ᠠᠵᠤ ᠠᠬᠤᠶᠢᠯᠠᠯᠲᠠᠳ  ᠲᠤ ᠠᠰᠢᠭ ᠬᠤᠨᠵᠢᠪᠤᠷᠢ ᠲᠠᠢ ᠪᠠᠶᠢᠬᠤ ᠶᠢ ᠮᠡᠳᠡᠭᠦᠯᠬᠦ ᠭᠡᠷᠡᠭᠳᠡᠢ
ᠨᠡᠶᠢᠲᠡᠯᠡᠭᠰᠡᠨ ᠴᠠᠭ᠄
2023/12/29
          ● ᠵᠧᠩ ᠶᠠᠨ             ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢᠨ ᠬᠠᠮᠤᠭ ᠰᠠᠶᠢᠨ ᠦᠷ᠎ᠡ ᠪᠦᠲᠦᠮᠵᠢ ᠪᠣᠯ ᠠᠵᠤ ᠠᠬᠤᠶᠢᠯᠠᠯ ᠪᠠᠶᠠᠵᠢᠵᠤ᠂ ᠣᠷᠣᠨ ᠨᠤᠲᠤᠭ ᠬᠥᠭᠵᠢᠨ᠂ ᠠᠷᠠᠳ ᠤᠯᠠᠨ ᠠᠰᠢᠭ ᠬᠦᠷᠲᠡᠬᠦ ᠶᠠᠪᠤᠳᠠᠯ ᠪᠣᠯᠣᠨ᠎ᠠ᠃ ᠠᠵᠤ ᠠᠬᠤᠶᠢᠯᠠᠯ ᠠᠰᠢᠭ ᠬᠤᠨᠵᠢᠪᠤᠷᠢ ᠬᠥᠭᠡᠭᠡᠴᠡᠯᠳᠦᠬᠦ ᠨᠢ ᠵᠦᠢ ᠶᠣᠰᠣᠨ  ᠤ ᠬᠡᠷᠡᠭ᠃ ᠠᠵᠤ ᠠᠬᠤᠶᠢᠯᠠᠯ ᠳᠤ ᠠᠪᠴᠤ ᠬᠡᠯᠡᠪᠡᠯ᠂ ᠵᠣᠭᠤᠰ ᠣᠯᠬᠤ ᠨᠢ ᠬᠠᠮᠤᠭ ᠶᠡᠭᠡ ᠲᠠᠲᠠᠬᠤ ᠬᠦᠴᠦᠨ ᠮᠥᠨ᠃ ᠪᠢᠳᠡ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠶᠡᠭᠡ ᠪᠠᠷ ᠠᠳᠬᠤᠬᠤ ᠳᠤ ᠶᠠᠭᠤᠨ  ᠤ ᠡᠮᠦᠨ᠎ᠡ ᠡᠨᠡ ᠬᠦ ᠵᠤᠷᠪᠤᠰ  ᠢ ᠰᠠᠶᠢᠲᠤᠷ ᠡᠵᠡᠮᠳᠡᠵᠦ᠂ ᠠᠵᠤ ᠠᠬᠤᠶᠢᠯᠠᠯᠲᠠᠳ ᠲᠤ ᠥᠪᠥᠷ ᠮᠣᠩᠭᠤᠯ ᠳᠤ ᠢᠷᠠᠵᠤ ᠪᠡᠯᠡ ᠣᠷᠣᠭᠤᠯᠬᠤ ᠨᠢ ᠦᠨᠡᠨ ᠬᠦ ᠠᠯᠤᠰ ᠢᠷᠡᠭᠡᠳᠦᠢ ᠲᠠᠢ ᠭᠡᠳᠡᠭ  ᠢ ᠮᠡᠳᠡᠭᠦᠯᠬᠦ ᠭᠡᠷᠡᠭᠲᠡᠢ᠃       ᠠᠵᠤ ᠠᠬᠤᠶᠢᠯᠠᠯᠲᠠᠨ ᠳᠤ ᠠᠰᠢᠭ ᠵᠣᠭᠤᠰ ᠣᠯᠬᠤ ᠰᠠᠶᠢᠨ ᠰᠠᠶᠢᠬᠠᠨ ᠢᠷᠡᠭᠡᠳᠦᠢ ᠶᠢ ᠣᠯᠵᠤ ᠦᠵᠡᠭᠦᠯᠬᠦ ᠎ ᠨᠢ ᠬᠡᠳᠦᠨ ᠬᠦᠰᠡᠯ ᠲᠠᠯᠪᠢᠵᠤ᠂ ᠬᠡᠳᠦᠨ ︽ᠪᠣᠣᠪᠤ︾ ᠵᠢᠷᠤᠪᠠᠯ ᠪᠣᠯᠴᠢᠬᠠᠳᠠᠭ ᠶᠠᠪᠤᠳᠠᠯ ᠪᠢᠰᠢ᠂ ᠡᠷᠬᠡᠪᠰᠢ ᠪᠣᠳᠠᠲᠠᠢ ᠳᠦᠷᠦᠯ ᠵᠦᠢᠯ ᠢᠶᠠᠷ ᠲᠤᠯᠭᠠᠭᠤᠷᠢᠯᠠᠬᠤ ᠭᠡᠷᠡᠭᠲᠡᠢ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ  ᠤ ᠮᠠᠰᠢ ᠤᠯᠠᠨ ᠲᠠᠯ᠎ᠠ ᠶᠢᠨ ᠬᠥᠭᠵᠢᠯᠲᠡ ᠶᠢᠨ ᠵᠢᠷᠤᠭ ᠲᠥᠯᠥᠪᠯᠡᠭᠡ ᠨᠢᠭᠡᠨᠲᠡ ᠪᠤᠢ ᠪᠣᠯᠵᠤ᠂ ᠵᠠᠷᠢᠮ ᠪᠡᠯᠡ ᠣᠷᠣᠭᠤᠯᠤᠯᠲᠠ ᠶᠢᠨ ᠣᠷᠣᠨ ᠵᠠᠢ ᠨᠢ ᠲᠦᠮᠡᠨ ᠳ᠋ᠦᠩᠰᠢᠭᠤᠷ ᠲᠡᠰ ᠲᠤ ᠬᠦᠷᠴᠦ ᠪᠠᠶᠢᠨ᠎ᠠ᠃ ᠳᠦᠷᠦᠯ ᠵᠦᠢᠯ  ᠢ ᠦᠨᠡᠨ ᠬᠦ ᠰᠠᠶᠢᠲᠤᠷ ᠠᠳᠬᠤᠬᠤ ᠡᠨᠡ ᠬᠦ ︽ᠬᠠᠮᠤᠭ ᠲᠡᠷᠢᠭᠦᠨ  ᠤ ᠨᠢᠭᠡ ᠺᠢᠯᠣᠮᠧᠲᠷ︾᠎ ᠢ ᠴᠣᠭᠴᠠᠯᠠᠨ᠂ ᠨᠢᠭᠡ ᠪᠦᠯᠦᠭ ᠲᠣᠮᠣ ᠳᠦᠷᠦᠯ ᠵᠦᠢᠯ ᠰᠠᠶᠢᠨ ᠳᠦᠷᠦᠯ ᠵᠦᠢᠯ  ᠢ ᠰᠢᠨᠵᠢᠯᠡᠬᠦ ᠤᠬᠠᠭᠠᠨᠴᠢ ᠪᠠᠷ ᠲᠥᠰᠥᠪᠯᠡᠨ ᠨᠥᠭᠡᠴᠡᠯᠡᠵᠦ ᠂ ︽ᠫᠢᠯᠠ︾᠎ ᠶᠢ ᠡᠮᠦᠨ᠎ᠡ ᠨᠢ ᠠᠪᠴᠢᠷᠠᠵᠤ ᠲᠠᠯᠪᠢᠨ᠂ ︽ᠠᠯᠤᠰ ᠤᠨ ᠲᠥᠰᠥᠪ︾᠎ ᠢ ᠨᠢᠳᠦᠨ ᠡᠮᠦᠨ᠎ᠡ ᠨᠢ ᠦᠵᠡᠭᠦᠯᠦᠨ᠂ ᠥᠨᠳᠥᠷ ᠲᠦᠪᠰᠢᠨ ᠪᠦᠬᠦᠢ ᠳᠦᠷᠦᠯ ᠵᠦᠢᠯ ᠢᠶᠠᠷ ᠴᠢᠨᠠᠷ ᠰᠠᠶᠢᠲᠠᠢ ᠠᠵᠤ ᠠᠬᠤᠶᠢᠯᠠᠯ  ᠢ ᠤᠷᠢᠨ ᠠᠪᠴᠢᠷᠠᠬᠤ ᠭᠡᠷᠡᠭᠲᠡᠢ᠃ ᠠᠵᠤ ᠠᠬᠤᠶᠢᠯᠠᠯ ᠨᠢ ᠳᠦᠷᠦᠯ ᠵᠦᠢᠯ  ᠢ ᠦᠵᠡᠮᠡᠭᠴᠡ ᠳᠠᠷᠤᠢ ᠲᠣᠮᠣ ᠲᠠᠩᠰᠠ ᠶᠢ ᠲᠣᠳᠣᠷᠬᠠᠢ ᠪᠤᠳᠤᠵᠤ᠂ ᠠᠰᠢᠭ ᠬᠤᠨᠵᠢᠪᠤᠷᠢ ᠣᠯᠬᠤ ᠣᠷᠣᠨ ᠵᠠᠢ ᠶᠢ ᠲᠣᠳᠣᠷᠬᠠᠢ ᠣᠶᠢᠯᠠᠭᠠᠵᠤ ᠴᠢᠳᠠᠵᠤ᠂ ᠠᠶᠠᠨᠳᠠᠭᠠᠨ ︽ᠰᠠᠨᠠᠭ᠎ᠠ ᠣᠷᠣᠵᠤ︾ ︽ᠰᠡᠳᠬᠢᠯ ᠬᠥᠳᠡᠯᠬᠦ︾᠎ ᠶᠢᠨ ᠤᠯᠠᠮ ᠠᠴᠠ ︽ᠪᠣᠳᠠᠲᠤ ᠠᠵᠢᠯᠯᠠᠭ᠎ᠠ︾ ᠪᠣᠯᠵᠤ ᠢᠷᠡᠨ᠎ᠡ᠃       ᠠᠵᠤ ᠠᠬᠤᠶᠢᠯᠠᠯᠲᠠᠳ ᠲᠤ ︽ᠠᠰᠢᠭ ᠬᠤᠨᠵᠢᠪᠤᠷᠢ ᠲᠠᠢ ᠪᠠᠶᠢᠬᠤ︾᠎ ᠳᠤ ᠪᠠᠰᠠ ᠦᠨᠡᠨ ᠪᠣᠳᠠᠲᠠᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠶᠢᠬᠤ ᠭᠡᠷᠡᠭᠲᠡᠶ᠃ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶ᠎ᠠ᠄ ᠡᠵᠡᠩᠨᠡᠯᠲᠡ ᠶᠢᠨ ᠣᠷᠴᠢᠨ ᠨᠥᠬᠦᠴᠡᠯ  ᠢ ᠬᠤᠬᠢᠷᠠᠭᠤᠯᠤᠭᠰᠠᠨ ᠬᠥᠮᠥᠨ ᠪᠠ ᠬᠡᠷᠡᠭ ᠶᠠᠪᠤᠳᠠᠯ  ᠢ ︽ᠥᠴᠥᠬᠡᠨ ᠴᠦ ᠠᠭᠤᠴᠢᠯᠠᠬᠤ ᠦᠭᠡᠢ︾ ; ᠬᠤᠶᠢᠰᠢᠳᠠ ᠡᠯ᠎ᠡ ᠱᠠᠲᠤᠨ  ᠤ ᠬᠢᠨ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠤᠨ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠠᠪᠤᠴᠠ ᠳᠤ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠳᠦᠷᠢᠮ ᠤᠨ ᠬᠡᠷᠡᠭᠯᠡᠬᠦ ᠬᠡᠪᠴᠢᠶ᠎ᠡ ᠪᠠ ᠬᠠᠮᠤᠷᠬᠤ ᠨᠣᠷᠮ᠎ᠠ ᠶᠢ ᠤᠯᠠᠮ ᠨᠢᠭᠡ ᠠᠯᠬᠤᠮ ᠥᠷᠭᠡᠳᠬᠡᠬᠦ ᠭᠡᠷᠡᠭᠲᠡᠶ; ᠡᠯ᠎ᠡ ᠱᠠᠲᠤᠨ  ᠤ ᠵᠠᠰᠠᠭ ᠤᠨ ᠣᠷᠳᠣᠨ ᠳᠠᠷᠤᠤ ᠬᠢᠴᠢᠶᠡᠩᠭᠦᠢ ᠪᠠᠷ ︽ᠦᠢᠯᠡᠴᠢᠯᠡᠭᠴᠢ︾ ᠪᠣᠯᠬᠤ ᠭᠡᠷᠡᠭᠲᠡᠢ᠂ ᠳᠠᠭᠤᠳᠠᠬᠤ ᠦᠭᠡᠢ ᠪᠣᠯ ᠢᠷᠠᠵᠤ ᠶᠠᠷᠰᠢᠭ ᠪᠣᠯᠬᠤ ᠦᠭᠡᠢ᠂ ᠳᠠᠭᠤᠳᠠᠮᠠᠭᠴᠠ ᠬᠦᠷᠴᠦ ᠢᠷᠡᠬᠦ ᠭᠡᠷᠡᠭᠲᠡᠢ; ᠠᠵᠤ ᠠᠬᠤᠶᠢᠯᠠᠯ ᠤᠨ ᠤᠴᠢᠷ ᠶᠠᠪᠤᠳᠠᠯ  ᠢ ᠥᠪᠡᠷ ᠤᠨ ᠭᠡᠷ ᠤᠨ ᠤᠴᠢᠷ ᠶᠠᠪᠤᠳᠠᠯ ᠢᠶᠠᠨ ᠪᠣᠯᠭᠠᠵᠤ᠂ ᠰᠢᠢᠳᠪᠦᠷᠢᠯᠡᠬᠦ ᠦᠭᠡᠢ ᠪᠠᠶᠢᠬᠤ ᠰᠢᠯᠲᠠᠭᠠᠨ ᠡᠷᠢᠬᠦ ᠦᠭᠡᠢ᠂ ᠵᠥᠪᠬᠡᠨ ᠰᠠᠶᠢᠲᠤᠷ ᠰᠢᠢᠳᠪᠦᠷᠢᠯᠡᠬᠦ ᠶᠢᠨ ᠲᠥᠯᠥᠭᠡ ᠠᠷᠭ᠎ᠠ ᠰᠦᠪᠡᠭᠴᠢᠯᠡᠬᠦ ᠭᠡᠷᠡᠭᠲᠡᠢ᠃ ᠡᠯ᠎ᠡ ᠱᠠᠲᠤᠨ  ᠤ ᠬᠢᠨ ᠴᠥᠮ ᠦᠨᠡᠨ ᠪᠣᠳᠠᠲᠠᠢ ᠪᠠᠷ ᠬᠢᠵᠦ᠂ ᠪᠡᠯᠡ ᠣᠷᠣᠭᠤᠯᠤᠭᠴᠢᠳ ᠲᠤ ᠵᠣᠭᠤᠰ ᠣᠯᠣᠭᠤᠯᠬᠤ ᠮᠥᠷᠲᠡᠭᠡᠨ ᠰᠡᠳᠬᠢᠯ ᠰᠠᠨᠠᠭ᠎ᠠ ᠪᠠᠶᠠᠷ ᠪᠠᠶᠠᠰᠬᠤᠯᠠᠩ ᠲᠠᠢ ᠪᠠᠶᠢᠬᠤ ᠶᠢ ᠪᠠᠲᠤᠯᠠᠬᠤ ᠭᠡᠷᠡᠭᠲᠡᠢ ᠭᠡᠵᠦ ᠳᠤᠷᠠᠳᠴᠠᠢ᠃       ᠠᠵᠤ ᠠᠬᠤᠶᠢᠯᠠᠯ ᠤᠨ ᠬᠥᠭᠵᠢᠯᠲᠡ ᠳᠤ ᠶᠠᠭᠤ ᠬᠡᠷᠡᠭᠴᠡᠭᠡ ᠲᠠᠢ ᠪᠣᠯ ᠪᠢᠳᠡ ᠶᠠᠭᠤ ᠶᠢ ᠬᠢᠵᠦ᠂ ᠠᠵᠤ ᠠᠬᠤᠶᠢᠯᠠᠯ ᠶᠠᠭᠤᠨ ᠠᠴᠠ ᠠᠶᠤᠵᠤ ᠪᠠᠶᠢᠪᠠᠯ ᠪᠢᠳᠡ ᠶᠠᠭᠤ ᠶᠢ ᠥᠭᠡᠷᠡᠴᠢᠯᠡᠨ᠂ ᠠᠷᠭ᠎ᠠ ᠪᠥᠬᠦᠨ  ᠢ ᠰᠦᠪᠡᠭᠴᠢᠯᠡᠨ ᠠᠵᠤ ᠠᠬᠤᠶᠢᠯᠠᠯ ᠳᠤ ᠨᠥᠬᠦᠴᠡᠯ ᠪᠦᠷᠢᠯᠳᠦᠭᠦᠯᠦᠨ ᠥᠭᠴᠦ᠂ ᠳᠡᠮᠵᠢᠯᠭᠡ ᠬᠠᠩᠭᠠᠨ᠂ ᠠᠵᠤ ᠠᠬᠤᠶᠢᠯᠠᠯ ᠤᠨ ᠵᠦᠢ ᠶᠣᠰᠣᠨ  ᠤ ᠱᠠᠭᠠᠷᠳᠠᠯᠭ᠎ᠠ ᠶᠢ ᠮᠠᠨ  ᠤ ᠠᠲᠠ ᠴᠥᠮ ᠬᠠᠩᠭᠠᠬᠤ ᠪᠣᠯᠭᠠᠨ᠎ᠠ᠃ ᠡᠨᠡ ᠪᠣᠯ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠴᠠ ᠪᠥᠬᠦ ᠣᠷᠣᠨ  ᠤ ᠡᠯ᠎ᠡ ᠱᠠᠲᠤᠨ ᠳᠤ ᠳᠤᠷᠠᠳᠤᠭᠰᠠᠨ ᠲᠥᠪ ᠴᠢᠩᠭ᠎ᠠ ᠱᠠᠭᠠᠷᠳᠠᠯᠭ᠎ᠠ ᠪᠣᠯᠬᠤ ᠪᠥᠭᠡᠳ ᠤᠯᠤᠰ ᠤᠨ ᠳᠣᠲᠣᠭᠠᠳᠤ ᠭᠠᠳᠠᠭᠠᠳᠤ ᠶᠢᠨ ᠬᠤᠳᠠᠯᠳᠤᠭᠠᠴᠢᠨ ᠳᠤ ᠠᠮᠠᠯᠳᠠᠭᠰᠠᠨ ᠲᠥᠪ ᠴᠢᠩᠭ᠎ᠠ ᠠᠮᠠᠯᠠᠯᠲᠠ ᠪᠣᠯᠣᠨ᠎ᠠ᠃ ᠪᠢᠳᠡ ᠵᠠᠪᠠᠯ ᠬᠡᠯᠡᠭᠰᠡᠨ ᠢᠶᠠᠨ ᠪᠡᠶᠡᠯᠡᠭᠦᠯᠬᠦ ᠭᠡᠷᠡᠭᠲᠡᠶ᠃      
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号