ᠭᠤᠪᠢ ᠶᠢᠨ ᠭᠦᠨ  ᠳᠠᠬᠢ ᠵᠠᠯᠠᠭᠤ ᠨᠠᠰᠤᠨ ᠤ ᠳᠠᠭᠤᠯᠠᠯ
ᠨᠡᠶᠢᠲᠡᠯᠡᠭᠰᠡᠨ ᠴᠠᠭ᠄
2023/12/30
                      ᠰᠣᠷᠪᠤᠯᠵᠢᠯᠠᠬᠴᠢ ᠨᠡᠷᠡᠨ᠎ᠡ       ᠨᠡᠯᠦᠶᠢᠭᠰᠡᠨ ᠡᠭᠡᠷᠡᠮ᠎ᠡ ᠲᠠᠯ᠎ᠠ ᠳᠤ ᠬᠡᠰᠡᠭ ᠬᠡᠰᠡᠭ ᠲᠣᠭᠤᠰᠣ ᠳᠡᠭᠳᠡᠨ ᠠᠭᠠᠵᠢᠮ ᠢᠶᠠᠷ ᠡᠯᠡᠰᠦᠨ ᠰᠢᠭᠤᠷᠭ᠎ᠠ ᠪᠣᠰᠴᠤ᠂ᠠᠯᠠᠱᠠ ᠶᠢᠨ ᠬᠤᠶᠢᠲᠤ ᠪᠡᠶ᠎ᠡ ᠶᠢᠨ ᠬᠢᠯᠢ ᠳᠠᠭᠠᠬᠰᠠᠨ ᠣᠷᠣᠨ ᠳᠤ ᠬᠠᠪᠤᠷ ᠤᠨ ᠬᠠᠷ᠎ᠠ ᠰᠢᠭᠤᠷᠭ᠎ᠠ ᠭᠦᠷᠦᠭᠡᠳ ᠢᠷᠡᠭᠰᠡᠨ ᠨᠢ ᠢᠯᠡᠷᠬᠡᠢ ᠪᠠᠶᠢᠪᠠ᠃       ᠠᠯᠠᠱᠠ ᠵᠡᠭᠦᠨ ᠬᠤᠰᠢᠭᠤᠨ ᠤ ᠢᠩᠭᠡᠨ ᠰᠤᠮᠤᠨ ᠤ ᠴᠠᠭᠠᠨᠵᠠᠳᠠᠭᠠᠢ ᠭᠠᠴᠠᠭᠠᠨ ᠳᠤ᠂ ᠬᠢᠯᠢᠴᠢᠨ ᠠᠶᠢᠯ ᠴᠠᠭᠳᠠᠭᠠᠨ ᠤ ᠶᠠᠪᠤᠳᠠᠯ ᠤᠨ ᠥᠷᠲᠡᠭᠡᠨ ᠳᠤ ᠨᠢᠭᠡ ᠨᠢᠭᠡᠨ ᠳᠡᠭᠡᠨ ᠬᠠᠨᠢ ᠲᠦᠰᠢᠭ ᠪᠤᠯᠣᠬᠰᠠᠨ ᠰᠢᠦᠢ ᠨᠠᠢ ᠴᠣᠣ᠂ ᠯᠢ ᠸᠧᠨ ᠨᠠ ᠬᠤᠶᠠᠭᠤᠯᠠ ᠶᠢᠨ ︽ᠭᠡᠷ ᠪᠦᠯᠢ ᠪᠠᠨ ᠬᠠᠶᠢᠷᠠᠯᠠᠬᠤ ᠪᠣᠯ ᠳᠠᠷᠤᠢ ᠤᠯᠤᠰ ᠢᠶᠠᠨ ᠬᠠᠶᠢᠷᠠᠯᠠᠬᠤ︾ ᠬᠡᠮᠡᠬᠦ ᠰᠠᠶᠢᠬᠠᠨ ᠲᠠᠶᠢᠯᠪᠤᠷᠢᠯᠠᠯᠲᠠ ᠶᠢ ᠨᠢᠳᠦ ᠪᠠᠷ ᠢᠶᠠᠨ ᠣᠯᠵᠤ ᠬᠠᠷᠠᠯ᠎ᠠ᠃       ᠬᠠᠨ ᠲᠡᠭᠷᠢ ᠠᠯᠠᠱᠠ ᠭᠡᠵᠦ ᠳᠠᠯᠳᠠ ᠨᠢᠭᠤᠴᠠᠬᠠᠢ ᠣᠷᠣᠨ ᠪᠠᠶᠢᠳᠠᠭ ᠢᠶᠠᠷ ᠢᠶᠠᠨ ᠡᠯᠡᠰᠦ ᠮᠠᠩᠬ᠎ᠠ᠂ ᠭᠤᠪᠢ ᠨᠤᠲᠤᠭ ᠤᠨ ᠨᠡᠯᠦᠭᠡᠷ ᠠᠭᠤᠳᠠᠮ ᠨᠢ ᠬᠥᠮᠥᠰ ᠲᠤ ᠭᠠᠭᠴᠠᠭᠠᠷᠳᠠᠯ ᠢ ᠠᠪᠴᠢᠷᠠᠬᠤ ᠪᠠᠷ ᠪᠠᠷᠠᠬᠤ ᠦᠭᠡᠢ᠂ ᠭᠠᠶᠢᠬᠠᠮᠰᠢᠬᠳᠣ ᠦᠵᠡᠮᠵᠢ ᠨᠢ ᠰᠡᠳᠬᠢᠯ ᠢ ᠲᠡᠳᠡᠨ ᠣᠮᠤᠭ ᠣᠮᠣᠭᠯᠠᠩ ᠢ ᠳᠦᠷᠦᠭᠦᠯᠳᠡᠭ᠃ ᠪᠢᠳᠡ S331 ᠤᠯᠤᠰ ᠤᠨ ᠵᠠᠮ ᠠᠴᠠ ᠭᠠᠷᠴᠤ ᠡᠮᠦᠨ᠎ᠡ ᠵᠦᠭ ᠲᠡᠷᠭᠡ ᠪᠠᠨ ᠵᠠᠯᠠᠯ᠎ᠠ᠃ ᠬᠠᠶᠢᠷ ᠴᠢᠯᠠᠭᠤᠨ ᠵᠠᠮ ᠢᠶᠠᠷ ᠲᠣᠭᠤᠰᠣ ᠰᠢᠷᠣᠢ ᠳᠡᠭᠳᠡᠭᠡᠨ ᠲᠡᠷᠭᠡᠨ ᠤ ᠶᠡᠭᠡ ᠲᠠᠭᠤ ᠱᠣᠣ ᠪᠠᠷ ᠵᠠᠮ ᠤᠨ ᠬᠠᠵᠠᠭᠤᠳᠠᠭᠢ ᠦᠵᠡᠮᠵᠢ ᠳᠤ ᠨᠢᠳᠦ ᠬᠠᠶᠠᠬᠤ ᠵᠠᠪ ᠦᠭᠡᠢ ᠳᠠᠪᠬᠢᠭᠤᠯᠵᠠᠢ᠃       ᠯᠢ ᠸᠧᠨ ᠨᠠ ᠳᠣᠯᠣᠭᠠᠨ ᠰᠠᠷ᠎ᠠ ᠲᠠᠢ ᠭᠡᠳᠡᠰᠦ ᠪᠠᠨ ᠲᠡᠭᠡᠭᠡᠭᠡᠳ ᠪᠢᠳᠠᠨ ᠢ ᠬᠠᠯᠠᠭᠤᠨ ᠢᠶᠠᠷ ᠤᠭᠲᠤᠭᠰᠠᠨ ᠶᠤᠮ᠃ ᠲᠠᠪᠤᠨ ᠲᠠᠰᠤᠯᠭ᠎ᠠ ᠲᠣᠭᠤᠰᠬᠠᠨ ᠪᠠᠶᠢᠰᠢᠩ᠂ ᠬᠤᠶᠠᠷ ᠬᠥᠮᠥᠨ᠂ ᠨᠢᠭᠡ ᠨᠣᠬᠠᠢ᠂ ᠨᠢᠭᠡ ᠲᠡᠷᠭᠡ ᠲᠠᠢ ᠲᠥᠬᠦᠮ ᠪᠦᠳᠦᠭᠦᠯᠢᠭ ᠴᠠᠭᠳᠠᠭᠠᠨ ᠤ ᠶᠠᠪᠤᠳᠠᠯ ᠤᠨ ᠥᠷᠲᠡᠭᠡ ᠪᠠᠶᠢᠪᠠ᠃ ᠬᠦᠷᠢᠶᠡᠨ ᠥᠨᠴᠥᠭ ᠲᠤ ᠡᠯᠡᠰᠦᠨ ᠳᠣᠪᠣᠴᠠᠭ ᠲᠣᠭᠲᠠᠭᠰᠠᠨ ᠠᠴᠠ ᠦᠵᠡᠪᠡᠯ ᠰᠠᠯᠬᠢ ᠰᠠᠯᠬᠢᠯᠠᠬᠤ ᠨᠢ ᠡᠩ ᠤᠨ ᠶᠠᠪᠤᠳᠠᠯ ᠪᠠᠶᠢᠵᠤ᠂ ᠡᠭᠦᠨ ᠲᠠᠢ ᠬᠠᠷᠢᠴᠠᠭᠤᠯᠪᠠᠯ᠂ ᠨᠥᠭᠦᠭᠡ ᠲᠠᠯ᠎ᠠ ᠶᠢᠨ ᠬᠡᠷᠡᠮ ᠤᠨ ᠬᠠᠵᠠᠭᠤ ᠳᠤ ᠲᠠᠷᠢ ᠲᠡᠭᠰᠢ ᠲᠠᠯᠪᠢᠬᠰᠠᠨ ᠲᠦᠯᠡᠭᠡ ᠬᠠᠷᠠᠭᠳᠠᠨ ᠡᠳᠡᠨᠡᠶᠢᠭᠢᠨ ᠤ ᠳᠤᠯᠠᠭᠠᠯᠠᠭ᠎ᠠ ᠶᠢᠨ ᠭᠤᠣᠯ ᠢᠷᠡᠯᠲᠡ ᠨᠢ ᠶᠤᠮ ᠪᠠᠶᠢᠵᠠᠢ᠃ ᠵᠡᠭᠦᠨ ᠠᠴᠠ ᠪᠠᠷᠠᠭᠤᠨᠰᠢ ᠲᠠᠪᠤᠨ ᠲᠠᠰᠤᠯᠭ᠎ᠠ ᠭᠡᠷ ᠨᠢ ᠲᠣᠰ ᠲᠣᠰ ᠲᠣᠭᠤᠭᠠᠨ ᠭᠡᠷ᠂ ᠡᠮᠨᠡᠯᠭᠡ ᠶᠢᠨ ᠭᠡᠷ᠂ ᠠᠯᠪᠠᠨ ᠭᠡᠷ᠂ ᠪᠠᠶᠢᠷᠢ᠂ ᠠᠷᠠᠳ ᠲᠤ ᠲᠥᠬᠦᠮ ᠦᠵᠡᠭᠦᠯᠬᠦ ᠥᠷᠲᠡᠭᠡ ᠵᠢᠴᠢ ᠬᠥᠮᠥᠷᠭᠡ ᠲᠠᠢ᠂ ᠭᠡᠷ ᠤᠨ ᠳᠣᠲᠣᠷᠠᠬᠢ ᠬᠡᠷᠡᠭᠰᠡᠯ ᠤᠳ ᠨᠢ ᠳᠥᠭᠦᠮᠬᠡᠨ ᠮᠥᠷᠲᠡᠭᠡᠨ ᠳᠡᠷᠢ ᠲᠡᠭᠰᠢ ᠴᠡᠪᠡᠷᠬᠡᠨ ᠪᠠᠶᠢᠵᠤ᠂ ᠬᠦᠷᠢᠶᠡᠨ ᠳᠤᠮᠳᠠᠬᠢ ᠰᠠᠯᠬᠢᠨ ᠤ ᠠᠶ᠎ᠠ ᠪᠠᠷ ᠨᠠᠮᠢᠷᠠᠬᠤ ᠤᠯᠠᠭᠠᠨ ᠲᠤᠭ ᠨᠢ ᠬᠠᠮᠤᠭ ᠠᠴᠠ ᠣᠨᠴᠠᠯᠢᠭᠳᠠᠵᠤ ᠬᠠᠷᠠᠭᠳᠠᠨ᠎ᠠ᠃       ᠯᠢ ᠸᠧᠨ ᠨᠠ ᠶᠢᠨ ᠲᠠᠨᠢᠯᠴᠠᠭᠤᠯᠬᠤ ᠪᠠᠷ᠂ ᠴᠠᠭᠳᠠᠭᠠᠨ ᠤ ᠶᠠᠪᠤᠳᠠᠯ ᠤᠨ ᠥᠷᠲᠡᠭᠡ ᠨᠢ 2022 ᠣᠨ ᠤ ᠡᠬᠢ ᠪᠠᠷ ᠪᠠᠶᠢᠭᠤᠯᠤᠭᠳᠠᠵᠤ᠂ ᠢᠩᠭᠡᠨ ᠬᠢᠯᠢ ᠶᠢᠨ ᠲᠣᠮᠢᠯᠠᠭᠰᠠᠨ ᠰᠠᠯᠪᠤᠷᠢ ᠠᠴᠠ 85 ᠺᠢᠯᠣᠮᠧᠲᠷ ᠵᠠᠶᠢᠲᠠᠢ᠂ ᠳᠤᠮᠳᠠᠳᠤ ᠮᠣᠩᠭᠤᠯ ᠤᠨ ᠬᠢᠯᠢ ᠶᠢᠨ ᠰᠢᠯᠤᠭᠤᠨ ᠱᠤᠭᠤᠮ ᠠᠴᠠ 7 ᠺᠢᠯᠣᠮᠧᠲᠷ ᠵᠠᠢ ᠪᠠᠰᠠ ᠬᠦᠷᠬᠦ ᠦᠭᠡᠢ ᠠᠵᠢ᠃ ᠪᠠᠶᠢᠭᠤᠯᠤᠭᠳᠠᠭᠰᠠᠨ ᠡᠬᠢᠨ ᠤ ᠦᠶ᠎ᠡ ᠳᠤ ᠴᠠᠭᠳᠠᠭᠠᠨ ᠤ ᠶᠠᠪᠤᠳᠠᠯ ᠢ ᠤᠷᠢᠳᠴᠢᠯᠠᠨ ᠪᠠᠶᠢᠷᠢᠯᠠᠭᠤᠯᠵᠤ᠂ 103 ᠺᠢᠯᠣᠮᠧᠲᠷ ᠣᠷᠳᠣ ᠡᠬᠡ ᠤᠯᠤᠰ ᠤᠨ ᠬᠢᠯᠢ ᠶᠢᠨ ᠱᠤᠭᠤᠮ ᠪᠠ ᠬᠠᠷᠢᠶ᠎ᠠ ᠣᠷᠣᠨ ᠤ 3145 ᠲᠡᠭᠰᠢ ᠳᠥᠷᠪᠡᠯᠵᠢᠨ ᠺᠢᠯᠣᠮᠧᠲᠷ ᠬᠢᠯᠢ ᠶᠢᠨ ᠬᠠᠮᠢᠶᠠᠷᠤᠯᠲᠠ ᠶᠢᠨ ᠣᠷᠣᠨ ᠢ ᠨᠡᠩ ᠰᠠᠶᠢᠲᠤᠷ ᠰᠠᠬᠢᠨ ᠬᠠᠮᠠᠭᠠᠯᠠᠬᠤ ᠶᠢᠨ ᠲᠥᠯᠥᠭᠡ᠂ ᠬᠢᠯᠢ ᠶᠢ ᠲᠣᠭᠲᠠᠪᠤᠷᠢᠵᠢᠭᠤᠯᠤᠨ ᠰᠡᠷᠭᠡᠶᠢᠯᠡᠯᠲᠡ ᠶᠢ ᠪᠠᠬᠢᠵᠢᠭᠦᠯᠬᠦ ᠪᠣᠳᠠᠲᠤ ᠦᠷ᠎ᠡ ᠪᠦᠲᠦᠮᠵᠢ ᠶᠢ ᠦᠷᠭᠦᠯᠵᠢᠯᠡᠨ ᠭᠦᠨᠵᠡᠭᠡᠶᠢᠷᠡᠭᠦᠯᠦᠭᠰᠡᠨ ᠪᠠᠶᠢᠪᠠ᠃ S331 ᠤᠯᠤᠰ ᠤᠨ ᠵᠠᠮ ᠨᠡᠪᠲᠡᠷᠡᠭᠰᠡᠨ ᠤ ᠳᠠᠷᠠᠭ᠎ᠠ᠂ ᠬᠠᠷᠢᠶᠠᠲᠤ ᠣᠷᠣᠨ ᠳᠤ ᠮᠠᠰᠢᠨ ᠲᠡᠷᠭᠡ ᠣᠯᠠᠰᠢᠷᠠᠨ᠂ ᠴᠠᠭᠳᠠᠭᠠᠨ ᠤ ᠶᠠᠪᠤᠳᠠᠯ ᠤᠨ ᠥᠷᠲᠡᠭᠡ ᠪᠠᠷ ᠲᠥᠪ ᠪᠣᠯᠭᠠᠨ ᠡᠷᠭᠢᠨ ᠲᠣᠭᠤᠷᠢᠨ ᠤ 30 ᠺᠢᠯᠣᠮᠧᠲᠷ ᠲᠤ 8 ᠡᠷᠦᠭᠡ ᠶᠢᠨ 27 ᠬᠥᠮᠥᠨ ᠯᠠ ᠪᠠᠶᠢᠵᠠᠢ᠃ ᠲᠠᠲᠠ ᠬᠤᠶᠠᠭᠤᠯᠠ ᠵᠢᠯ ᠭᠠᠷᠤᠢ ᠶᠢᠨ ᠪᠠᠷᠢᠮᠲᠠᠯᠠᠯ ᠳᠣᠣᠷ᠎ᠠ ᠡᠷᠡᠭᠦᠯ ᠬᠠᠮᠠᠭᠠᠯᠠᠯ ᠤᠨ ᠲᠠᠰᠤᠭ᠂ ᠨᠣᠮ ᠤᠨ ᠲᠠᠰᠤᠭ᠂ ᠳᠡᠯᠭᠡᠭᠦᠷ᠂ ᠲᠦᠷᠭᠡᠨ ᠬᠦᠷᠭᠡᠯᠲᠡ ᠶᠢᠨ ᠴᠡᠭ ᠲᠠᠢ ᠵᠢᠵᠢᠭ ᠬᠡᠯᠪᠡᠷᠢ ᠶᠢᠨ ᠠᠵᠢᠯᠲᠠᠨ ᠠᠵᠢᠯᠴᠢᠨ ᠤ ᠭᠡᠷ ᠢ ᠪᠠᠶᠢᠭᠤᠯᠵᠤ᠂ ᠬᠢᠯᠢ ᠬᠢᠵᠠᠭᠠᠷ ᠣᠷᠣᠨ ᠤ ᠺᠠᠳ᠋ᠷ ᠠᠵᠢᠯᠲᠠᠨ ᠠᠵᠢᠯᠴᠢᠨ ᠲᠠᠢ ᠬᠠᠷᠢᠯᠴᠠᠬᠤ᠂ ᠬᠠᠪᠰᠤᠷᠤᠨ ᠲᠡᠳᠬᠦᠬᠦ ᠦᠢᠯᠡᠴᠢᠯᠡᠭᠡ ᠥᠷᠨᠢᠭᠦᠯᠬᠦ ᠭᠠᠵᠠᠷ ᠢᠶᠠᠨ ᠪᠣᠯᠭᠠᠭᠰᠠᠨ ᠪᠠᠶᠢᠨ᠎ᠠ᠃       ᠯᠢ ᠸᠧᠨ ᠨᠠ᠄ ︽ᠬᠡᠦᠬᠡᠳ ᠲᠠᠢ ᠪᠤᠯᠤᠬᠰᠠᠨ ᠠᠴᠠ ᠨᠠᠭᠠᠰᠢ᠂ ᠪᠢ ᠲᠤᠬᠠᠢ ᠶᠢᠨ ᠦᠶ᠎ᠡ ᠶᠢᠨ ᠰᠣᠩᠭᠤᠯᠲᠠ ᠵᠥᠪ ᠭᠡᠳᠡᠭ ᠢᠶᠠᠨ ᠤᠯᠠᠮ ᠤᠬᠠᠭᠠᠷᠠᠯ᠎ᠠ᠃ ᠪᠤᠰᠤᠳ ᠤᠨ ᠨᠢᠳᠦᠨ ᠳᠤ ᠬᠦᠴᠢᠷ ᠵᠦᠳᠡᠭᠦᠷᠢ ᠲᠠᠢ ᠦᠵᠡᠭᠳᠡᠵᠦ ᠪᠠᠶᠢᠭᠰᠠᠨ ᠪᠣᠯᠪᠠᠴᠤ ᠪᠢᠳᠡ ᠬᠤᠶᠠᠷ ᠤᠨ ᠰᠡᠳᠬᠢᠯ ᠤᠯᠠᠮ ᠢᠶᠠᠷ ᠣᠶᠢᠷ᠎ᠠ ᠪᠣᠯᠵᠤ᠂ ᠰᠡᠳᠬᠢᠯ ᠠᠮᠠᠷ ᠪᠣᠯᠵᠠᠢ︾ ᠭᠡᠨ᠎ᠡ ᠃ ᠯᠢ ᠸᠧᠨ ᠨᠠ᠂ ᠣᠲᠣ ᠪᠤᠯᠲᠠᠯ᠎ᠠ ᠤᠰᠤ᠂ ᠴᠠᠬᠢᠯᠭᠠᠨ᠂ ᠳᠣᠬᠢᠶ᠎ᠠ ᠶᠢᠨ ᠬᠦᠴᠢᠷᠳᠡᠯ ᠢ ᠰᠢᠢᠳᠪᠦᠷᠢᠯᠡᠵᠦ ᠳᠡᠶᠢᠯᠦᠭᠡ ᠦᠭᠡᠢ᠂ ᠵᠥᠪᠬᠡᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠨ ᠬᠡᠳᠦᠨ ᠴᠠᠭ ᠤᠨ ᠭᠡᠷᠡᠯᠲᠦᠭᠦᠯᠭᠡ ᠵᠢᠴᠢ ᠬᠥᠷᠥᠭᠡᠭᠦᠷ ᠲᠤ ᠵᠠᠷᠤᠴᠠᠭᠤᠯᠳᠠᠭ᠃ ᠺᠣᠮᠫᠢᠦ᠋ᠲ᠋ᠧᠷ ᠪᠠ ᠠᠭᠠᠷ ᠲᠣᠬᠢᠷᠠᠭᠤᠯᠤᠭᠴᠢ ᠶᠢ ᠶᠡᠷᠦ ᠳᠡᠭᠡᠨ ᠬᠡᠷᠡᠭᠯᠡᠵᠦ ᠴᠢᠳᠠᠳᠠᠭ ᠦᠭᠡᠢ᠂ ᠵᠥᠪᠬᠡᠨ ᠭᠡᠷ ᠤᠨ ᠴᠢᠮᠡᠭᠯᠡᠯ ᠲᠡᠳᠦᠢ ᠲᠠᠯᠪᠢᠭᠠᠰᠤᠲᠠᠢ᠃ ᠤᠤᠭᠤᠬᠤ ᠤᠰᠤ ᠪᠠᠨ ᠬᠡᠳᠦᠨ ᠠᠷᠪᠠᠨ ᠺᠢᠯᠣᠮᠧᠲᠷ ᠤᠨ ᠬᠤᠯᠠ ᠠᠴᠠ ᠲᠠᠲᠠᠵᠤ ᠠᠪᠴᠢᠷᠠᠳᠠᠭ᠃ ᠣᠷᠣ ᠬᠥᠨᠵᠢᠯᠡ᠂ ᠵᠤᠵᠠᠭᠠᠨ ᠬᠤᠪᠴᠠᠰᠤ ᠬᠤᠨᠠᠷ ᠢᠶᠠᠨ ᠬᠤᠰᠢᠭᠤᠨ ᠳᠤ ᠠᠪᠠᠴᠢᠵᠤ ᠤᠬᠢᠶᠠᠨ᠂ ᠨᠣᠭᠤᠭ᠎ᠠ ᠴᠠᠭ᠎ᠠ ᠪᠠᠨ ᠡᠷᠭᠢᠨ ᠲᠣᠭᠤᠷᠢᠨ ᠤ ᠮᠠᠯᠴᠢᠳ ᠪᠤᠶᠤ ᠪᠠᠶᠢᠭᠤᠯᠭ᠎ᠠ ᠨᠢᠭᠡᠴᠢ ᠶᠢᠨ ᠨᠥᠬᠦᠳ ᠢᠶᠠᠷ ᠠᠪᠴᠢᠷᠠᠭᠤᠯᠳᠠᠭ᠃ ᠬᠤᠶᠠᠭᠤᠯᠠ ᠪᠠᠨ ᠡᠳᠦᠷ ᠲᠡᠭᠡᠨ ᠬᠢᠯᠢ ᠶᠢᠨ ᠭᠤᠣᠯᠳᠠᠯᠭ᠎ᠠ ᠲᠠᠢ ᠭᠠᠵᠠᠷ ᠢᠶᠠᠷ ᠲᠣᠭᠤᠷᠢᠨ ᠪᠠᠶᠢᠴᠠᠭᠠᠵᠤ᠂ ᠮᠠᠯᠴᠢᠳ ᠤᠨ ᠭᠡᠷ ᠢᠶᠠᠷ ᠣᠴᠢᠳᠠᠭ ᠭᠡᠪᠡ᠃       ᠡᠨᠡ ᠬᠦ ᠡᠯᠦᠢ ᠬᠤᠯᠤᠢ ᠭᠤᠪᠢ ᠳᠤ ᠡᠳᠦᠷ ᠲᠤᠲᠤᠮ ᠤᠨ ᠠᠵᠢᠯ ᠢᠶᠠᠨ ᠰᠠᠶᠢᠲᠤᠷ ᠬᠢᠪᠡᠯ ᠪᠣᠯᠴᠢᠬᠠᠬᠤ ᠶᠤᠮ᠂ ᠭᠡᠲᠡᠯ᠎ᠡ ᠲᠠᠲᠠ ᠬᠤᠶᠠᠭᠤᠯᠠ ᠴᠠᠭ ᠮᠥᠴᠡ ᠶᠢ ᠲᠠᠯᠠᠭᠠᠷ ᠥᠩᠭᠡᠷᠡᠭᠡᠬᠦ ᠶᠢ ᠪᠤᠳᠤᠭ᠎ᠠ ᠦᠭᠡᠢ᠃ ᠬᠤᠶᠠᠭᠤᠯᠠ ᠪᠠᠨ ᠴᠢᠳᠠᠯ ᠤᠨ ᠬᠢᠷᠢ ᠪᠠᠷ ᠢᠶᠠᠨ ᠬᠠᠷᠢᠶᠠᠲᠤ ᠣᠷᠣᠨ ᠤ ᠮᠠᠯᠴᠢᠳ ᠢ ᠡᠷᠭᠢᠨ ᠦᠵᠡᠵᠦ᠂ ᠲᠡᠳᠡᠨᠡᠷ  ᠤᠨ ᠠᠮᠢᠳᠤᠷᠠᠯ ᠳᠤ ᠣᠶᠢᠷᠠᠳᠴᠤ᠂ ᠡᠭᠦᠨ ᠤ ᠤᠯᠠᠮ ᠢᠶᠠᠷ ᠬᠢᠯᠢ ᠶᠢᠨ ᠨᠢᠭᠡᠳᠦᠭᠡᠷ ᠹᠷᠣᠨᠲ ᠢ ᠣᠯᠠᠨ ᠢᠶᠠᠷ ᠢᠶᠠᠨ ᠰᠡᠷᠭᠡᠶᠢᠯᠡᠨ ᠣᠯᠠᠨ ᠢᠶᠠᠷ ᠢᠶᠠᠨ ᠵᠠᠰᠠᠬᠤ ᠬᠦᠴᠦᠨ ᠢ ᠵᠣᠬᠢᠶᠠᠨ ᠪᠠᠶᠢᠭᠤᠯᠵᠤ᠂ ᠣᠶᠢᠷ᠎ᠠ ᠬᠠᠪᠢ ᠶᠢᠨ ᠣᠯᠠᠨ ᠲᠦᠮᠡᠨ ᠢ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠵᠣᠬᠢᠶᠠᠨ ᠪᠠᠶᠢᠭᠤᠯᠤᠯᠲᠠ ᠳᠤ ᠢᠳᠡᠪᠬᠢᠲᠡᠢ ᠣᠷᠣᠭᠤᠯᠵᠤ ᠂ ᠬᠢᠯᠢ ᠶᠢᠨ ᠣᠯᠠᠨ ᠲᠦᠮᠡᠨ ᠢ ᠳᠠᠶᠢᠴᠢᠯᠠᠨ ᠬᠠᠮᠲᠤ ᠪᠠᠷ ᠬᠢᠯᠢ ᠶᠢ ᠵᠠᠰᠠᠨ ᠬᠠᠮᠠᠭᠠᠯᠠᠬᠤ  ᠳᠤ ᠣᠷᠣᠯᠴᠠᠭᠤᠯᠳᠠᠭ᠃ ᠬᠤᠯᠪᠣᠭᠳᠠᠯ ᠪᠦᠬᠦᠢ ᠨᠢᠭᠡᠴᠢ ᠪᠣᠯᠣᠨ ᠡᠭᠦᠷᠭᠡ ᠴᠢᠳᠠᠪᠬᠢᠲᠤ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦᠨ ᠢᠶᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠦᠨ᠂ ᠰᠡᠷᠭᠡᠶᠢᠯᠡᠯᠲᠡ ᠶᠢ ᠪᠠᠬᠢᠵᠢᠭᠦᠯᠬᠦ ᠠᠵᠢᠯ ᠤᠨ ᠲᠣᠭᠲᠠᠴᠠ ᠶᠢ ᠪᠥᠬᠦ ᠬᠦᠴᠦᠨ ᠢᠶᠠᠷ ᠪᠠᠶᠢᠭᠤᠯᠵᠤ᠂ ᠨᠢᠭᠡ ᠥᠷᠲᠡᠭᠡ ᠮᠠᠶ᠋ᠢᠭ ᠤᠨ ᠨᠡᠶᠢᠭᠡᠮ ᠤᠨ ᠵᠥᠷᠢᠴᠡᠯ ᠵᠠᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠬᠢᠯᠢ ᠶᠢ ᠬᠠᠮᠢᠶᠠᠷᠴᠤ ᠬᠢᠯᠢ ᠶᠢ ᠡᠵᠡᠮᠳᠡᠬᠦ ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠠᠳᠠᠷᠠᠭᠤᠯᠬᠤ ᠶᠢ ᠪᠦᠲᠦᠮᠵᠢᠲᠡᠢ ᠳᠡᠭᠡᠭᠰᠢᠯᠡᠭᠦᠯᠵᠦ᠂ ᠬᠢᠯᠢ ᠬᠢᠵᠠᠭᠠᠷ ᠤᠨ ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠢ ᠪᠠᠲᠤᠯᠠᠵᠤ ᠴᠢᠳᠠᠵᠠᠢ᠃       ᠯᠢ ᠸᠧᠨ ᠨᠠ ᠰᠤᠷᠭᠠᠭᠤᠯᠢ ᠳᠤ ᠰᠣᠷᠣᠬᠰᠠᠨ ᠠᠨᠠᠭᠠᠬᠤ ᠤᠬᠠᠭᠠᠨ ᠤ ᠰᠤᠪᠢᠯᠠᠯᠲᠠ ᠶᠢᠨ ᠦᠨᠳᠦᠰᠦᠨ ᠮᠡᠳᠡᠯᠭᠡ ᠪᠠᠷ ᠢᠶᠠᠨ ᠬᠠᠷᠢᠶᠠᠲᠤ ᠣᠷᠣᠨ ᠤ ᠮᠠᠯᠴᠢᠳ ᠲᠤ ᠬᠢᠮᠤᠷᠠᠭ᠎ᠠ ᠲᠠᠭᠰᠢᠭᠤᠷ ᠵᠢᠴᠢ ᠤᠳᠠᠭᠠᠨ ᠴᠢᠨᠠᠷᠲᠠᠢ ᠡᠪᠡᠳᠴᠢᠨ  ᠢ ᠵᠠᠰᠠᠬᠤ ᠳᠤᠨᠢ ᠳᠡᠮᠵᠢᠯᠭᠡ ᠦᠵᠡᠭᠦᠯᠦᠨ ᠮᠠᠯᠴᠢᠳ ᠤᠨ ᠬᠠᠪᠰᠤᠷᠤᠭᠴᠢ ᠪᠤᠯᠣᠬᠰᠠᠨ ᠪᠠᠶᠢᠯ᠎ᠠ᠃ ᠲᠡᠳᠡᠨᠡᠶᠢᠬᠢᠨ ᠠᠴᠠ ᠬᠠᠮᠤᠭ ᠣᠶᠢᠷ᠎ᠠ ᠰᠠᠭᠤᠭ᠎ᠠ ᠬᠥᠷᠰᠢ ᠵᠡᠷᠭᠡᠯᠡᠳᠡᠭᠡ ᠨᠢ ᠦᠨᠳᠡᠭᠡᠷᠡᠯ ᠤᠨ ᠬᠢᠨ ᠠᠵᠢ᠃ ᠦᠨᠳᠡᠭᠡᠷᠡᠯ ᠤᠨ ᠬᠢᠨ ᠬᠢᠯᠢ ᠬᠢᠵᠠᠭᠠᠷ ᠢᠶᠠᠨ ᠬᠠᠮᠠᠭᠠᠯᠠᠬᠤ ᠬᠢᠯᠢ ᠪᠠᠨ ᠰᠠᠬᠢᠬᠤ ᠡᠷᠦᠭᠡ ᠪᠠᠶᠢᠵᠤ᠂ ᠮᠥᠨ ᠴᠦ ᠰᠢᠦᠢ ᠨᠠᠢ ᠴᠣᠣ᠂ ᠯᠢ ᠸᠧᠨ ᠨᠠ ᠶᠢᠨ ᠬᠠᠮᠤᠭ ᠤᠨ ᠳᠣᠲᠣᠨᠣ ᠵᠡᠷᠭᠡᠯᠡᠳᠡᠭᠡ ᠨᠢ ᠶᠤᠮ᠂ ᠭᠤᠯᠢᠷ ᠬᠤᠭᠤᠯᠠ ᠶᠢ ᠰᠠᠶᠢᠨ ᠬᠢᠵᠦ ᠴᠢᠳᠠᠳᠠᠭ ᠦᠭᠡᠢ ᠡᠳᠡ ᠬᠤᠶᠠᠭᠤᠯᠠ ᠳᠤ ᠪᠠᠩᠰᠢ᠂ ᠪᠣᠣᠪᠤ ᠵᠡᠷᠭᠡ  ᠶᠢ ᠦᠷᠭᠦᠯᠵᠢ ᠬᠦᠷᠭᠡᠵᠦ ᠢᠷᠡᠳᠡᠭ᠃ ᠮᠠᠯᠴᠢᠨ ᠪᠠᠲᠤᠮᠥ᠋ᠩᠭᠡ ᠶᠢᠨ ᠬᠢᠨ ᠤ ᠬᠥᠳᠡᠯᠮᠦᠷᠢ ᠬᠦᠴᠦ ᠳᠤᠲᠠᠭᠳᠠᠬᠤ ᠳᠤ ᠬᠠᠨᠢ ᠨᠥᠬᠦᠷ ᠬᠤᠶᠠᠭᠤᠯᠠ ᠲᠣᠭᠲᠠᠭᠰᠠᠨ ᠬᠤᠭᠤᠴᠠᠭ᠎ᠠ ᠲᠠᠢ ᠪᠠᠷ ᠭᠡᠷ ᠲᠤᠨᠢ ᠬᠦᠷᠴᠦ ᠬᠠᠪᠰᠤᠷᠳᠠᠭ᠃ ᠮᠠᠯᠴᠢᠳ ᠤᠨ ᠭᠡᠷ ᠬᠤᠭᠤᠷᠣᠨᠳᠤ ᠪᠠᠨ ᠵᠠᠶᠢᠲᠠᠢ ᠪᠣᠯᠬᠤᠷ ᠲᠠᠲᠠ ᠰᠠᠨᠠᠭᠠᠴᠢᠯᠠᠭ᠎ᠠ ᠠᠴᠠ ᠪᠠᠨ ︽ᠴᠠᠭᠳᠠᠭ᠎ᠠ ᠠᠷᠠᠳ ᠤᠨ ᠬᠤᠯᠪᠣᠭ᠎ᠠ︾᠎ ᠶᠢ ᠪᠠᠶᠢᠭᠤᠯᠵᠤ᠂ ᠬᠠᠷᠢᠶᠠᠲᠤ ᠣᠷᠣᠨ ᠤ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠭᠦᠯᠦᠨ᠂ ᠮᠣᠳᠣ ᠤᠰᠤᠯᠠᠬᠤ᠂ ᠮᠠᠯ ᠲᠡᠵᠢᠭᠡᠬᠦ᠂ ᠲᠡᠮᠡᠭᠡ ᠨᠣᠣᠰᠣᠯᠠᠬᠤ ᠵᠡᠷᠭᠡ ᠮᠠᠯᠵᠢᠬᠤ ᠣᠷᠣᠨ ᠤ ᠬᠥᠳᠡᠯᠮᠦᠷᠢ  ᠳᠤ ᠪᠠᠶᠢᠩᠭᠤ ᠣᠷᠣᠯᠴᠠᠭᠰᠠᠭᠠᠷ ᠢᠷᠠᠵᠠᠢ᠃       ᠯᠢ ᠸᠧᠨ ᠨᠠ᠄ ︽ᠬᠥᠩᠭᠡᠵᠢᠭᠰᠡᠨ ᠤ ᠳᠠᠷᠠᠭ᠎ᠠ ᠮᠥᠨ ᠯᠠ ᠡ᠊ᠨᠳᠡ ᠪᠠᠨ ᠬᠠᠷᠢᠵᠤ ᠢᠷᠡᠭᠡᠳ ᠨᠥᠬᠦᠷ ᠤᠨ ᠢᠶᠠᠨ ᠳᠡᠷᠭᠡᠳᠡ ᠬᠠᠨᠢ ᠪᠣᠯᠵᠤ ᠰᠠᠭᠤᠨ᠎ᠠ᠃ ᠬᠤᠶᠠᠷ ᠬᠥᠮᠥᠨ ᠪᠠᠶᠢᠭᠰᠠᠨ ᠠᠴᠠ ᠪᠠᠨ ᠭᠤᠷᠪᠠᠨ ᠬᠥᠮᠥᠨ ᠪᠣᠯᠬᠤ ᠳᠤ ᠮᠠᠨ ᠤ ᠭᠡᠷ ᠨᠡᠩ ᠠᠵᠠ ᠵᠢᠷᠭᠠᠯ ᠢᠶᠠᠷ ᠳᠦᠭᠦᠷᠡᠩ ᠪᠣᠯᠵᠤ᠂ ᠪᠢᠳᠠᠨ ᠤ ᠠᠵᠢᠯ ᠴᠦ ᠶᠠᠪᠤᠬᠤ ᠲᠤᠲᠤᠮ ᠤᠷᠤᠭᠰᠢᠲᠠᠢ ᠥᠭᠡᠳᠡᠷᠬᠡᠭ ᠪᠣᠯᠬᠤ ᠶᠤᠮ︾ ᠭᠡᠵᠦ ᠲᠠᠶᠢᠪᠤᠭᠤᠬᠠᠨ ᠶᠠᠷᠢᠵᠤ ᠪᠠᠶᠢᠭᠰᠠᠨ ᠪᠢᠯᠡ᠃ ᠭᠤᠪᠢ ᠨᠤᠲᠤᠭ ᠤᠨ ᠪᠣᠷᠣᠭᠵᠢᠭᠤᠨ ᠥᠩᠭᠡ ᠦᠵᠡᠮᠵᠢ ᠳᠤ ᠪᠡᠶ᠎ᠡ ᠪᠡᠶ᠎ᠡ ᠪᠠᠨ ᠲᠦᠰᠢᠵᠦ ᠠᠵᠢᠯ ᠠᠮᠢᠳᠤᠷᠠᠯ ᠳᠠᠭᠠᠨ ᠴᠤᠭ ᠵᠣᠯᠪᠣᠭ᠎ᠠ ᠶᠢ ᠠᠪᠴᠤ ᠶᠠᠪᠤᠭ᠎ᠠ ᠰᠢᠦᠢ ᠨᠠᠢ ᠴᠣᠣ᠂ ᠯᠢ ᠸᠧᠨ ᠨᠠ ᠬᠠᠨᠢ ᠨᠥᠬᠦᠷ ᠬᠤᠶᠠᠭᠤᠯᠠ ᠶᠢᠨ ᠠᠷᠢᠭᠤᠨ ᠴᠠᠭᠠᠨ ᠰᠡᠳᠬᠢᠯ ᠨᠢ ᠮᠠᠯᠴᠢᠳ ᠤᠨ ᠠᠮᠢᠳᠤᠷᠠᠯ ᠳᠤ ᠠᠭᠤᠰᠴᠤ᠂ ᠬᠢᠯᠢ ᠬᠢᠵᠠᠭᠠᠷ ᠢ ᠪᠠᠲᠤ ᠰᠠᠬᠢᠬᠤ ᠠᠤᠭ᠎ᠠ ᠦᠢᠯᠡᠰ ᠲᠤ ᠵᠣᠷᠢᠭᠤᠯᠬᠤ ᠰᠥᠰᠥ ᠵᠣᠷᠢᠭ ᠢᠶᠠᠨ ᠬᠥᠪᠴᠢᠯᠡᠭᠰᠡᠭᠡᠷ᠂ ᠳᠡᠭᠡᠳᠦᠯᠡᠭᠰᠡᠭᠡᠷ᠂ ᠰᠠᠬᠢᠭᠰᠠᠭᠠᠷ ᠶᠠᠪᠤᠨ᠎ᠠ᠃  
 
ᠢᠷᠡᠯᠲᠡ᠄ ᠠᠯᠠᠱᠠ ᠶᠢᠨ ᠡᠳᠦᠷ ᠤᠨ ᠰᠣᠨᠢᠨ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号