ᠢᠲᠡᠭᠡᠯ ᠵᠣᠷᠢᠭ ᠢᠶᠠᠨ ᠬᠥᠪᠴᠢᠯᠡᠵᠦ ᠶᠡᠭᠡ ᠪᠠᠷ ᠠᠵᠢᠯᠯᠠᠨ ᠲᠦᠷᠭᠡᠨ ᠠᠬᠢᠭᠤᠯᠵᠤ ᠨᠠᠶᠢᠳᠠᠪᠤᠷᠢᠵᠢᠭᠤᠯᠤᠯᠲᠠ ᠎ ᠶᠢ ᠠᠳᠬᠤᠶ᠎ᠠ
ᠨᠡᠶᠢᠲᠡᠯᠡᠭᠰᠡᠨ ᠴᠠᠭ᠄
2023/12/29
ᠢᠲᠡᠭᠡᠯ ᠵᠣᠷᠢᠭ ᠢᠶᠠᠨ ᠬᠥᠪᠴᠢᠯᠡᠵᠦ ᠶᠡᠭᠡ ᠪᠠᠷ ᠠᠵᠢᠯᠯᠠᠨ ᠲᠦᠷᠭᠡᠨ ᠠᠬᠢᠭᠤᠯᠵᠤ ᠨᠠᠶᠢᠳᠠᠪᠤᠷᠢᠵᠢᠭᠤᠯᠤᠯᠲᠠ ᠶᠢ ᠠᠳᠬᠤᠶ᠎ᠠ        —ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠨᠢᠭᠡᠨᠲᠡ ᠥᠭᠦᠯᠡᠬᠦ ᠨᠢ           ᠥᠪᠥᠷ ᠮᠣᠩᠭᠤᠯ ᠤᠨ ᠡᠳᠦᠷ ᠤᠨ ᠰᠣᠨᠢᠨ ᠤ ᠰᠢᠭᠦᠮᠵᠢᠯᠡᠭᠴᠢ       ᠰᠠᠶ᠋ᠢᠬᠠᠨ ᠲᠡᠭᠦᠰᠦᠭᠰᠡᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠳᠡᠭᠡᠷ᠎ᠡ ᠥᠩᠭᠡᠷᠡᠭᠰᠡᠨ ᠤ ᠠᠵᠢᠯ ᠢᠶᠠᠨ ᠡᠷᠭᠢᠴᠡᠭᠦᠯᠦᠨ᠂ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠵᠤ᠂ ᠬᠤᠶᠢᠰᠢᠳᠠ ᠶᠢᠨ ᠲᠠᠪᠤᠨ ᠵᠢᠯ ᠪᠣᠯᠣᠨ ᠡᠨᠡ ᠵᠢᠯ ᠤᠨ ᠭᠤᠣᠯᠳᠠᠯᠭ᠎ᠠ ᠲᠠᠢ ᠠᠵᠢᠯ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ᠪᠥᠬᠦ ᠣᠷᠣᠨ ᠎ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠲᠣᠳᠣᠷᠬᠠᠶᠢᠯᠠᠨ᠂ ᠬᠥᠭᠵᠢᠯᠲᠡ ᠎ ᠶᠢ ᠲᠦᠷᠭᠡᠳᠬᠡᠨ᠂ ᠬᠥᠭᠵᠢᠯᠲᠡ ᠶᠢ ᠶᠡᠭᠡ ᠪᠠᠷ ᠠᠳᠬᠤᠬᠤ ᠢᠲᠡᠭᠡᠯ ᠵᠣᠷᠢᠭ ᠢ ᠳᠠᠮᠵᠢᠭᠤᠯᠵᠤ᠂ ᠣᠷᠣᠨ ᠳᠠᠶᠠᠭᠠᠷ ᠎ ᠤᠨ ᠤᠯᠠᠮ ᠨᠢᠭᠡ ᠠᠯᠬᠤᠮ ᠡᠷᠴᠢ ᠵᠣᠷᠢᠭ ᠢᠶᠠᠨ ᠬᠥᠪᠴᠢᠯᠡᠨ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠥᠭᠵᠢᠯᠲᠡ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠢᠲᠡᠭᠡᠯ ᠵᠣᠷᠢᠭ ᠢ ᠬᠥᠪᠴᠢᠯᠡᠨ᠂ ᠬᠦᠴᠦᠨ ᠴᠢᠳᠠᠯ ᠢ ᠨᠢᠭᠲᠠᠷᠠᠭᠤᠯᠤᠭᠰᠠᠨ ᠪᠠᠶᠢᠨ᠎ᠠ᠃       ᠢᠲᠡᠭᠡᠯ ᠵᠣᠷᠢᠭ ᠠᠯᠳᠠ ᠠᠴᠠ ᠴᠢᠬᠤᠯᠠ ᠶᠤᠮ᠂ ᠠᠵᠤ ᠠᠬᠤᠢ ᠨᠡᠶᠢᠭᠡᠮ ᠤᠨ ᠬᠥᠭᠵᠢᠯᠲᠡ ᠢᠲᠡᠭᠡᠯ ᠵᠣᠷᠢᠭ ᠤᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ᠃ ᠡᠷᠡᠰ ᠪᠠᠲᠤ ᠢᠲᠡᠭᠡᠯ ᠵᠣᠷᠢᠭ ᠲᠠᠢ ᠪᠠᠶᠢᠬᠤ ᠡᠰᠡᠬᠦ ᠪᠣᠯ ᠠᠵᠢᠯ ᠦᠢᠯᠡᠰ ᠤᠨ ᠮᠠᠨᠳᠤᠵᠤ ᠪᠠᠭᠤᠷᠠᠬᠤ ᠢᠯᠠᠵᠤ ᠢᠯᠠᠭᠳᠠᠬᠤ ᠶᠢᠨ ᠵᠠᠩᠭᠢᠯᠠᠭ᠎ᠠ ᠮᠥᠨ᠃ ᠥᠩᠭᠡᠷᠡᠭᠰᠡᠨ ᠲᠠᠪᠤᠨ ᠵᠢᠯ ᠳᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢᠮᠠᠭᠲᠠ ᠨᠠᠮ ᠤᠨ ᠠᠴᠢ ᠡᠨᠡᠷᠢᠯ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠤᠨ᠂ ᠨᠠᠮ ᠢᠶᠠᠨ ᠲᠠᠭᠠᠨ ᠤᠷᠤᠭᠰᠢᠯᠠᠵᠤ᠂ ᠪᠥᠬᠦ ᠣᠷᠣᠨ ᠎ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠳᠬᠤᠵᠤ᠂ ᠥᠭᠡᠷᠡᠴᠢᠯᠡᠯᠲᠡ ᠶᠢ ᠠᠬᠢᠭᠤᠯᠤᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠪᠦᠯᠬᠦᠮᠳᠡᠯ ᠢ ᠴᠢᠩᠭᠠᠳᠬᠠᠨ᠂ ᠠᠮᠤᠷ ᠲᠦᠪᠰᠢᠨ ᠎ ᠢ ᠪᠠᠲᠤᠯᠠᠵᠤ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠴᠢᠬᠤᠯᠠ ᠶᠡᠭᠡ ᠠᠮᠵᠢᠯᠲᠠ ᠣᠯᠬᠤ ᠶᠢ ᠠᠬᠢᠭᠤᠯᠪᠠ᠃ ᠥᠩᠭᠡᠷᠡᠭᠰᠡᠨ ᠨᠢᠭᠡ ᠵᠢᠯ ᠳᠤ᠂ ᠪᠢᠳᠡ ᠨᠠᠮ ᠤᠨ ᠲᠥᠪ ᠬᠤᠷᠢᠶᠠᠨ ᠤ ᠬᠢᠵᠢᠭ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠴᠢᠬᠤᠯᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ ᠬᠦᠴᠢᠷ ᠤᠨ ᠳᠤᠮᠳᠠ ᠠᠮᠵᠢᠯᠲᠠ ᠪᠦᠲᠦᠮᠵᠢ ᠣᠯᠬᠤ ᠪᠠᠷ ᠴᠢᠷᠮᠠᠶᠢᠨ᠂ ᠪᠥᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ ᠥᠩᠭᠡᠷᠡᠭᠰᠡᠨ ᠨᠢᠭᠡ ᠵᠢᠯ ᠬᠢᠭᠡᠳ ᠥᠩᠭᠡᠷᠡᠭᠰᠡᠨ ᠲᠠᠪᠤᠨ ᠵᠢᠯ ᠢᠶᠠᠨ ᠡᠷᠭᠢᠴᠡᠭᠦᠯᠬᠦᠶ᠎ᠡ᠂ ᠡᠲᠡᠭᠡᠷ ᠬᠦᠨᠳᠦ ᠶᠢᠨ ᠵᠢᠩ ᠪᠦᠬᠦᠢ ᠦᠨᠡᠨ ᠪᠣᠳᠠᠲᠠᠢ ᠠᠮᠵᠢᠯᠲᠠ ᠨᠤᠭᠤᠳ ᠨᠢ ᠲᠠᠷᠠᠭᠠᠴᠢ ᠶᠢᠨ ᠠᠯᠬᠤᠮ ᠤᠨ ᠬᠥᠭᠵᠢᠯᠲᠡ ᠎ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ᠂ ᠬᠦᠴᠦᠷᠬᠡᠭ ᠶᠡᠭᠡ ᠬᠥᠳᠡᠯᠭᠡᠬᠦ ᠡᠨᠧᠷᠭᠢ ᠶᠢ ᠬᠤᠷᠠᠮᠳᠤᠭᠤᠯᠤᠨ᠂ ᠪᠢᠳᠠᠨ ᠤ ᠲᠡᠮᠡᠴᠡᠯ ᠤᠨ ᠠᠯᠬᠤᠭ᠎ᠠ ᠶᠢ ᠨᠡᠩ ᠬᠦᠴᠦᠲᠡᠢ᠂ ᠤᠷᠤᠭᠰᠢᠯᠠᠯᠲᠠ ᠶᠢᠨ ᠢᠲᠡᠭᠡᠯ ᠵᠣᠷᠢᠭ ᠢ ᠨᠡᠩ ᠪᠠᠲᠤ ᠪᠣᠯᠭᠠᠵᠠᠢ᠃       ᠢᠲᠡᠭᠡᠯ ᠵᠣᠷᠢᠭ ᠪᠣᠯ ᠠᠯᠲᠠ᠂ ᠢᠲᠡᠭᠡᠯ ᠵᠣᠷᠢᠭ ᠪᠣᠯ ᠬᠦᠴᠦᠨ ᠮᠥᠨ᠃ ᠣᠳᠣᠬᠠᠨ ᠳᠤ ᠮᠠᠨ ᠤ ᠤᠯᠤᠰ ᠎ ᠤᠨ ᠭᠠᠳᠠᠭᠠᠳᠤ ᠣᠷᠴᠢᠨ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠵᠤ᠂ ᠬᠥᠭᠵᠢᠯᠲᠡ ᠶᠢᠨ ᠲᠣᠭᠲᠠᠪᠤᠷᠢ ᠦᠭᠡᠢ ᠬᠦᠴᠦᠨ ᠵᠦᠢᠯ ᠬᠢᠭᠡᠳ ᠵᠢᠱᠢᠨ ᠮᠡᠳᠡᠬᠦᠶ᠎ᠡ ᠪᠡᠷᠬᠡ ᠬᠦᠴᠦᠨ ᠵᠦᠢᠯ ᠣᠯᠠᠰᠢᠷᠠᠵᠤ᠂ ᠮᠠᠨ ᠤ ᠣᠷᠣᠨ ᠤ ᠬᠥᠭᠵᠢᠯᠲᠡ ᠳᠤ ᠠᠵᠠ ᠲᠣᠭᠢᠶᠠᠯ ᠲᠤᠯᠭᠠᠷᠠᠵᠤ ᠪᠠᠶᠢᠬᠤ ᠮᠥᠷᠲᠡᠭᠡᠨ ᠪᠠᠰᠠ ᠦᠰᠦᠨ ᠪᠣᠶᠢᠵᠢᠯᠲᠠ ᠶᠢᠨ ᠶᠠᠪᠤᠴᠠ ᠳᠠᠬᠢ ᠮᠠᠰᠢ ᠤᠯᠠᠨ ︽ᠪᠤᠬᠢᠨᠢᠳᠤᠯ︾ ᠪᠠ ᠬᠡᠯᠪᠡᠷᠢ ᠪᠠᠨ ᠬᠤᠪᠢᠷᠠᠭᠤᠯᠬᠤ ᠶᠠᠪᠤᠴᠠ ᠳᠠᠬᠢ ᠠᠯᠢ ᠤᠯᠠᠨ ᠬᠦᠴᠢᠷᠳᠡᠯ ᠳᠤ ᠲᠤᠯᠭᠠᠷᠠᠵᠤ ᠪᠠᠶᠢᠨ᠎ᠠ᠃ ᠬᠥᠭᠵᠢᠯᠲᠡ ᠶᠢᠨ ᠠᠵᠠ ᠲᠣᠭᠢᠶᠠᠯ ᠭᠡᠭᠴᠢ ᠬᠢᠴᠢᠶᠡᠬᠦ ᠦᠭᠡᠢ ᠪᠣᠯ ᠠᠯᠳᠠᠵᠤ ᠶᠠᠪᠤᠭᠤᠯᠤᠭᠠᠳ᠂ ᠠᠮᠵᠢᠵᠤ ᠠᠳᠬᠤᠪᠠᠯ ᠰᠢᠨ᠎ᠡ ᠪᠠᠶᠢᠳᠠᠯ ᠢ ᠨᠡᠭᠡᠭᠡᠵᠦ ᠲᠠᠶᠢᠯᠤᠨ᠎ᠠ ; ᠠᠰᠠᠭᠤᠳᠠᠯ ᠪᠠ ᠥᠷᠢᠰᠥᠯᠳᠦᠭᠡᠨ ᠭᠡᠭᠴᠢ ᠵᠠᠶᠢᠯᠠᠵᠤ ᠲᠣᠭᠤᠷᠢᠭᠠᠳ ᠭᠠᠷᠴᠤ ᠳᠡᠶᠢᠯᠬᠦ ᠶᠠᠭᠤᠮ᠎ᠠ ᠪᠢᠰᠢ᠂ ᠰᠠᠶᠢᠲᠤᠷ ᠰᠢᠢᠳᠪᠦᠷᠢᠯᠡᠵᠦ ᠰᠠᠶᠢᠲᠤᠷ ᠠᠷᠭᠠᠴᠠᠭᠠᠪᠠᠯ ᠰᠢᠨ᠎ᠡ ᠠᠵᠠ ᠲᠣᠭᠢᠶᠠᠯ ᠪᠣᠯᠭᠠᠨ ᠬᠤᠪᠢᠷᠠᠭᠤᠯᠵᠤ ᠪᠣᠯᠣᠨ᠎ᠠ᠃ ᠰᠠᠯᠬᠢ ᠳᠣᠭᠰᠢᠷᠠᠨ ᠳᠠᠪᠠᠯᠭᠠᠨ ᠰᠢᠷᠦᠭᠦᠰᠬᠦ ᠲᠤᠲᠤᠮ ᠢᠲᠡᠭᠡᠯ ᠵᠣᠷᠢᠭ ᠢᠶᠠᠨ ᠤᠯᠠᠮ ᠪᠠᠲᠤᠳᠬᠠᠨ ᠬᠦᠴᠢᠷ ᠢ ᠰᠥᠷᠦᠨ ᠤᠷᠤᠭᠰᠢᠯᠠᠵᠤ᠂ ᠡᠷᠴᠢ ᠵᠣᠷᠢᠭ ᠢᠶᠠᠨ ᠬᠥᠪᠴᠢᠯᠡᠨ᠂ ᠬᠥᠭᠵᠢᠭᠦᠯᠬᠦ ᠶᠢ ᠭᠤᠶᠢᠪᠢᠰᠢ ᠦᠭᠡᠢ ᠪᠠᠷᠢᠮᠲᠠᠯᠠᠵᠤ᠂ ᠬᠥᠭᠵᠢᠯᠲᠡ ᠶᠢ ᠲᠦᠷᠭᠡᠳᠬᠡᠬᠦ ᠶᠢ ᠰᠢᠨᠲᠠᠷᠠᠰᠢ ᠦᠭᠡᠢ ᠠᠳᠬᠤᠬᠤ ᠭᠡᠷᠡᠭᠲᠡᠢ᠃ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ ᠯᠠᠪᠳᠠᠭᠤᠨ ᠲᠣᠭᠲᠠᠭᠤᠨ ᠢᠶᠠᠷ ᠠᠷᠭᠠᠴᠠᠭᠠᠨ᠂ ᠬᠦᠴᠢᠷ ᠢ ᠲᠤᠭᠤᠯᠤᠨ ᠡᠷᠡᠮᠡᠬᠡᠶᠢᠯᠡᠨ ᠤᠷᠤᠭᠰᠢᠯᠠᠵᠤ᠂ ︽ᠪᠠᠷᠠᠭᠠᠨ ᠡᠭᠦᠯᠡᠰ ᠬᠤᠶᠢᠯᠠᠷᠠᠨ ᠢᠷᠡᠪᠡᠴᠦ ᠠᠵᠢᠭ ᠦᠭᠡᠢ ᠪᠠᠶᠢᠬᠤ︾ ᠲᠣᠭᠲᠠᠯ ᠬᠦᠴᠦᠨ ᠢᠶᠠᠨ ᠪᠠᠲᠤᠯᠠᠵᠤ᠂ ︽ᠬᠡᠳᠦᠢ ᠬᠦᠴᠢᠷ ᠪᠡᠷᠬᠡᠰᠢᠶᠡᠯ ᠲᠤᠯᠭᠠᠷᠠᠭᠰᠠᠨ ᠴᠤ ᠡᠷᠡᠮᠡᠬᠡᠶᠢᠯᠡᠨ ᠤᠷᠤᠭᠰᠢᠯᠠᠬᠤ ᠪᠠᠨ ᠵᠣᠭᠰᠣᠬᠤ ᠦᠭᠡᠢ︾ ᠵᠣᠷᠢᠭ ᠰᠠᠨᠠᠭ᠎ᠠ ᠎ ᠶᠢ ᠪᠠᠳᠠᠷᠠᠭᠤᠯᠤᠨ᠂ ᠭᠦᠢᠴᠡᠳ ᠵᠥᠩᠨᠡᠨ ᠮᠡᠳᠡᠬᠦ ᠪᠣᠯᠣᠨ ᠬᠤᠷᠴᠠ ᠰᠡᠷᠭᠡᠭ ᠮᠠᠭᠠᠳᠯᠠᠬᠤ ᠴᠢᠳᠠᠪᠤᠷᠢ ᠪᠠᠷ ᠶᠡᠭᠡ ᠲᠠᠯ᠎ᠠ ᠶᠢ ᠠᠵᠢᠵᠤ᠂ ᠶᠡᠭᠡ ᠬᠠᠨᠳᠤᠰᠢ ᠶᠢ ᠣᠶᠢᠯᠠᠭᠠᠨ᠂ ᠳᠠᠪᠠᠭᠤᠯᠢᠭ ᠢᠶᠠᠨ ᠪᠠᠳᠠᠷᠠᠭᠤᠯᠤᠨ᠂ ᠳᠠᠪᠠᠭᠤᠯᠢᠭ ᠢᠶᠠᠨ ᠳᠠᠪᠲᠠᠨ ᠪᠤᠯᠪᠠᠰᠤᠷᠠᠭᠤᠯᠵᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠳᠤᠲᠠᠭᠤᠳᠠᠯ ᠢᠶᠠᠨ ᠨᠥᠬᠦᠪᠦᠷᠢᠯᠡᠪᠡᠯ ᠬᠦᠴᠢᠷ ᠪᠡᠷᠬᠡᠰᠢᠶᠡᠯ ᠬᠠᠷᠰᠢ ᠰᠠᠭᠠᠳ ᠤᠨ ᠳᠤᠮᠳᠠ ᠠᠴᠠ ᠭᠠᠷᠬᠤ ᠵᠠᠮ ᠢᠶᠠᠨ ᠣᠯᠵᠤ᠂ ᠬᠤᠪᠢᠰᠤᠯᠲᠠ ᠶᠢᠨ ᠳᠤᠮᠳᠠ ᠠᠵᠠ ᠲᠣᠭᠢᠶᠠᠯ ᠢ ᠡᠵᠡᠮᠳᠡᠨ᠂ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ ᠴᠢᠳᠠᠨ᠎ᠠ᠃       ᠬᠤᠶᠢᠰᠢᠳᠠ ᠶᠢᠨ ᠲᠠᠪᠤᠨ ᠵᠢᠯ ᠪᠣᠯ ᠮᠠᠨ ᠤ ᠤᠯᠤᠰ ᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠡᠬᠢᠯᠡᠯᠲᠡ ᠶᠢᠨ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠣᠨ᠎ᠠ᠂ ᠮᠥᠨ ᠴᠦ ᠥᠪᠥᠷ ᠮᠣᠩᠭᠤᠯ ᠤᠨ ᠰᠢᠨ᠎ᠡ ᠭᠠᠷᠤᠭ᠎ᠠ ᠠᠴᠠ ᠬᠥᠭᠵᠢᠯᠲᠡ ᠪᠠᠨ ᠲᠦᠷᠭᠡᠳᠬᠡᠵᠦ᠂ ᠴᠢᠨᠠᠷ ᠰᠠᠶᠢᠲᠠᠢ ᠬᠥᠭᠵᠢᠬᠦ ᠴᠢᠬᠤᠯᠠ ᠴᠠᠭ ᠬᠤᠭᠤᠴᠠᠭ᠎ᠠ ᠪᠣᠯᠣᠨ᠎ᠠ᠃ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠨ ᠤ ᠵᠢᠯ ᠮᠥᠨ᠂ ᠡᠬᠢᠨ ᠤ ᠭᠠᠷᠤᠭ᠎ᠠ ᠪᠥᠬᠦ ᠲᠠᠯ᠎ᠠ ᠳᠤ ᠬᠤᠯᠪᠤᠬᠳᠠᠵᠤ᠂ ᠡᠬᠢᠨ ᠤ ᠠᠯᠬᠤᠮ ᠬᠤᠵᠢᠮ ᠤᠨ ᠠᠬᠢᠴᠠ ᠶᠢ ᠲᠣᠭᠲᠠᠭᠠᠨ᠎ᠠ᠃ ᠪᠢᠳᠡ ᠡᠷᠬᠡᠪᠰᠢ ᠭᠦᠢᠴᠡᠳ ᠢᠲᠡᠭᠡᠯ ᠵᠣᠷᠢᠭ ᠲᠠᠢ ᠪᠠᠶᠢᠬᠤ ᠭᠡᠷᠡᠭᠲᠡᠶ᠃ ᠢᠲᠡᠭᠡᠯ ᠵᠣᠷᠢᠭ ᠬᠡᠳᠦᠢ ᠨᠡᠮᠡᠭᠳᠡᠪᠡᠯ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠬᠦᠴᠦᠨ ᠴᠢᠳᠠᠯ ᠲᠡᠳᠦᠢ ᠨᠡᠮᠡᠭᠳᠡᠵᠦ᠂ ᠠᠶᠤᠯ ᠲᠦᠭᠰᠢᠭᠦᠷᠢ ᠶᠢ ᠠᠵᠠ ᠲᠣᠭᠢᠶᠠᠯ ᠪᠣᠯᠭᠠᠬᠤ ᠪᠣᠯᠣᠮᠵᠢ ᠲᠡᠳᠦᠢ ᠤᠯᠠᠨ ᠪᠣᠯᠣᠨ᠎ᠠ᠃ ᠡᠷᠬᠡᠪᠰᠢ ᠡᠬᠢᠯᠡᠮᠡᠭᠴᠡ ᠪᠠᠨ ᠵᠠᠭᠤᠨ ᠬᠤᠪᠢ ᠶᠢᠨ ᠢᠲᠡᠭᠡᠯ ᠵᠣᠷᠢᠭ ᠢᠶᠠᠷ ᠨᠡᠮᠡᠭᠳᠡᠭᠦᠯᠬᠦ ᠬᠠᠷᠠᠯᠲᠠ ᠤᠷᠤᠭᠤ ᠪᠠᠨ ᠬᠦᠴᠦᠯᠡᠨ ᠵᠢᠳᠬᠦᠵᠦ᠂ ᠶᠡᠭᠡ ᠪᠠᠷ ᠠᠵᠢᠯᠯᠠᠨ ᠲᠦᠷᠭᠡᠨ ᠠᠬᠢᠭᠤᠯᠵᠤ᠂ ᠪᠥᠬᠦ ᠬᠦᠴᠦᠨ ᠢᠶᠠᠷ ᠢᠶᠠᠨ ᠳᠦᠷᠦᠯ ᠵᠦᠢᠯ ᠢ ᠠᠳᠬᠤᠵᠤ᠂ ᠠᠷᠠᠯᠵᠢᠶᠠᠴᠢᠨ ᠤᠷᠢᠬᠤ ᠶᠢ ᠠᠳᠬᠤᠨ᠂ ᠤᠨᠢᠨ ᠳᠡᠭᠡᠷ᠎ᠡ ᠨᠢ ᠬᠦᠴᠦᠯᠡᠵᠦ ᠬᠡᠷᠡᠭᠯᠡᠭᠡ ᠶᠢ ᠠᠳᠬᠤᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠵᠤ᠂ ᠪᠦᠬᠦᠯᠢ ᠴᠣᠭᠴᠠ ᠪᠠᠷ ᠰᠠᠶᠢᠵᠢᠷᠠᠬᠤ ᠬᠥᠭᠵᠢᠯᠲᠡ ᠶᠢᠨ ᠬᠠᠨᠳᠤᠰᠢ ᠶᠢ ᠪᠠᠲᠤᠯᠠᠬᠤ ᠭᠡᠷᠡᠭᠲᠡᠢ᠃ ᠡᠷᠴᠢ ᠵᠣᠷᠢᠭ ᠢᠶᠠᠨ ᠬᠥᠪᠴᠢᠯᠡᠵᠦ᠂ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠤ᠂ ᠤᠬᠠᠭᠠᠯᠠᠨ ᠲᠥᠰᠥᠪᠯᠡᠭᠰᠡᠨ ᠶᠠᠪᠤᠳᠠᠯ ᠢᠶᠠᠨ ᠤᠷᠢᠳᠴᠢᠯᠠᠨ ᠬᠢᠵᠦ᠂ ᠡᠷᠲᠡ ᠠᠴᠠ ᠭᠠᠷᠳᠠᠵᠤ᠂ ᠲᠦᠷᠭᠡᠨ ᠬᠥᠳᠡᠯᠦᠯᠴᠡᠵᠦ᠂ ᠨᠢᠭᠡᠨᠲᠡ ᠲᠣᠭᠲᠠᠭᠰᠠᠨ ᠶᠠᠪᠤᠳᠠᠯ ᠢᠶᠠᠨ ᠱᠠᠯᠠᠪᠳᠠᠨ ᠬᠢᠵᠦ᠂ ᠦᠷ᠎ᠡ ᠪᠦᠲᠦᠮᠵᠢ ᠭᠠᠷᠭᠠᠨ᠂ ᠦᠷ᠎ᠡ ᠳ᠋ᠦᠩ ᠭᠠᠷᠭᠠᠵᠤ᠂ ᠴᠢᠯᠠᠭᠤᠨ ᠳᠡᠭᠡᠷ᠎ᠡ ᠭᠢᠰᠬᠢᠪᠡᠯ ᠮᠥᠷ ᠭᠠᠷᠳᠠᠯ᠎ᠠ ᠨᠢᠭᠡᠳ ᠨᠢᠭᠡ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ ᠵᠠᠪᠠᠯ ᠢᠯᠠᠬᠤ ᠢᠲᠡᠭᠡᠯ ᠵᠣᠷᠢᠭ᠂ ᠵᠠᠪᠠᠯ ᠢᠯᠠᠬᠤ ᠠᠵᠢᠯᠯᠠᠭ᠎ᠠ ᠪᠠᠷ ᠬᠥᠭᠵᠢᠯᠲᠡ ᠶᠢᠨ ᠦᠷ᠎ᠡ ᠪᠦᠲᠦᠭᠡᠯ ᠎ ᠢ ᠵᠠᠪᠠᠯ ᠣᠯᠬᠤ ᠪᠠᠷ ᠴᠢᠷᠮᠠᠶᠢᠨ ᠲᠡᠮᠡᠴᠡᠬᠦ ᠭᠡᠷᠡᠭᠲᠡᠶ᠃       ᠡᠭᠦᠷᠭᠡ ᠬᠦᠨᠳᠦ ᠵᠠᠮ ᠬᠤᠯᠠ ᠪᠠᠶᠢᠭᠰᠠᠭᠠᠷ᠂ ᠠᠰᠢᠭᠲᠠᠢ ᠲᠤᠭᠢᠶᠠᠯ ᠢᠶᠠᠨ ᠭᠦᠢᠴᠡᠳ ᠠᠰᠢᠭᠯᠠᠨ ᠰᠠᠭᠠᠳ ᠪᠡᠷᠬᠡᠰᠢᠶᠡᠯ ᠢ ᠵᠣᠷᠢᠭᠲᠠᠢ ᠢᠯᠠᠨ ᠲᠤᠭᠤᠯᠵᠤ ᠬᠤᠯᠠ ᠶᠢ ᠵᠣᠷᠢᠨ ᠤᠷᠤᠭᠰᠢᠯᠠᠬᠤ ᠭᠡᠷᠡᠭᠳᠡᠢ᠃ ᠰᠢᠨ᠎ᠡ ᠠᠶᠠᠨ ᠳᠤ᠂ ᠥᠪᠥᠷ ᠮᠣᠩᠭᠤᠯ ᠤᠨ ᠬᠥᠭᠵᠢᠯᠲᠡ ᠶᠢ ᠨᠡᠩ ᠲᠦᠷᠭᠡᠨ ᠨᠡᠩ ᠰᠠᠶᠢᠨ ᠪᠣᠯᠭᠠᠵᠤ᠂ ᠠᠷᠠᠳ ᠲᠦᠮᠡᠨ ᠤ ᠣᠷᠣᠯᠭ᠎ᠠ ᠶᠢ ᠨᠡᠩ ᠥᠨᠳᠥᠷ ᠠᠮᠢᠳᠤᠷᠠᠯ ᠢ ᠨᠢ ᠨᠡᠩ ᠰᠠᠶᠢᠨ ᠪᠣᠯᠭᠠᠬᠤ ᠳᠠᠭᠠᠨ᠂ ᠣᠷᠣᠨ ᠳᠠᠶᠠᠭᠠᠷ ᠢᠶᠠᠨ ᠪᠦᠯᠬᠦᠮᠳᠡᠨ ᠨᠢᠭᠲᠠᠷᠠᠵᠤ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠰᠢᠷᠭᠠᠭᠤ ᠠᠵᠢᠯᠯᠠᠵᠤ ᠦᠨᠡᠨ ᠪᠣᠳᠠᠲᠠᠢ ᠠᠵᠢᠯᠯᠠᠨ᠂ ᠰᠢᠨ᠎ᠡ ᠡᠭᠦᠷᠭᠡ ᠶᠢ ᠡᠭᠦᠷᠭᠡᠯᠡᠵᠦ᠂ ᠰᠢᠨ᠎ᠡ ᠬᠠᠭᠤᠳᠠᠰᠤ ᠶᠢ ᠪᠢᠴᠢᠭᠯᠡᠬᠦ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠥᠬᠦ ᠲᠠᠯ᠎ᠠ ᠪᠠᠷ ᠠᠬᠢᠭᠤᠯᠬᠤ ᠳᠤ ᠥᠪᠥᠷ ᠮᠣᠩᠭᠤᠯ ᠤᠨ ᠬᠤᠪᠢ ᠨᠡᠮᠡᠷᠢ ᠪᠠᠨ ᠦᠵᠡᠭᠦᠯᠬᠦ ᠭᠡᠷᠡᠭᠲᠡᠢ᠃      
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号