ᠠᠰᠠᠭᠤᠳᠠᠯ ᠢ ᠰᠤᠳᠤᠯᠬᠤ ᠳᠤ ᠡᠷᠬᠡᠪᠰᠢ ᠰᠡᠳᠬᠢᠯ ᠲᠠᠯᠪᠢᠵᠤ ᠬᠦᠴᠦ ᠤᠷᠤᠭᠤᠯᠬᠤ ᠭᠡᠷᠡᠭᠲᠡᠶ
ᠨᠡᠶᠢᠲᠡᠯᠡᠭᠰᠡᠨ ᠴᠠᠭ᠄
2023/12/30
                 ● ᠵᠧᠩ ᠶᠠᠨ             ᠭᠤᠷᠪᠠᠨ ᠬᠤᠪᠢ ᠶᠢᠨ ᠪᠠᠶᠢᠴᠠᠭᠠᠯᠲᠠ᠂ ᠲᠤᠯᠤᠭᠠᠨ ᠬᠤᠪᠢ ᠶᠢᠨ ᠰᠤᠳᠤᠯᠤᠯᠲᠠ ᠭᠡᠳᠡᠭ᠃ ᠪᠠᠶᠢᠴᠠᠭᠠᠯᠲᠠ ᠪᠣᠯ ᠰᠤᠳᠤᠯᠤᠯᠲᠠ ᠶᠢᠨ ᠰᠠᠭᠤᠷᠢ᠂ ᠰᠤᠳᠤᠯᠤᠯᠲᠠ ᠪᠣᠯ ᠪᠠᠶᠢᠴᠠᠭᠠᠯᠲᠠ ᠶᠢᠨ ᠳᠡᠭᠡᠭᠰᠢᠯᠡᠯᠲᠡ ᠮᠥᠨ᠃ ᠪᠠᠶᠢᠴᠠᠭᠠᠯᠲᠠ ᠎ ᠨᠢ ᠮᠠᠰᠢ ᠴᠢᠬᠤᠯᠠ᠂ ᠰᠤᠳᠤᠯᠤᠯᠲᠠ ᠨᠢ ᠨᠡᠩ ᠴᠦ ᠵᠠᠩᠭᠢᠯᠠᠭ᠎ᠠ ᠪᠠᠶᠢᠵᠤ᠂ ᠵᠥᠪᠬᠡᠨ ᠪᠠᠶᠢᠴᠠᠭᠠᠯᠲᠠ ᠬᠢᠭᠡᠳ ᠰᠤᠳᠤᠯᠤᠯᠲᠠ ᠬᠢᠬᠦ ᠦᠭᠡᠢ ᠪᠣᠯ ᠶᠠᠭ ᠢᠳᠡᠴᠢᠬᠡᠭᠡᠳ ᠰᠢᠩᠭᠡᠭᠡᠭᠰᠡᠨ ᠦᠭᠡᠢ ᠲᠠᠢ ᠠᠳᠠᠯᠢ ᠪᠣᠯᠣᠨ᠎ᠠ᠃ ᠪᠠᠶᠢᠴᠠᠭᠠᠨ ᠰᠤᠳᠤᠯᠤᠯᠲᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠳᠤ ᠡᠷᠬᠡᠪᠰᠢ ᠰᠠᠶᠢᠲᠤᠷ ᠬᠤᠷᠢᠶᠠᠩᠭᠤᠶᠢᠯᠠᠨ ᠳ᠋ᠦᠩᠨᠡᠵᠦ᠂ ᠵᠠᠳᠠᠯᠤᠨ ᠰᠢᠨᠵᠢᠯᠡᠵᠦ᠂ ᠵᠣᠷ ᠥᠭᠬᠦ ︽ᠭᠤᠷᠪᠠᠨ ᠠᠯᠬᠤᠮ︾᠎ ᠢ ᠰᠠᠶᠢᠲᠤᠷ ᠶᠠᠪᠤᠬᠤ ᠭᠡᠷᠡᠭᠲᠡᠢ᠃       ᠡ᠊ᠩ ᠲᠡᠷᠢᠭᠦᠨ ᠳᠤ ᠪᠠᠶᠢᠳᠠᠯ ᠢ ᠲᠣᠳᠣᠷᠬᠠᠢ ᠣᠶᠢᠯᠠᠭᠠᠵᠤ᠂ ︽ᠶᠠᠭᠤ ᠪᠤᠢ︾ ᠭᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠭᠡᠷᠡᠭᠲᠡᠢ᠃ ᠪᠠᠶᠢᠴᠠᠭᠠᠯᠲᠠ ᠬᠢᠵᠦ ᠴᠤᠭᠯᠠᠭᠤᠯᠤᠭᠰᠠᠨ ᠪᠠᠶᠢᠳᠠᠯ ᠪᠣᠯ ᠶᠡᠷᠦᠳᠡᠭᠡᠨ ᠮᠠᠰᠢ ᠶᠡᠭᠡ ᠵᠥᠷᠢᠶ᠎ᠡ ᠲᠠᠢ ᠪᠠᠶᠢᠵᠤ᠂ ᠪᠣᠳᠠᠲᠠᠢ ᠵᠦᠢᠯ ᠴᠦ ᠪᠤᠢ᠂ ᠬᠡᠶᠢᠰᠪᠦᠷᠢ ᠵᠦᠢᠯ ᠴᠦ ᠪᠤᠢ᠂ ᠦᠨᠡᠨ ᠵᠦᠢᠯ ᠴᠦ ᠪᠤᠢ᠂ ᠬᠠᠭᠤᠷᠮᠠᠭ ᠵᠦᠢᠯ ᠴᠦ ᠪᠤᠢ᠂ ᠬᠤᠷᠸᠠᠴᠢ ᠵᠦᠢᠯ ᠴᠦ ᠪᠤᠢ᠃ ᠡᠲᠡᠭᠡᠷ ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠤᠭ ᠮᠠᠲ᠋ᠧᠷᠢᠶᠠᠯ ᠢ ᠬᠤᠷᠢᠶᠠᠩᠭᠤᠶᠢᠯᠠᠵᠤ᠂ ᠲᠣᠳᠣᠷᠬᠠᠢ ᠬᠤᠪᠢᠶᠠᠵᠤ᠂ ᠦᠨᠡᠨ ᠬᠤᠳᠠᠯ ᠢ ᠨᠢ ᠢᠯᠭᠠᠵᠤ᠂ ᠡᠬᠢ ᠵᠠᠬ᠎ᠠ ᠲᠠᠢ ᠪᠣᠯᠭᠠᠵᠤ᠂ ᠬᠡᠷᠡᠭ ᠪᠣᠳᠠᠰ ᠤᠨ ᠤᠤᠯ ᠤᠨ ︽ᠳᠦᠷᠰᠦ ᠪᠠᠶᠢᠳᠠᠯ︾᠎ ᠢ ᠪᠥᠬᠦ ᠲᠠᠯ᠎ᠠ ᠪᠠᠷ᠂ ᠪᠤᠰᠤᠳᠴᠢ ᠪᠠᠷ᠂ ᠰᠢᠰᠲ᠋ᠧᠮ ᠲᠠᠢ ᠪᠠᠷ ᠡᠵᠡᠮᠰᠢᠵᠦ᠂ ᠦᠨᠳᠦᠰᠦᠨ ᠪᠠᠶᠢᠳᠠᠯ ᠢ ᠲᠣᠳᠣᠷᠬᠠᠢ ᠮᠡᠳᠡᠵᠦ᠂ ᠪᠠᠶᠢᠳᠠᠯ ᠢ ᠲᠣᠳᠣᠷᠬᠠᠢ ᠪᠣᠯᠭᠠᠬᠤ ᠭᠡᠷᠡᠭᠲᠡᠶ᠃       ᠳᠠᠷᠠᠭ᠎ᠠ ᠨᠢ ᠰᠢᠯᠲᠠᠭᠠᠨ ᠢ ᠨᠢ ᠲᠤᠭᠤᠰᠢᠲᠠᠢ ᠵᠠᠳᠠᠯᠵᠤ᠂ ︽ᠶᠠᠭᠠᠬᠢᠭᠠᠳ ᠪᠤᠢ︾ ᠭᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠭᠡᠷᠡᠭᠲᠡᠢ᠃ ᠪᠣᠳᠠᠰᠴᠢ ᠬᠤᠪᠢᠰᠤᠩᠭᠤᠢ ᠠᠷᠭ᠎ᠠ᠂ ᠵᠥᠷᠢᠴᠡᠯ ᠢ ᠵᠠᠳᠠᠯᠬᠤ ᠠᠷᠭ᠎ᠠ ᠵᠡᠷᠭᠡ ᠎ ᠶᠢ ᠶᠡᠷᠦᠩᠬᠡᠶᠢᠯᠡᠨ ᠬᠡᠷᠡᠭᠯᠡᠵᠦ᠂ ᠡᠮᠬᠢᠯᠡᠨ ᠲᠢᠭᠯᠡᠭᠰᠡᠨ ᠪᠠᠶᠢᠳᠠᠯ ᠳᠤ ᠪᠥᠭᠡᠷᠡᠩᠬᠡᠢ ᠰᠣᠩᠭᠢᠨ᠎ᠠ ᠶᠢ ᠱᠠᠭᠠᠯᠬᠤ ᠰᠢᠭ᠋ ᠢᠶᠠᠷ ᠦᠩᠭᠡᠨ ᠲᠠᠯ᠎ᠠ ᠠᠴᠠ ᠨᠢ ᠳᠣᠲᠣᠭᠰᠢ ᠪᠠᠨ᠂ ᠴᠡᠭ ᠠᠴᠠ ᠨᠡᠶᠢᠳᠡᠮ ᠢ ᠬᠠᠮᠤᠷᠤᠨ ᠵᠠᠳᠠᠯᠤᠯᠲᠠ ᠬᠢᠵᠦ᠂ ᠠᠰᠠᠭᠤᠳᠠᠯ ᠨᠢ ᠲᠦᠭᠡᠮᠡᠯ ᠶᠤᠮ ᠦᠦ ᠥᠪᠡᠷᠮᠢᠴᠡ ᠶᠤᠮ ᠦᠦ᠂ ᠡᠩ ᠤᠨ ᠶᠤᠮ ᠦᠦ ᠣᠨᠴᠠᠭᠠᠢ ᠶᠤᠮ ᠦᠦ ᠭᠡᠳᠡᠭ ᠢ ᠲᠣᠳᠣᠷᠬᠠᠢ ᠣᠶᠢᠯᠠᠭᠠᠵᠤ᠂ ᠰᠢᠯᠲᠠᠭᠠᠨ ᠨᠢ ᠲᠡᠦᠬᠡ ᠶᠢᠨ ᠶᠤᠮ ᠦᠦ ᠠᠬᠤᠢ ᠶᠢᠨ ᠶᠤᠮ ᠦᠦ᠂ ᠪᠡᠶᠡᠴᠢ ᠶᠤᠮ ᠦᠦ ᠪᠤᠰᠤᠳᠴᠢ ᠶᠤᠮ ᠦᠦ ᠭᠡᠳᠡᠭ ᠢ ᠲᠣᠳᠣᠷᠬᠠᠢ ᠣᠶᠢᠯᠠᠭᠠᠬᠤ ᠭᠡᠷᠡᠭᠲᠡᠢ᠃ ᠵᠥᠪᠬᠡᠨ ᠦᠵᠡᠭᠳᠡᠯ ᠢ ᠨᠡᠪᠲᠡᠯᠦᠨ ᠮᠥᠨ ᠴᠢᠨᠠᠷ ᠢ ᠨᠢ ᠣᠯᠵᠤ ᠬᠠᠷᠠᠵᠤ᠂ ᠦᠨᠳᠦᠰᠦ ᠰᠤᠷᠪᠤᠯᠵᠢ ᠶᠢ ᠨᠢ ᠡᠷᠢᠵᠦ ᠣᠯᠪᠠᠯ ᠰᠠᠶ᠋ᠢ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠬᠤᠪᠢᠰᠤᠩᠭᠤᠢ ᠪᠠᠷ ᠵᠠᠰᠠᠵᠤ ᠴᠢᠳᠠᠨ᠎ᠠ᠃       ᠬᠠᠮᠤᠭ ᠤᠨ ᠰᠡᠬᠦᠯ ᠳᠤ ᠠᠷᠭ᠎ᠠ ᠪᠣᠳᠣᠯᠭ᠎ᠠ ᠪᠠᠨ ᠪᠣᠳᠠᠲᠠᠢ ᠲᠣᠭᠲᠠᠭᠠᠵᠤ᠂ ︽ᠶᠠᠭᠠᠬᠢᠵᠤ ᠬᠢᠬᠦ ᠪᠤᠢ︾ ᠭᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠭᠡᠷᠡᠭᠲᠡᠢ᠃ ᠬᠡᠷᠪᠡ ᠪᠦᠲᠦᠮᠵᠢᠲᠡᠢ ᠠᠷᠭᠠᠴᠠᠭᠠᠬᠤ ᠠᠷᠭ᠎ᠠ ᠳᠤᠷᠠᠳᠴᠤ ᠴᠢᠳᠠᠬᠤ ᠦᠭᠡᠢ ᠪᠣᠯ ᠪᠠᠶᠢᠴᠠᠭᠠᠯᠲᠠ ᠬᠡᠳᠦᠢ ᠪᠦᠷᠢᠨ᠂ ᠵᠠᠳᠠᠯᠤᠯᠲᠠ ᠬᠡᠳᠦᠢ ᠭᠦᠨ ᠪᠠᠶᠢᠭᠰᠠᠨ ᠴᠤ ᠶᠠᠮᠠᠷ ᠴᠤ ᠤᠳᠬ᠎ᠠ ᠠᠭᠤᠯᠭ᠎ᠠ ᠦᠭᠡᠢ ᠶᠤᠮ᠃ ᠠᠷᠭᠠᠴᠠᠭᠠᠬᠤ ᠪᠣᠳᠣᠯᠭ᠎ᠠ ᠪᠠ ᠰᠠᠨᠠᠭᠤᠯᠭ᠎ᠠ ᠳᠤᠷᠠᠳᠬᠤ ᠳᠤ ᠦᠨᠳᠦᠰᠦᠨ ᠱᠠᠲᠤᠨ ᠤ ᠠᠰᠢᠭᠲᠠᠢ ᠣᠨᠴᠠ ᠵᠠᠷᠢᠮ ᠲᠤᠷᠰᠢᠯᠭ᠎ᠠ ᠶᠢ ᠭᠦᠢᠴᠡᠳ ᠰᠠᠶᠢᠲᠤᠷ ᠬᠡᠷᠡᠭᠯᠡᠬᠦ ᠮᠥᠷᠲᠡᠭᠡᠨ ᠲᠦᠭᠡᠮᠡᠯ ᠠᠴᠢ ᠬᠤᠯᠪᠣᠭᠳᠠᠯ ᠲᠠᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠴᠢᠬᠤᠯᠠᠲᠠᠢ ᠪᠥᠭᠡᠳ ᠪᠠᠰᠠ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠰᠢᠨ᠎ᠡ ᠠᠷᠭ᠎ᠠ ᠬᠡᠮᠵᠢᠶ᠎ᠡ ᠠᠪᠬᠤ ᠭᠡᠷᠡᠭᠲᠡᠢ᠃ ᠠᠷᠭᠠᠴᠠᠭᠠᠬᠤ ᠪᠣᠳᠣᠯᠭ᠎ᠠ ᠰᠠᠨᠠᠭᠤᠯᠭ᠎ᠠ ᠶᠢᠨ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠳᠥᠭᠦᠮᠬᠡᠨ ᠢᠶᠠᠷ ︽ᠵᠣᠷ︾᠎ ᠢ ᠬᠠᠭᠤᠯᠵᠤ ︽ᠵᠣᠷ︾ ᠪᠢᠴᠢᠬᠦ ᠶᠢ ᠰᠡᠷᠭᠡᠶᠢᠯᠡᠵᠦ᠂ ᠤᠴᠢᠷ ᠶᠠᠪᠤᠳᠠᠯ ᠲᠠᠢ ᠬᠠᠪᠢᠳᠠᠬᠤ ᠦᠭᠡᠢ ᠬᠤᠭᠤᠰᠤᠨ ᠦᠭᠡ ᠶᠠᠷᠢᠵᠤ ᠬᠤᠭᠤᠰᠤᠨ ᠬᠠᠰᠬᠢᠷᠬᠤ ᠠᠴᠠ ᠰᠡᠷᠭᠡᠶᠢᠯᠡᠬᠦ ᠭᠡᠷᠡᠭᠲᠡᠢ᠃       ︽ᠵᠣᠷᠢᠭ ᠪᠠᠶᠢᠪᠠᠯ ᠵᠣᠷᠢᠭᠰᠠᠨ ᠳᠠᠭᠠᠨ︾ ᠭᠡᠳᠡᠭ᠃ ᠪᠠᠶᠢᠴᠠᠭᠠᠨ ᠰᠤᠳᠤᠯᠤᠯᠲᠠ ᠶᠢ ᠥᠷᠨᠢᠭᠦᠯᠬᠦ ᠳᠤ᠂ ᠭᠠᠭᠴᠠ ᠬᠦ ᠪᠥᠬᠦ ᠰᠡᠳᠬᠢᠯ ᠢᠶᠠᠷ ᠢᠶᠠᠨ ᠪᠣᠳᠣᠯᠬᠢᠯᠠᠵᠤ᠂ ᠰᠡᠳᠬᠢᠯ ᠲᠠᠯᠪᠢᠨ ᠰᠤᠳᠤᠯᠪᠠᠯ ᠰᠠᠶ᠋ᠢ ᠠᠰᠠᠭᠤᠳᠠᠯ ᠢ ᠰᠢᠢᠳᠪᠦᠷᠢᠯᠡᠬᠦ᠂ ᠠᠵᠢᠯ ᠢ ᠠᠬᠢᠭᠤᠯᠬᠤ ︽ᠰᠠᠶᠢᠨ ᠵᠣᠷ ᠮᠡᠷᠭᠡᠨ ᠠᠷᠭ᠎ᠠ︾᠎ ᠶᠢ ᠲᠠᠰᠤᠷᠠᠯᠲᠠ ᠦᠭᠡᠢ ᠡᠷᠢᠵᠦ ᠣᠯᠵᠤ ᠴᠢᠳᠠᠨ᠎ᠠ᠃ ᠪᠢᠳᠡ ᠡᠨᠡ ᠲᠠᠯ᠎ᠠ ᠪᠠᠷ ᠢᠯᠡᠭᠦᠬᠡᠨ ᠬᠦᠴᠦ ᠤᠷᠤᠭᠤᠯᠬᠤ ᠭᠡᠷᠡᠭᠲᠡᠶ᠃      
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号