ᠠᠵᠤ ᠠᠬᠤᠶᠢᠯᠠᠯᠲᠠᠳ  ᠢ ᠰᠠᠨᠠᠭ᠎ᠠ ᠠᠮᠤᠷ ᠪᠠᠶᠢᠯᠭᠠᠬᠤ ᠭᠡᠷᠡᠭᠲᠡᠢ
ᠨᠡᠶᠢᠲᠡᠯᠡᠭᠰᠡᠨ ᠴᠠᠭ᠄
2023/12/29
           ● ᠵᠧᠩ ᠶᠠᠨ             ᠠᠵᠤ ᠠᠬᠤᠶᠢᠯᠠᠯᠲᠠᠨ ᠮᠠᠨ  ᠤ ᠣᠷᠣᠨ ᠳᠤ ᠢᠷᠠᠵᠤ ᠪᠡᠯᠡ ᠣᠷᠣᠭᠤᠯᠤᠨ ᠦᠢᠯᠡᠰ ᠪᠣᠰᠬᠠᠬᠤ ᠳᠤ᠂ ᠨᠠᠭᠠᠲᠤ ᠵᠠᠬ᠎ᠠ ᠳᠠᠭᠠᠨ ᠲᠡᠳᠡᠨ  ᠤ ᠬᠠᠤᠯᠢ ᠶᠣᠰᠣᠨ  ᠤ ᠡᠷᠬᠡ ᠠᠰᠢᠭ  ᠢ ᠰᠠᠶᠢᠲᠤᠷ ᠪᠠᠲᠤᠯᠠᠵᠤ᠂ ᠲᠡᠳᠡᠨ  ᠤ ᠪᠡᠶ᠎ᠡ ᠮᠠᠬᠠᠪᠤᠳ ᠡᠳ᠋ ᠬᠥᠷᠥᠩᠭᠡ ᠶᠢᠨ ᠠᠮᠤᠷ ᠲᠦᠪᠰᠢᠨ  ᠢ ᠰᠠᠶᠢᠲᠤᠷ ᠬᠠᠮᠠᠭᠠᠯᠠᠬᠤ ᠭᠡᠷᠡᠭᠲᠡᠢ᠃ ᠬᠡᠷᠪᠡ ᠡᠭᠦᠨ  ᠢ ᠪᠠᠰᠠ ᠬᠢᠵᠦ ᠳᠡᠶᠢᠯᠬᠦ ᠦᠭᠡᠢ ᠪᠣᠯ ᠬᠤᠳᠠᠯᠳᠤᠭ᠎ᠠ ᠶᠢ ᠳᠣᠲᠣᠨᠣᠴᠢᠯᠠᠵᠤ ᠬᠤᠳᠠᠯᠳᠤᠭ᠎ᠠ ᠶᠢ ᠭᠦᠨᠳᠦᠳᠭᠡᠵᠦ ᠬᠤᠳᠠᠯᠳᠤᠭ᠎ᠠ ᠶᠢ ᠡᠷᠭᠢᠮᠯᠡᠭᠦ ᠶᠢ ᠶᠠᠭᠤᠨ ᠥᠭᠦᠯᠡᠬᠦ ᠪᠤᠢ︖ ᠪᠢᠳᠡ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠶᠡᠭᠡ ᠪᠠᠷ ᠠᠳᠬᠤᠵᠤ᠂ ᠬᠥᠭᠵᠢᠯᠲᠡ ᠶᠢᠨ ᠣᠷᠴᠢᠨ ᠨᠥᠬᠦᠴᠡᠯ  ᠢ ᠰᠢᠯᠢᠳᠡᠭᠵᠢᠭᠦᠯᠬᠦ ᠳᠤ᠂ ᠡᠷᠬᠡᠪᠰᠢ ᠠᠵᠤ ᠠᠬᠤᠶᠢᠯᠠᠯᠲᠠᠨ  ᠤ ᠬᠠᠤᠯᠢ ᠶᠣᠰᠣᠨ  ᠤ ᠡᠷᠬᠡ ᠠᠰᠢᠭ  ᠢ ᠬᠠᠮᠠᠭᠠᠯᠠᠬᠤ ᠶᠢ ᠴᠢᠬᠤᠯᠠ ᠪᠠᠶᠢᠷᠢᠨ ᠳᠤ ᠲᠠᠯᠪᠢᠵᠤ᠂ ᠥᠪᠥᠷ ᠮᠣᠩᠭᠤᠯ ᠳᠤ ᠪᠡᠯᠡ ᠣᠷᠣᠭᠤᠯᠬᠤ ᠬᠤᠳᠠᠯᠳᠤᠭᠠᠴᠢᠳ  ᠢ ᠰᠠᠨᠠᠭ᠎ᠠ ᠠᠮᠤᠷ ᠪᠡᠯᠡ ᠣᠷᠣᠭᠤᠯᠬᠤ᠂ ᠨᠢᠭᠡ ᠰᠡᠳᠬᠢᠯ ᠢᠶᠠᠷ ᠦᠢᠯᠡᠰ ᠪᠣᠰᠬᠠᠬᠤ᠂ ᠰᠡᠳᠬᠢᠯ ᠠᠮᠤᠷ ᠡᠵᠡᠩᠨᠡᠵᠦ ᠳᠡᠶᠢᠯᠬᠦ ᠶᠢ ᠪᠡᠶᠡᠯᠡᠭᠦᠯᠬᠦ ᠭᠡᠷᠡᠭᠳᠡᠢ᠃       ᠣᠶᠢᠷ᠎ᠠ ᠶᠢᠨ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠮᠴᠢᠯᠡᠯ ᠤᠨ ᠡᠷᠬᠡ ᠪᠠ ᠠᠵᠤ ᠠᠬᠤᠶᠢᠯᠠᠯᠲᠠᠨ  ᠤ ᠡᠷᠬᠡ ᠠᠰᠢᠭ  ᠢ ᠬᠠᠤᠯᠢ ᠶᠣᠰᠣᠭᠠᠷ ᠬᠠᠮᠠᠭᠠᠯᠠᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠠᠢ ᠤᠶᠠᠯᠳᠤᠭᠤᠯᠤᠭᠰᠠᠨ ᠠᠯᠢ ᠣᠯᠠᠨ ᠲᠥᠷᠥ ᠶᠢᠨ ᠪᠣᠳᠣᠯᠭ᠎ᠠ ᠨᠡᠶᠢᠲᠡᠯᠡᠵᠡᠢ᠃ ᠢᠯᠠᠩᠭᠤᠶ᠎ᠠ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ  ᠢ ᠭᠦᠨᠵᠡᠭᠡᠶᠢᠷᠡᠭᠦᠯᠬᠦ ᠲᠤᠬᠠᠢ ᠪᠠᠶᠢᠷᠢᠯᠠᠭᠤᠯᠤᠯᠲᠠ ᠬᠢᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠤᠨ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠠᠪᠤᠴᠠ ᠳᠤ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠳᠦᠷᠢᠮ ᠤᠨ ᠬᠡᠷᠡᠭᠯᠡᠬᠦ ᠬᠡᠪᠴᠢᠶ᠎ᠡ ᠪᠠ ᠬᠠᠮᠤᠷᠬᠤ ᠨᠣᠷᠮ᠎ᠠ ᠶᠢ ᠤᠯᠠᠮ ᠴᠢᠨᠠᠭᠰᠢᠳᠠ ᠥᠷᠭᠡᠳᠬᠡᠪᠡ᠃ ᠪᠥᠬᠦ ᠣᠷᠣᠨ  ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠵᠢᠴᠢ ᠡᠵᠡᠩᠨᠡᠯᠲᠡ ᠶᠢᠨ ᠣᠷᠴᠢᠨ ᠨᠥᠬᠦᠴᠡᠯ  ᠢ ᠰᠢᠯᠢᠳᠡᠭᠵᠢᠭᠦᠯᠬᠦ ᠶᠡᠭᠡ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠳᠠᠬᠢᠨᠲᠠ ᠠᠮᠠᠯᠠᠯᠲᠠ ᠬᠢᠪᠡ᠄ ᠥᠪᠥᠷ ᠮᠣᠩᠭᠤᠯ ᠳᠤ ᠪᠡᠯᠡ ᠣᠷᠣᠭᠤᠯᠤᠨ ᠦᠢᠯᠡᠰ ᠪᠣᠰᠬᠠᠪᠠᠯ᠂ ᠠᠵᠤ ᠠᠬᠤᠶᠢᠯᠠᠯᠲᠠᠨ  ᠤ ᠬᠠᠤᠯᠢ ᠶᠣᠰᠣᠨ  ᠤ ᠡᠷᠬᠡ ᠠᠰᠢᠭ ᠯᠠᠪᠲᠠᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠳᠠᠨ᠎ᠠ; ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠪᠦᠷᠢᠮᠦᠰᠦᠨ ᠰᠠᠨᠠᠭ᠎ᠠ ᠠᠮᠤᠷ ᠵᠣᠷᠢᠭᠲᠠᠢ ᠪᠠᠷ ᠵᠥᠪ ᠵᠠᠮ ᠢᠶᠠᠷ ᠵᠠᠮᠨᠠᠵᠤ᠂ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠡᠵᠡᠩᠨᠡᠯᠲᠡ ᠬᠢᠵᠦ ᠪᠣᠯᠣᠨ᠎ᠠ᠂ ︽ᠳᠠᠯᠳᠠ ᠳᠦᠷᠢᠮ ᠭᠤᠷᠢᠮ︾᠎ ᠳᠤ ᠨᠥᠯᠥᠭᠡᠯᠡᠭᠳᠡᠬᠦ ᠦᠭᠡᠢ᠃       ᠠᠵᠤ ᠠᠬᠤᠶᠢᠯᠠᠯᠲᠠᠨ  ᠤ ᠬᠠᠤᠯᠢ ᠶᠣᠰᠣᠨ  ᠤ ᠡᠷᠬᠡ ᠠᠰᠢᠭ  ᠢ ᠬᠠᠮᠠᠭᠠᠯᠠᠬᠤ ᠨᠢ ᠳᠠᠷᠤᠢ ᠨᠡᠶᠢᠭᠡᠮ ᠤᠨ ᠦᠢᠯᠡᠳᠪᠦᠷᠢᠯᠡᠯ ᠤᠨ ᠬᠦᠴᠦᠨ  ᠢ ᠬᠠᠮᠠᠭᠠᠯᠠᠬᠤ ᠶᠠᠪᠤᠳᠠᠯ ᠪᠣᠯᠣᠨ᠎ᠠ᠃ ᠬᠡᠨ ᠠᠷᠠᠯᠵᠢᠶᠠᠴᠢᠨ  ᠢ ᠭᠠᠴᠢᠵᠤ ᠠᠷᠠᠯᠵᠢᠶᠠᠴᠢᠨ ᠳᠤ ᠬᠤᠬᠢᠷᠠᠯ ᠤᠴᠠᠷᠠᠭᠤᠯᠬᠤ ᠶᠠᠪᠤᠳᠠᠯ ᠬᠢᠪᠡᠯ ᠲᠡᠷᠡ ᠳᠠᠷᠤᠢ ᠠᠷᠠᠳ ᠤᠯᠠᠨ  ᠤ ᠪᠤᠳᠠᠭᠠᠨ ᠠᠶᠠᠭ᠎ᠠ ᠶᠢ ᠬᠠᠭᠠᠯᠵᠤ ᠪᠠᠶᠢᠨ᠎ᠠ᠂ ᠲᠡᠷᠡ ᠳᠠᠷᠤᠢ ᠥᠪᠥᠷ ᠮᠣᠩᠭᠤᠯ ᠤᠨ ᠬᠥᠭᠵᠢᠯᠲᠡ ᠶᠢᠨ ᠶᠠᠯᠠᠲᠤ ᠬᠥᠮᠥᠨ ᠪᠣᠯᠣᠨ᠎ᠠ ᠃ ᠣᠲᠣ ᠮᠠᠨ  ᠤ ᠣᠷᠣᠨ  ᠤ ᠡᠵᠡᠩᠨᠡᠯᠲᠡ ᠶᠢᠨ ᠣᠷᠴᠢᠨ ᠨᠥᠬᠦᠴᠡᠯ ᠮᠠᠰᠢ ᠶᠡᠭᠡ ᠰᠠᠶᠢᠵᠢᠷᠠᠯᠲᠠ ᠲᠠᠢ ᠪᠤᠯᠤᠬᠰᠠᠨ ᠪᠣᠯᠪᠠᠴᠤ ᠠᠵᠤ ᠠᠬᠤᠶᠢᠯᠠᠯ  ᠢ ᠬᠤᠨᠵᠢᠬᠤ᠂ ᠵᠦᠢ ᠵᠣᠬᠢᠰ ᠦᠭᠡᠢ ᠪᠠᠷᠢᠮᠵᠢᠶ᠎ᠠ ᠲᠣᠭᠲᠠᠭᠠᠬᠤ᠂ ︽ᠰᠢᠨ᠎ᠡ ᠨᠣᠶᠠᠨ ᠬᠠᠭᠤᠴᠢᠨ ᠲᠠᠩᠰᠠ ᠶᠢ ᠬᠠᠮᠢᠶᠠᠷᠬᠤ ᠦᠭᠡᠢ︾ ᠪᠠᠶᠢᠬᠤ ᠵᠡᠷᠭᠡ ᠠᠰᠠᠭᠤᠳᠠᠯ  ᠢ ᠪᠠᠰᠠ ᠦᠨᠳᠦᠰᠦᠨ ᠠᠴᠠ ᠨᠢ ᠠᠷᠢᠯᠭᠠᠵᠤ ᠳᠡᠶᠢᠯᠦᠭᠡ ᠦᠭᠡᠢ ᠪᠠᠶᠢᠭᠰᠠᠭᠠᠷ᠃ ᠡᠲᠡᠭᠡᠷ ᠠᠷᠬᠠᠭ ᠬᠡᠮ  ᠢ ᠡᠷᠬᠡᠪᠰᠢ ᠵᠣᠷᠢᠭ ᠰᠢᠭᠤᠳᠤᠨ ᠴᠣᠬᠢᠯᠲᠠ ᠥᠭᠴᠦ᠂ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠠᠪᠴᠤ ᠴᠡᠭᠴᠡᠯᠡᠨ ᠵᠠᠰᠠᠵᠤ᠂ ᠨᠢᠭᠡ ᠶᠢ ᠢᠯᠡᠷᠡᠭᠦᠯᠪᠡᠯ ᠨᠢᠭᠡ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠪᠢᠳᠠᠨ  ᠤ ᠡᠵᠡᠩᠨᠡᠯᠲᠡ ᠶᠢᠨ ᠣᠷᠴᠢᠨ ᠨᠥᠬᠦᠴᠡᠯ  ᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠶᠢ ︽ᠥᠴᠥᠬᠡᠨ ᠴᠦ ᠠᠭᠤᠴᠢᠯᠠᠬᠤ ᠦᠭᠡᠢ︾ ᠪᠠᠶᠢᠬᠤ ᠪᠠ ᠥᠪᠥᠷ ᠮᠣᠩᠭᠤᠯ ᠤᠨ ᠡᠵᠡᠩᠨᠡᠯᠲᠡ ᠎ ᠶᠢᠨ ᠣᠷᠴᠢᠨ ᠨᠥᠬᠦᠴᠡᠯ  ᠢ ᠲᠦᠷᠭᠡᠳᠬᠡᠨ ᠰᠢᠯᠢᠳᠡᠭᠵᠢᠭᠦᠯᠬᠦ ᠰᠢᠨ᠎ᠡ ᠳᠦᠷᠰᠦ ᠪᠠᠶᠢᠳᠠᠯ  ᠢ ᠨᠡᠶᠢᠭᠡᠮ ᠳᠠᠶᠠᠭᠠᠷ ᠲᠤ ᠦᠵᠡᠭᠦᠯᠬᠦ ᠭᠡᠷᠡᠭᠲᠡᠶ᠃       ᠰᠠᠨᠠᠭ᠎ᠠ ᠠᠮᠤᠷ ᠪᠠᠶᠢᠪᠠᠯ ᠰᠠᠶ᠋ᠢ ᠦᠢᠯᠡᠰ ᠪᠣᠰᠬᠠᠵᠤ ᠴᠢᠳᠠᠨ᠎ᠠ᠃ ᠪᠢᠳᠡ ᠦᠨᠡᠨ ᠬᠦ ᠠᠵᠤ ᠠᠬᠤᠶᠢᠯᠠᠯ ᠤᠨ ᠪᠤᠳᠤᠵᠤ ᠪᠠᠶᠢᠭ᠎ᠠ ᠵᠦᠢᠯ  ᠢ ᠪᠤᠳᠤᠵᠤ᠂ ᠠᠵᠤ ᠠᠬᠤᠶᠢᠯᠠᠯ ᠤᠨ ᠪᠠᠴᠢᠮᠳᠠᠵᠤ ᠪᠠᠶᠢᠭ᠎ᠠ ᠵᠦᠢᠯ ᠤᠨ ᠲᠥᠯᠥᠭᠡ ᠪᠠᠴᠢᠮᠳᠠᠵᠤ᠂ ᠠᠵᠤ ᠠᠬᠤᠶᠢᠯᠠᠯᠲᠠᠨ  ᠤ ᠬᠤᠶᠢᠰᠢᠳᠠ ᠶᠢᠨ ᠲᠥᠯᠥᠭᠡ ᠶᠢᠨ ᠰᠠᠨᠠᠭᠠᠰᠢᠷᠠᠯ  ᠢ ᠪᠥᠬᠦ ᠬᠦᠴᠦᠨ ᠢᠶᠠᠷ ᠠᠷᠢᠯᠭᠠᠨ ᠰᠢᠢᠳᠪᠦᠷᠢᠯᠡᠳᠡᠭ ᠯᠠ ᠶᠤᠮ ᠪᠣᠯ᠂ ᠮᠠᠨ  ᠤ ᠣᠷᠣᠨ  ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ︽ᠭᠠᠯ︾ ᠨᠡᠩ ᠪᠠᠳᠠᠷᠠᠨ ᠬᠥᠭᠵᠢᠵᠦ᠂ ᠠᠷᠠᠯᠵᠢᠶᠠᠴᠢᠨ ᠬᠤᠳᠠᠯᠳᠤᠭᠠᠴᠢᠳ ᠤᠨ ᠬᠦᠷᠢᠶᠡᠯᠡᠯ  ᠢ ᠨᠡᠩ ᠣᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠠᠨᠳᠤᠰᠢ ᠨᠡᠩ ᠢᠳᠡ ᠬᠦᠴᠦᠲᠡᠢ ᠪᠣᠯᠬᠤ ᠶᠤᠮ
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号