ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠦᠶ᠎ᠡ
ᠨᠡᠶᠢᠲᠡᠯᠡᠭᠰᠡᠨ ᠴᠠᠭ᠄
2023/12/29
            — ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠎ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ                 ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ       ︽ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠠᠶᠢᠭᠤᠯᠬᠤ ᠪᠣᠯ ᠪᠥᠬᠦ ᠲᠠᠯ᠎ᠠ ᠶᠢᠨ ᠴᠢᠨᠠᠷᠲᠠᠢ᠂ ᠪᠦᠲᠦᠭᠡᠯᠴᠢ ᠴᠢᠨᠠᠷᠲᠠᠢ ᠠᠵᠢᠯ ᠮᠥᠨ︾᠃ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠴᠠᠭ ᠦᠶ᠎ᠡ ᠳᠤ ᠮᠠᠨ ᠤ ᠨᠠᠮ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠠᠩᠬ᠎ᠠ ᠠᠯᠬᠤᠮ ᠪᠠᠶᠢᠭᠤᠯᠤᠭᠰᠠᠨ ᠢ ᠭᠦᠨᠵᠡᠭᠡᠢ ᠳ᠋ᠦᠩᠨᠡᠵᠦ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠬᠠᠷᠠᠯᠲᠠ ᠡᠭᠦᠷᠭᠡ᠂ ᠦᠢᠯᠡᠳᠦᠯᠭᠡ ᠶᠢᠨ ᠱᠠᠭᠠᠷᠳᠠᠯᠭ᠎ᠠ ᠶᠣᠰᠣᠭᠠᠷ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠳᠤ ᠴᠢᠬᠤᠯᠠ ᠶᠡᠭᠡ ᠵᠢᠯᠤᠭᠤᠳᠬᠤ ᠠᠴᠢ ᠬᠤᠯᠪᠣᠭᠳᠠᠯ ᠲᠠᠢ ᠶᠤᠮ ᠭᠡᠵᠦ ᠭᠦᠨᠵᠡᠭᠡᠢ ᠲᠣᠳᠣᠷᠬᠠᠶᠢᠯᠠᠪᠠ᠃       ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠠᠭᠤᠤ ᠶᠡᠭᠡ ᠦᠢᠯᠡᠳᠦᠯᠭᠡ ᠮᠥᠨ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠢᠯᠡ ᠲᠣᠳᠣ ᠭᠤᠣᠯ ᠰᠡᠳᠦᠪ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠥᠪᠡᠷ ᠪᠡᠶ᠎ᠡ ᠶᠢᠨ ᠬᠤᠪᠢᠰᠬᠠᠯ ᠬᠢᠬᠦ ᠵᠢᠮ᠎ᠡ ᠶᠣᠰᠣᠨ ᠤ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠶᠢᠨ ᠣᠨᠣᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ ᠡᠭᠦᠳᠦᠯᠲᠡ᠂ ᠳᠦᠷᠢᠮ ᠤᠨ ᠰᠢᠨ᠎ᠡ ᠡᠭᠦᠳᠦᠯᠲᠡ ᠶᠢ ᠲᠠᠰᠤᠷᠠᠯᠲᠠ ᠦᠭᠡᠢ ᠠᠬᠢᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠠᠩᠬ᠎ᠠ ᠠᠯᠬᠤᠮ ᠪᠠᠶᠢᠭᠤᠯᠪᠠ᠃ ᠠᠷᠪᠠᠨ ᠵᠢᠯ ᠤᠨ ᠲᠤᠷᠰᠢ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠪᠣᠯ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠮᠥᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠬᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠪᠡ; ᠦᠵᠡᠯ ᠰᠠᠨᠠᠭᠠᠨ ᠤ ᠪᠠᠶᠢᠭᠤᠯᠤᠯᠲᠠ ᠶᠢ ᠨᠠᠮ ᠤᠨ ᠰᠠᠭᠤᠷᠢ ᠴᠢᠨᠠᠷᠲᠠᠢ ᠪᠠᠶᠢᠭᠤᠯᠤᠯᠲᠠ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠡᠳᠬᠡᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠪᠠ; ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠪᠠᠷᠢᠮᠲᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠪᠬᠢ ᠪᠣᠯᠣᠨ ᠵᠣᠬᠢᠶᠠᠨ ᠪᠠᠶᠢᠭᠤᠯᠤᠯᠲᠠ ᠶᠢᠨ ᠬᠦᠴᠦᠨ ᠨᠢᠭᠲᠠᠷᠠᠯ ᠤᠨ ᠬᠦᠴᠦᠨ ᠢ ᠴᠢᠩᠭᠠᠳᠬᠠᠪᠠ; ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠳᠥᠷᠪᠡᠨ ᠰᠤᠷᠲᠠᠯ ᠢ ᠵᠠᠯᠠᠷᠠᠭᠤᠯᠵᠤ ᠰᠢᠨ᠎ᠡ ᠰᠤᠷᠲᠠᠯ ᠢ ᠪᠤᠢ ᠪᠤᠯᠭᠠᠪᠠ; ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠠᠮ ᠤᠨ ᠪᠠᠶᠢᠭᠤᠯᠤᠯᠲᠠ ᠶᠢᠨ ᠶᠡᠷᠦᠩᠬᠡᠢ ᠪᠠᠶᠢᠷᠢᠯᠠᠭᠤᠯᠤᠯᠲᠠ ᠳᠤ ᠣᠷᠣᠭᠤᠯᠵᠤ᠂ ᠰᠠᠬᠢᠯᠭ᠎ᠠ ᠪᠠᠲᠤ ᠶᠢ ᠬᠠᠤᠯᠢ ᠴᠠᠭᠠᠵᠠ ᠠᠴᠠ ᠴᠢᠩᠭ᠎ᠠ ᠪᠠᠶᠢᠯᠭᠠᠬᠤ ᠂ ᠰᠠᠬᠢᠯᠭ᠎ᠠ ᠪᠠᠲᠤ ᠶᠢ ᠬᠠᠤᠯᠢ ᠴᠠᠭᠠᠵᠠ ᠶᠢᠨ ᠡᠮᠦᠨ᠎ᠡ ᠪᠠᠶᠢᠯᠭᠠᠬᠤ ᠶᠢ ᠪᠠᠷᠢᠮᠲᠠᠯᠠᠪᠠ; ᠳᠦᠷᠢᠮ ᠤᠨ ᠪᠠᠶᠢᠭᠤᠯᠤᠯᠲᠠ ᠎ ᠶᠢ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠳᠤ ᠲᠤᠭᠤᠰᠢᠯᠠᠭᠤᠯᠵᠤ᠂ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ᠂ ᠳᠦᠷᠢᠮᠵᠢᠯᠲᠡ᠂ ᠵᠢᠷᠦᠮᠵᠢᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ; ᠰᠦᠷ ᠳᠠᠯᠠᠶᠢᠴᠠᠲᠠᠢ ᠪᠠᠷ ᠢᠯᠵᠠᠷᠠᠯ ᠢ ᠡᠰᠡᠷᠭᠦᠴᠡᠨ ᠬᠠᠷᠭᠢᠰ ᠬᠦᠴᠦᠨ ᠢ ᠵᠠᠯᠬᠠᠭᠠᠬᠤ ᠶᠢ ᠪᠠᠷᠢᠮᠲᠠᠯᠠᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠳᠡᠶᠢᠯᠦᠩᠭᠦᠢ ᠢᠯᠠᠯᠲᠠ ᠣᠯᠣᠭᠰᠠᠨ ᠪᠥᠭᠡᠳ ᠪᠥᠬᠦ ᠲᠠᠯ᠎ᠠ ᠪᠠᠷ ᠪᠠᠬᠢᠵᠢᠪᠡ᠃ 2022 ᠣᠨ ᠳᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠪᠣᠯᠣᠨ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠲᠤᠷᠠᠨ ᠥᠷᠨᠢᠭᠦᠯᠦᠭᠰᠡᠨ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠶᠢᠨ ᠦᠷ᠎ᠡ ᠳ᠋ᠦᠩ ᠠᠴᠠ ᠦᠵᠡᠪᠡᠯ᠂ 97.4 %᠎ ᠶᠢᠨ ᠤᠯᠠᠨ ᠲᠦᠮᠡᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠲᠣᠪᠣᠶᠢᠮ᠎ᠠ ᠦᠷ᠎ᠡ ᠪᠦᠲᠦᠮᠵᠢ ᠣᠯᠵᠤ ᠭᠡᠵᠦ ᠦᠵᠡᠵᠦ᠂ 2012 ᠣᠨ ᠤ ᠬᠢ ᠠᠴᠠ 22.4 % ᠨᠡᠮᠡᠭᠳᠡᠵᠡᠢ᠂ 99%᠎ ᠶᠢᠨ ᠤᠯᠠᠨ ᠲᠦᠮᠡᠨ ᠨᠠᠮ ᠤᠨ ᠲᠥᠪ ᠬᠤᠷᠢᠶ᠎ᠠ ᠶᠢᠨ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠠᠷᠭ᠎ᠠ ᠬᠡᠮᠵᠢᠶ᠎ᠡ ᠨᠢ ᠮᠠᠨ ᠤ ᠨᠠᠮ ᠤᠨ ᠥᠪᠡᠷ ᠪᠡᠶ᠎ᠡ ᠎ ᠶᠢᠨ ᠲᠤᠶᠢᠯᠪᠤᠷᠢᠲᠠᠢ ᠬᠤᠪᠢᠰᠬᠠᠯ ᠬᠢᠬᠦ ᠵᠣᠷᠢᠭ ᠰᠠᠨᠠᠭ᠎ᠠ ᠶᠢ ᠢᠯᠡᠷᠡᠭᠦᠯᠪᠡ ᠭᠡᠵᠦ ᠦᠵᠡᠵᠦ ᠪᠠᠶᠢᠨ᠎ᠠ᠃       ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠦᠨ᠎ᠡ︾ ᠭᠡᠵᠦ ᠳᠤᠷᠠᠳᠤᠨ ᠭᠠᠷᠭᠠᠪᠠ᠂ ᠡᠨᠡ ᠪᠣᠯ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠠᠵᠢᠯ ᠡᠭᠦᠷᠢᠳᠡ ᠵᠣᠭᠰᠣᠰᠢ ᠦᠭᠡᠢ ᠶᠤᠮ ᠭᠡᠳᠡᠭ ᠢ ᠡᠷᠬᠡᠪᠰᠢ ᠭᠦᠨᠵᠡᠭᠡᠢ ᠲᠠᠨᠢᠬᠤ ᠭᠡᠷᠡᠭᠲᠡᠢ᠃ ᠮᠠᠨ ᠤ ᠨᠠᠮ ᠤᠷᠳᠤ ᠬᠤᠭᠤᠴᠠᠭ᠎ᠠ ᠎ ᠪᠠᠷ ᠲᠥᠷᠥ ᠪᠠᠷᠢᠭᠰᠠᠨ ᠮᠠᠷᠺᠰ ᠤᠨ ᠦᠵᠡᠯ ᠤᠨ ᠲᠥᠷᠥ ᠶᠢᠨ ᠨᠠᠮ ᠪᠤᠯᠤᠬᠰᠠᠨ ᠤ ᠬᠤᠪᠢ ᠳᠤ᠂ ᠨᠠᠮ ᠤᠨ ᠠᠯᠤᠰ ᠬᠡᠲᠦ ᠶᠢᠨ ᠬᠠᠷᠠᠯᠲᠠ ᠪᠠ ᠲᠡᠦᠬᠡᠲᠦ ᠡᠭᠦᠷᠭᠡ᠂ ᠨᠠᠮ ᠤᠨ ᠡ᠊ᠩᠨᠡᠭᠡ ᠶᠢᠨ ᠮᠤᠨᠳᠠᠭ ᠶᠡᠭᠡ ᠬᠡᠪᠴᠢᠶ᠎ᠡ ᠪᠠ ᠥᠷᠭᠡᠨ ᠳᠡᠯᠭᠡᠷ ᠲᠠᠷᠬᠠᠯᠲᠠ᠂ ᠨᠠᠮ ᠳᠤ ᠲᠤᠯᠭᠠᠷᠠᠵᠤ ᠪᠠᠶᠢᠭ᠎ᠠ ᠬᠦᠨᠳᠦ ᠶᠡᠭᠡ ᠠᠶᠤᠯ ᠲᠦᠭᠰᠢᠭᠦᠷᠢ ᠪᠠ ᠬᠠᠲᠠᠭᠤ ᠴᠢᠩᠭ᠎ᠠ ᠥᠷᠢᠰᠥᠯᠳᠦᠭᠡᠨ ᠨᠢ ᠴᠥᠮ ᠡᠷᠬᠡᠪᠰᠢ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠨᠠᠮ ᠢᠶᠠᠨ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠬᠤ ᠶᠢ ᠱᠠᠭᠠᠷᠳᠠᠵᠤ ᠪᠠᠶᠢᠨ᠎ᠠ᠃ ᠭᠠᠭᠴᠠ ᠬᠦ ᠬᠡᠰᠡᠭ ᠲᠠᠯ᠎ᠠ ᠪᠠᠷ ᠪᠢᠰᠢ ᠪᠦᠬᠦᠯᠢ ᠴᠣᠭᠴᠠ ᠪᠠᠷ᠂ ᠠᠬᠠᠷ ᠰᠠᠬᠠᠷ ᠢᠶᠠᠷ ᠪᠢᠰᠢ ᠰᠢᠰᠲ᠋ᠧᠮ ᠲᠠᠢ ᠪᠠᠷ᠂ ᠣᠬᠤᠷᠬᠠᠨ ᠬᠤᠭᠤᠴᠠᠭᠠᠨ ᠳᠤ ᠪᠢᠰᠢ ᠥᠨᠢ ᠡᠭᠦᠷᠢᠳᠡ ᠪᠠᠷ᠂ ᠡ᠊ᠩ ᠶᠡᠷᠦᠮᠳᠡᠭ ᠪᠢᠰᠢ ᠥᠨᠳᠥᠷ ᠪᠠᠷᠢᠮᠵᠢᠶ᠎ᠠ ᠪᠠᠷ ᠪᠥᠬᠦ ᠲᠠᠯ᠎ᠠ ᠎ ᠪᠠᠷ ᠨᠠᠮ ᠢ ᠴᠢᠩᠭ᠎ᠠ ᠵᠠᠰᠠᠵᠤ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠶᠢ ᠪᠥᠬᠦ ᠲᠠᠯ᠎ᠠ ᠪᠠᠷ ᠠᠬᠢᠭᠤᠯᠪᠠᠯ ᠰᠠᠶ᠋ᠢ ᠮᠠᠨ ᠤ ᠨᠠᠮ ᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠢᠮᠠᠭᠲᠠ ᠳᠤᠮᠳᠠᠳᠤ ᠤᠯᠤᠰ ᠤᠨ ᠣᠨᠴᠠᠯᠢᠭ ᠎ ᠲᠠᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠭᠠᠵᠤ ᠴᠢᠳᠠᠨ᠎ᠠ᠃       ᠶᠡᠷᠦᠩᠬᠡᠢ ᠱᠦᠵᠢ ᠰᠢ ᠶᠢᠨ ᠫᠢᠩ᠄ ︽ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠰᠢᠰᠲ᠋ᠧᠮ ᠪᠣᠯ ᠨᠢᠭᠡᠨ ᠠᠭᠤᠯᠤᠭᠳᠠᠬᠤᠨ ᠨᠢ ᠪᠠᠶᠠᠯᠢᠭ᠂ ᠴᠢᠳᠠᠮᠵᠢ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ ᠂ ᠠᠵᠢᠯᠯᠠᠭᠠᠨ ᠨᠢ ᠥᠨᠳᠥᠷ ᠪᠦᠲᠦᠮᠵᠢᠲᠡᠢ ᠬᠥᠳᠡᠯᠦᠩᠭᠦᠢ ᠰᠢᠰᠲ᠋ᠧᠮ ᠪᠠᠶᠢᠬᠤ ᠭᠡᠷᠡᠭᠲᠡᠢ︾ ᠭᠡᠵᠦ ᠴᠢᠬᠤᠯᠠᠴᠢᠯᠠᠪᠠ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠳᠤ ᠳᠦᠷᠢᠮ ᠢᠶᠠᠷ ᠨᠠᠮ ᠢ ᠵᠠᠰᠠᠬᠤ᠂ ᠳᠦᠷᠢᠮ ᠲᠣᠭᠲᠠᠭᠠᠯ ᠢᠶᠠᠷ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠣᠷᠭᠠᠨᠢᠭ ᠢᠶᠠᠷ ᠵᠣᠯᠭᠠᠭᠤᠯᠬᠤ᠂ ᠬᠤᠯᠪᠤᠭᠠᠯᠠᠨ ᠬᠥᠳᠡᠯᠦᠯᠴᠡᠬᠦ ᠶᠢ ᠲᠥᠪᠯᠡᠷᠡᠭᠦᠯᠬᠦ᠂ ᠬᠠᠮᠵᠢᠯᠴᠠᠭᠤᠯᠤᠨ ᠵᠣᠬᠢᠴᠠᠭᠤᠯᠬᠤ ᠶᠢ ᠨᠡᠩ ᠲᠤᠪᠤᠶᠢᠯᠭᠠᠵᠤ᠂ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠪᠠ ᠬᠠᠤᠯᠢ ᠳᠦᠷᠢᠮ ᠤᠨ ᠰᠢᠨᠵᠢᠯᠡᠬᠦ ᠤᠬᠠᠭᠠᠨᠴᠢ ᠪᠦᠲᠦᠮᠵᠢᠲᠡᠢ ᠪᠠᠶᠢᠬᠤ ᠶᠢ ᠨᠡᠩ ᠲᠤᠪᠤᠶᠢᠯᠭᠠᠵᠤ᠂ ᠵᠠᠰᠠᠯᠲᠠ ᠶᠢᠨ ᠣᠶᠢᠯᠠᠭᠠᠭᠳᠠᠬᠤᠨ᠂ ᠰᠢᠰᠲ᠋ᠧᠮ ᠤᠨ ᠣᠶᠢᠯᠠᠭᠠᠭᠳᠠᠬᠤᠨ᠂ ᠬᠤᠪᠢᠰᠤᠩᠭᠤᠢ ᠰᠡᠳᠬᠢᠬᠦᠢ ᠪᠠᠷ ᠨᠠᠮ ᠢ ᠬᠠᠮᠢᠶᠠᠷᠴᠤ ᠨᠠᠮ ᠢ ᠵᠠᠰᠠᠵᠤ ᠨᠠᠮ ᠢ ᠪᠠᠶᠢᠭᠤᠯᠬᠤ ᠶᠢ ᠨᠡᠩ ᠲᠤᠪᠤᠶᠢᠯᠭᠠᠬᠤ ᠭᠡᠷᠡᠭᠲᠡᠢ᠃ ᠠᠭᠤᠯᠭ᠎ᠠ ᠶᠢᠨ ᠲᠠᠯ᠎ᠠ ᠪᠠᠷ ᠪᠥᠬᠦᠨ ᠢ ᠬᠠᠮᠤᠷᠴᠤ᠂ ᠨᠠᠮ ᠤᠨ ᠪᠠᠶᠢᠭᠤᠯᠤᠯᠲᠠ ᠶᠢ ᠬᠠᠮᠢᠭ᠎ᠠ ᠭᠥᠷᠳᠡᠯ᠎ᠡ ᠠᠬᠢᠭᠤᠯᠪᠠᠯ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠲᠡᠨᠳᠡ ᠭᠥᠷᠳᠡᠯ᠎ᠡ ᠪᠠᠶᠢᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠠᠮ ᠤᠨ ᠪᠠᠶᠢᠭᠤᠯᠤᠯᠲᠠ ᠶᠢᠨ ᠡᠯ᠎ᠡ ᠲᠠᠯ᠎ᠠ ᠳᠤ ᠲᠤᠭᠤᠰᠢᠯᠠᠭᠤᠯᠬᠤ ᠭᠡᠷᠡᠭᠲᠡᠢ; ᠤᠳᠤᠷᠢᠳᠬᠤ ᠺᠠᠳ᠋ᠷ ᠤᠨ ᠡ᠊ᠩᠨᠡᠭᠡ᠂ ᠨᠠᠮ ᠤᠨ ᠭᠡᠰᠢᠭᠦᠨ ᠤ ᠡ᠊ᠩᠨᠡᠭᠡ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠰᠠᠶᠢᠲᠤᠷ ᠠᠳᠬᠤᠬᠤ ᠳᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾᠎ ᠢ ᠰᠠᠶᠢᠲᠤᠷ ᠠᠳᠬᠤᠬᠤ ᠪᠣᠯ ᠭᠤᠣᠯᠳᠠᠯᠭ᠎ᠠ ᠪᠤᠯᠤᠨ᠎ᠠ; ᠬᠠᠷᠢᠭᠤᠴᠠᠯᠭ᠎ᠠ ᠶᠢᠨ ᠲᠠᠯ᠎ᠠ ᠪᠠᠷ ᠪᠥᠬᠦ ᠬᠡᠯᠬᠢᠶ᠎ᠡ ᠶᠢ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠬᠠᠮᠰᠠᠷ ᠢᠶᠠᠨ ᠴᠢᠩᠭᠠᠳᠬᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠭᠡᠷᠡᠭᠲᠡᠢ; ᠳᠦᠷᠢᠮ ᠤᠨ ᠲᠠᠯ᠎ᠠ ᠪᠠᠷ ᠪᠥᠬᠦᠨ ᠢ ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠳᠦᠷᠢᠮ ᠢᠶᠠᠷ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠤᠨ ᠬᠤᠯᠪᠣᠯᠳᠤᠨ ᠬᠥᠳᠡᠯᠦᠯᠴᠡᠬᠦ ᠶᠢ ᠠᠬᠢᠭᠤᠯᠵᠤ᠂ ᠳᠦᠷᠢᠮ ᠢᠶᠠᠷ ᠨᠠᠮ ᠢ ᠵᠠᠰᠠᠬᠤ᠂ ᠳᠦᠷᠢᠮ ᠲᠣᠭᠲᠠᠭᠠᠯ ᠢᠶᠠᠷ ᠨᠠᠮ ᠢ ᠵᠠᠰᠠᠬᠤ ᠶᠢ ᠦᠨᠡᠨ ᠬᠦ ᠪᠡᠶᠡᠯᠡᠭᠦᠯᠬᠦ ᠭᠡᠷᠡᠭᠲᠡᠢ᠃ ᠭᠠᠭᠴᠠ ᠬᠦ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠤᠨ ᠴᠠᠭ ᠦᠶᠡᠴᠢ ᠴᠢᠨᠠᠷ ᠢ ᠨᠡᠩ ᠰᠠᠶᠢᠨ ᠢᠯᠡᠷᠡᠭᠦᠯᠵᠦ᠂ ᠵᠢᠮ᠎ᠡ ᠶᠣᠰᠣᠴᠢ ᠴᠢᠨᠠᠷ ᠢ ᠡᠵᠡᠮᠳᠡᠵᠦ᠂ ᠪᠦᠲᠦᠭᠡᠯᠴᠢ ᠴᠢᠨᠠᠷᠲᠠᠢ ᠪᠣᠯᠭᠠᠪᠠᠯ ᠰᠠᠶ᠋ᠢ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠵᠦ᠂ ᠨᠠᠮ ᠢ ᠬᠠᠮᠢᠶᠠᠷᠬᠤ ᠳᠤ ᠠᠷᠭ᠎ᠠ ᠵᠠᠮ ᠲᠠᠢ᠂ ᠨᠠᠮ ᠢ ᠵᠠᠰᠠᠬᠤ ᠳᠤ ᠬᠦᠴᠦᠲᠡᠢ᠂ ᠨᠠᠮ ᠢ ᠪᠠᠶᠢᠭᠤᠯᠬᠤ ᠳᠤ ᠪᠦᠲᠦᠮᠵᠢᠲᠡᠢ ᠪᠣᠯᠭᠠᠵᠤ ᠴᠢᠳᠠᠨ᠎ᠠ᠃       ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠎ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠥᠬᠦ ᠲᠠᠯ᠎ᠠ ᠪᠠᠷ ᠠᠬᠢᠭᠤᠯᠬᠤ ᠶᠢᠨ ᠵᠠᠩᠭᠢᠯᠠᠭ᠎ᠠ ᠨᠢ ᠨᠠᠮ ᠳᠤ ᠪᠠᠶᠢᠨ᠎ᠠ᠃ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ ᠨᠠᠮ ᠤᠨ ᠠᠮᠢᠵᠢᠷᠠᠯ ᠤᠨ ᠬᠦᠴᠦᠨ ᠢ ᠡᠭᠦᠷᠢᠳᠡ ᠪᠠᠲᠤᠯᠠᠵᠤ᠂ ᠰᠢᠨ᠎ᠡ ᠰᠢᠯᠭᠠᠯᠲᠠ ᠶᠢ ᠲᠤᠭᠤᠯᠬᠤ ᠵᠠᠮ ᠢᠶᠠᠷ ᠰᠠᠶᠢᠲᠤᠷ ᠵᠠᠮᠨᠠᠬᠤ ᠵᠠᠶᠢᠯᠠᠰᠢ ᠦᠭᠡᠢ ᠵᠠᠮ ᠮᠥᠨ᠃ ᠰᠢᠨ᠎ᠡ ᠠᠶᠠᠨ ᠳᠤ᠂ ᠪᠢᠳᠡ ᠪᠠᠰᠠ ᠬᠡᠴᠢᠨᠡᠨ ᠳᠠᠪᠠᠭ᠎ᠠ ᠶᠢ ᠳᠠᠪᠠᠵᠤ᠂ ᠬᠡᠴᠢᠨᠡᠨ ᠬᠦᠴᠢᠷ ᠪᠡᠷᠬᠡᠰᠢᠶᠡᠯ ᠢ ᠳᠤᠭᠤᠯᠵᠤ᠂ ᠬᠡᠴᠢᠨᠡᠨ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠶᠢ ᠮᠡᠳᠡᠬᠦ ᠦᠭᠡᠢ᠃ ᠰᠢᠯᠭᠠᠯᠲᠠ ᠳᠤ ᠣᠷᠣᠯᠴᠠᠬᠤ ᠰᠡᠷᠭᠡᠭ ᠴᠢᠨᠠᠷ ᠪᠣᠯᠣᠨ ᠪᠣᠯᠭᠤᠮᠵᠢᠲᠠᠢ ᠪᠠᠶᠢᠬᠤ ᠶᠢ ᠡᠭᠦᠷᠢᠳᠡ ᠪᠠᠲᠤᠯᠠᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠠᠬᠢᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠭᠦᠯᠵᠦ᠂ ᠨᠠᠮ ᠤᠨ ᠠᠭᠤᠤ ᠶᠡᠭᠡ ᠥᠪᠡᠷ ᠪᠡᠶ᠎ᠡ ᠶᠢᠨ ᠬᠤᠪᠢᠰᠬᠠᠯ ᠬᠢᠬᠦ ᠶᠢ ᠡᠴᠦᠰ ᠎ ᠲᠤᠨᠢ ᠲᠤᠯᠲᠠᠯ᠎ᠠ ᠬᠢᠵᠦ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠪᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠪᠠᠯ᠂ ᠪᠢᠳᠡ ᠯᠠᠪᠲᠠᠢ ᠲᠡᠦᠬᠡ ᠪᠣᠯᠣᠨ ᠠᠷᠠᠳ ᠲᠦᠮᠡᠨ ᠳᠤ ᠰᠢᠨ᠎ᠡ ᠰᠢᠯᠢᠳᠡᠭ ᠬᠠᠷᠢᠭᠤᠯᠲᠠ ᠎ ᠶᠢᠨ ᠬᠠᠭᠤᠳᠠᠰᠤ ᠶᠢ ᠲᠤᠰᠢᠶᠠᠵᠤ᠂ ᠨᠡᠩ ᠶᠡᠭᠡ ᠰᠢᠨ᠎ᠡ ᠭᠠᠶᠢᠬᠠᠮᠰᠢᠭ ᠢ ᠡᠭᠦᠳᠴᠦ ᠴᠢᠳᠠᠨ᠎ᠠ᠃                 ︵ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 11᠎ ᠤ ᠴᠠᠬᠢᠯᠭᠠᠨ ᠮᠡᠳᠡᠭᠡ︶             ᠡᠨᠡ ᠵᠢᠯ ᠮᠠᠨ ᠤ ᠣᠷᠣᠨ ᠡᠨᠧᠷᠭᠢ ᠶᠢᠨ ᠠᠮᠤᠷ ᠲᠦᠪᠰᠢᠨ ᠲᠣᠭᠲᠠᠭᠤᠨ ᠬᠠᠩᠭᠠᠯᠭ᠎ᠠ ᠶᠢ ᠦᠷᠭᠦᠯᠵᠢᠯᠡᠨ ᠪᠥᠬᠦ ᠬᠦᠴᠦᠨ ᠢᠶᠠᠷ ᠪᠠᠲᠤᠯᠠᠨ᠎ᠠ       ᠰᠤᠷᠪᠤᠯᠵᠢᠯᠠᠬᠴᠢ ᠲᠦᠷᠦᠭᠦᠬᠡᠨ ᠬᠤᠷᠠᠯᠳᠤᠭᠰᠠᠨ 2023 ᠣᠨ ᠤ ᠪᠥᠬᠦ ᠣᠷᠣᠨ ᠤ ᠡᠨᠧᠷᠭᠢ ᠶᠢᠨ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ 2023 ᠣᠨ ᠳᠤ᠂ ᠮᠠᠨ ᠤ ᠣᠷᠣᠨ ᠦᠷᠭᠦᠯᠵᠢᠯᠡᠨ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ ᠂ ᠡᠨᠧᠷᠭᠢ ᠶᠢᠨ ᠠᠮᠤᠷ ᠲᠦᠪᠰᠢᠨ ᠲᠣᠭᠲᠠᠭᠤᠨ ᠬᠠᠩᠭᠠᠯᠭ᠎ᠠ ᠶᠢ ᠪᠥᠬᠦ ᠬᠦᠴᠦᠨ ᠢᠶᠠᠷ ᠪᠠᠲᠤᠯᠠᠨ᠎ᠠ᠃ ᠬᠠᠷᠠᠯᠲᠠ ᠶᠢᠨ ᠶᠣᠰᠣᠭᠠᠷ᠂ ᠪᠥᠬᠦ ᠣᠷᠣᠨ ᠤ ᠨᠡᠭᠦᠷᠡᠰᠦᠨ ᠤ ᠭᠠᠷᠤᠯᠲᠠ ᠶᠢ 12.5 ᠳ᠋ᠦᠩᠰᠢᠭᠤᠷ ᠲᠣᠨ ᠳᠤ ᠬᠦᠷᠭᠡᠵᠦ᠂ ᠲᠦᠭᠦᠬᠡᠢ ᠲᠣᠰᠣᠨ ᠤ ᠭᠠᠷᠤᠯᠲᠠ ᠶᠢ 180 ᠲᠦᠮᠡᠨ ᠲᠣᠨ ᠠᠴᠠ ᠳᠡᠭᠡᠭᠰᠢ ᠳᠤ ᠬᠦᠷᠭᠡᠵᠦ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠤᠯᠲᠠ ᠶᠢ 310 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠳᠤ ᠬᠦᠷᠭᠡᠵᠦ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢ 2 ᠳ᠋ᠦᠩᠰᠢᠭᠤᠷ ᠺᠢᠯᠣᠸᠠᠲ ᠠᠴᠠ ᠳᠠᠪᠠᠭᠤᠯᠵᠤ᠂ ᠡᠭᠦᠨ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 9000 ᠲᠦᠮᠡᠨ ᠺᠢᠯᠣᠸᠠᠲ ᠲᠤ ᠬᠦᠷᠭᠡᠵᠦ᠂ ᠡᠵᠡᠯᠡᠬᠦ ᠬᠤᠪᠢ ᠶᠢᠨ ᠵᠢᠩ ᠢ 45% ᠎ ᠠᠴᠠ ᠳᠡᠭᠡᠭᠰᠢ ᠪᠠᠶᠢᠯᠭᠠᠵᠤ᠂ ᠴᠠᠬᠢᠯᠭᠠᠨ ᠭᠠᠷᠭᠠᠬᠤ ᠬᠡᠮᠵᠢᠶ᠎ᠡ ᠶᠢ 7100 ᠳ᠋ᠦᠩᠰᠢᠭᠤᠷ ᠺᠢᠯᠣᠸᠠᠲ ᠴᠠᠭ ᠲᠤ ᠬᠦᠷᠭᠡᠨ᠎ᠡ᠃ ᠡᠨᠧᠷᠭᠢ ᠵᠢᠴᠢ ᠲᠣᠨᠣᠭᠯᠠᠯ ᠦᠢᠯᠡᠳᠬᠦ ᠴᠢᠬᠤᠯᠠ ᠶᠡᠭᠡ ᠳᠦᠷᠦᠯ ᠵᠦᠢᠯ ᠤᠨ ᠣᠨ ᠤ ᠲᠥᠯᠥᠪᠯᠡᠭᠰᠡᠨ ᠪᠡᠯᠡ ᠣᠷᠣᠭᠤᠯᠤᠯᠲᠠ 2900 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃       ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠡᠨᠡ ᠵᠢᠯ᠂ ᠮᠠᠨ ᠤ ᠣᠷᠣᠨ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ᠂ ᠰᠢᠨ᠎ᠡ ᠡᠨᠧᠷᠭᠢ ᠶᠢᠨ ᠬᠥᠭᠵᠢᠯᠲᠡ ᠶᠢ ᠲᠦᠷᠭᠡᠳᠬᠡᠬᠦ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ᠂ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠵᠡᠷᠭᠡ ᠨᠠᠢᠮᠠᠨ ᠲᠠᠯ᠎ᠠ ᠪᠠᠷ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃       ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠲᠠᠯ᠎ᠠ ᠪᠠᠷ᠂ ᠨᠡᠭᠦᠷᠡᠰᠦᠨ ᠤ ᠭᠠᠷᠤᠯᠲᠠ ᠶᠢ ᠨᠡᠮᠡᠭᠳᠡᠭᠦᠯᠵᠦ ᠬᠠᠩᠭᠠᠯᠭ᠎ᠠ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠨᠡᠭᠦᠷᠡᠰᠦ ᠴᠠᠬᠢᠯᠭᠠᠨ ᠤ ᠲᠤᠯᠭᠠᠭᠤᠷᠢᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠨᠥᠭᠡᠴᠡ ᠶᠢ ᠨᠡᠮᠡᠭᠳᠡᠭᠦᠯᠵᠦ ᠭᠠᠷᠤᠯᠲᠠ ᠶᠢ ᠨᠡᠮᠡᠭᠳᠡᠭᠦᠯᠬᠦ ᠶᠢ ᠠᠬᠢᠭᠤᠯᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃       ᠰᠢᠨ᠎ᠡ ᠡᠨᠧᠷᠭᠢ ᠶᠢᠨ ᠬᠥᠭᠵᠢᠯᠲᠡ ᠶᠢ ᠲᠦᠷᠭᠡᠳᠬᠡᠬᠦ ᠲᠠᠯ᠎ᠠ ᠪᠠᠷ᠂ ᠥᠪᠡᠷᠮᠢᠴᠡ ᠳᠠᠪᠠᠭᠤᠯᠢᠭ ᠲᠠᠢ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠰᠢᠨ᠎ᠡ ᠡᠨᠧᠷᠭᠢ ᠶᠢᠨ ᠬᠥᠭᠵᠢᠯᠲᠡ ᠶᠢᠨ ᠲᠡᠦᠬᠡᠨ ᠠᠵᠠ ᠲᠣᠭᠢᠶᠠᠯ ᠢ ᠠᠮᠵᠢᠵᠤ᠂ ᠰᠠᠭᠤᠷᠢᠨᠵᠢᠭᠤᠯᠤᠨ ᠭᠠᠳᠠᠭᠰᠢ ᠬᠦᠷᠭᠡᠬᠦ᠂ ᠵᠠᠬ᠎ᠠ ᠳᠡᠯᠭᠡᠭᠦᠷᠴᠢᠯᠡᠨ ᠰᠢᠩᠭᠡᠭᠡᠬᠦ᠂ ᠪᠠᠲᠤᠯᠠᠭ᠎ᠠ ᠶᠢᠨ ᠴᠢᠨᠠᠷᠲᠠᠢ ᠲᠣᠣᠷ ᠨᠡᠶᠢᠯᠡᠭᠦᠯᠦᠭᠰᠡᠨ ᠰᠢᠨ᠎ᠡ ᠡᠨᠧᠷᠭᠢ ᠶᠢᠨ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ ᠡᠨᠧᠷᠭᠢ ᠶᠢᠨ ᠪᠡᠯᠡ ᠣᠷᠣᠭᠤᠯᠤᠯᠲᠠ 1800 ᠳ᠋ᠦᠩᠰᠢᠭᠤᠷ ᠲᠥᠭᠦᠷᠢᠭ ᠢ ᠳᠠᠪᠠᠭᠤᠯᠵᠤ᠂ ᠰᠢᠨ᠎ᠡ ᠪᠠᠷ ᠨᠡᠮᠡᠭᠳᠡᠭᠰᠡᠨ ᠰᠢᠨ᠎ᠡ ᠡᠨᠧᠷᠭᠢ ᠶᠢᠨ ᠲᠣᠣᠷ ᠲᠤ ᠨᠡᠶᠢᠯᠡᠭᠦᠯᠦᠭᠰᠡᠨ ᠬᠡᠪᠴᠢᠶ᠎ᠡ 2500 ᠲᠦᠮᠡᠨ ᠺᠢᠯᠣᠸᠠᠲ ᠢ ᠳᠠᠪᠠᠭᠤᠯᠵᠤ᠂ ᠲᠥᠷᠥ ᠶᠢᠨ ᠪᠣᠳᠣᠯᠭ᠎ᠠ ᠶᠢ ᠦᠨᠡᠨ ᠬᠦ ᠠᠰᠢᠭᠲᠠᠢ ᠪᠠᠶᠢᠯᠭᠠᠬᠤ ᠶᠢ ᠰᠢᠨ᠎ᠡ ᠡᠨᠧᠷᠭᠢ ᠶᠢᠨ ᠬᠥᠭᠵᠢᠯᠲᠡ ᠶᠢᠨ ᠪᠣᠳᠠᠲᠠᠢ ᠨᠡᠮᠡᠭᠳᠡᠯ ᠬᠡᠮᠵᠢᠶ᠎ᠡ ᠪᠣᠯᠭᠠᠨ ᠬᠤᠪᠢᠷᠠᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠪᠥᠬᠦ ᠬᠦᠴᠦᠨ ᠢᠶᠠᠷ ᠠᠬᠢᠭᠤᠯᠤᠨ᠎ᠠ᠃       ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠬᠦ ᠲᠠᠯ᠎ᠠ ᠪᠠᠷ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠣᠷ ᠢᠶᠠᠷ ᠲᠤᠷᠰᠢᠯᠲᠠ ᠶᠢᠨ ᠴᠡᠭ ᠪᠣᠯᠭᠠᠵᠤ᠂ ᠴᠠᠬᠢᠯᠭᠠᠨ ᠲᠣᠣᠷ ᠤᠨ ᠭᠤᠣᠯ ᠲᠣᠣᠷ ᠤᠨ ᠪᠦᠷᠢᠯᠳᠦᠴᠡ ᠶᠢ ᠬᠦᠴᠦᠯᠡᠨ ᠰᠢᠯᠢᠳᠡᠭᠵᠢᠭᠦᠯᠵᠦ᠂ ᠰᠢᠨ᠎ᠡ ᠡᠨᠧᠷᠭᠢ ᠶᠢ ᠥᠷᠭᠡᠨ ᠢᠶᠠᠷ ᠵᠠᠯᠭᠠᠨ ᠣᠷᠣᠭᠤᠯᠬᠤ ᠳᠤ ᠵᠣᠬᠢᠴᠠᠬᠤ᠂ ᠣᠯᠠᠨ ᠵᠦᠢᠯ ᠤᠨ ᠴᠠᠬᠢᠯᠭᠠᠨ ᠲᠣᠣᠷ ᠤᠨ ᠬᠡᠯᠪᠡᠷᠢ ᠪᠠᠶᠢᠳᠠᠯ ᠢ ᠬᠠᠷᠢᠯᠴᠠᠨ ᠠᠭᠤᠰᠤᠯᠴᠠᠭᠤᠯᠤᠨ ᠵᠡᠷᠭᠡ ᠪᠠᠷ ᠣᠷᠣᠰᠢᠬᠤ᠂ ᠴᠠᠬᠢᠯᠭᠠᠨ ᠡᠭᠦᠰᠬᠡᠭᠴᠢ ᠴᠠᠬᠢᠯᠭᠠᠨ ᠲᠣᠣᠷ ᠳᠠᠭᠠᠭᠠᠴᠠ ᠨᠥᠭᠡᠴᠡ ᠶᠢ ᠣᠶᠤᠨᠴᠢ ᠪᠠᠷ ᠬᠠᠷᠢᠯᠴᠠᠨ ᠠᠬᠢᠭᠤᠯᠬᠤ᠂ ᠵᠠᠬ᠎ᠠ ᠳᠡᠯᠭᠡᠭᠦᠷ ᠤᠨ ᠰᠢᠰᠲ᠋ᠧᠮ ᠢ ᠠᠮᠢᠳᠤᠯᠢᠭ ᠢᠶᠠᠷ ᠨᠡᠭᠡᠭᠡᠬᠦ᠂ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠢᠨ᠎ᠡ ᠡᠨᠧᠷᠭᠢ ᠶᠢ ᠰᠢᠩᠭᠡᠬᠡᠨ ᠠᠪᠬᠤ ᠴᠢᠳᠠᠪᠤᠷᠢ ᠶᠢ ᠪᠥᠬᠦ ᠬᠦᠴᠦᠨ ᠢᠶᠠᠷ ᠳᠡᠭᠡᠭᠰᠢᠯᠡᠭᠦᠯᠦᠨ᠎ᠡ᠃       ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ ᠶᠢ ᠲᠦᠷᠭᠡᠳᠬᠡᠬᠦ ᠲᠠᠯ᠎ᠠ ᠪᠠᠷ ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠬᠢᠭᠡᠳ ᠲᠣᠨᠤᠭ ᠲᠥᠬᠦᠭᠡᠷᠦᠮᠵᠢ ᠦᠢᠯᠡᠳᠬᠦ᠂ ᠠᠵᠢᠯᠯᠠᠭᠤᠯᠵᠤ ᠪᠠᠲᠤᠯᠠᠬᠤ ᠦᠢᠯᠡᠴᠢᠯᠡᠭᠡ ᠶᠢ ᠬᠠᠮᠵᠢᠯᠴᠠᠭᠤᠯᠤᠨ ᠬᠥᠭᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠶᠢ ᠶᠡᠭᠡ ᠪᠠᠷ ᠠᠬᠢᠭᠤᠯᠵᠤ᠂ 600 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠴᠢᠷᠮᠠᠶᠢᠨ ᠪᠡᠶᠡᠯᠡᠭᠦᠯᠵᠦ᠂ ᠣᠷᠣᠨ ᠤ ᠳᠣᠲᠣᠷᠠᠬᠢ᠂ ᠡᠷᠭᠢᠨ ᠲᠣᠭᠤᠷᠢᠨ ᠢ ᠬᠠᠩᠭᠠᠭᠰᠠᠨ᠂ ᠪᠥᠬᠦ ᠤᠯᠤᠰ ᠢ ᠨᠥᠯᠥᠭᠡᠯᠡᠭᠰᠡᠨ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠢᠵᠢ ᠪᠦᠷᠢᠳᠦᠭᠰᠡᠨ ᠬᠠᠩᠭᠠᠯᠭ᠎ᠠ ᠶᠢᠨ ᠴᠢᠳᠠᠪᠤᠷᠢ ᠶᠢ ᠪᠠᠶᠢᠭᠤᠯᠤᠨ᠎ᠠ᠃       ︽ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠡᠨᠧᠷᠭᠢ ᠶᠢᠨ ᠬᠤᠪᠢᠰᠬᠠᠯ ᠢ ᠭᠦᠨᠵᠡᠭᠡᠢ ᠠᠬᠢᠭᠤᠯᠵᠤ᠂︿ᠲᠠᠪᠤᠨ ᠶᠡᠭᠡ ᠡᠭᠦᠷᠭᠡ﹀᠎ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠪᠠᠷ ᠭᠤᠣᠯ ᠰᠢᠵᠢᠮ ᠪᠣᠯᠭᠠᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠶᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠨᠡᠭᠡᠭᠡᠨ ᠬᠥᠭᠵᠢᠭᠦᠯᠬᠦ᠂ ᠥᠨᠳᠥᠷ ᠬᠠᠷᠢᠴᠠᠯ ᠲᠠᠢ ᠬᠡᠷᠡᠭᠯᠡᠬᠦ ᠶᠢ ᠶᠡᠭᠡ ᠪᠠᠷ ᠠᠬᠢᠭᠤᠯᠵᠤ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠪᠠ ᠠᠵᠢᠯᠯᠠᠭᠤᠯᠵᠤ ᠪᠠᠲᠤᠯᠠᠬᠤ ᠦᠢᠯᠡᠴᠢᠯᠡᠭᠡ ᠶᠢ ᠬᠠᠮᠵᠢᠯᠴᠠᠭᠤᠯᠤᠨ ᠬᠥᠭᠵᠢᠭᠦᠯᠵᠦ᠂ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠤ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶᠠᠨ ᠤ ᠳᠡᠳ᠋ ᠳᠠᠷᠤᠭ᠎ᠠ ᠴᠧᠨ ᠵᠧᠩ ᠬᠡᠯᠡᠪᠡ᠃       ᠲᠠᠨᠢᠯᠴᠠᠭᠤᠯᠤᠭᠰᠠᠨ ᠢᠶᠠᠷ᠂ ᠥᠩᠭᠡᠷᠡᠭᠰᠡᠨ ᠨᠢᠭᠡ ᠵᠢᠯ ᠳᠤ᠂ ᠪᠥᠬᠦ ᠣᠷᠣᠨ ᠤ ᠡᠨᠧᠷᠭᠢ ᠶᠢᠨ ᠰᠢᠰᠲ᠋ᠧᠮ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠪᠠ ᠪᠣᠬᠢᠷᠳᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠪᠥᠬᠦ ᠣᠷᠣᠨ ᠤ ᠨᠡᠭᠦᠷᠡᠰᠦᠨ ᠤ ᠪᠣᠳᠠᠲᠠᠢ ᠦᠢᠯᠡᠳᠪᠦᠷᠢᠯᠡᠯ ᠤᠨ ᠴᠢᠳᠠᠪᠤᠷᠢ 12.2 ᠳ᠋ᠦᠩᠰᠢᠭᠤᠷ ᠲᠣᠨ ᠳᠤ ᠬᠦᠷᠴᠦ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ 1.73 ᠳ᠋ᠦᠩᠰᠢᠭᠤᠷ ᠺᠢᠯᠣᠸᠠᠲ ᠲᠤ ᠬᠦᠷᠴᠦ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 6500 ᠲᠦᠮᠡᠨ ᠺᠢᠯᠣᠸᠠᠲ ᠲᠤ ᠬᠦᠷᠴᠦ᠂ ᠭᠠᠳᠠᠭᠰᠢ ᠬᠦᠷᠭᠡᠭᠰᠡᠨ ᠨᠡᠭᠦᠷᠡᠰᠦ 7.2 ᠳ᠋ᠦᠩᠰᠢᠭᠤᠷ ᠲᠣᠨ ᠳᠤ ᠬᠦᠷᠴᠦ᠂ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ 2640 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠥᠬᠦ ᠤᠯᠤᠰ ᠤᠨ ᠮᠤᠵᠢ ᠠᠯᠤᠰᠯᠠᠨ ᠭᠠᠳᠠᠭᠰᠢ ᠬᠦᠷᠭᠡᠭᠰᠡᠨ ᠨᠡᠭᠦᠷᠡᠰᠦᠨ ᠤ 1/3 ᠎ ᠶᠢ ᠡᠵᠡᠯᠡᠵᠦ᠂ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ ᠶᠢᠨ 1/6 ᠎ ᠶᠢ ᠡᠵᠡᠯᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠥᠭᠵᠢᠯᠲᠡ ᠪᠠ ᠤᠯᠤᠰ ᠤᠨ ᠡᠨᠧᠷᠭᠢ ᠶᠢᠨ ᠠᠮᠤᠷ ᠲᠦᠪᠰᠢᠨ ᠳᠤ ᠴᠢᠬᠤᠯᠠ ᠬᠤᠪᠢ ᠨᠡᠮᠡᠷᠢ ᠦᠵᠡᠭᠦᠯᠪᠡ᠃               ︵ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ  ᠶᠢᠨ ᠰᠦᠯᠵᠢᠶ᠎ᠡ︶  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号