ᠥᠪᠥᠷ ᠮᠣᠩᠭᠤᠯ ᠤᠨ ᠵᠥᠪ ᠲᠠᠯ᠎ᠠ ᠶᠢᠨ ᠳᠦᠷᠢ ᠲᠥᠷᠬᠦ ᠶᠢ ᠴᠢᠨᠠᠭᠰᠢᠳᠠ ᠱᠤᠭᠤᠬᠤ ᠭᠡᠷᠡᠭᠳᠡᠢ
ᠨᠡᠶᠢᠲᠡᠯᠡᠭᠰᠡᠨ ᠴᠠᠭ᠄
2023/12/29
              ● ᠵᠧᠩ ᠶᠠᠨ             ︽ᠤᠶᠠᠩᠭᠠᠲᠤ ᠮᠣᠳᠣ ᠲᠠᠷᠢᠵᠤ᠂ ᠠᠯᠳᠠᠨ ᠭᠤᠷᠭᠤᠤᠯᠳᠠᠢ ᠶᠢ ᠤᠷᠢᠮᠤᠢ︾᠃ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠰᠠᠶᠢᠲᠤᠷ ᠠᠳᠬᠤᠬᠤ ᠳᠤ ᠵᠠᠩᠭᠢᠯᠠᠭ᠎ᠠ ᠨᠢ ᠡᠵᠡᠩᠨᠡᠯᠲᠡ ᠶᠢᠨ ᠰᠠᠶᠢᠨ ᠣᠷᠴᠢᠨ ᠨᠥᠬᠦᠴᠡᠯ ᠪᠠᠶᠢᠬᠤ ᠭᠡᠷᠡᠭᠲᠡᠢ᠂ ᠬᠠᠮᠤᠭ ᠤᠨ ᠴᠢᠬᠤᠯᠠ ᠨᠢ ᠥᠪᠥᠷ ᠮᠣᠩᠭᠤᠯ ᠤᠨ ᠵᠥᠪ ᠲᠠᠯ᠎ᠠ ᠶᠢᠨ ᠳᠦᠷᠢ ᠲᠥᠷᠬᠦ ᠶᠢ ᠱᠤᠭᠤᠬᠤ ᠭᠡᠷᠡᠭᠲᠡᠢ᠃       ᠥᠩᠭᠡᠷᠡᠭᠰᠡᠨ ᠬᠡᠰᠡᠭ ᠬᠤᠭᠤᠴᠠᠭᠠᠨ ᠳᠤ᠂ ᠮᠠᠨ ᠤ ᠣᠷᠣᠨ ᠤ ᠵᠠᠷᠢᠮ ᠭᠠᠵᠠᠷ ᠣᠷᠣᠨ ᠤ ︽ᠠᠷᠠᠯᠵᠢᠶᠠᠴᠢᠨ ᠢ ᠮᠡᠬᠡᠯᠡᠬᠦ︾᠂ ︽ᠠᠵᠤ ᠠᠬᠤᠶᠢᠯᠠᠯ ᠢ ᠲᠦᠰᠢᠭᠯᠡᠵᠦ ᠠᠵᠤ ᠠᠬᠤᠶᠢᠯᠠᠯ ᠢ ᠢᠳᠡᠬᠦ︾ ᠦᠵᠡᠭᠳᠡᠯ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠠᠵᠤ ᠠᠬᠤᠶᠢᠯᠠᠯ ᠳᠤ ᠦᠢᠯᠡᠴᠢᠯᠡᠬᠦ  ᠳᠡᠭᠡᠨ ᠰᠡᠳᠬᠢᠯ ᠲᠠᠯᠪᠢᠬᠤ ᠦᠭᠡᠢ ᠂ ᠪᠣᠳᠠᠲᠠᠢ ᠨᠠᠶᠢᠳᠠᠪᠤᠷᠢᠵᠢᠭᠤᠯᠬᠤ ᠦᠭᠡᠢ ᠪᠠᠶᠢᠬᠤ ᠠᠰᠠᠭᠤᠳᠠᠯ ᠴᠤ ᠨᠡᠯᠢᠶᠡᠳ ᠲᠣᠪᠣᠶᠢᠮ᠎ᠠ ᠪᠠᠶᠢᠵᠤ᠂ ᠡᠭᠦᠨ ᠤ ᠳᠣᠲᠣᠷᠠᠬᠢ ᠴᠥᠭᠡᠨ ᠪᠤᠰᠤ ᠠᠰᠠᠭᠤᠳᠠᠯ ᠢ ᠪᠠᠰᠠ ᠥᠰᠬᠡᠭᠡᠨ ᠳᠥᠰᠬᠡᠭᠡᠨ ᠲᠠᠢ ᠶᠠᠷᠢᠵᠤ᠂ ᠮᠠᠰᠢ ᠣᠯᠠᠨ ᠬᠥᠮᠥᠨ ᠳᠤ ᠥᠪᠥᠷ ᠮᠣᠩᠭᠤᠯ ᠤᠨ ᠲᠤᠬᠠᠢ ᠳᠤᠷᠠᠳᠤᠭᠰᠠᠭᠠᠷ ᠯᠠ ᠨᠠᠵᠠᠭᠠᠢ ᠳᠦᠷᠢ ᠪᠠᠶᠢᠳᠠᠯ ᠢ ᠰᠠᠨᠠᠭᠳᠠᠭᠤᠯᠬᠤ ᠪᠣᠯᠭᠠᠵᠠᠢ᠃ ᠣᠶᠢᠷ᠎ᠠ ᠶᠢᠨ ᠬᠤᠶᠠᠷ ᠵᠢᠯ ᠤᠨ ᠬᠦᠴᠦᠲᠡᠢ ᠴᠡᠭᠴᠡᠯᠡᠨ ᠵᠠᠰᠠᠬᠤ ᠪᠠᠷ ᠳᠡᠮᠵᠢᠨ᠂ ᠮᠠᠨ ᠤ ᠣᠷᠣᠨ ᠤ ᠡᠵᠡᠩᠨᠡᠯᠲᠡ ᠶᠢᠨ ᠣᠷᠴᠢᠨ ᠨᠥᠬᠦᠴᠡᠯ ᠢᠯᠡᠳᠲᠡ ᠰᠠᠶᠢᠵᠢᠷᠠᠵᠤ᠂ ᠬᠥᠬᠡᠬᠤᠲᠠ ᠪᠠᠰᠠ ᠪᠥᠬᠦ ᠤᠯᠤᠰ ᠤᠨ ᠡᠵᠡᠩᠨᠡᠯᠲᠡ ᠶᠢᠨ ᠣᠷᠴᠢᠨ ᠨᠥᠬᠦᠴᠡᠯ ᠰᠠᠶᠢᠵᠢᠷᠠᠭᠰᠠᠨ ᠬᠡᠮᠵᠢᠶ᠎ᠡ ᠪᠠᠷ ᠬᠠᠮᠤᠭ ᠤᠨ ᠶᠡᠭᠡ ᠬᠤᠲᠠ ᠶᠢᠨ ᠡᠩᠨᠡᠭᠡᠨ ᠳᠤ ᠣᠷᠣᠪᠠ᠃ ᠭᠡᠪᠡᠴᠦ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠡᠭᠡ ᠤᠷᠤᠰᠬᠠᠯ ᠳᠤᠮᠳᠠ ᠪᠤᠰᠤᠳ ᠢ ᠬᠥᠭᠡᠭᠡᠵᠦ ᠭᠦᠢᠴᠡᠬᠦ ᠳᠤ᠂ ᠪᠠᠰᠠ ᠣᠷᠴᠢᠨ ᠨᠥᠬᠦᠴᠡᠯ ᠢ ᠴᠢᠨᠠᠭᠰᠢᠳᠠ ᠰᠠᠶᠢᠲᠤᠷ ᠪᠣᠶᠢᠵᠢᠭᠤᠯᠵᠤ᠂ ᠬᠥᠮᠥᠰ ᠤᠨ ᠰᠡᠳᠬᠢᠯ ᠎ ᠳᠠᠬᠢ ᠤᠤᠯ ᠤᠨ ᠳᠦᠷᠢ ᠲᠥᠷᠬᠦ ᠪᠠᠨ ᠬᠤᠪᠢᠷᠠᠭᠤᠯᠵᠤ ᠠᠪᠴᠢᠷᠠᠬᠤ ᠭᠡᠷᠡᠭᠲᠡᠶ᠃       ᠠᠵᠤ ᠠᠬᠤᠶᠢᠯᠠᠯ ᠤᠨ ᠬᠥᠭᠵᠢᠯᠲᠡ ᠳᠤ ᠶᠠᠭᠤ ᠬᠡᠷᠡᠭᠴᠡᠭᠡ ᠲᠠᠢ ᠪᠣᠯ ᠪᠢᠳᠡ ᠶᠠᠭᠤ ᠶᠢ ᠬᠢᠵᠦ᠂ ᠠᠵᠤ ᠠᠬᠤᠶᠢᠯᠠᠯ ᠶᠠᠭᠤᠨ ᠠᠴᠠ ᠠᠶᠤᠪᠠᠯ ᠪᠢᠳᠡ ᠲᠡᠭᠦᠨ ᠢ ᠥᠭᠡᠷᠡᠴᠢᠯᠡᠬᠦ ᠭᠡᠷᠡᠭᠳᠠᠢ᠃ ᠣᠳᠣᠬᠠᠨ ᠳᠤ᠂ ᠠᠵᠤ ᠠᠬᠤᠶᠢᠯᠠᠯ ᠤᠨ ᠲᠤᠰᠬᠠᠯ ᠨᠡᠯᠢᠶᠡᠳ ᠶᠡᠭᠡ ᠪᠠᠶᠢᠭ᠎ᠠ ᠠᠰᠠᠭᠤᠳᠠᠯ ᠪᠣᠯ ᠬᠢᠨᠠᠨ ᠵᠥᠪᠰᠢᠶᠡᠷᠡᠬᠦ ᠨᠢ ᠤᠳᠠᠭᠠᠨ ᠪᠠᠶᠢᠬᠤ ᠶᠠᠪᠤᠳᠠᠯ ᠪᠣᠯᠣᠨ᠎ᠠ᠂ ᠪᠢᠳᠡ ᠠᠵᠢᠯ ᠤᠨ ᠠᠶᠢᠵᠠᠮ ᠢᠶᠠᠨ ᠲᠦᠷᠭᠡᠳᠬᠡᠨ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠥᠪᠥᠷ ᠮᠣᠩᠭᠤᠯᠴᠤᠳ ᠤᠨ ᠠᠵᠢᠯ ᠢᠶᠠᠨ ᠤᠳᠠᠭᠠᠰᠢᠷᠠᠭᠤᠯᠵᠤ ᠬᠤᠶᠢᠰᠢᠯᠠᠭᠤᠯᠬᠤ ᠦᠭᠡᠢ ᠪᠠᠶᠢᠬᠤ ᠳᠦᠷᠢ ᠲᠥᠷᠬᠦ ᠶᠢ ᠱᠤᠭᠤᠬᠤ ᠭᠡᠷᠡᠭᠳᠠᠢ᠃ ᠠᠵᠤ ᠠᠬᠤᠶᠢᠯᠠᠯ ᠤᠨ ᠬᠤᠪᠢ ᠳᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ︽ᠳᠤᠷ᠎ᠠ ᠵᠣᠷᠢᠭ ᠢᠶᠠᠷ ᠢᠶᠠᠨ ᠬᠢᠬᠦ︾᠂ ᠶᠠᠭᠠᠬᠢᠵᠤ ᠬᠢᠬᠦ ᠭᠡᠪᠡᠯ ᠲᠡᠭᠡᠵᠦ ᠬᠢᠬᠦ ᠠᠴᠠ ᠬᠠᠮᠤᠭ ᠎ ᠠᠴᠠ ᠠᠶᠤᠨ᠎ᠠ᠂ ᠪᠢᠳᠡ ᠡᠯ᠎ᠡ ᠲᠠᠯ᠎ᠠ ᠶᠢᠨ ᠳᠦᠷᠢᠮ ᠲᠣᠭᠲᠠᠭᠠᠯ ᠢ ᠨᠡᠩ ᠪᠦᠷᠢᠨ ᠲᠡᠭᠦᠯᠳᠡᠷ ᠪᠣᠯᠭᠠᠨ ᠪᠠᠶᠢᠭᠤᠯᠵᠤ᠂ ᠶᠠᠮᠠᠷ ᠶᠠᠪᠤᠳᠠᠯ ᠢ ᠶᠠᠭᠠᠬᠢᠵᠤ ᠬᠢᠬᠦ ᠴᠢᠬᠤᠯᠠᠲᠠᠢ ᠶᠢ ᠴᠥᠮ ᠲᠣᠪ ᠲᠣᠳᠣᠷᠬᠠᠢ ᠲᠣᠭᠲᠠᠭᠠᠵᠤ᠂ ᠠᠵᠤ ᠠᠬᠤᠶᠢᠯᠠᠯ ᠳᠤ ᠵᠢᠷᠤᠮᠯᠠᠬᠤ ᠳᠦᠷᠢᠮ ᠲᠠᠢ᠂ ᠰᠠᠯᠠᠭ᠎ᠠ ᠮᠥᠴᠢᠷ ᠤᠨ ᠳᠦᠷᠢᠮ ᠶᠣᠰᠣᠭᠠᠷ ᠠᠵᠢᠯᠯᠠᠬᠤ ᠶᠢ ᠦᠨᠡᠨ ᠬᠦ ᠪᠠᠲᠤᠯᠠᠵᠤ᠂ ᠥᠪᠥᠷ ᠮᠣᠩᠭᠤᠯ ᠤᠨ ᠬᠥᠮᠥᠨ ᠤ ᠠᠵᠢᠯ ᠶᠠᠪᠤᠳᠠᠯ ᠬᠢᠬᠦ  ᠳᠡᠭᠡᠨ ᠶᠣᠰᠣ ᠳᠦᠷᠢᠮ ᠲᠠᠢ ᠪᠠᠶᠢᠬᠤ ᠳᠦᠷᠢ ᠲᠥᠷᠬᠦ ᠶᠢ ᠪᠤᠢ ᠪᠣᠯᠭᠠᠬᠤ ᠭᠡᠷᠡᠭᠲᠡᠶ᠃       ᠺᠠᠳ᠋ᠷ ᠤᠯᠠᠨ ᠲᠦᠮᠡᠨ ᠤ ᠣᠶᠤᠨ ᠰᠠᠨᠠᠭᠠᠨ ᠤ ᠳᠦᠷᠰᠦ ᠪᠠᠶᠢᠳᠠᠯ ᠨᠢ ᠨᠢᠭᠡ ᠭᠠᠵᠠᠷ ᠣᠷᠣᠨ ᠤ ᠬᠥᠭᠵᠢᠯᠲᠡ ᠎ ᠶᠢᠨ ᠪᠠᠶᠢᠳᠠᠯ ᠢ ᠲᠣᠭᠲᠠᠭᠠᠨ᠎ᠠ᠂ ᠡᠨᠡ ᠨᠢ ᠮᠥᠨ ᠴᠦ ᠪᠡᠯᠡ ᠣᠷᠣᠭᠤᠯᠤᠭᠴᠢᠳ ᠤᠨ ᠲᠤᠶᠢᠯ ᠢᠶᠠᠷ ᠴᠢᠬᠤᠯᠠᠴᠢᠯᠠᠨ ᠦᠵᠡᠬᠦ ᠵᠦᠢᠯ ᠪᠣᠯᠣᠨ᠎ᠠ᠃ ᠪᠢᠳᠡ ᠪᠠᠰᠠ ᠥᠪᠥᠷ ᠮᠣᠩᠭᠤᠯ ᠤᠨ ᠥᠷᠭᠡᠨ ᠤᠯᠠᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠳᠦᠷᠢ ᠲᠥᠷᠬᠦ ᠶᠢ ᠱᠤᠭᠤᠵᠤ᠂ ᠥᠪᠥᠷ ᠮᠣᠩᠭᠤᠯ ᠤᠨ ᠠᠷᠠᠳ ᠲᠦᠮᠡᠨ ᠤ ᠣᠷᠭᠢᠯᠤᠮ᠎ᠠ ᠬᠠᠯᠠᠭᠤᠨ ᠠᠰᠪᠤᠷ ᠴᠠᠭᠠᠪᠤᠷ ᠣᠮᠤᠭ ᠵᠣᠷᠢᠭᠲᠠᠢ᠂ ᠦᠨᠡᠨᠴᠢ ᠢᠲᠡᠭᠡᠮᠵᠢᠲᠡᠢ ᠪᠠᠶᠢᠬᠤ ᠶᠢ ᠡᠷᠭᠢᠮᠯᠡᠳᠡᠭ ᠰᠢᠯᠢᠳᠡᠭ ᠵᠠᠩ ᠴᠢᠨᠠᠷ ᠢ ᠰᠠᠶᠢᠲᠤᠷ ᠪᠠᠳᠠᠷᠠᠭᠤᠯᠤᠨ᠂ ᠪᠥᠬᠦ ᠣᠷᠣᠨ  ᠤ ᠳᠡᠭᠡᠳᠦ ᠳᠣᠣᠷᠠᠳᠤ ᠱᠠᠲᠤ ᠪᠠᠷ ᠢᠶᠠᠨ ᠬᠥᠭᠵᠢᠯᠲᠡ ᠶᠢ ᠠᠳᠬᠤᠬᠤ᠂ ᠬᠥᠭᠵᠢᠯᠲᠡ ᠶᠢ ᠲᠦᠷᠭᠡᠳᠬᠡᠬᠦ ᠠᠭᠤᠷ ᠠᠮᠢᠰᠬᠤᠯ ᠢ ᠰᠠᠶᠢᠲᠤᠷ ᠪᠤᠢ ᠪᠣᠯᠭᠠᠵᠤ᠂ ᠺᠠᠳ᠋ᠷ ᠤᠯᠠᠨ ᠲᠦᠮᠡᠨ ᠤ ᠤᠷᠤᠭᠰᠢᠯᠠᠬᠤ ᠶᠢ ᠪᠣᠳᠣᠬᠤ᠂ ᠲᠠᠪᠰᠢᠬᠤ ᠶᠢ ᠪᠣᠳᠣᠬᠤ᠂ ᠠᠵᠢᠯᠯᠠᠬᠤ ᠶᠢ ᠪᠣᠳᠣᠬᠤ ᠪᠠᠶᠢᠳᠠᠯ ᠢ ᠰᠠᠶᠢᠲᠤᠷ ᠪᠠᠲᠤᠯᠠᠨ᠂ ᠪᠥᠬᠦ ᠨᠡᠶᠢᠭᠡᠮ ᠤᠨ ᠲᠠᠸᠠᠷ ᠤᠨ ᠤᠬᠠᠮᠰᠠᠷ᠂ ᠬᠤᠳᠠᠯᠳᠤᠭᠠᠨ ᠤ ᠠᠭᠤᠷ ᠠᠮᠢᠰᠬᠤᠯ ᠢ ᠨᠡᠮᠡᠭᠳᠡᠭᠦᠯᠵᠦ᠂ ᠪᠡᠯᠡ ᠣᠷᠣᠭᠤᠯᠤᠭᠴᠢᠳ ᠲᠤ ᠥᠪᠥᠷ ᠮᠣᠩᠭᠤᠯ ᠤᠨ ᠬᠥᠭᠵᠢᠯᠲᠡ ᠶᠢᠨ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠪᠠ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠢ ᠭᠦᠢᠴᠡᠳ ᠢᠯᠡᠷᠡᠭᠦᠯᠬᠦ ᠭᠡᠷᠡᠭᠲᠡᠢ᠃       ᠬᠥᠮᠥᠨ ᠪᠠ ᠶᠠᠪᠤᠳᠠᠯ ᠨᠢ ᠪᠦᠷ ᠡᠵᠡᠩᠨᠡᠯᠲᠡ ᠶᠢᠨ ᠣᠷᠴᠢᠨ ᠨᠥᠬᠦᠴᠡᠯ ᠮᠥᠨ᠃ ᠪᠥᠬᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠤᠬᠠᠮᠰᠠᠷ ᠠᠴᠠ ᠪᠠᠨ ᠥᠪᠥᠷ ᠮᠣᠩᠭᠤᠯ ᠤᠨ ᠵᠥᠪ ᠲᠠᠯ᠎ᠠ ᠶᠢᠨ ᠳᠦᠷᠢ ᠲᠥᠷᠬᠦ ᠶᠢᠨ ᠣᠷᠣᠯᠠᠨ ᠥᠭᠦᠯᠡᠭᠴᠢ ᠪᠣᠯᠵᠤ᠂ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠣᠷᠣᠯᠴᠠᠭᠴᠢ᠂ ᠬᠠᠮᠠᠭᠠᠯᠠᠭᠴᠢ᠂ ᠬᠢᠨᠠᠯᠲᠠ ᠲᠠᠯᠪᠢᠭᠴᠢ ᠪᠣᠯᠬᠤ ᠭᠡᠷᠡᠭᠲᠡᠢ᠃  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号