬᠡᠰᠡᠭ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠠᠳᠠᠯᠢ ᠪᠤᠰᠤ ᠠᠵᠢᠯ ᠳᠦᠷᠦᠯ ᠠᠴᠠ ᠢᠷᠡᠭᠰᠡᠨ ᠥᠪᠡᠷᠲᠡᠭᠡᠨ ᠵᠠᠰᠠᠬᠤ ᠣᠷᠣᠨ ᠤ 11 ᠠᠷᠠᠳ ᠤᠨ ᠲᠥᠯᠥᠭᠡᠯᠡᠭᠴᠢ ︽ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ᠂ ᠲᠥᠯᠥᠭᠡᠯᠡᠭᠴᠢᠳ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ︾ ᠭᠤᠣᠯ ᠰᠡᠳᠦᠪ ᠤᠨ ᠲᠣᠭᠤᠷᠢᠨ ᠳᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠥᠩᠭᠡᠷᠡᠯᠲᠡ ᠲᠠᠢ ᠪᠠᠨ ᠤᠶᠠᠯᠳᠤᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠲᠥᠷᠥᠭᠳᠡᠯ ᠢᠶᠠᠨ ᠰᠣᠯᠢᠯᠴᠠᠵᠤ᠂ ᠰᠠᠨᠠᠯ ᠰᠠᠨᠠᠭᠤᠯᠭ᠎ᠠ ᠳᠤᠷᠠᠳᠪᠠ᠃       ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠪᠠᠶᠢᠩᠭᠤ ᠶᠢᠨ ᠬᠤᠷᠢᠶᠠᠨ ᠤ ᠬᠤᠷᠠᠯ ᠳᠤ ᠰᠤᠯᠠ ᠣᠷᠣᠯᠴᠠᠭᠤᠯᠬᠤ ᠳᠦᠷᠢᠮ ᠢ ᠲᠡᠭᠦᠯᠳᠡᠷᠵᠢᠭᠦᠯᠵᠦ᠂ ᠪᠠᠶᠢᠩᠭᠤ ᠶᠢᠨ ᠬᠤᠷᠢᠶᠠᠨ ᠤ ᠬᠤᠷᠠᠯ ᠳᠤ ᠰᠤᠯᠠ ᠤᠷᠤᠯᠴᠠᠬᠤ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠎ ᠶᠢᠨ ᠶᠠᠷᠢᠯᠴᠠᠬᠤ ᠬᠤᠷᠠᠯ ᠢ ᠬᠤᠷᠠᠯᠳᠤᠭᠤᠯᠬᠤ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠵᠤ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠨᠢᠭᠤᠷᠳᠠᠨ ᠰᠣᠨᠣᠰᠬᠤ ᠪᠣᠯ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠨ᠎ᠡ ᠶᠢ ᠡᠭᠦᠳᠦᠭᠰᠡᠨ ᠠᠵᠢᠯᠯᠠᠭ᠎ᠠ ᠪᠣᠯᠣᠨ᠎ᠠ᠃ ᠡᠭᠦᠨ ᠠᠴᠠ ᠭᠠᠳᠠᠨ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠣᠭᠲᠠᠭᠠᠯ ᠭᠠᠷᠭᠠᠬᠤ ᠵᠡᠷᠭᠡ ᠠᠵᠢᠯ ᠳᠤ ᠣᠷᠣᠯᠴᠠᠭᠤᠯᠤᠨ᠂ ᠲᠥᠪᠯᠡᠷᠡᠭᠦᠯᠦᠨ ᠪᠠᠶᠢᠴᠠᠭᠠᠨ ᠦᠵᠡᠬᠦ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠵᠡᠷᠭᠡ ᠠᠵᠢᠯᠯᠠᠭ᠎ᠠ ᠳᠤ ᠣᠷᠣᠯᠴᠠᠭᠤᠯᠵᠤ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠣᠭᠲᠠᠭᠠᠯ ᠭᠠᠷᠭᠠᠬᠤ ᠵᠡᠷᠭᠡ ᠡᠯ᠎ᠡ ᠭᠤᠭᠴᠤᠭ᠎ᠠ ᠳᠤ ᠴᠥᠮ ᠠᠷᠠᠳ ᠲᠦᠮᠡᠨ ᠤ ᠲᠠᠭᠤᠨ ᠢ ᠰᠣᠨᠣᠰᠬᠤ ᠶᠢ ᠪᠠᠲᠤᠯᠠᠪᠠ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ︽ᠮᠡᠷᠭᠡᠨ ᠤᠬᠠᠭᠠᠨ︾᠎ ᠢ ︽ᠰᠠᠶᠢᠨ ᠰᠠᠨᠠᠭᠤᠯᠭ᠎ᠠ︾ ᠪᠣᠯᠭᠠᠨ ᠬᠤᠪᠢᠷᠠᠭᠤᠯᠪᠠ᠃       5 ᠵᠢᠯ ᠤᠨ ᠲᠤᠷᠰᠢ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠳᠤ 164 ᠬᠥᠮᠥᠨ ᠤᠳᠠᠭ᠎ᠠ ᠰᠤᠯᠠ ᠣᠷᠣᠯᠴᠠᠵᠤ᠂ ᠲᠥᠯᠥᠭᠡᠯᠡᠭᠴᠢᠳ ᠪᠠᠶᠢᠴᠠᠭᠠᠨ ᠰᠤᠳᠤᠯᠤᠯᠲᠠ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠶᠠᠷᠢᠯᠴᠠᠬᠤ ᠬᠤᠷᠠᠯ᠂ ᠰᠠᠨᠠᠯ ᠬᠤᠷᠢᠶᠠᠬᠤ ᠵᠡᠷᠭᠡ ᠠᠵᠢᠯ ᠳᠤ 686 ᠬᠥᠮᠥᠨ ᠤᠳᠠᠭ᠎ᠠ ᠣᠷᠣᠯᠴᠠᠵᠤ᠂ ᠪᠠᠶᠢᠩᠭᠤ ᠶᠢᠨ ᠬᠤᠷᠢᠶᠠᠨ ᠤ ᠠᠵᠢᠯ ᠢᠮᠠᠭᠲᠠ ᠪᠠᠲᠤ ᠪᠠᠬᠢ ᠠᠷᠠᠳ ᠤᠨ ᠰᠠᠨᠠᠭ᠎ᠠ ᠶᠢᠨ ᠰᠠᠭᠤᠷᠢᠨ ᠳᠡᠭᠡᠷ᠎ᠡ ᠪᠠᠶᠢᠭᠤᠯᠪᠠ᠃ ᠡᠭᠦᠨ ᠎ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ 426 ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠤᠨ ᠤᠤᠯ ᠤᠨ ᠰᠣᠩᠭᠤᠭᠤᠯᠢ ᠶᠢᠨ ᠨᠢᠭᠡᠴᠢ ᠳᠤᠨᠢ ᠲᠤᠰᠢᠶᠠᠯ ᠤᠨ ᠮᠡᠳᠡᠭᠦᠯᠦᠯᠲᠡ ᠬᠢᠯᠭᠡᠵᠦ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠢᠭᠤᠳ ᠰᠣᠨᠣᠰᠤᠨ ᠲᠤᠰᠬᠠᠵᠤ᠂ ᠠᠷᠠᠳ ᠲᠦᠮᠡᠨ ᠤ ᠬᠢᠨᠠᠯᠲᠠ ᠲᠠᠯᠪᠢᠯᠲᠠ ᠶᠢ ᠬᠦᠯᠢᠶᠡᠯᠭᠡᠪᠡ᠃       ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢ ᠬᠠᠷᠢᠭᠤ ᠲᠤᠰᠬᠠᠯ ᠥᠭᠭᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ ᠨᠠᠷ ᠠᠵᠢᠯ ᠤᠨ ᠬᠤᠪᠢᠶᠠᠷᠢᠯᠠᠯ ᠢᠶᠠᠷ ᠢᠶᠠᠨ ᠲᠣᠰ ᠱᠠᠲᠤᠨ ᠤ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠠᠢ ᠬᠠᠷᠢᠯᠴᠠᠬᠤ᠂ ᠲᠥᠯᠥᠭᠡᠯᠡᠭᠴᠢ ᠠᠴᠠ ᠣᠯᠠᠨ ᠲᠦᠮᠡᠨ ᠲᠠᠢ ᠬᠠᠷᠢᠯᠴᠠᠬᠤ ᠲᠣᠭᠲᠠᠴᠠ ᠶᠢ ᠪᠦᠷᠢᠨᠰᠢᠭᠦᠯᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠥᠷᠭᠡᠨ ᠢᠶᠠᠷ ᠣᠶᠢᠯᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠠᠨᠠᠯ ᠰᠠᠨᠠᠭᠤᠯᠭ᠎ᠠ ᠶᠢ ᠎ ᠨᠢ ᠰᠣᠨᠣᠰᠴᠤ᠂ ᠣᠯᠠᠨ ᠲᠦᠮᠡᠨ ᠲᠠᠢ ᠬᠠᠷᠢᠯᠴᠠᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠᠬᠢ ᠬᠦᠴᠢᠷᠳᠡᠯ ᠪᠠ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠵᠦ ᠥᠭᠪᠡ᠃ ︽ᠲᠦᠮᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠳᠤ ᠬᠦᠴᠦᠨ ᠨᠡᠮᠡᠷᠢᠯᠡᠬᠦ︾ ︽ᠪᠢ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠮᠥᠨ ᠲᠠᠨ ᠳᠤ ᠬᠠᠪᠰᠤᠷᠤᠶ᠎ᠠ︾ ᠭᠡᠬᠦ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠥᠪᠥᠷ ᠮᠣᠩᠭᠤᠯ ᠳᠠᠬᠢ ᠦᠢᠯᠡᠳᠦᠯᠭᠡ ᠶᠢ ᠪᠠᠶᠠᠯᠢᠭᠵᠢᠭᠤᠯᠪᠠ᠃       ︽ᠥᠷᠲᠡᠭᠡ︾᠎ ᠳᠤ ᠬᠦᠷᠴᠦ ︽ᠭᠡᠷ︾᠎ ᠲᠤᠨᠢ ᠣᠷᠣᠵᠤ᠂ ᠠᠷᠠᠳ ᠤᠨ ᠪᠠᠶᠢᠳᠠᠯ ᠢ ᠪᠡᠶ᠎ᠡ ᠪᠠᠷ ᠢᠶᠠᠨ ᠣᠶᠢᠯᠠᠭᠠᠪᠠ᠃ ᠪᠥᠬᠦ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠷᠦᠭᠡ ᠶᠢᠨ ᠪᠠᠶᠢᠭᠤᠯᠤᠯᠲᠠ ᠶᠢ ᠵᠢᠷᠤᠮᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠷᠦᠭᠡ᠂ ᠲᠥᠯᠥᠭᠡᠯᠡᠭᠴᠢᠳ ᠲᠠᠢ ᠬᠠᠷᠢᠯᠴᠠᠬᠤ ᠥᠷᠲᠡᠭ ︵ᠲᠠᠰᠤᠭ︶ ᠵᠡᠷᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠢ ᠰᠠᠶᠢᠲᠤᠷ ᠬᠡᠷᠡᠭᠯᠡᠵᠦ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ 11 ᠠᠵᠢᠯᠯᠠᠭᠠᠨ ᠤ ᠳᠤᠭᠤᠶᠢᠯᠠᠩ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ 80 ᠠᠵᠢᠯᠯᠠᠭᠠᠨ ᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠰᠦᠯᠵᠢᠶᠡᠨ ᠳᠡᠭᠡᠷᠡᠬᠢ ᠲᠥᠯᠥᠭᠡᠯᠡᠭᠴᠢ ᠶᠢᠨ ᠠᠵᠢᠯ ᠤᠨ ᠲᠠᠪᠴᠠᠩ ᠢ ᠠᠩᠬ᠎ᠠ ᠠᠯᠬᠤᠮ ᠪᠠᠶᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠷᠦᠭᠡ ᠶᠢ ᠰᠦᠯᠵᠢᠶᠡᠨ ᠳᠡᠭᠡᠷ᠎ᠡ ᠭᠥᠷᠳᠡᠯ᠎ᠡ ᠤᠷᠲᠤᠳᠬᠠᠪᠠ᠃       ᠠᠭᠤᠯᠭ᠎ᠠ ᠨᠢ ᠴᠢᠨᠠᠷ ᠰᠠᠶᠢᠲᠠᠢ᠂ ᠰᠢᠢᠳᠪᠦᠷᠢᠯᠡᠭᠰᠡᠨ ᠨᠢ ᠴᠢᠨᠠᠷ ᠰᠠᠶᠢᠲᠠᠢ ᠪᠠᠶᠢᠵᠤ᠂ ᠦᠷ᠎ᠡ ᠳ᠋ᠦᠩ ᠢ ᠴᠢᠬᠤᠯᠠᠴᠢᠯᠠᠬᠤ ᠪᠥᠭᠡᠳ ᠶᠠᠪᠤᠴᠠ ᠶᠢ ᠴᠤ ᠴᠢᠬᠤᠯᠠᠴᠢᠯᠠᠪᠠ᠃ ᠲᠥᠯᠥᠭᠡᠯᠡᠭᠴᠢᠳ ᠢ ᠢᠳᠡᠪᠬᠢᠲᠡᠢ ᠬᠥᠲᠥᠯᠥᠨ ᠵᠢᠯᠤᠭᠤᠳᠴᠤ ᠠᠷᠠᠳ ᠤᠨ ᠠᠮᠢᠳᠤᠷᠠᠯ ᠳᠤ ᠣᠶᠢᠷᠠᠲᠤᠭᠤᠯᠵᠤ᠂ ᠰᠠᠨᠠᠯ ᠰᠠᠨᠠᠭᠤᠯᠭ᠎ᠠ ᠳᠤᠷᠠᠳᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠥᠯᠥᠭᠡᠯᠡᠭᠴᠢᠳ ᠤᠨ ᠰᠠᠨᠠᠭᠤᠯᠭ᠎ᠠ ᠵᠥᠪᠯᠡᠯᠭᠡ ᠶᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠨᠡᠮᠡᠭᠳᠡᠭᠦᠯᠪᠡ᠃ ᠲᠥᠯᠥᠭᠡᠯᠡᠭᠴᠢᠳ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠰᠠᠨᠠᠯ ᠢ ᠨᠡᠶᠢᠲᠡᠯᠡᠵᠦ᠂ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠬᠦ ᠠᠷᠭ᠎ᠠ ᠳᠤ ᠵᠠᠰᠠᠪᠤᠷᠢ ᠣᠷᠣᠭᠤᠯᠤᠨ᠂ ᠭᠤᠣᠯᠳᠠᠯᠭ᠎ᠠ ᠲᠠᠢ ᠰᠠᠨᠠᠭᠤᠯᠭ᠎ᠠ ᠶᠢ ᠪᠦᠷᠢᠯᠳᠦᠭᠦᠨ ᠨᠠᠷ ᠱᠠᠯᠠᠪᠳᠠᠭᠤᠯᠤᠨ ᠰᠢᠢᠳᠪᠦᠷᠢᠯᠡᠭᠦᠯᠬᠦ ᠲᠣᠭᠲᠠᠴᠠ ᠪᠠ ᠲᠥᠯᠥᠭᠡᠯᠡᠭᠴᠢᠳ ᠤᠨ ᠰᠠᠨᠠᠭᠤᠯᠭ᠎ᠠ ᠳᠤ ᠬᠠᠷᠢᠭᠤᠯᠲᠠ ᠥᠭᠬᠦ ᠠᠮᠠᠯᠠᠯᠲᠠ ᠶᠢᠨ ᠵᠦᠢᠯᠡᠰ ᠤᠨ ᠡᠬᠡ ᠳᠠᠩᠰᠠ ᠶᠢ ᠪᠠᠶᠢᠭᠤᠯᠵᠤ᠂ ᠲᠥᠯᠥᠭᠡᠯᠡᠭᠴᠢᠳ ᠤᠨ ᠠᠵᠢᠯ ᠤᠨ ᠪᠥᠬᠦ ᠲᠠᠯ᠎ᠠ ᠪᠠᠷ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠪᠠ᠃ B ᠳᠦᠷᠦᠯ ᠤᠨ ᠰᠠᠨᠠᠭᠤᠯᠭ᠎ᠠ ᠶᠢ ᠡᠷᠭᠢᠨ ᠬᠠᠷᠠᠬᠤ᠂ ᠰᠠᠨᠠᠭᠤᠯᠭ᠎ᠠ ᠶᠢ ᠰᠣᠨᠣᠰᠬᠤ᠂ ᠮᠡᠳᠡᠭᠦᠯᠦᠯᠲᠡ ᠶᠢ ᠰᠢᠢᠳᠪᠦᠷᠢᠯᠡᠬᠦ ᠶᠢ ᠠᠩᠬ᠎ᠠ ᠤᠳᠠᠭ᠎ᠠ ᠥᠷᠨᠢᠭᠦᠯᠦᠭᠰᠡᠨ ᠪᠥᠭᠡᠳ ᠭᠤᠣᠯᠳᠠᠯᠭ᠎ᠠ ᠲᠠᠢ ᠳᠠᠭᠠᠭᠠᠨ ᠭᠦᠢᠴᠡᠳᠬᠡᠬᠦ ᠰᠠᠯᠠᠭ᠎ᠠ ᠮᠥᠴᠢᠷ ᠢ ᠰᠣᠩᠭᠤᠵᠤ ᠲᠤᠰᠬᠠᠢ ᠰᠡᠳᠦᠪ ᠢᠶᠠᠷ ᠠᠰᠠᠭᠤᠨ ᠯᠠᠪᠯᠠᠬᠤ ᠪᠠ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠬᠦ ᠶᠢ ᠥᠷᠨᠢᠭᠦᠯᠵᠦ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠭᠦᠢᠴᠡᠳᠬᠡᠭᠰᠡᠨ ᠨᠣᠷᠮ᠎ᠠ ᠪᠠ ᠬᠠᠨᠤᠮᠵᠢ ᠶᠢᠨ ᠨᠣᠷᠮ᠎ᠠ ᠲᠠᠰᠤᠷᠠᠯᠲᠠ ᠦᠭᠡᠢ ᠳᠡᠭᠡᠭᠰᠢᠯᠡᠪᠡ᠃ 5 ᠵᠢᠯ ᠤᠨ ᠲᠤᠷᠰᠢ᠂ 81 ᠬᠤᠪᠢ ᠰᠠᠨᠠᠯ ᠵᠥᠪᠯᠡᠯᠭᠡ ᠪᠠ 3247 ᠬᠤᠪᠢ ᠰᠠᠨᠠᠭᠤᠯᠭ᠎ᠠ ᠶᠢ ᠴᠢᠨᠠᠷ ᠰᠠᠶᠢᠲᠠᠢ ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ᠂ ᠲᠠᠭ᠎ᠠ ᠶᠢᠨ ᠨᠠᠭᠤᠷ ᠤᠨ ᠠᠮᠢ ᠠᠬᠤᠢ ᠶᠢᠨ ᠤᠰᠤ ᠨᠥᠬᠦᠪᠦᠷᠢᠯᠡᠬᠦ ᠢᠨᠵᠧᠨᠧᠷᠢᠩ᠂ ᠬᠢᠯᠢ ᠬᠢᠵᠠᠭᠠᠷ ᠣᠷᠣᠨ ᠤ ᠴᠢᠮᠡᠭᠡ ᠬᠤᠯᠪᠣᠭᠠᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠠᠰᠠᠭᠤᠳᠠᠯ ᠢ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢ ᠢᠳᠡᠪᠬᠢᠲᠡᠢ ᠨᠡᠮᠡᠷᠢᠯᠡᠪᠡ       ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢᠳᠡᠪᠬᠢᠲᠡᠢ ᠦᠢᠯᠡᠳᠦᠯᠭᠡᠵᠢᠭᠦᠯᠵᠦ᠂ ᠰᠢᠶᠠᠨ ᠰᠢᠶᠠᠩ ᠬᠤᠶᠠᠷ ᠱᠠᠲᠤᠨ ᠳᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠳᠦᠷᠦᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ ᠢᠶᠠᠷ ᠰᠢᠢᠳᠪᠦᠷᠢ ᠭᠠᠷᠭᠠᠬᠤ ᠳᠦᠷᠢᠮ ᠤᠨ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠳᠦᠷᠦᠯ ᠵᠦᠢᠯ ᠤᠨ ᠳᠦᠷᠦᠯ ᠵᠦᠢᠯ ᠲᠣᠭᠲᠠᠭᠠᠬᠤ ᠶᠢ ᠠᠷᠠᠳ ᠲᠦᠮᠡᠨ ᠠᠴᠠ ᠲᠣᠭᠲᠠᠭᠠᠬᠤ᠂ ᠠᠷᠠᠳ ᠲᠦᠮᠡᠨ ᠠᠴᠠ ᠬᠢᠨᠠᠯᠲᠠ ᠲᠠᠯᠪᠢᠬᠤ ᠶᠢ ᠬᠡᠷᠡᠭᠵᠢᠭᠦᠯᠬᠦ ᠶᠢ ᠠᠬᠢᠭᠤᠯᠵᠤ᠂ ᠦᠷ᠎ᠡ ᠳ᠋ᠦᠩ ᠳᠤ ᠠᠷᠠᠳ ᠲᠦᠮᠡᠨ ᠢ ᠬᠠᠨᠤᠮᠵᠢᠲᠠᠢ ᠪᠠᠶᠢᠯᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠪᠡ᠃ ᠪᠥᠬᠦ ᠣᠷᠣᠨ ᠤ 98 ᠬᠤᠰᠢᠭᠤ ᠰᠢᠶᠠᠨ ︵ᠬᠤᠲᠠ᠂ ᠲᠣᠭᠤᠷᠢᠭ︶ ᠪᠣᠯᠣᠨ 936 ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠬᠤᠲᠠ ᠬᠥᠳᠡᠭᠡ ᠶᠢᠨ ᠬᠤᠲᠠ ᠎ ᠶᠢᠨ ᠶᠠᠪᠤᠳᠠᠯ ᠵᠠᠮ ᠬᠠᠷᠢᠯᠴᠠᠭ᠎ᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠭᠡᠮ ᠤᠨ ᠨᠠᠶᠢᠳᠠ ᠶᠢᠨ ᠠᠰᠠᠷᠠᠮᠵᠢ ᠶᠢᠨ ᠦᠢᠯᠡᠰ ᠵᠡᠷᠭᠡ ᠬᠦᠷᠢᠶᠡᠨ ᠳᠠᠬᠢ ᠨᠠᠶᠢᠳᠠ 4765 ᠳᠦᠷᠦᠯ ᠵᠦᠢᠯ ᠢ ᠪᠢᠯᠧᠲ ᠢᠶᠠᠷ ᠲᠣᠭᠲᠠᠭᠠᠵᠤ᠂ ᠠᠷᠠᠳ ᠣᠯᠠᠨ ᠤ ᠳᠡᠷᠭᠡᠳᠡᠬᠢ ᠨᠢᠭᠡ ᠪᠦᠯᠦᠭ ᠰᠠᠨᠠᠭᠠᠰᠢᠷᠠᠵᠤ ᠪᠠᠶᠢᠭ᠎ᠠ ᠶᠠᠪᠤᠳᠠᠯ᠂ ᠲᠦᠪᠡᠭᠰᠢᠶᠡᠵᠦ ᠪᠠᠶᠢᠭ᠎ᠠ ᠶᠠᠪᠤᠳᠠᠯ᠂ ᠵᠣᠪᠠᠨᠢᠵᠤ ᠪᠠᠶᠢᠭ᠎ᠠ ᠶᠠᠪᠤᠳᠠᠯ ᠢ ᠪᠦᠲᠦᠮᠵᠢᠲᠡᠢ ᠰᠢᠢᠳᠪᠦᠷᠢᠯᠡᠪᠡ᠃       ︽ᠥᠪᠥᠷ ᠮᠣᠩᠭᠤᠯ ᠤᠨ ᠥᠨᠥᠳᠥᠷ ᠪᠣᠯ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠲᠡᠮᠡᠴᠡᠭᠰᠡᠨ ᠤ ᠦᠷ᠎ᠡ ᠳ᠋ᠦᠩ ᠮᠥᠨ᠂ ᠥᠪᠥᠷ ᠮᠣᠩᠭᠤᠯ ᠤᠨ ᠮᠠᠷᠭᠠᠰᠢ ᠮᠥᠨ ᠬᠦ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠦᠯᠬᠦᠮᠳᠡᠨ ᠲᠡᠮᠡᠴᠡᠬᠦ ᠶᠢ ᠱᠠᠭᠠᠷᠳᠠᠨ᠎ᠠ︾ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠠᠰᠢᠭᠲᠠᠢ ᠠᠵᠢᠯ ᠯᠠ ᠶᠤᠮ ᠪᠣᠯ ᠢᠯᠡᠭᠦᠬᠡᠨ ᠬᠢᠬᠦ ᠭᠡᠷᠡᠭᠲᠡᠢ ᠪᠥᠭᠡᠳ ᠭᠦᠨᠵᠡᠭᠡᠢ ᠨᠠᠷᠢᠯᠢᠭ ᠪᠣᠳᠠᠲᠠᠢ ᠬᠢᠬᠦ ᠭᠡᠷᠡᠭᠲᠡᠢ; ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠎ ᠶᠢᠨ ᠤᠬᠠᠮᠰᠠᠷ ᠢ ᠪᠠᠲᠤ ᠴᠣᠭᠴᠠᠯᠠᠬᠤ ᠳᠤ ᠠᠰᠢᠭ ᠦᠭᠡᠢ ᠶᠠᠪᠤᠳᠠᠯ ᠪᠣᠯ ᠶᠠᠭᠠᠬᠢᠭᠰᠠᠨ ᠴᠤ ᠬᠢᠵᠦ ᠪᠣᠯᠬᠤ ᠦᠭᠡᠢ︾ ᠃ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠨᠠᠶᠢᠳᠠᠯᠭ᠎ᠠ ᠎ ᠶᠢ ᠪᠠᠲᠤ ᠴᠡᠭᠡᠵᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠥᠷᠨᠢᠭᠦᠯᠵᠦ᠂ ᠭᠤᠷᠪᠠᠨ ᠬᠢᠴᠢᠶᠡᠯ ᠳᠦᠷᠦᠯ ᠤᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠰᠠᠶᠢᠲᠤᠷ ᠬᠢᠬᠦ ᠶᠢ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠨᠠᠮ ᠤᠨ ᠬᠤᠷᠢᠶ᠎ᠠ ᠲᠣᠬᠢᠷᠠᠭᠤᠯᠤᠯᠲᠠ ᠲᠠᠢ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠵᠢᠯᠯᠠᠭ᠎ᠠ ᠲᠠᠢ ᠪᠠᠶᠢᠬᠤ ᠶᠢ ᠦᠨᠡᠨ ᠬᠦ ᠪᠡᠶᠡᠯᠡᠭᠦᠯᠪᠡ᠃       ᠲᠥᠯᠥᠭᠡᠯᠡᠭᠴᠢᠳ ᠤᠨ ᠬᠡᠪ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠨᠢ ᠳᠡᠭᠡᠭᠰᠢᠯᠡᠭᠦᠯᠭᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠥᠯᠥᠭᠡᠯᠡᠭᠴᠢᠳ ᠤᠨ ᠰᠤᠷᠤᠯᠴᠠᠯᠭ᠎ᠠ ᠪᠤᠯᠪᠠᠰᠤᠷᠠᠯ ᠢ ᠴᠢᠩᠭᠠᠳᠬᠠᠬᠤ ᠵᠡᠷᠭᠡ ᠠᠷᠭ᠎ᠠ ᠬᠡᠯᠪᠡᠷᠢ ᠪᠠᠷ ᠲᠥᠯᠥᠭᠡᠯᠡᠭᠴᠢᠳ ᠤᠨ ᠠᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ︽ᠪᠥᠬᠦ ᠣᠷᠣᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤ ᠥᠭᠭᠦᠭᠰᠡᠨ ᠵᠠᠬᠢᠳᠠᠯ︾᠎ ᠢ ᠳᠠᠷᠤᠮᠠᠯᠯᠠᠨ ᠲᠠᠷᠬᠠᠭᠠᠵᠤ᠂ ︽ᠪᠥᠬᠦ ᠣᠷᠣᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠎ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠥᠷᠨᠢᠭᠦᠯᠬᠦ ᠲᠤᠬᠠᠢ ᠰᠠᠨᠠᠯ︾ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ︿ᠪᠥᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠤ ᠭᠤᠷᠪᠠᠨ ᠬᠢᠴᠢᠶᠡᠯ ᠳᠦᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠥᠬᠦ ᠲᠠᠯ᠎ᠠ ᠎ ᠪᠠᠷ ᠴᠢᠩᠭᠠᠳᠬᠠᠬᠤ ᠶᠢ ᠬᠡᠷᠡᠭᠵᠢᠭᠦᠯᠬᠦ ᠲᠥᠰᠥᠯ﹀᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾᠎ ᠢ ᠲᠣᠭᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠥᠷᠭᠡᠨ ᠳᠡᠯᠭᠡᠷ ᠭᠦᠨᠵᠡᠭᠡᠢ ᠥᠷᠨᠢᠭᠦᠯᠵᠦ᠂ ᠪᠥᠬᠦ ᠣᠷᠣᠨ ᠤ ᠲᠠᠪᠤᠨ ᠱᠠᠲᠤᠨ ᠤ 6 ᠲᠦᠮᠡ ᠭᠠᠷᠤᠢ ᠲᠥᠯᠥᠭᠡᠯᠡᠭᠴᠢ ᠶᠢᠨ ᠪᠤᠯᠪᠠᠰᠤᠷᠠᠯ ᠢ ᠪᠥᠬᠦᠨ ᠢ ᠪᠦᠷᠬᠦᠭᠦᠯᠬᠦ ᠶᠢ ᠪᠡᠶᠡᠯᠡᠭᠦᠯᠪᠡ᠃ ᠲᠥᠯᠥᠭᠡᠯᠡᠭᠴᠢᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠦᠷᠦᠭᠦᠯᠡᠨ ᠬᠡᠷᠡᠭᠵᠢᠭᠦᠯᠬᠦ ᠲᠠᠯ᠎ᠠ ᠪᠠᠷ ᠥᠯᠢᠭᠡᠷ ᠳᠠᠭᠤᠷᠢᠶᠠᠯ ᠪᠣᠯᠵᠤ᠂ ᠦᠨᠳᠦᠰᠦᠨ ᠬᠠᠤᠯᠢ ᠬᠠᠤᠯᠢ ᠴᠠᠭᠠᠵᠠ ᠶᠢ ᠲᠦᠷᠦᠭᠦᠯᠡᠨ ᠨᠠᠶᠢᠳᠠᠪᠤᠷᠢᠵᠢᠭᠤᠯᠬᠤ ᠲᠠᠯ᠎ᠠ ᠪᠠᠷ ᠥᠯᠢᠭᠡᠷ ᠳᠠᠭᠤᠷᠢᠶᠠᠯ ᠪᠣᠯᠵᠤ᠂ ᠦᠨᠳᠦᠰᠦᠲᠡᠨ ᠤ ᠪᠦᠯᠬᠦᠮᠳᠡᠯ ᠢ ᠲᠦᠷᠦᠭᠦᠯᠡᠨ ᠬᠠᠮᠠᠭᠠᠯᠠᠬᠤ ᠲᠠᠯ᠎ᠠ ᠪᠠᠷ ᠥᠯᠢᠭᠡᠷ ᠳᠠᠭᠤᠷᠢᠶᠠᠯ ᠪᠣᠯᠵᠤ᠂ ᠤᠯᠠᠨ ᠲᠦᠮᠡᠨ ᠲᠠᠢ ᠲᠦᠷᠦᠭᠦᠯᠡᠨ ᠬᠠᠷᠢᠯᠴᠠᠬᠤ ᠲᠠᠯ᠎ᠠ ᠪᠠᠷ ᠥᠯᠢᠭᠡᠷ ᠳᠠᠭᠤᠷᠢᠶᠠᠯ ᠪᠣᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠎ ᠶᠢᠨ ᠤᠬᠠᠮᠰᠠᠷ ᠢ ᠰᠡᠳᠬᠢᠯ ᠵᠢᠷᠦᠬᠡᠨ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠪᠣᠯᠭᠠᠪᠠ᠃       ᠤᠯᠤᠰ ᠤᠨ ᠶᠡᠭᠡ ᠶᠠᠪᠤᠳᠠᠯ ᠢ ᠰᠡᠳᠬᠢᠯ ᠳᠡᠭᠡᠨ ᠪᠤᠳᠤᠵᠤ᠂ ᠠᠷᠠᠳ ᠤᠨ ᠠᠮᠢᠳᠤᠷᠠᠯ ᠢ ᠠᠩᠬᠠᠷᠤᠨ ᠬᠠᠯᠠᠮᠵᠢᠯᠠᠪᠠ᠃ 5 ᠵᠢᠯ ᠤᠨ ᠲᠤᠷᠰᠢ᠂ ᠪᠥᠬᠦ ᠣᠷᠣᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢᠮᠠᠭᠲᠠ ᠠᠷᠠᠳ ᠲᠦᠮᠡᠨ ᠢ ᠳᠡᠭᠡᠳᠦᠯᠡᠬᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠤᠭ ᠰᠠᠨᠠᠭ᠎ᠠ ᠪᠠᠨ ᠪᠠᠲᠤ ᠰᠠᠬᠢᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠣᠯᠠᠨ ᠲᠦᠮᠡᠨ ᠲᠠᠢ ᠬᠠᠷᠢᠯᠴᠠᠵᠤ᠂ ᠣᠯᠠᠨ ᠲᠦᠮᠡᠨ ᠳᠤ ᠦᠢᠯᠡᠴᠢᠯᠡᠵᠦ᠂ ᠠᠷᠠᠳ ᠲᠦᠮᠡᠨ ᠳᠤ ᠠᠰᠢᠭ ᠬᠦᠷᠲᠡᠭᠡᠵᠦ᠂ ᠠᠷᠠᠳ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠎ ᠪᠠᠷ ᠢᠶᠠᠨ ︽ᠠᠷᠠᠤᠨ ᠤᠨ ᠲᠥᠯᠥᠭᠡᠯᠡᠭᠴᠢ ᠠᠷᠠᠤᠨ ᠲᠦᠮᠡᠨ ᠤ ᠪᠠᠨ ᠲᠥᠯᠥᠭᠡ︾ ᠭᠡᠬᠦ ᠲᠥᠪ ᠴᠢᠩᠭ᠎ᠠ ᠠᠮᠠᠯᠠᠯᠲᠠ ᠎ ᠪᠠᠨ ᠦᠢᠯᠡᠳᠦᠯᠭᠡᠵᠢᠭᠦᠯᠵᠡᠢ᠃      
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号