| ᠨᠡᠷᠡᠨ᠎ᠡ ᠂ ᠡᠷᠳᠡᠨᠢᠬᠦᠦ | ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠠᠴᠠ ︽ | ᠰᠠᠶᠢᠨ ᠮᠠᠭᠤ ᠦᠨᠡᠯᠡᠯᠲᠡ︾ ᠶᠢᠨ ᠠᠵᠢᠯ ᠤᠨ ᠳᠦᠷᠢᠮ ᠢ ᠬᠡᠷᠡᠭᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤᠨᠢ ᠣᠶᠢᠯᠠᠭᠠᠵᠤ᠂ | ᠦᠢᠯᠡᠴᠢᠯᠡᠭᠡᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠨ᠂ ᠠᠵᠢᠯ ᠶᠠᠪᠤᠳᠠᠯ ᠭᠦᠢᠴᠡᠳᠬᠡᠬᠦ ᠦᠷ᠎ᠡ | ᠪᠦᠲᠦᠮᠵᠢ ᠪᠠᠨ ᠳᠡᠭᠡᠭᠰᠢᠯᠡᠭᠦᠯᠵᠦ᠂ ᠣᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠶᠢ ᠢᠯᠡ | ᠪᠣᠯᠭᠠᠪᠠ᠃ | ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ᠂ ᠠᠵᠢᠯ | ᠭᠦᠢᠴᠡᠳᠬᠡᠬᠦ ᠪᠠᠷ ᠢᠷᠡᠭᠰᠡᠨ ᠬᠥᠮᠥᠰ ᠨᠠᠭᠠᠰᠢ ᠴᠠᠭᠠᠰᠢ ᠴᠤᠪᠤᠷᠠᠯᠳᠤᠨ ᠬᠥᠭᠵᠢᠶᠡᠨᠲᠡᠢ ᠪᠠᠶᠢᠪᠠ᠃ ᠵᠠᠩ ᠱᠤᠸᠠᠢ ᠡᠮ | ᠡᠮᠨᠡᠯᠭᠡ ᠶᠢᠨ ᠳᠠᠭᠠᠳᠬᠠᠯ ᠤᠨ ᠴᠣᠩᠬᠤᠨ ᠳᠤ ᠡᠮᠨᠡᠯᠭᠡ ᠳᠤ ᠰᠠᠭᠤᠭᠰᠠᠨ ᠲᠠᠩᠰᠠ ᠲᠠᠶᠢᠯᠬᠤ ᠭᠠᠷ ᠭᠦᠢᠴᠡᠳᠬᠡᠯ ᠢᠶᠠᠨ | ᠭᠦᠢᠴᠡᠳᠬᠡᠭᠰᠡᠨ ᠤ ᠳᠠᠷᠠᠭ᠎ᠠ ︽ᠮᠠᠰᠢ ᠬᠠᠨᠤᠮᠵᠢᠲᠠᠢ︾ ᠦᠢᠯᠡᠴᠢᠯᠡᠭᠡᠨ ᠤ ᠳᠠᠷᠤᠪᠴᠢ ᠶᠢ ᠳᠠᠷᠤᠪᠠ᠃ ︽︿ᠰᠠᠶᠢᠨ | ᠮᠠᠭᠤ ᠦᠨᠡᠯᠡᠯᠲᠡ﹀ ᠶᠢᠨ ᠳᠦᠷᠢᠮ ᠨᠢ ᠮᠠᠰᠢ ᠰᠠᠶᠢᠨ ᠪᠠᠶᠢᠨ᠎ᠠ᠂ ᠠᠵᠢᠯ ᠭᠦᠢᠴᠡᠳᠬᠡᠵᠦ ᠪᠠᠷᠠᠭᠠᠪᠠᠯ ᠴᠠᠭ ᠲᠤᠬᠠᠢ | ᠳᠤᠨᠢ ᠠᠵᠢᠯᠲᠠᠨ ᠳᠤ ᠦᠨᠡᠯᠡᠯᠲᠡ ᠥᠭᠲᠡᠭ᠂ ᠰᠠᠶᠢᠨ ᠦᠢᠯᠡᠴᠢᠯᠡᠭᠡ ᠳᠤᠨᠢ ᠰᠠᠶᠢᠨ ᠦᠨᠡᠯᠡᠯᠲᠡ ᠥᠭᠴᠦ ᠪᠣᠯᠣᠨ᠎ᠠ᠂ | ᠠᠵᠢᠯ ᠤᠨ ᠲᠠᠯ᠎ᠠ ᠳᠤ ᠬᠦᠷᠦᠯᠴᠡᠬᠦ ᠦᠭᠡᠢ ᠪᠠᠶᠢᠪᠠᠯ ᠴᠠᠭ ᠲᠤᠬᠠᠢ ᠳᠤᠨᠢ ᠠᠵᠢᠯᠲᠠᠨ ᠳᠤ ᠪᠠᠶᠢᠳᠠᠯ ᠢ ᠲᠤᠰᠬᠠᠵᠤ | ᠪᠣᠯᠣᠨ᠎ᠠ︾ ᠭᠡᠵᠦ ᠵᠠᠩ ᠱᠤᠸᠠᠢ ᠶᠠᠷᠢᠨ᠎ᠠ᠃ | ᠤᠴᠢᠷ ᠶᠠᠪᠤᠳᠠᠯ ᠭᠦᠢᠴᠡᠳᠬᠡᠬᠦ ᠪᠠᠷ ᠢᠷᠡᠭᠰᠡᠨ ᠣᠯᠠᠨ ᠲᠦᠮᠡᠨ ᠦᠨᠡᠯᠡᠬᠦ ᠪᠠᠭᠠᠵᠢ᠂ ᠰᠠᠨᠠᠯ ᠬᠤᠷᠢᠶᠠᠬᠤ | ᠬᠠᠶᠢᠷᠴᠠᠭ᠂ ᠲᠤᠬᠠᠢ ᠶᠢᠨ ᠲᠠᠯᠠᠪᠠᠶ ᠳᠤ ᠲᠤᠰᠬᠠᠬᠤ ᠵᠢᠴᠢ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠦᠯᠵᠢᠶ᠎ᠡ᠂ ᠰᠢᠯᠵᠢᠮᠡᠯ ᠦᠢᠯᠡᠴᠢᠯᠡᠭᠡᠨ ᠤ ᠦᠵᠦᠭᠦᠷᠯᠢᠭ ᠵᠡᠷᠭᠡ ᠣᠯᠠᠨ ᠵᠦᠢᠯ ᠤᠨ ᠠᠷᠭ᠎ᠠ | ᠬᠡᠯᠪᠡᠷᠢ ᠪᠠ ᠠᠷᠭ᠎ᠠ ᠵᠠᠮ ᠢᠶᠠᠷ ᠳᠠᠮᠵᠢᠨ ︽ᠰᠠᠶᠢᠨ ᠮᠠᠭᠤ ᠦᠨᠡᠯᠡᠯᠲᠡ︾ ᠶᠢ ᠴᠠᠭ ᠲᠤᠬᠠᠢ ᠳᠤᠨᠢ ᠳᠡᠪᠰᠢᠭᠦᠯᠵᠦ᠂ | ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠦᠨᠡᠯᠡᠯᠲᠡ ᠬᠢᠬᠦ ᠶᠢ ᠪᠥᠬᠦᠨ ᠢ ᠪᠦᠷᠬᠦᠭᠦᠯᠵᠡᠢ᠃ 2022 | ᠣᠨ ᠤ ᠡᠴᠦᠰ ᠪᠤᠯᠲᠠᠯ᠎ᠠ᠂ ᠠᠯᠠᠱᠠ ᠵᠡᠭᠦᠨ ᠬᠤᠰᠢᠭᠤ ︽ᠰᠠᠶᠢᠨ ᠮᠠᠭᠤ ᠦᠨᠡᠯᠡᠯᠲᠡ︾ 106869 ᠵᠤᠷᠪᠤᠰ | ᠣᠯᠵᠤ᠂ ᠰᠠᠶᠢᠨ ᠦᠨᠡᠯᠡᠯᠲᠡ ᠶᠢᠨ ᠨᠣᠷᠮ᠎ᠠ 99.99 % ᠳᠤ ᠬᠦᠷᠴᠦ᠂ ᠮᠠᠭᠤ ᠦᠨᠡᠯᠡᠯᠲᠡ ᠶᠢ ᠴᠡᠭᠴᠡᠯᠡᠨ | ᠰᠠᠶᠢᠵᠢᠷᠠᠭᠤᠯᠤᠭᠰᠠᠨ ᠨᠣᠷᠮ᠎ᠠ 100 % ᠳᠤ ᠬᠦᠷᠴᠡᠢ᠃ | ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠳᠡᠳ᠋ ᠡᠷᠭᠢᠯᠡᠭᠴᠢ | ᠳᠠᠯᠠᠨᠭᠦᠦ᠄ ︽︿ᠮᠠᠭᠤ ᠦᠨᠡᠯᠡᠯᠲᠡ﹀ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠠᠷᠢᠭᠤ ᠲᠤᠰᠬᠠᠬᠤ | ᠠᠵᠢᠯ ᠤᠨ ᠲᠣᠭᠲᠠᠴᠠ ᠶᠢ ᠪᠠᠶᠢᠭᠤᠯᠵᠤ᠂ ᠦᠢᠯᠡᠴᠢᠯᠡᠭᠡᠨ ᠤ ᠴᠣᠩᠬᠤᠪᠴᠢ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢ ᠴᠢᠩᠭᠠᠳᠬᠠᠨ᠂ ᠠᠵᠤ ᠠᠬᠤᠶᠢᠯᠠᠯ ᠪᠠ ᠠᠵᠢᠯ ᠶᠠᠪᠤᠳᠠᠯ ᠭᠦᠢᠴᠡᠳᠬᠡᠬᠦ ᠣᠯᠠᠨ | ᠲᠦᠮᠡᠨ ᠳᠤ ᠴᠢᠨᠠᠷ ᠰᠠᠶᠢᠲᠠᠢ᠂ ᠥᠨᠳᠥᠷ ᠪᠦᠲᠦᠮᠵᠢᠲᠡᠢ᠂ ᠲᠥᠬᠦᠮ ᠳᠥᠲᠡ ᠡᠵᠡᠩᠨᠡᠯᠲᠡ ᠶᠢᠨ ᠣᠷᠴᠢᠨ | ᠨᠥᠬᠦᠴᠡᠯ ᠢ ᠬᠠᠩᠭᠠᠨᠬᠤ ᠪᠠᠷ ᠴᠢᠷᠮᠠᠶᠢᠵᠤ ᠪᠠᠶᠢᠨ᠎ᠠ︾ ᠭᠡᠪᠡ᠃ | ᠦᠢᠯᠡᠴᠢᠯᠡᠭᠡ ᠰᠠᠶᠢᠨ ᠡᠰᠡᠬᠦ ᠶᠢ ᠠᠵᠤ ᠠᠬᠤᠶᠢᠯᠠᠯ ᠤᠯᠠᠨ ᠲᠦᠮᠡᠨ ᠡᠵᠡᠨ ᠮᠡᠳᠡᠨ᠎ᠡ ᠭᠡᠵᠦ ᠬᠡᠯᠡᠳᠡᠭ᠃ | ᠡᠨᠡ ᠵᠢᠯ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠤᠨ ᠬᠢᠨ | ︽ᠰᠠᠶᠢᠨ ᠮᠠᠭᠤ ᠦᠨᠡᠯᠡᠯᠲᠡ︾ ᠶᠢ ᠦᠨᠡᠯᠡᠬᠦ ᠠᠷᠭ᠎ᠠ ᠵᠠᠮ ᠢᠶᠠᠨ ᠢᠳᠡᠪᠬᠢᠲᠡᠢ ᠥᠷᠭᠡᠳᠭᠡᠠ᠂ ︽ᠰᠠᠶᠢᠨ ᠮᠠᠭᠤ | ᠦᠨᠡᠯᠡᠯᠲᠡ︾ ᠶᠢᠨ ᠳᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠪᠦᠷᠢᠨᠰᠢᠭᠦᠯᠦᠨ᠂ ᠣᠯᠠᠨ ᠲᠦᠮᠡᠨ ᠳᠤ | ᠦᠨᠡᠨ ᠬᠦ ᠪᠣᠳᠠᠲᠤ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂ ᠬᠦᠴᠢᠷ ᠶᠠᠪᠤᠳᠠᠯ ᠢ ᠨᠢ ᠰᠢᠢᠳᠪᠦᠷᠢᠯᠡᠨ ᠥᠭᠴᠦ᠂ | ᠠᠵᠢᠯ ᠶᠠᠪᠤᠳᠠᠯ ᠭᠦᠢᠴᠡᠳᠬᠡᠵᠦ ᠪᠠᠶᠢᠭ᠎ᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ | ᠬᠡᠮᠵᠢᠶ᠎ᠡ ᠶᠢ ᠤᠯᠠᠮ ᠳᠡᠭᠡᠭᠰᠢᠯᠡᠭᠦᠯᠭᠦ ᠪᠠᠷ ᠪᠤᠢ᠃ |