ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠭᠦᠨᠵᠡᠭᠡᠢ ᠠᠬᠢᠭᠤᠯᠤᠶ᠎ᠠ
ᠨᠡᠶᠢᠲᠡᠯᠡᠭᠰᠡᠨ ᠴᠠᠭ᠄
2023/12/29
        — ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ                 ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ       ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ ᠶᠠᠪᠤᠭᠳᠠᠵᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠠᠵᠢᠯ ᠡᠭᠦᠷᠢᠳᠡ ᠵᠣᠭᠰᠣᠰᠢ ᠦᠭᠡᠢ ᠶᠠᠪᠤᠭᠳᠠᠨ᠎ᠠ᠃       ᠶᠡᠷᠦᠩᠬᠡᠢ ᠱᠦᠵᠢ ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠭᠦᠨᠵᠡᠭᠡᠢ ᠠᠬᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠨᠠᠮ ᠤᠨ ᠤᠷᠲᠤ ᠬᠤᠭᠤᠴᠠᠭ᠎ᠠ ᠪᠠᠷ ᠲᠥᠷᠥ ᠪᠠᠷᠢᠬᠤ᠂ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ᠂ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠪᠠᠶᠢᠬᠤ ᠥᠨᠳᠥᠷᠴᠡ ᠳᠤ ᠵᠣᠭᠰᠣᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠠᠮ ᠤᠨ ᠤᠷᠳᠤ ᠬᠤᠭᠤᠴᠠᠭᠠᠨ ᠤ ᠪᠠᠶᠢᠯᠳᠤᠬᠤ ᠪᠣᠳᠣᠯᠭ᠎ᠠ᠂ ᠥᠨᠢᠳᠡ ᠶᠢᠨ ᠰᠡᠳᠦᠪ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠲᠤᠶᠢᠯᠪᠤᠷᠢᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠠᠭᠠᠷᠢᠯᠲᠠ ᠶᠢᠨ ᠪᠦᠷᠢᠶ᠎ᠡ ᠶᠢ ᠥᠨᠢᠳᠡ ᠬᠠᠩᠭᠢᠨᠠᠭᠤᠯᠵᠤ᠂ ᠴᠢᠩᠭ᠎ᠠ ᠪᠠᠶᠢᠬᠤ ᠭᠦᠭ ᠠᠶᠠᠰ᠂ ᠴᠢᠩᠭ᠎ᠠ ᠪᠠᠶᠢᠬᠤ ᠠᠷᠭ᠎ᠠ ᠬᠡᠮᠵᠢᠶ᠎ᠡ᠂ ᠴᠢᠩᠭ᠎ᠠ ᠪᠠᠶᠢᠬᠤ ᠠᠭᠤᠷ ᠠᠮᠢᠰᠬᠤᠯ ᠢ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠨᠠᠮ ᠤᠨ ᠠᠭᠤᠤ ᠶᠡᠭᠡ ᠥᠪᠡᠷ ᠪᠡᠶ᠎ᠡ ᠶᠢᠨ ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ ᠭᠡᠷᠡᠭᠳᠡᠢ ᠭᠡᠵᠦ ᠴᠢᠬᠤᠯᠠᠴᠢᠯᠠᠪᠠ᠃       ᠳᠤᠮᠳᠠᠳᠤ ᠤᠯᠤᠰ ᠤᠨ ᠤᠴᠢᠷ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠳᠤ ᠪᠤᠢ᠂ ᠵᠠᠩᠭᠢᠯᠠᠭ᠎ᠠ ᠨᠢ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠳᠤ ᠪᠤᠢ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠥᠬᠦ ᠲᠠᠯ᠎ᠠ ᠪᠠᠷ ᠠᠬᠢᠭᠤᠯᠬᠤ ᠠᠤᠭ᠎ᠠ ᠲᠥᠰᠥᠪ ᠢ ᠵᠢᠷᠤᠭᠯᠠᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠴᠠᠭ ᠦᠶ᠎ᠡ ᠶᠢᠨ ᠪᠦᠷᠢᠶ᠎ᠡ ᠶᠢ ᠬᠠᠩᠭᠢᠨᠠᠭᠤᠯᠪᠠ᠃       ᠰᠢᠨ᠎ᠡ ᠲᠡᠮᠡᠴᠡᠯ ᠤᠨ ᠬᠠᠷᠠᠯᠲᠠ ᠲᠡᠶᠢᠰᠢ ᠮᠣᠷᠳᠠᠵᠤ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠡᠨᠡ ᠬᠦ ᠠᠭᠤᠤ ᠶᠡᠭᠡ ᠨᠡᠶᠢᠭᠡᠮ ᠤᠨ ᠬᠤᠪᠢᠰᠬᠠᠯ ᠢ ᠰᠠᠶᠢᠲᠤᠷ ᠬᠢᠵᠦ᠂ ᠰᠢᠨ᠎ᠡ ᠠᠶᠠᠨ ᠳᠠᠭᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠢᠯᠠᠯᠲᠠ ᠶᠢ ᠲᠠᠰᠤᠷᠠᠯᠳᠠ ᠦᠭᠡᠢ ᠲᠡᠮᠡᠴᠡᠨ ᠣᠯᠬᠤ ᠳᠤ᠂ ᠮᠠᠨ ᠤ ᠨᠠᠮ ᠡᠷᠬᠡᠪᠰᠢ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ᠂ ᠥᠴᠥᠬᠡᠨ ᠴᠦ ᠭᠤᠶᠢᠪᠢᠰᠢ ᠦᠭᠡᠢ ᠪᠠᠷ ᠨᠠᠮ ᠢᠶᠠᠨ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠬᠤ ᠭᠡᠷᠡᠭᠲᠡᠢ᠃ ᠡᠭᠦᠨ ᠤ ᠬᠠᠮᠲᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠷ ᠳᠠᠮᠵᠢᠨ᠂ ᠪᠢᠳᠡ ᠨᠠᠮ ᠤᠨ ᠳᠣᠲᠣᠭᠠᠳᠤ ᠶᠢᠨ ᠮᠠᠰᠢ ᠤᠯᠠᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠪᠡ᠂ ᠭᠡᠪᠡᠴᠦ ᠨᠠᠮ ᠳᠤ ᠲᠤᠯᠭᠠᠷᠠᠵᠤ ᠪᠠᠶᠢᠭ᠎ᠠ ︽ᠳᠥᠷᠪᠡᠨ ᠶᠡᠭᠡ ᠰᠢᠯᠭᠠᠯᠲᠠ︾ ︽ᠳᠥᠷᠪᠡᠨ ᠵᠦᠢᠯ ᠤᠨ ᠠᠶᠤᠯ ᠲᠦᠭᠰᠢᠭᠦᠷᠢ︾ ᠤᠷᠳᠤ ᠬᠤᠭᠤᠴᠠᠭ᠎ᠠ ᠎ ᠪᠠᠷ ᠣᠷᠣᠰᠢᠬᠤ ᠪᠣᠯᠣᠨ᠎ᠠ᠂ ᠶᠡᠭᠡ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠪᠣᠯ ᠪᠥᠬᠦ ᠲᠠᠯ᠎ᠠ ᠎ ᠪᠠᠷ ᠨᠠᠮ ᠢ ᠴᠢᠩᠭ᠎ᠠ ᠵᠠᠰᠠᠬᠤ ᠶᠢᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠣᠬᠢᠴᠠᠬᠤ ᠳᠤ ᠡᠷᠬᠡᠪᠰᠢ ᠰᠢᠢᠳᠪᠦᠷᠢᠯᠡᠬᠦ ᠴᠢᠬᠤᠯᠠᠲᠠᠢ ᠬᠦᠴᠢᠷ ᠠᠰᠠᠭᠤᠳᠠᠯ ᠪᠣᠯᠣᠨ᠎ᠠ ᠭᠡᠳᠡᠭ ᠢ ᠣᠯᠵᠤ ᠬᠠᠷᠠᠬᠤ ᠭᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠶᠢ ᠨᠢᠭᠡ ᠮᠥᠴᠡ ᠴᠦ ᠰᠤᠯᠠᠷᠠᠭᠤᠯᠵᠤ ᠪᠣᠯᠬᠤ ᠦᠭᠡᠢ᠂ ᠶᠠᠭᠠᠬᠢᠭᠰᠠᠨ ᠴᠤ ᠰᠤᠯᠠᠷᠠᠵᠤ ᠠᠮᠤᠰᠬᠢᠬᠦ᠂ ᠶᠠᠳᠠᠷᠠᠵᠤ ᠬᠠᠯᠠᠰᠢᠷᠠᠬᠤ ᠪᠤᠳᠤᠯ ᠲᠠᠢ ᠪᠠᠶᠢᠵᠤ ᠪᠣᠯᠬᠤ ᠦᠭᠡᠢ᠂ ᠡᠷᠬᠡᠪᠰᠢ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠵᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠪᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠭᠡᠷᠡᠭᠲᠡᠢ ᠭᠡᠵᠦ ᠦᠢᠯᠡᠳᠦᠯᠭᠡ ᠪᠢᠳᠠᠨ ᠳᠤ ᠠᠬᠢᠨ ᠲᠠᠬᠢᠨ ᠰᠡᠷᠡᠮᠵᠢᠯᠡᠭᠦᠯᠵᠦ ᠪᠠᠶᠢᠨ᠎ᠠ᠃       ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠢᠷᠡᠭᠡᠳᠦᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠠᠭᠤᠷᠢ ᠲᠠᠯᠪᠢᠬᠤ ᠴᠢᠬᠤᠯᠠ ᠨᠢᠭᠡ ᠵᠢᠯ ᠪᠣᠯᠣᠨ᠎ᠠ᠃ ᠡᠬᠢᠯᠡᠯᠲᠡ ᠨᠢ ᠪᠥᠬᠦ ᠲᠠᠯ᠎ᠠ ᠳᠤ ᠬᠤᠯᠪᠤᠬᠳᠠᠵᠤ᠂ ᠡᠬᠢᠯᠡᠯᠲᠡ ᠎ ᠨᠢ ᠬᠤᠶᠢᠰᠢᠳᠠ ᠶᠢᠨ ᠶᠠᠪᠤᠴᠠ ᠶᠢ ᠲᠣᠭᠲᠠᠭᠠᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃       ᠤᠯᠤᠰ ᠲᠥᠷᠥ ᠶᠢᠨ ᠬᠢᠨᠠᠯᠲᠠ ᠪᠣᠯ ᠪᠥᠬᠦ ᠨᠠᠮ ᠤᠨ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠶᠢ ᠱᠠᠯᠠᠪᠳᠠᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠂ ᠭᠠᠭᠴᠠ ᠬᠦ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠪᠠᠯ ᠰᠠᠶ᠋ᠢ ᠪᠥᠬᠦ ᠨᠠᠮ ᠤᠨ ᠬᠠᠷᠠᠯᠲᠠ ᠨᠢᠭᠡᠲᠡᠢ᠂ ᠪᠦᠯᠬᠦᠮᠳᠡᠯ ᠨᠢᠭᠡᠲᠡᠢ᠂ ᠠᠯᠬᠤᠮ ᠨᠢᠭᠡᠲᠡᠢ ᠤᠷᠤᠭᠰᠢᠯᠠᠬᠤ ᠶᠢ ᠠᠬᠢᠭᠤᠯᠵᠤ ᠴᠢᠳᠠᠨ᠎ᠠ ᠭᠡᠳᠡᠭ ᠢ ᠭᠦᠨᠵᠡᠭᠡᠢ ᠲᠠᠨᠢᠬᠤ ᠭᠡᠷᠡᠭᠲᠡᠢ; ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠢ ᠲᠣᠭᠲᠠᠭᠠᠨ ᠬᠡᠷᠡᠭᠵᠢᠭᠦᠯᠬᠦ ᠪᠣᠯ ᠮᠠᠨ ᠤ ᠨᠠᠮ ᠤᠨ ᠰᠢᠨ᠎ᠡ ᠴᠠᠭ ᠦᠶ᠎ᠡ ᠳᠠᠬᠢ ᠢᠲᠡᠭᠡᠯ ᠬᠦᠨᠳᠦ ᠲᠠᠢ ᠠᠵᠢᠯᠯᠠᠭ᠎ᠠ ᠮᠥᠨ᠂ ᠭᠠᠭᠴᠠ ᠬᠦ ᠴᠥᠬᠦᠷᠡᠰᠢ ᠦᠭᠡᠢ ᠪᠠᠶᠢᠩᠭᠤ ᠠᠳᠬᠤᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠪᠠᠯ ᠰᠠᠶ᠋ᠢ ᠬᠡᠪ ᠰᠤᠷᠲᠠᠯ ᠢ ᠬᠤᠪᠢᠷᠠᠭᠤᠯᠤᠨ᠂ ᠰᠢᠯᠢᠳᠡᠭ ᠰᠠᠶᠢᠨ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠵᠤ ᠴᠢᠳᠠᠨ᠎ᠠ; ᠰᠠᠬᠢᠯᠭ᠎ᠠ ᠪᠠᠲᠤ ᠪᠣᠯ ᠨᠠᠮ ᠢ ᠬᠠᠮᠢᠶᠠᠷᠴᠤ ᠨᠠᠮ ᠢ ᠵᠠᠰᠠᠬᠤ ᠶᠢᠨ ︽ᠰᠠᠬᠢᠯ ᠰᠠᠨᠸᠠᠷ︾ ᠮᠥᠨ᠂ ᠪᠠᠰᠠ ᠴᠤ ᠨᠠᠮ ᠤᠨ ᠭᠡᠰᠢᠭᠦᠨ᠂ ᠺᠠᠳ᠋ᠷᠴᠤᠳ ᠤᠨ ᠲᠣᠰ ᠪᠡᠶ᠎ᠡ ᠶᠢᠨ ᠦᠢᠯᠡ ᠠᠵᠢᠯᠯᠠᠭ᠎ᠠ ᠪᠠᠨ ᠬᠢᠵᠠᠭᠠᠷᠯᠠᠬᠤ ᠪᠠᠷᠢᠮᠵᠢᠶ᠎ᠠ ᠪᠠ ᠵᠢᠷᠤᠮᠯᠠᠯ ᠮᠥᠨ᠂ ᠭᠠᠭᠴᠠ ᠬᠦ ᠴᠢᠩᠭ᠎ᠠ ᠱᠠᠭᠠᠷᠳᠠᠯᠭ᠎ᠠ ᠶᠢ ᠨᠠᠮ ᠤᠨ ᠲᠣᠭᠲᠠᠭᠠᠯ ᠢ ᠲᠣᠭᠲᠠᠭᠠᠬᠤ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠬᠢᠬᠦ᠂ ᠰᠠᠬᠢᠯᠭ᠎ᠠ ᠪᠠᠲᠤ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠥᠬᠦ ᠶᠠᠪᠤᠴᠠ ᠳᠤ ᠲᠤᠭᠤᠰᠢᠯᠠᠭᠤᠯᠪᠠᠯ ᠰᠠᠶ᠋ᠢ ᠪᠥᠬᠦ ᠨᠠᠮ ᠢ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠡᠭᠡᠳᠦ ᠬᠡᠮᠵᠢᠶᠡᠨ ᠤ ᠤᠬᠠᠮᠰᠠᠷ ᠲᠠᠢ ᠪᠣᠯᠭᠠᠵᠤ ᠴᠢᠳᠠᠨ᠎ᠠ; ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠯᠠ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠶᠢᠵᠤ᠂ ᠨᠡᠮᠡᠭᠳᠡᠯ ᠢ ᠬᠤᠷᠢᠭᠯᠠᠬᠤ᠂ ᠦᠯᠡᠳᠡᠭᠳᠡᠯ ᠢ ᠠᠷᠢᠯᠭᠠᠬᠤ ᠡᠭᠦᠷᠭᠡ ᠮᠥᠨ ᠬᠦ ᠬᠦᠨᠳᠦ ᠬᠡᠴᠡᠭᠦᠦ ᠪᠡᠷᠬᠡ ᠬᠠᠲᠠᠭᠤᠵᠢᠯᠲᠠᠢ ᠪᠠᠶᠢᠨ᠎ᠠ᠂ ᠢᠯᠵᠠᠷᠠᠯ ᠤᠨ ᠠᠰᠠᠭᠤᠳᠠᠯ ᠣᠷᠣᠰᠢᠵᠤ ᠪᠠᠶᠢᠳᠠᠭ ᠯᠠ ᠶᠤᠮ ᠪᠣᠯ ᠢᠯᠵᠠᠷᠠᠯ ᠢ ᠡᠰᠡᠷᠭᠦᠴᠡᠬᠦ ᠲᠡᠮᠡᠴᠡᠯ ᠢ ᠨᠢᠭᠡ ᠮᠥᠴᠡ ᠴᠦ ᠵᠣᠭᠰᠣᠭᠠᠵᠤ ᠪᠣᠯᠬᠤ ᠦᠭᠡᠢ; ᠨᠠᠮ ᠠᠴᠠ ᠨᠢᠭᠡᠳᠦᠯᠲᠡᠢ ᠤᠳᠤᠷᠢᠳᠤᠭᠰᠠᠨ᠂ ᠪᠥᠬᠦ ᠲᠠᠯ᠎ᠠ ᠶᠢ ᠬᠠᠮᠤᠷᠤᠭᠰᠠᠨ᠂ ᠡᠷᠬᠡ ᠰᠦᠷ ᠲᠠᠢ ᠥᠨᠳᠥᠷ ᠪᠦᠲᠦᠮᠵᠢᠲᠡᠢ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠭᠦᠯᠬᠦ ᠪᠣᠯ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠴᠢᠬᠤᠯᠠ ᠪᠡᠯᠭᠡ ᠲᠡᠮᠳᠡᠭ ᠮᠥᠨ᠂ ᠭᠠᠭᠴᠠ ᠬᠦ ᠡᠯ᠎ᠡ ᠳᠦᠷᠦᠯ ᠤᠨ ᠬᠢᠨᠠᠯᠲᠠ ᠲᠠᠯᠪᠢᠬᠤ ᠬᠦᠴᠦᠨ ᠢ ᠨᠡᠶᠢᠳᠬᠡᠬᠦ᠂ ᠲᠡᠰ ᠳᠠᠷᠠᠭᠠᠯᠠᠯ ᠢ ᠵᠣᠬᠢᠴᠠᠭᠤᠯᠬᠤ᠂ ᠠᠵᠢᠯ ᠢ ᠠᠭᠤᠰᠤᠯᠴᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠᠯ ᠰᠠᠶ᠋ᠢ ᠡᠷᠬᠡ ᠶᠢ ᠢᠯᠡ ᠪᠠᠷ ᠬᠡᠷᠡᠭᠵᠢᠭᠦᠯᠵᠦ ᠴᠢᠳᠠᠨ᠎ᠠ᠃       ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠭᠦᠨᠵᠡᠭᠡᠢ ᠠᠬᠢᠭᠤᠯᠬᠤ ᠳᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠰᠠᠶᠢᠨ ᠡᠬᠢᠯᠡᠯᠲᠡ ᠲᠠᠢ ᠪᠣᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠭᠡᠷᠡᠭᠲᠡᠢ᠃ ᠬᠦᠴᠦᠲᠡᠢ ᠤᠯᠤᠰ ᠲᠥᠷᠥ ᠶᠢᠨ ᠬᠢᠨᠠᠯᠲᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠵᠤ᠂ ᠪᠣᠳᠠᠲᠠᠶᠢᠵᠢᠭᠤᠯᠬᠤ᠂ ᠣᠨᠣᠪᠴᠢᠵᠢᠭᠤᠯᠬᠤ᠂ ᠪᠠᠶᠢᠩᠭᠤᠵᠢᠭᠤᠯᠬᠤ ᠳᠡᠭᠡᠷ᠎ᠡ ᠨᠡᠩ ᠶᠡᠭᠡ ᠬᠦᠴᠦ ᠣᠷᠣᠭᠤᠯᠵᠤ᠂ ᠲᠤᠭᠤᠰᠢᠯᠠᠭᠤᠯᠤᠨ ᠬᠡᠷᠡᠭᠵᠢᠭᠦᠯᠬᠦ ᠳᠤᠮᠳᠠᠬᠢ ᠲᠦᠭᠵᠢᠷᠡᠯ ᠪᠡᠷᠬᠡ ᠠᠰᠠᠭᠤᠳᠠᠯ ᠢ ᠦᠨᠡᠨ ᠬᠦ ᠨᠠᠪᠲᠠᠷᠡᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠬᠤ ᠭᠡᠷᠡᠭᠲᠡᠶ; ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠵᠠᠯᠠᠷᠠᠭᠤᠯᠤᠨ ᠵᠠᠰᠠᠬᠤ ᠶᠢ ᠰᠤᠷᠲᠠᠯ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠪᠣᠯᠭᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ ᠶᠢ ᠠᠬᠢᠭᠤᠯᠬᠤ ᠭᠡᠷᠡᠭᠲᠡᠢ; ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠲᠡᠮᠦᠷ ᠮᠡᠲᠦ ᠰᠠᠬᠢᠯᠭ᠎ᠠ ᠪᠠᠲᠤ ᠶᠢ ᠬᠤᠷᠴᠠᠯᠠᠵᠤ᠂ ᠡᠷᠬᠡ ᠰᠦᠷ ᠢ ᠨᠢ ᠮᠠᠨᠳᠤᠭᠤᠯᠬᠤ ᠮᠥᠷᠲᠡᠭᠡᠨ ᠪᠠᠰᠠ ᠺᠠᠳ᠋ᠷᠴᠤᠳ ᠤᠨ ᠴᠢᠬᠤᠯᠠᠴᠢᠯᠠᠬᠤ᠂ ᠰᠡᠷᠡᠮᠵᠢᠯᠡᠬᠦ᠂ ᠤᠬᠠᠭᠠᠷᠠᠬᠤ ᠶᠢ ᠴᠢᠩᠭᠠᠳᠬᠠᠵᠤ᠂ ᠡᠪ ᠬᠠᠮᠲᠤ ᠨᠠᠮ ᠤᠨ ᠭᠡᠰᠢᠭᠦᠨ ᠢᠯᠠᠩᠭᠤᠶ᠎ᠠ ᠤᠳᠤᠷᠢᠳᠬᠤ ᠺᠠᠳ᠋ᠷ ᠨᠢᠭᠡ ᠪᠦᠷᠢ ᠶᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠳᠦᠷᠢᠮ ᠤᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠬᠢᠨᠠᠯᠲᠠ ᠪᠠ ᠬᠢᠵᠠᠭᠠᠷᠯᠠᠯ ᠢ ᠬᠦᠯᠢᠶᠡᠬᠦ ᠣᠷᠴᠢᠨ ᠨᠥᠬᠦᠴᠡᠯ ᠤᠨ ᠳᠤᠮᠳᠠ ᠠᠵᠢᠯᠯᠠᠵᠤ ᠠᠮᠢᠳᠤᠷᠠᠬᠤ ᠳᠠᠳᠬᠠᠯ ᠲᠠᠢ ᠪᠣᠯᠬᠤ ᠭᠡᠷᠡᠭᠲᠡᠢ; ᠦᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡ ᠪᠠᠷ ᠵᠠᠰᠠᠬᠤ᠂ ᠰᠢᠰᠲ᠋ᠧᠮ ᠲᠠᠢ ᠵᠠᠰᠠᠬᠤ ᠶᠢ ᠭᠦᠨᠵᠡᠭᠡᠶᠢᠷᠡᠭᠦᠯᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠣᠳᠣᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠬᠠᠭ᠋ᠤᠤᠯᠢ ᠲᠦᠯᠬᠢᠬᠦ ᠶᠢ ᠵᠠᠯᠬᠠᠭᠠᠨ ᠰᠢᠢᠳᠬᠡᠬᠦ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠡᠳᠡᠭᠡᠷ ︽ᠠᠷᠤ ᠲᠦᠰᠢᠭ ᠲᠠᠢ︾ ︽ᠤᠯᠤᠰ ᠲᠥᠷᠥ ᠶᠢᠨ ᠮᠡᠬᠡᠯᠡᠭᠴᠢ︾᠎ ᠳᠤ ᠴᠢᠩᠭ᠎ᠠ ᠴᠣᠬᠢᠯᠲᠠ ᠥᠭᠬᠦ ᠭᠡᠷᠡᠭᠲᠡᠢ; ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠭᠤᠣᠯᠯᠠᠨ ᠤᠳᠤᠷᠢᠳᠬᠤ ᠦᠢᠯᠡᠳᠦᠯ ᠢ ᠪᠠᠳᠠᠷᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠎ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢ ᠨᠡᠩ ᠢᠷᠯᠡᠵᠦ᠂ ᠵᠣᠷᠢᠭᠲᠠᠢ ᠪᠠᠷ ᠠᠰᠠᠭᠤᠳᠠᠯ ᠳᠤ ᠰᠢᠭᠤᠳ ᠬᠠᠨᠳᠤᠭᠤᠯᠵᠤ᠂ ᠬᠤᠷᠴᠠ ᠰᠡᠯᠡᠮ᠎ᠡ ᠶᠢ ᠢᠮᠠᠭᠲᠠ ᠥᠨᠳᠥᠷ ᠲᠤ ᠡᠯᠭᠦᠵᠦ᠂ ᠵᠢᠷᠦᠭᠡᠰᠢᠶᠡᠭᠦᠯᠦᠨ ᠰᠦᠷᠳᠡᠭᠦᠯᠬᠦ ᠭᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠴᠢᠬᠤᠯᠠ ᠬᠦᠴᠦᠨ ᠮᠥᠨ᠂ ᠡᠭᠦᠷᠭᠡ ᠥᠩᠭᠡ ᠭᠡᠷᠡᠯᠲᠡᠢ᠂ ᠬᠠᠷᠢᠭᠤᠴᠠᠯᠭ᠎ᠠ ᠬᠦᠨᠳᠦ ᠶᠡᠭᠡ ᠶᠤᠮ᠂ ᠡᠷᠬᠡᠪᠰᠢ ᠨᠠᠮ ᠳᠠᠭᠠᠨ ᠦᠨᠡᠨᠴᠢ ᠪᠠᠶᠢᠵᠤ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠵᠣᠷᠢᠭᠲᠠᠢ ᠪᠠᠷ ᠬᠠᠲᠠᠭᠤ ᠳᠠᠶᠢᠯᠠᠯᠳᠤᠭᠠᠨ ᠬᠢᠵᠦ᠂ ᠴᠢᠳᠠᠮᠠᠭᠠᠢ ᠪᠠᠷ ᠲᠡᠮᠡᠴᠡᠵᠦ᠂ ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠳᠤᠮᠳᠠ ᠢᠮᠠᠭᠲᠠ ᠡᠮᠦᠨ᠎ᠡ ᠨᠢ ᠭᠠᠪᠰᠢᠭᠠᠶᠢᠯᠠᠬᠤ ᠭᠡᠷᠡᠭᠲᠡᠢ᠃       ᠰᠢᠨ᠎ᠡ ᠠᠶᠠᠨ ᠪᠣᠯ ᠢᠷᠠᠭᠤ ᠠᠯᠳᠠᠷ ᠪᠠ ᠬᠦᠰᠡᠯ ᠵᠡᠭᠦᠳᠦ ᠪᠠᠷ ᠪᠢᠯᠬᠠᠭᠰᠠᠨ ᠠᠶᠠᠨ ᠲᠡᠶᠢᠨ ᠮᠥᠨ᠃ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠪᠣᠯ ᠠᠭᠤᠤ ᠶᠡᠭᠡ ᠲᠡᠮᠡᠴᠡᠯ᠂ ᠠᠭᠤᠤ ᠶᠡᠭᠡ ᠦᠢᠯᠡᠰ ᠢ ᠬᠥᠲᠥᠯᠥᠨ ᠳᠠᠭᠠᠭᠤᠯᠵᠤ᠂ ᠡᠴᠦᠰ ᠲᠡᠭᠡᠨ ᠠᠭᠤᠤ ᠶᠡᠭᠡ ᠬᠦᠰᠡᠯ ᠵᠡᠭᠦᠳᠦ ᠶᠢ ᠪᠡᠶᠡᠯᠡᠭᠦᠯᠬᠦ ᠶᠢᠨ ᠦᠨᠳᠦᠰᠦᠨ ᠪᠠᠲᠤᠯᠠᠭ᠎ᠠ ᠮᠥᠨ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠢᠭᠡ ᠮᠥᠴᠡ ᠴᠦ ᠵᠣᠭᠰᠣᠯ ᠦᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠪᠠᠯ᠂ ᠮᠠᠨ ᠤ ᠡᠨᠡ ᠬᠦ ᠵᠠᠭᠤᠨ ᠵᠢᠯ ᠤᠨ ᠲᠣᠮᠣ ᠨᠠᠮ ᠯᠠᠪᠲᠠᠢ ᠥᠪᠡᠷ ᠪᠡᠶ᠎ᠡ ᠶᠢᠨ ᠬᠤᠪᠢᠰᠬᠠᠯ ᠬᠢᠬᠦ ᠳᠤᠮᠳᠠ ᠲᠠᠰᠤᠷᠠᠯᠲᠠ ᠦᠭᠡᠢ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ᠂ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠪᠠ ᠬᠦᠴᠦᠷᠬᠡᠭ ᠶᠡᠭᠡ ᠲᠠᠶᠢᠴᠢᠨ ᠬᠦᠴᠦᠨ ᠢᠶᠠᠨ ᠡᠭᠦᠷᠢᠳᠡ ᠪᠠᠲᠤᠯᠠᠵᠤ᠂ ᠲᠦᠭ ᠲᠦᠮᠡᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠤᠷᠤᠭᠰᠢᠯᠠᠯᠲᠠ ᠶᠢᠨ ᠵᠠᠮ ᠳᠡᠭᠡᠷᠡᠬᠢ ᠠᠯᠢᠪᠠ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠨᠡᠩ ᠦᠵᠡᠰᠬᠦᠯᠡᠩᠲᠦ ᠰᠠᠶᠢᠬᠠᠨ ᠢᠷᠠᠭᠤ ᠬᠠᠭᠤᠳᠠᠰᠤ ᠶᠢ ᠪᠢᠴᠢᠭᠯᠡᠬᠦ ᠪᠣᠯᠣᠨ᠎ᠠ᠃             ︵ᠰᠢᠨᠬᠤᠸᠠ ᠬᠤᠷᠢᠶᠠᠨ ᠤ ᠪᠡᠭᠡᠵᠢᠩ ᠤᠨ ᠴᠠᠬᠢᠯᠭᠠᠨ ᠮᠡᠳᠡᠭᠡ︶              
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号