ᠣᠮᠤᠭ ᠲᠡᠭᠦᠯᠳᠡᠷ ᠢᠶᠠᠷ ᠰᠢᠨ᠎ᠡ ᠪᠠᠶᠢᠳᠠᠯ ᠢ ᠨᠡᠭᠡᠭᠡᠵᠦ ᠡᠷᠡᠯᠬᠡᠭᠯᠡᠨ ᠲᠡᠮᠡᠴᠡᠵᠦ ᠢᠷᠠᠭᠤ ᠬᠠᠭᠤᠳᠠᠰᠤ ᠶᠢ ᠪᠢᠴᠢᠭᠯᠡᠰᠦᠭᠡᠢ
ᠨᠡᠶᠢᠲᠡᠯᠡᠭᠰᠡᠨ ᠴᠠᠭ᠄
2023/12/29
                              — ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠲᠡᠭᠦᠰᠦᠭᠰᠡᠨ ᠳᠤ ᠬᠠᠯᠠᠭᠤᠨ ᠪᠠᠶᠠᠷ ᠬᠦᠷᠭᠡᠶ᠎ᠡ       ᠬᠠᠮᠲᠤ ᠶᠢᠨ ᠲᠠᠨᠢᠯᠲᠠ ᠬᠤᠷᠠᠯ ᠤᠨ ᠲᠠᠯᠠᠪᠠᠢ ᠶᠢᠨ ᠳᠣᠲᠣᠨ᠎ᠠ ᠭᠠᠳᠠᠨ᠎ᠠ ᠨᠢᠭᠲᠠᠷᠠᠵᠤ᠂ ᠢᠲᠡᠭᠡᠯ ᠵᠣᠷᠢᠭ ᠤᠮᠠᠷᠠᠲᠤ ᠶᠢᠨ ᠡᠬᠡ ᠭᠠᠵᠠᠷ ᠲᠤ ᠣᠷᠭᠢᠯᠤᠨ ᠪᠠᠳᠠᠷᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠡᠯ᠎ᠡ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠢᠯᠠᠯᠲᠠ ᠲᠠᠢ ᠲᠡᠭᠦᠰᠪᠡ᠃ ᠬᠤᠷᠠᠯ ᠳᠤ ᠣᠷᠣᠯᠴᠠᠬᠰᠠᠨ ᠲᠥᠯᠥᠭᠡᠯᠡᠭᠴᠢᠳ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠲᠡᠦᠬᠡᠨ ᠡᠭᠦᠷᠭᠡᠲᠦ ᠰᠡᠳᠬᠢᠯᠭᠡ ᠪᠠᠷ ᠢᠳᠡᠪᠬᠢᠲᠡᠢ ᠠᠷᠭ᠎ᠠ ᠤᠬᠠᠭᠠᠨ ᠭᠠᠷᠭᠠᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠪᠢᠳᠡ ᠬᠤᠷᠠᠯ ᠳᠤ ᠣᠷᠣᠯᠴᠠᠬᠰᠠᠨ ᠲᠥᠯᠥᠭᠡᠯᠡᠭᠴᠢᠳ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ᠂ ᠶᠡᠭᠡ ᠬᠤᠷᠠᠯ ᠤᠨ ᠲᠡᠭᠦᠰ ᠠᠮᠵᠢᠯᠲᠠ ᠣᠯᠣᠭᠰᠠᠨ ᠳᠤ ᠬᠠᠯᠠᠭᠤᠨ ᠪᠠᠶᠠᠷ ᠬᠦᠷᠭᠡᠶ᠎ᠡ︕       ᠶᠡᠭᠡ ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯᠣᠨ ᠪᠤᠰᠤᠳ ᠡᠯ᠎ᠡ ᠵᠦᠢᠯ ᠤᠨ ᠴᠢᠬᠤᠯᠠ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠨ᠂ ᠬᠤᠶᠢᠰᠢᠳᠠ ᠶᠢᠨ ᠲᠠᠪᠤᠨ ᠵᠢᠯ ᠪᠣᠯᠣᠨ ᠡᠨᠡ ᠵᠢᠯ ᠤᠨ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠬᠢᠵᠦ᠂ ᠥᠪᠥᠷ ᠮᠣᠩᠭᠤᠯ ᠤᠨ ᠬᠥᠭᠵᠢᠯᠲᠡ ᠶᠢᠨ ᠬᠠᠷᠠᠯᠲᠠ᠂ ᠡᠭᠦᠷᠭᠡ ᠪᠣᠯᠣᠨ ᠭᠤᠣᠯ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ; ᠡᠯ᠎ᠡ ᠵᠦᠢᠯ ᠤᠨ ᠰᠣᠩᠭᠤᠭᠤᠯᠢ ᠶᠢᠨ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠣᠳᠣᠬᠢᠴᠢᠯᠠᠭᠰᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠳᠤ ᠴᠢᠩᠭ᠎ᠠ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃ ᠡᠨᠡ ᠪᠣᠯ ᠨᠢᠭᠡ ᠤᠳᠠᠭ᠎ᠠ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠪᠦᠯᠬᠦᠮᠳᠡᠨ ᠡᠷᠴᠢ ᠨᠡᠮᠡᠵᠦ᠂ ᠦᠨᠡᠨ ᠢ ᠪᠠᠷᠢᠮᠲᠠᠯᠠᠨ ᠡᠷᠡᠮᠡᠬᠡᠶᠢᠯᠡᠨ ᠤᠷᠤᠭᠰᠢᠯᠠᠭᠰᠠᠨ ᠶᠡᠭᠡ ᠬᠤᠷᠠᠯ ᠮᠥᠨ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠢᠲᠡᠭᠡᠯ ᠵᠣᠷᠢᠭ ᠢ ᠨᠡᠮᠡᠭᠳᠡᠭᠦᠯᠵᠦ᠂ ᠬᠦᠴᠦᠨ ᠴᠢᠳᠠᠯ ᠢ ᠨᠢᠭᠲᠠᠷᠠᠭᠤᠯᠬᠤ ᠨᠢ ᠯᠠᠪᠲᠠᠢ᠃       ᠪᠠᠳᠠᠷᠠᠯᠲᠤ ᠴᠠᠭ ᠠᠤᠭ᠎ᠠ ᠦᠢᠯᠡᠰ ᠲᠣᠬᠢᠶᠠᠯᠳᠤᠬᠤᠶ᠎ᠠ᠂ ᠠᠶᠠᠨ ᠵᠠᠮ ᠰᠠᠷᠠᠭᠤᠯ ᠲᠠᠷᠳᠠᠩ ᠵᠢᠪᠬᠤᠯᠠᠩᠲᠤ ᠰᠠᠶᠢᠬᠠᠨ ᠪᠤᠯᠠᠢ᠃ ᠲᠡᠦᠬᠡ ᠶᠢᠨ ᠰᠢᠨ᠎ᠡ ᠭᠠᠷᠤᠭ᠎ᠠ ᠳᠤ ᠵᠣᠭᠰᠣᠵᠤ᠂ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠠᠯᠬᠤᠭ᠎ᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠳᠤ᠂ ᠡᠷᠬᠡᠪᠰᠢ ︽ᠬᠤᠶᠠᠷ ᠢ ᠲᠣᠭᠲᠠᠭᠠᠭᠰᠠᠨ︾᠎ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾᠎ ᠶᠢ ᠨᠡᠩ ᠡᠷᠡᠰ ᠪᠠᠲᠤ ᠤᠬᠠᠮᠰᠠᠷ ᠠᠴᠠ ᠪᠠᠨ ᠪᠡᠶᠡᠯᠡᠭᠦᠯᠵᠦ᠂ ᠢᠮᠠᠭᠲᠠ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠲᠣᠮᠣ ᠠᠯᠬᠤᠮ ᠢᠶᠠᠷ ᠤᠷᠤᠭᠰᠢᠯᠠᠬᠤ ᠭᠡᠷᠡᠭᠲᠡᠶ᠃ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠨ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠭᠡᠷᠡᠭᠳᠠᠢ᠃ ᠳᠤᠤᠭᠠᠷᠪᠠᠯ ᠲᠠᠭᠤ ᠨᠢᠭᠡᠲᠡᠢ᠂ ᠳᠤᠭᠲᠤᠷᠪᠠᠯ ᠬᠦᠴᠦ ᠨᠢᠭᠡᠲᠡᠢ᠂ ᠣᠶᠤᠨ ᠤᠬᠠᠭᠠᠨ ᠢᠶᠠᠨ ᠲᠥᠪᠯᠡᠷᠡᠭᠦᠯᠵᠦ᠂ ᠶᠡᠭᠡ ᠬᠤᠷᠠᠯ ᠠᠴᠠ ᠪᠤᠢ ᠪᠤᠯᠤᠬᠰᠠᠨ ᠬᠠᠮᠲᠤ ᠶᠢᠨ ᠲᠠᠨᠢᠯᠲᠠ ᠶᠢ ᠲᠡᠮᠡᠴᠡᠯ ᠤᠨ ᠣᠷᠭᠢᠯᠤᠮ᠎ᠠ ᠰᠡᠳᠬᠢᠯᠭᠡ ᠪᠣᠯᠭᠠᠨ ᠬᠤᠪᠢᠷᠠᠭᠤᠯᠵᠤ᠂ ᠶᠡᠭᠡ ᠬᠤᠷᠠᠯ ᠠᠴᠠ ᠤᠷᠮᠠᠰᠢᠭᠤᠯᠤᠭᠰᠠᠨ ᠢᠲᠡᠭᠡᠯ ᠵᠣᠷᠢᠭ ᠢ ᠰᠦᠷ ᠳᠠᠯᠠᠶᠢᠴᠠᠲᠠᠢ ᠬᠦᠴᠦᠨ ᠴᠢᠳᠠᠯ ᠪᠣᠯᠭᠠᠨ ᠨᠢᠭᠲᠠᠷᠠᠭᠤᠯᠪᠠᠯ ᠥᠪᠥᠷ ᠮᠣᠩᠭᠤᠯ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠠᠯ᠎ᠠ ᠪᠠᠷ ᠲᠦᠷᠦᠭᠦᠯᠡᠬᠦ ᠪᠠᠷ ᠡᠷᠡᠮᠡᠬᠡᠶᠢᠯᠡᠨ ᠲᠡᠮᠡᠴᠡᠵᠦ᠂ ᠰᠢᠨ᠎ᠡ ᠠᠶᠠᠨ ᠳᠠᠭᠠᠨ ᠨᠡᠩ ᠥᠷᠭᠡᠨ ᠠᠭᠤᠳᠠᠮ ᠰᠢᠨ᠎ᠡ ᠣᠷᠣᠨ ᠵᠠᠢ ᠶᠢ ᠡᠭᠦᠳᠴᠦ ᠴᠢᠳᠠᠬᠤ ᠨᠢ ᠯᠠᠪᠲᠠᠢ ᠶᠤᠮ᠃       ᠶᠡᠭᠡ ᠶᠣᠰᠣ ᠠᠨᠤ ᠭᠢᠯᠪᠡᠷ ᠲᠥᠬᠦᠮ ᠪᠠᠶᠢᠵᠤ᠂ ᠪᠣᠳᠠᠲᠠᠢ ᠠᠵᠢᠯᠯᠠᠬᠤ ᠪᠠᠷ ᠭᠤᠣᠯ ᠪᠣᠯᠭᠠᠮᠤᠢ᠃ ᠣᠳᠣᠬᠠᠨ ᠳᠤ᠂ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ ᠤᠷᠢᠳ ᠡᠮᠦᠨ᠎ᠡ ᠪᠠᠶᠢᠭ᠎ᠠ ᠦᠭᠡᠢ ᠠᠷᠭ᠎ᠠ ᠬᠡᠯᠪᠡᠷᠢ ᠪᠠᠷ ᠶᠠᠪᠤᠭᠳᠠᠵᠤ᠂ ᠥᠪᠥᠷ ᠮᠣᠩᠭᠤᠯ ᠤᠨ ᠬᠥᠭᠵᠢᠯᠲᠡ ᠳᠤ ᠠᠵᠠ ᠲᠣᠭᠢᠶᠠᠯ ᠪᠠᠶᠢᠬᠤ ᠪᠥᠭᠡᠳ ᠥᠷᠢᠰᠥᠯᠳᠦᠭᠡᠨ ᠴᠦ ᠪᠠᠶᠢᠨ᠎ᠠ᠃ ᠰᠢᠨ᠎ᠡ ᠭᠠᠷᠤᠭ᠎ᠠ᠂ ᠰᠢᠨ᠎ᠡ ᠲᠡᠮᠡᠴᠡᠯ ᠨᠢ ᠶᠡᠭᠡ ᠪᠠᠷ ᠬᠥᠭᠵᠢᠭᠦᠯᠵᠦ ᠲᠦᠷᠭᠡᠨ ᠬᠥᠭᠵᠢᠭᠦᠯᠵᠦ᠂ ᠪᠥᠬᠦ ᠤᠯᠤᠰ ᠤᠨ ᠳᠤᠮᠳᠠ ᠲᠦᠪᠰᠢᠨ ᠳᠤ ᠤᠷᠤᠭᠰᠢᠯᠠᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠣᠯᠭᠠᠵᠤ᠂ ᠠᠵᠠ ᠲᠣᠭᠢᠶᠠᠯ ᠢ ᠠᠮᠵᠢᠬᠤ ᠳᠤᠮᠳᠠ ᠳᠠᠪᠠᠭᠤᠯᠢᠭ ᠢᠶᠠᠨ ᠪᠠᠳᠠᠷᠠᠭᠤᠯᠵᠤ᠂ ᠳᠠᠪᠠᠭᠤᠯᠢᠭ ᠢᠶᠠᠨ ᠳᠠᠪᠲᠠᠨ ᠪᠤᠯᠪᠠᠰᠤᠷᠠᠭᠤᠯᠵᠤ᠂ ᠥᠷᠢᠰᠥᠯᠳᠦᠭᠡᠨ ᠢ ᠠᠷᠭᠠᠴᠠᠭᠠᠬᠤ ᠳᠤᠮᠳᠠ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠠᠷᠭ᠎ᠠ ᠪᠥᠬᠦᠨ ᠢ ᠰᠦᠪᠡᠭᠴᠢᠯᠡᠵᠦ ᠪᠠᠶᠢᠭᠠᠳ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠵᠦ᠂ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠠᠵᠤ ᠠᠬᠤᠢ ᠶᠢᠨ ᠪᠦᠲᠦᠴᠡ ᠳᠤ ᠲᠣᠬᠢᠷᠠᠭᠤᠯᠤᠯᠲᠠ ᠬᠢᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠬᠤ ᠭᠡᠷᠡᠭᠲᠡᠢ; ᠠᠭᠤᠯᠠ ᠲᠠᠭᠠᠷᠠᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠲᠠᠯᠪᠢᠬᠤ ᠰᠥᠰᠥ ᠵᠣᠷᠢᠭ᠂ ᠨᠡᠩ ᠭᠦᠢᠴᠡᠳ ᠡᠷᠴᠢ ᠵᠣᠷᠢᠭ᠂ ᠨᠡᠩ ᠪᠣᠳᠠᠲᠠᠢ ᠰᠤᠷᠲᠠᠯ ᠢᠶᠠᠷ ᠠᠵᠢᠯ ᠬᠢᠵᠦ ᠦᠢᠯᠡᠰ ᠪᠣᠰᠬᠠᠵᠤ᠂ ᠥᠷᠯᠥᠭᠡ ᠦᠳᠡᠰᠢ ᠶᠢ ᠲᠡᠮᠡᠴᠡᠬᠦ᠂ ᠴᠠᠭ ᠮᠥᠴᠡ ᠲᠠᠢ ᠤᠷᠤᠯᠳᠤᠬᠤ ᠲᠤᠯᠭᠠᠮ ᠰᠡᠳᠬᠢᠯᠭᠡ ᠪᠠᠷ ᠴᠤᠴᠠᠯᠲᠠ ᠦᠭᠡᠢ ᠤᠷᠤᠭᠰᠢᠯᠠᠵᠤ᠂ ᠬᠠᠷᠠᠯᠲᠠ ᠲᠣᠭᠲᠠᠭᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠣᠷᠢᠭᠲᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠤᠷᠳᠤᠴᠠ ᠪᠠᠨ ᠲᠦᠷᠭᠡᠳᠬᠡᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠷᠭ᠎ᠠ ᠪᠥᠬᠦᠨ ᠢ ᠰᠦᠪᠡᠭᠴᠢᠯᠡᠵᠦ ᠪᠠᠶᠢᠭᠠᠳ ᠤᠯᠠᠨ ᠲᠦᠮᠡᠨ ᠳᠤ ᠪᠤᠶᠠᠨ ᠦᠢᠯᠡᠳᠴᠦ᠂ ᠥᠪᠥᠷ ᠮᠣᠩᠭᠤᠯ ᠤᠨ ᠬᠥᠭᠵᠢᠯᠲᠡ ᠶᠢ ᠨᠡᠩ ᠲᠦᠷᠭᠡᠨ ᠨᠡᠩ ᠰᠠᠶᠢᠨ ᠪᠣᠯᠭᠠᠬᠤ ᠭᠡᠷᠡᠭᠲᠡᠢ᠃       2023 ᠣᠨ ᠪᠣᠯ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠩᠬᠠᠨ ᠤ ᠵᠢᠯ ᠪᠣᠯᠣᠨ᠎ᠠ᠂ ᠲᠥᠯᠥᠭᠡᠯᠡᠭᠴᠢᠳ ᠤᠨ ᠡᠭᠦᠷᠭᠡ ᠢᠷᠠᠭᠤ ᠠᠯᠳᠠᠷᠲᠠᠢ ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ︽ᠬᠤᠶᠠᠷ ᠢ ᠲᠣᠭᠲᠠᠭᠠᠭᠰᠠᠨ︾᠎ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠲᠠᠯ᠎ᠠ ᠪᠠᠷ ᠰᠢᠨ᠎ᠡ ᠡᠭᠦᠷᠭᠡᠯᠡᠯ ᠲᠠᠢ ᠪᠠᠶᠢᠬᠤ ᠶᠢ ᠢᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠭᠤᠶᠢᠪᠢᠰᠢ ᠦᠭᠡᠢ ᠵᠠᠮᠨᠠᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠠᠷᠠᠳ ᠲᠦᠮᠡᠨ ᠢ ᠳᠡᠭᠡᠳᠦᠯᠡᠬᠦ᠂ ᠬᠥᠭᠵᠢᠯᠲᠡ ᠶᠢᠨ ᠪᠥᠬᠦ ᠶᠠᠪᠤᠴᠠ ᠳᠤ ᠠᠷᠠᠳ ᠤᠨ ᠠᠷᠠᠳᠴᠢᠯᠠᠯ ᠢ ᠬᠥᠭᠵᠢᠭᠦᠯᠬᠦ ᠲᠠᠯ᠎ᠠ ᠪᠠᠷ ᠰᠢᠨ᠎ᠡ ᠳᠦᠷᠰᠦ ᠪᠠᠶᠢᠳᠠᠯ ᠲᠠᠢ ᠪᠣᠯᠭᠠᠵᠤ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠠᠬᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠤ ᠂ ᠨᠠᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠬᠤ ᠲᠠᠯ᠎ᠠ ᠪᠠᠷ ᠰᠢᠨ᠎ᠡ ᠠᠬᠢᠴᠠ ᠲᠠᠢ ᠪᠣᠯᠵᠤ᠂ ᠪᠠᠶᠢᠭᠤᠯᠤᠯ ᠤᠨ ᠳᠠᠪᠠᠭᠤᠯᠢᠭ ᠢ ᠦᠨᠡᠨ ᠬᠦ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠭᠡᠷᠡᠭᠲᠡᠶ᠃       ᠣᠳᠣᠳ ᠤᠨ ᠭᠡᠷᠡᠯ ᠵᠠᠮ ᠬᠥᠭᠡᠭᠡᠭᠴᠢ ᠶᠢ ᠭᠡᠷᠡᠯᠳᠦᠭᠦᠯᠵᠦ᠂ ᠲᠡᠦᠬᠡ ᠪᠣᠯ ᠡᠷᠡᠯᠬᠡᠭᠯᠡᠨ ᠲᠡᠮᠡᠴᠡᠭᠴᠢ ᠶᠢᠨ ᠶᠤᠮ᠃ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠨᠡᠩ ᠠᠤᠭ᠎ᠠ ᠬᠠᠷᠠᠯᠲᠠ ᠪᠢᠳᠠᠨ ᠤ ᠪᠡᠶᠡᠯᠡᠭᠦᠯᠬᠦ ᠶᠢ ᠬᠦᠯᠢᠶᠡᠵᠦ ᠪᠠᠶᠢᠨ᠎ᠠ᠂ ᠨᠡᠩ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠪᠢᠳᠠᠨ ᠤ ᠡᠭᠦᠳᠦᠨ ᠪᠦᠲᠦᠭᠡᠬᠦ ᠶᠢ ᠬᠦᠯᠢᠶᠡᠵᠦ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠠᠳᠠ ᠴᠢᠯᠠᠭᠤ ᠮᠡᠲᠦ ᠪᠠᠲᠤ ᠢᠲᠡᠭᠡᠯ᠂ ᠴᠠᠭ ᠮᠥᠴᠡ ᠶᠢ ᠠᠮᠵᠢᠨ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ᠂ ᠰᠢᠨᠲᠠᠷᠠᠰᠢ ᠦᠭᠡᠢ ᠰᠥᠰᠥ ᠵᠣᠷᠢᠭ᠂ ᠵᠣᠭᠰᠣᠰᠢ ᠦᠭᠡᠢ ᠲᠡᠮᠡᠴᠡᠬᠦ ᠲᠡᠮᠡᠴᠡᠯ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠬᠰᠠᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠵᠤ᠂ ᠨᠡᠩ ᠭᠡᠷᠡᠯ ᠰᠠᠴᠤᠷᠠᠩᠭᠤᠢ ᠢᠷᠡᠭᠡᠳᠦᠢ ᠶᠢ ᠴᠢᠷᠮᠠᠶᠢᠨ ᠴᠣᠭᠴᠠᠯᠠᠰᠤᠭᠠᠢ᠃        
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号