ᠠᠰᠠᠭᠤᠳᠠᠯ  ᠢ ᠰᠢᠢᠳᠪᠦᠷᠢᠯᠡᠵᠦ ᠬᠥᠭᠵᠢᠯᠲᠡ ᠳᠤ ᠵᠠᠮ ᠨᠡᠭᠡᠭᠡᠬᠦ ᠭᠡᠷᠡᠭᠳᠡᠢ
ᠨᠡᠶᠢᠲᠡᠯᠡᠭᠰᠡᠨ ᠴᠠᠭ᠄
2023/12/29
      — ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ       ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ       ᠬᠥᠮᠦᠵᠢᠯ  ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠲᠤᠬᠠᠢ ᠭᠤᠷᠪᠠᠨᠲᠠ ᠥᠭᠦᠯᠡᠬᠦ ᠨᠢ          ᠥᠪᠥᠷ ᠮᠣᠩᠭᠤᠯ ᠤᠨ ᠰᠣᠨᠢᠨ  ᠤ ᠰᠢᠭᠦᠮᠵᠢᠯᠡᠭᠴᠢ             ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠬᠤ ᠪᠣᠯ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠤᠨ ᠢᠯᠡ ᠲᠣᠳᠣ ᠣᠨᠴᠠᠯᠢᠭ ᠮᠥᠨ᠃ ᠪᠥᠬᠦ ᠣᠷᠣᠨ  ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠡᠬᠢᠯᠡᠩᠭᠦᠲᠡ ᠪᠠᠨ ᠳᠠᠷᠤᠢ ᠠᠰᠠᠭᠤᠳᠠᠯ ᠳᠤ ᠴᠢᠭᠯᠡᠭᠦᠯᠦᠨ ᠬᠢᠵᠦ᠂ ᠪᠠᠶᠢᠴᠠᠭᠠᠨ ᠦᠵᠡᠵᠦ ᠲᠤᠩᠭᠠᠨ ᠪᠣᠳᠣᠯᠬᠢᠯᠠᠬᠤ ᠠᠵᠢᠯ  ᠢ ᠪᠥᠬᠦ ᠲᠠᠯ᠎ᠠ ᠪᠠᠷ ᠨᠠᠷᠢᠨ ᠬᠢᠨᠠᠮᠠᠭᠠᠢ ᠰᠠᠶᠢᠲᠤᠷ ᠬᠢᠵᠦ᠂ ᠲᠤᠰᠬᠠᠢ ᠴᠡᠭᠴᠡᠯᠡᠨ ᠵᠠᠰᠠᠯᠲᠠ ᠶᠢ ᠦᠨᠡᠨ ᠪᠣᠳᠠᠲᠠᠢ ᠠᠬᠢᠭᠤᠯᠤᠨ᠂ ᠠᠯᠢ ᠤᠯᠠᠨ ᠪᠣᠳᠠᠲᠠᠢ ᠠᠰᠠᠭᠤᠳᠠᠯ  ᠢ ᠰᠢᠢᠳᠪᠦᠷᠢᠯᠡᠬᠦ ᠳᠤᠮᠳᠠ ᠭᠤᠣᠯ ᠰᠡᠳᠦᠪᠲᠦ ᠬᠥᠮᠦᠵᠢᠯ  ᠢ ᠨᠡᠩᠯᠠᠪᠳᠠᠭᠤᠨ ᠪᠠᠲᠤᠲᠠᠢ ᠪᠦᠲᠦᠮᠵᠢᠲᠡᠢ ᠬᠢᠬᠦ ᠭᠡᠷᠡᠭᠲᠡᠢ᠃       ᠠᠰᠠᠭᠤᠳᠠᠯ ᠪᠣᠯ ᠴᠠᠭ ᠦᠶ᠎ᠡ ᠶᠢᠨ ᠲᠠᠭᠤᠨ ᠮᠥᠨ᠃ ᠭᠤᠣᠯ ᠰᠡᠳᠦᠪᠲᠦ ᠬᠥᠮᠦᠵᠢᠯ  ᠢ ᠥᠷᠨᠢᠭᠦᠯᠬᠦ ᠳᠤ ᠵᠥᠪᠬᠡᠨ ᠰᠤᠷᠤᠯᠴᠠᠬᠤ᠂ ᠰᠤᠳᠤᠯᠬᠤ᠂ ᠪᠠᠶᠢᠴᠠᠭᠠᠬᠤ᠂ ᠰᠠᠶᠢᠵᠢᠷᠠᠭᠤᠯᠬᠤ ᠡᠯ᠎ᠡ ᠲᠠᠯ᠎ᠠ ᠪᠠᠷ ᠴᠥᠮ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠣᠪᠤᠶᠢᠯᠭᠠᠨ᠂ ᠠᠰᠠᠭᠤᠳᠠᠯ  ᠢ ᠢᠯᠡᠷᠡᠭᠦᠯᠬᠦ ᠳᠡᠭᠡᠨ ᠴᠢᠳᠠᠮᠠᠭᠠᠢ ᠪᠠᠶᠢᠵᠤ᠂ ᠵᠣᠷᠢᠭᠲᠠᠢ ᠎ ᠪᠠᠷ ᠠᠰᠠᠭᠤᠳᠠᠯ ᠳᠤ ᠵᠥᠪ ᠬᠠᠨᠳᠤᠨ᠂ ᠠᠰᠠᠭᠤᠳᠠᠯ  ᠢ ᠦᠨᠡᠨ ᠬᠦ ᠰᠢᠢᠳᠪᠦᠷᠢᠯᠡᠪᠡᠯ ᠰᠠᠢᠢ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠵᠤ ᠴᠢᠳᠠᠨ᠎ᠠ᠃ ᠡᠨᠡ ᠨᠢ ᠪᠠᠰᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠤ ᠂ ᠭᠤᠣᠯ ᠰᠡᠳᠦᠪᠲᠦ ᠬᠥᠮᠦᠵᠢᠯ  ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠳᠤ ᠡᠷᠬᠡᠪᠰᠢ ᠰᠤᠷᠤᠯᠴᠠᠬᠤ ᠶᠢᠨ ᠳᠠᠭᠠᠤ ᠬᠠᠷᠭᠤᠭᠤᠯᠬᠤ᠂ ᠪᠠᠶᠢᠴᠠᠭᠠᠨ ᠰᠢᠨᠵᠢᠬᠦ ᠶᠢ ᠪᠠᠷᠢᠮᠲᠠᠯᠠᠵᠤ᠂ ᠠᠰᠠᠭᠤᠳᠠᠯ  ᠢ ᠴᠡᠭᠴᠡᠯᠡᠨ ᠰᠠᠶᠢᠵᠢᠷᠠᠭᠤᠯᠬᠤ ᠶᠢ ᠭᠤᠣᠯ ᠰᠡᠳᠦᠪᠲᠦ ᠬᠥᠮᠦᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠤᠨ᠂ ᠠᠰᠠᠭᠤᠳᠠᠯ ᠳᠤ ᠴᠢᠭᠯᠡᠭᠦᠯᠦᠨ ᠬᠢᠵᠦ᠂ ᠠᠰᠠᠭᠤᠳᠠᠯ ᠳᠤ ᠴᠢᠭᠯᠡᠭᠦᠯᠦᠨ ᠰᠤᠷᠤᠯᠴᠠᠵᠦ᠂ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠵᠤ᠂ ᠪᠠᠶᠢᠴᠠᠭᠠᠨ ᠰᠤᠳᠤᠯᠤᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ᠂ ᠬᠥᠭᠵᠢᠯᠲᠡ ᠶᠢ ᠠᠬᠢᠭᠤᠯᠬᠤ ᠳᠤ ᠲᠤᠯᠭᠠᠷᠠᠭᠰᠠᠨ ᠠᠰᠠᠭᠤᠳᠠᠯ᠂ ᠤᠯᠠᠨ ᠲᠦᠮᠡᠨ  ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ᠂ ᠲᠣᠭᠤᠷᠢᠨ ᠪᠠᠶᠢᠴᠠᠭᠠᠵᠤ ᠬᠢᠨᠠᠨ ᠪᠤᠳᠤᠵᠤ ᠬᠢᠨᠠᠯᠲᠠ ᠲᠠᠯᠪᠢᠵᠤ ᠢᠯᠡᠷᠡᠭᠦᠯᠦᠭᠰᠡᠨ ᠠᠰᠠᠭᠤᠳᠠᠯ ᠵᠢᠴᠢ ᠵᠢᠯ ᠵᠢᠯ ᠪᠠᠶᠢᠴᠠᠭᠠᠵᠤ᠂ ᠵᠢᠯ ᠵᠢᠯ ᠴᠡᠭᠴᠡᠯᠡᠨ ᠰᠠᠶᠢᠵᠢᠷᠠᠭᠤᠯᠬᠤ ᠬᠠᠭᠤᠴᠢᠨ ᠠᠰᠠᠭᠤᠳᠠᠯ ᠳᠤ ᠠᠰᠠᠭᠤᠳᠠᠯ ᠤᠨ ᠨᠠᠷᠢᠨ ᠲᠠᠩᠰᠠ ᠭᠠᠷᠭᠠᠨ᠂ ᠰᠢᠰᠲ᠋ᠧᠮ ᠲᠠᠢ ᠡᠮᠬᠢᠯᠡᠵᠦ᠂ ︽ᠳᠦᠢᠯᠪᠤᠷᠢᠳᠠᠢ ᠪᠠᠶᠢᠴᠠᠭᠠᠯᠲᠠ︾᠎ ᠶᠢ ᠳᠦᠢᠯᠪᠤᠷᠢᠳᠠᠢ ᠬᠢᠬᠦ ᠶᠢ ᠰᠠᠨᠠᠭᠤᠯᠵᠤ ᠪᠠᠶᠢᠨ᠎ᠠ᠃                   ᠠᠰᠠᠭᠤᠳᠠᠯ ᠡᠷᠢᠬᠦ ᠨᠢ ᠠᠰᠠᠭᠤᠳᠠᠯ  ᠢ ᠰᠢᠢᠳᠪᠦᠷᠢᠯᠡᠬᠦ ᠶᠢᠨ ᠲᠥᠯᠥᠭᠡ ᠪᠠᠶᠢᠵᠤ᠂ ᠠᠰᠠᠭᠤᠳᠠᠯ ᠪᠠᠶᠢᠭᠠᠳ ᠰᠢᠢᠳᠪᠦᠷᠢᠯᠡᠬᠦ ᠦᠭᠡᠢ ᠪᠣᠯ ᠨᠥᠯᠥᠭᠡ ᠨᠢ ᠨᠡᠩ ᠮᠠᠭᠤ ᠶᠤᠮ᠃ ᠪᠠᠶᠢᠴᠠᠭᠠᠨ ᠰᠢᠨᠵᠢᠵᠦ ᠭᠠᠷᠭᠠᠭᠰᠠᠨ ᠠᠰᠠᠭᠤᠳᠠᠯ ᠳᠤ ᠨᠢᠭᠡ ᠨᠢᠭᠡ ᠵᠦᠢᠯ ᠢᠶᠠᠷ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠨ᠂ ᠴᠡᠭᠴᠡᠯᠡᠨ ᠰᠠᠶᠢᠵᠢᠷᠠᠭᠤᠯᠵᠤ ᠪᠣᠯᠬᠤ ᠶᠢ ᠨᠢ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠲᠦᠷ ᠴᠠᠭ ᠴᠡᠭᠴᠡᠯᠡᠨ ᠰᠠᠶᠢᠵᠢᠷᠠᠭᠤᠯᠵᠤ ᠳᠡᠶᠢᠯᠬᠦ ᠦᠭᠡᠢ ᠪᠣᠯ ᠪᠣᠳᠠᠲᠠᠢ ᠠᠷᠭ᠎ᠠ ᠬᠡᠮᠵᠢᠶ᠎ᠡ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ᠂ ᠬᠠᠷᠢᠭᠤᠴᠠᠯᠭ᠎ᠠ ᠶᠢᠨ ᠬᠤᠪᠢᠶᠠᠷᠢᠯᠠᠯ  ᠢ ᠲᠣᠳᠣᠷᠬᠠᠶᠢᠯᠠᠨ᠂ ᠬᠤᠭᠤᠴᠠᠭ᠎ᠠ ᠨᠢ ᠲᠤᠯᠪᠠᠯ ᠳᠠᠩᠰᠠ ᠬᠠᠷᠭᠤᠭᠤᠯᠬᠤ ᠪᠠ ᠳᠠᠩᠰᠠ ᠬᠤᠷᠢᠶᠠᠬᠤ ᠎ ᠶᠢ ᠴᠢᠩᠳᠠᠯᠠᠬᠤ ᠭᠡᠷᠡᠭᠲᠡᠶ᠃ ︽ᠣᠳᠣᠬᠠᠨ ᠳᠤ ᠴᠡᠭᠴᠡᠯᠡᠨ ᠰᠠᠶᠢᠵᠢᠷᠠᠭᠤᠯᠬᠤ︾ ᠪᠠ ︽ᠤᠷᠳᠤ ᠬᠤᠭᠤᠴᠠᠭ᠎ᠠ ᠪᠠᠷ ᠲᠣᠭᠲᠠᠭᠠᠬᠤ︾᠎ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠲᠠᠬᠢᠨ ᠳᠠᠪᠲᠠᠨ ᠢᠯᠡᠷᠡᠭᠰᠡᠨ ᠠᠰᠠᠭᠤᠳᠠᠯ ᠳᠤ ᠳᠦᠷᠢᠮ ᠤᠨ ᠲᠠᠯ᠎ᠠ ᠠᠴᠠ ᠰᠢᠯᠲᠠᠭᠠᠨ ᠡᠷᠢᠬᠦ ᠶᠢ ᠴᠢᠬᠤᠯᠠᠴᠢᠯᠠᠨ᠂ ᠲᠣᠭᠲᠠᠴᠠ ᠶᠢ ᠲᠡᠭᠦᠯᠳᠡᠷᠵᠢᠭᠦᠯᠬᠦ᠂ ᠳᠦᠷᠢᠮ ᠲᠣᠭᠲᠠᠭᠠᠯ ᠲᠣᠭᠲᠠᠭᠠᠬᠤ ᠠᠵᠢᠯ  ᠢ ᠰᠠᠶᠢᠲᠤᠷ ᠬᠢᠬᠦ ᠭᠡᠷᠡᠭᠲᠡᠢ᠃ ᠪᠠᠶᠢᠴᠠᠭᠠᠨ ᠰᠢᠨᠵᠢᠵᠦ ᠪᠠᠶᠢᠴᠠᠭᠠᠨ ᠳᠡᠯᠭᠡᠵᠦ ᠭᠠᠷᠭᠠᠭᠰᠠᠨ ᠠᠰᠠᠭᠤᠳᠠᠯ  ᠢ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ᠂ ᠣᠷᠴᠢᠨ ᠲᠣᠭᠤᠷᠢᠨ  ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ᠂ ᠬᠢᠨᠠᠨ ᠪᠤᠳᠤᠵᠤ ᠬᠢᠨᠠᠯᠲᠠ ᠲᠠᠯᠪᠢᠬᠤ᠂ ︽ᠨᠡᠭᠦᠷᠡᠰᠦᠨ ᠤ ᠬᠦᠷᠢᠶᠡᠨ ᠳᠤ ᠬᠤᠯᠪᠣᠭᠳᠠᠭᠰᠠᠨ ᠵᠦᠢᠯ  ᠢ ᠬᠤᠷᠢᠨ ᠵᠢᠯ ᠬᠡᠳᠡᠷᠬᠦ ᠪᠠᠶᠢᠴᠠᠭᠠᠬᠤ︾ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠵᠡᠷᠭᠡ ᠡᠯ᠎ᠡ ᠳᠦᠷᠦᠯ ᠤᠨ ᠬᠢᠨᠠᠯᠲᠠ ᠪᠠᠶᠢᠴᠠᠭᠠᠯᠲᠠ᠂ ᠴᠡᠭᠴᠡᠯᠡᠨ ᠵᠠᠰᠠᠵᠤ ᠢᠯᠡᠷᠡᠭᠦᠯᠦᠭᠰᠡᠨ ᠠᠰᠠᠭᠤᠳᠠᠯ  ᠢ ᠴᠡᠭᠴᠡᠯᠡᠨ ᠰᠠᠶᠢᠵᠢᠷᠠᠭᠤᠯᠬᠤ᠂ ᠪᠣᠳᠠᠲᠠᠢ ᠠᠰᠠᠭᠤᠳᠠᠯ  ᠢ ᠰᠢᠢᠳᠪᠦᠷᠢᠯᠡᠬᠦ ᠶᠢ ︽ᠲᠤᠯᠤᠭ᠎ᠠ ᠶᠢ ᠲᠠᠶᠠᠭᠳᠠᠬᠤ︾᠎ ᠳᠤ ᠵᠢᠭᠠᠭᠰᠠᠨ ᠦᠵᠡᠯ ᠰᠠᠨᠠᠭ᠎ᠠ ᠦᠵᠡᠯᠲᠡ ᠶᠢᠨ ᠠᠰᠠᠭᠤᠳᠠᠯ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾᠎ ᠳᠤ ᠲᠤᠰᠬᠠᠭᠰᠠᠨ ᠠᠵᠢᠯ ᠤᠨ ᠰᠤᠷᠲᠠᠯ ᠤᠨ ᠠᠰᠠᠭᠤᠳᠠᠯ  ᠢ ᠰᠢᠢᠳᠪᠦᠷᠢᠯᠡᠬᠦ ᠲᠠᠢ ᠤᠶᠠᠯᠳᠤᠭᠤᠯᠵᠤ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠭᠡᠷᠡᠭᠲᠡᠢ᠃       ᠭᠤᠣᠯ ᠰᠡᠳᠦᠪᠲᠦ ᠬᠥᠮᠦᠵᠢᠯ  ᠢ ᠰᠠᠶᠢᠲᠤᠷ ᠥᠷᠨᠢᠭᠦᠯᠦᠭᠰᠡᠨ ᠡᠰᠡᠬᠦ ᠨᠢ ᠭᠤᠣᠯᠳᠠᠭᠤ ᠠᠰᠠᠭᠤᠳᠠᠯ  ᠢ ᠪᠠᠶᠢᠴᠠᠭᠠᠨ ᠰᠢᠨᠵᠢᠵᠦ᠂ ᠠᠰᠠᠭᠤᠳᠠᠯ  ᠢ ᠲᠤᠭᠤᠰᠢᠲᠠᠢ ᠴᠡᠭᠴᠡᠯᠡᠨ ᠰᠠᠶᠢᠵᠢᠷᠠᠭᠤᠯᠤᠭᠰᠠᠨ ᠡᠰᠡᠬᠦ᠂ ᠪᠣᠳᠠᠲᠠᠢ ᠨᠠᠶᠢᠳᠠᠪᠤᠷᠢᠵᠢᠭᠤᠯᠤᠭᠰᠠᠨ ᠡᠰᠡᠬᠦ ᠶᠢ ᠦᠵᠡᠵᠦ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠬᠡᠯᠪᠡᠷᠢᠴᠢ ᠦᠵᠡᠯ ᠭᠠᠷᠭᠠᠬᠤ ᠶᠢ ᠬᠠᠮᠤᠭ ᠠᠴᠠ ᠴᠡᠭᠡᠷᠯᠡᠨ᠎ᠡ᠃ ᠬᠡᠷᠪᠡ ᠬᠤᠭᠤᠰᠤᠨ ᠦᠭᠡ ᠬᠡᠯᠡᠬᠦ ᠶᠤᠮ ᠪᠣᠯ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠬᠡᠷᠬᠢᠨ ᠨᠢᠭᠡᠳᠬᠡᠵᠦ ᠴᠢᠳᠠᠬᠤ ᠪᠤᠢ︖ ᠬᠡᠷᠪᠡ ᠰᠤᠷᠤᠯᠴᠠᠬᠤ ᠨᠢ ᠰᠤᠷᠤᠯᠴᠠᠬᠤ ᠪᠠᠷ ᠢᠶᠠᠨ ᠂ ᠬᠢᠬᠦ ᠨᠢ ᠬᠢᠬᠦ ᠪᠠᠷ ᠢᠶᠠᠨ ᠪᠠᠶᠢᠵᠤ᠂ ᠦᠢᠯᠡᠳᠦᠯᠭᠡ ᠶᠢᠨ ᠳᠤᠮᠳᠠ ᠠᠯᠪᠠ ᠪᠠᠷ ᠲᠣᠬᠤᠵᠤ᠂ ᠦᠨᠡᠨ ᠠᠴᠠ ᠵᠥᠪ  ᠢ ᠡᠷᠢᠬᠦ ᠣᠪᠣᠷ ᠪᠠ ᠴᠢᠳᠠᠪᠤᠷᠢ ᠪᠠᠷ ᠳᠤᠲᠠᠮᠠᠭ ᠪᠣᠯ ᠪᠠᠰᠠ ᠬᠡᠷᠬᠢᠨ ᠤᠯᠠᠨ ᠲᠦᠮᠡᠨ  ᠤ ᠢᠲᠡᠭᠡᠯ  ᠢ ᠣᠯᠵᠤ ᠴᠢᠳᠠᠬᠤ ᠪᠤᠢ︖ ︽ᠯᠠᠷᠵᠢᠶ᠎ᠠ ᠶᠠᠩᠪᠠ ᠲᠠᠲᠠᠬᠤ︾ ᠦᠭᠡᠢ᠂ ︽ᠬᠠᠭᠤᠷᠮᠠᠭ ᠬᠢᠳᠡᠯ︾ ᠭᠠᠷᠭᠠᠬᠤ ᠦᠭᠡᠢ᠂ ᠬᠦᠴᠢᠷ ᠠᠰᠠᠭᠤᠳᠠᠯ ᠢ ᠵᠣᠷᠢᠭᠲᠠᠢ ᠭᠥᠯᠢᠶᠡᠨ ᠠᠪᠴᠤ᠂ ᠵᠥᠷᠢᠴᠡᠯ  ᠢ ᠵᠣᠷᠢᠭᠲᠠᠢ ᠰᠢᠢᠳᠪᠦᠷᠢᠯᠡᠨ᠂ ᠠᠰᠠᠭᠤᠳᠠᠯ  ᠢ ᠬᠡᠷᠬᠢᠨ ᠡᠷᠢᠵᠦ ᠣᠯᠬᠤ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ  ᠢ ᠰᠢᠢᠳᠪᠦᠷᠢᠯᠡᠵᠦ᠂ ᠶᠠᠮᠠᠷ ᠠᠰᠠᠭᠤᠳᠠᠯ ᠲᠣᠪᠣᠶᠢᠮ᠎ᠠ ᠪᠠᠶᠢᠪᠠᠯ ᠲᠡᠷᠡ ᠠᠰᠠᠭᠤᠳᠠᠯ  ᠢ ᠰᠢᠢᠳᠪᠦᠷᠢᠯᠡᠬᠦ ᠭᠡᠷᠡᠭᠲᠡᠢ᠃       ᠪᠠᠶᠢᠴᠠᠭᠠᠨ ᠰᠢᠨᠵᠢᠵᠦ ᠴᠡᠭᠴᠡᠯᠡᠨ ᠰᠠᠶᠢᠵᠢᠷᠠᠭᠤᠯᠬᠤ ᠨᠢ ᠭᠤᠣᠯ ᠰᠡᠳᠦᠪᠲᠦ ᠬᠥᠮᠦᠵᠢᠯ ᠤᠨ ᠴᠢᠬᠤᠯᠠ ᠠᠷᠭ᠎ᠠ ᠬᠡᠮᠵᠢᠶ᠎ᠡ ᠪᠤᠯᠤᠬᠰᠠᠨ  ᠤ ᠬᠤᠪᠢ ᠳᠤ᠂ ᠨᠠᠮ ᠤᠨ ᠳᠣᠲᠣᠭᠠᠳᠤ ᠶᠢᠨ ᠬᠥᠮᠦᠵᠢᠯ ᠤᠨ ᠣᠨᠴᠠᠯᠢᠭ ᠵᠢᠮ᠎ᠡ ᠶᠣᠰᠣ ᠎ ᠶᠢ ᠢᠯᠡᠷᠡᠭᠦᠯᠦᠭᠰᠡᠨ ᠪᠥᠭᠡᠳ ᠪᠠᠰᠠ ᠠᠰᠠᠭᠤᠳᠠᠯ ᠳᠤ ᠰᠢᠭᠤᠳ ᠬᠠᠨᠳᠤᠬᠤ ᠢᠯᠡ ᠲᠣᠳᠣ ᠣᠪᠣᠷ  ᠢ ᠲᠤᠰᠬᠠᠵᠠᠢ᠃ ᠣᠷᠣᠨ ᠳᠠᠶᠠᠭᠠᠷ ᠢᠶᠠᠨ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠠᠰᠠᠭᠤᠳᠠᠯ  ᠢ ᠰᠢᠢᠳᠪᠦᠷᠢᠯᠡᠵᠦ ᠳᠡᠶᠢᠯᠬᠦ ᠡᠰᠡᠬᠦ ᠶᠢ ᠦᠨᠡᠨ ᠬᠦ ᠭᠤᠣᠯ ᠰᠡᠳᠦᠪᠲᠦ ᠬᠥᠮᠦᠵᠢᠯ ᠤᠨ ︽ᠰᠢᠯᠭᠠᠭᠤᠷ︾ ᠪᠣᠯᠭᠠᠵᠤ᠂ ᠢᠮᠠᠭᠲᠠ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠨ᠂ ᠬᠠᠲᠠᠭᠤ ᠲᠠᠢ ᠨᠢ ᠬᠠᠯᠳᠠᠵᠤ᠂ ᠦᠨᠡᠨ ᠬᠦ ᠠᠳᠬᠤᠨ ᠪᠣᠳᠠᠲᠠᠢ ᠰᠠᠶᠢᠵᠢᠷᠠᠭᠤᠯᠤᠨ᠂ ᠦᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠵᠤ᠂ ᠠᠰᠠᠭᠤᠳᠠᠯ ᠳᠤ ᠬᠠᠨᠳᠤᠭᠤᠯᠤᠨ ᠠᠷᠭ᠎ᠠ ᠬᠡᠮᠵᠢᠶ᠎ᠡ ᠠᠪᠴᠤ᠂ ᠬᠥᠭᠵᠢᠯᠲᠡ ᠳᠤ ᠵᠠᠮ ᠨᠡᠭᠡᠭᠡᠨ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠭᠡᠷᠡᠭᠲᠡᠶ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号