ᠪᠥᠬᠦ ᠤᠯᠤᠰ ᠤᠨ ᠮᠠᠰᠢᠨ ᠲᠡᠷᠭᠡ ᠪᠠᠷ ᠢᠶᠠᠨ ᠠᠶᠠᠯᠠᠨ ᠬᠡᠭᠡᠷ᠎ᠡ ᠪᠠᠭᠤᠳᠠᠯᠯᠠᠵᠤ ᠵᠤᠭᠠᠴᠠᠬᠤ ᠶᠢ ᠬᠥᠭᠵᠢᠭᠦᠯᠬᠦ ᠶᠡᠭᠡ ᠬᠤᠷᠠᠯ ᠠᠯᠠᠱᠠ ᠳᠤ ᠶᠠᠪᠤᠭᠳᠠᠨ᠎ᠠ
ᠨᠡᠶᠢᠲᠡᠯᠡᠭᠰᠡᠨ ᠴᠠᠭ᠄
2023/12/30
                 ᠶᠠᠨ ᠴᠧᠨ ᠴᠧᠨ            ᠬᠤᠸᠠᠷᠲᠤ ᠫᠤᠤᠵᠢᠩ ᠤᠨ ᠦᠵᠡᠰᠬᠦᠯᠡᠩ᠂ ︽ᠮᠢᠩᠭᠠᠨ ᠮᠠᠰᠢᠨ ᠲᠡᠷᠭᠡ ᠪᠠᠷ ᠲᠦᠮᠡᠨ ᠬᠥᠮᠥᠨ ᠲᠣᠭᠤᠷᠢᠨ ᠵᠤᠭᠠᠴᠠᠵᠤ ᠠᠯᠠᠱᠠ ᠶᠢᠨ ᠨᠢᠭᠤᠴᠠ ᠶᠢ ᠬᠠᠶᠢᠬᠤ︾ ᠰᠣᠳᠣᠨ ᠵᠢᠭᠰᠠᠭᠠᠯ ᠤᠨ ᠲᠣᠭᠤᠷᠢᠨ ᠵᠤᠭᠠᠴᠠᠯ᠂ ᠬᠥᠩᠭᠡᠨ ᠬᠡᠯᠪᠡᠷᠢ ᠶᠢᠨ ᠬᠡᠭᠡᠨᠴᠢᠷ ᠮᠠᠶᠢᠬᠠᠨ ᠢᠶᠠᠷ ᠬᠡᠭᠡᠷ᠎ᠡ ᠪᠠᠭᠤᠳᠠᠯᠯᠠᠵᠤ ᠪᠠᠶᠠᠳᠠᠨ ᠣᠶᠢᠯᠠᠭᠠᠬᠤ ᠠᠵᠢᠯᠯᠠᠭ᠎ᠠ᠂ ᠰᠥᠨᠢ ᠶᠢᠨ ᠠᠵᠤ ᠠᠬᠤᠢ ᠁ ᠵᠡᠷᠭᠡ ᠤᠯᠤᠰ ᠤᠨ ᠲᠡᠰ ᠤᠨ ᠮᠠᠰᠢᠨ ᠲᠡᠷᠭᠡ ᠪᠠᠷ ᠢᠶᠠᠨ ᠠᠶᠠᠯᠠᠵᠤ ᠬᠡᠭᠡᠷ᠎ᠡ ᠪᠠᠭᠤᠳᠠᠯᠯᠠᠨ ᠵᠤᠭᠠᠴᠠᠬᠤ ᠠᠵᠢᠯ ᠳᠦᠷᠦᠯ ᠤᠨ ᠥᠪᠡᠳᠡᠭᠰᠢ ᠴᠤᠭᠯᠠᠭᠠᠨ ᠢ ᠠᠯᠠᠱᠠ ᠳᠤ ᠶᠠᠪᠤᠭᠳᠠᠭᠤᠯᠬᠤ ᠭᠡᠵᠦ ᠪᠤᠢ᠃ 4 ᠰᠠᠷ᠎ᠠ ᠶᠢᠨ 29 ᠎ ᠤ ᠡᠳᠦᠷ᠂ ︽ᠲᠠᠯ᠎ᠠ ᠨᠤᠲᠤᠭ ᠲᠤ ᠪᠣᠯᠵᠣᠵᠤ ᠠᠯᠠᠱᠠ ᠨᠤᠲᠤᠭ ᠢ ᠵᠣᠷᠢᠶ᠎ᠠ︾ ᠭᠤᠣᠯ ᠰᠡᠳᠦᠪᠲᠦ 2023 ᠣᠨ ᠤ ᠪᠥᠬᠦ ᠤᠯᠤᠰ ᠤᠨ ᠮᠠᠰᠢᠨ ᠲᠡᠷᠭᠡ ᠪᠠᠷ ᠢᠶᠠᠨ ᠠᠶᠠᠯᠠᠨ ᠬᠡᠭᠡᠷ᠎ᠡ ᠪᠠᠭᠤᠳᠠᠯᠯᠠᠵᠤ ᠵᠤᠭᠠᠴᠠᠬᠤ ᠶᠢ ᠬᠥᠭᠵᠢᠭᠦᠯᠬᠦ ᠶᠡᠭᠡ ᠬᠤᠷᠠᠯ ᠠᠯᠠᠱᠠ ᠳᠤ ᠡᠬᠢᠯᠡᠬᠦ ᠪᠠᠷ ᠪᠡᠯᠡᠬᠡᠨ ᠪᠣᠯᠣᠭᠠᠳ ᠪᠠᠶᠢᠨ᠎ᠠ᠃       2023 ᠣᠨ ᠤ ᠪᠥᠬᠦ ᠤᠯᠤᠰ ᠤᠨ ᠮᠠᠰᠢᠨ ᠲᠡᠷᠭᠡ ᠪᠠᠷ ᠢᠶᠠᠨ ᠠᠶᠠᠯᠠᠵᠤ ᠬᠡᠭᠡᠷ᠎ᠡ ᠪᠠᠭᠤᠳᠠᠯᠯᠠᠨ ᠵᠤᠭᠠᠴᠠᠬᠤ ᠎ ᠶᠢ ᠬᠥᠭᠵᠢᠭᠦᠯᠬᠦ ᠶᠡᠭᠡ ᠬᠤᠷᠠᠯ  ᠤᠨ ᠬᠤᠭᠤᠴᠠᠭᠠᠨ ᠳᠤ 100 ᠭᠡᠷᠲᠦ ᠲᠡᠷᠭᠡ᠂ ᠶᠠᠩᠵᠤ ᠪᠦᠷᠢ ᠶᠢᠨ 100 ᠮᠠᠰᠢᠨ ᠲᠡᠷᠭᠡ᠂ 1000 ᠰᠢᠬᠠᠮ ᠮᠣᠲ᠋ᠣᠷ ᠲᠡᠷᠭᠡ ᠪᠠᠷ ᠪᠦᠷᠢᠯᠳᠦᠭᠰᠡᠨ ᠭᠤᠷᠪᠠᠨ ᠲᠣᠮᠣ ᠲᠡᠷᠭᠡᠨ ᠠᠩᠭᠢ ᠶᠢᠨ ᠲᠣᠭᠤᠷᠢᠨ ᠵᠤᠭᠠᠴᠠᠬᠤ ᠠᠵᠢᠯᠯᠠᠭ᠎ᠠ ᠶᠢ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠳᠤ ᠥᠷᠨᠢᠭᠦᠯᠬᠦ ᠪᠣᠯᠣᠨ᠎ᠠ᠃ ᠲᠣᠰ ᠡᠳᠦᠷ ᠤᠨ ᠣᠷᠣᠢ᠂ ᠠᠯᠠᠱᠠ ᠶᠢᠨ ᠬᠦᠰᠡᠯᠡᠩᠲᠦ ᠡᠯᠡᠰᠦ ᠮᠠᠩᠬᠠᠨ ᠤ ᠴᠡᠴᠡᠷᠯᠢᠭ ᠲᠤ ᠬᠠᠮᠲᠤᠯᠢᠭ ᠤᠳ ᠤᠨ ᠤᠷᠠᠨ ᠰᠠᠶᠢᠬᠠᠨ ᠤ ᠲᠣᠭᠯᠠᠯᠲᠠ᠂ DJ᠂ ᠠᠮᠲᠠᠲᠤ ᠢᠳᠡᠭᠡᠨ ᠤ ᠨᠠᠶᠢᠷ᠂ ᠬᠤᠸᠠᠷᠲᠤ ᠫᠤᠤᠵᠢᠩ ᠤᠨ ᠦᠵᠡᠭᠦᠯᠭᠡ᠂ ᠺᠦᠩ ᠮᠢᠩ ᠳ᠋ᠧᠩ ᠠᠰᠠᠭᠠᠵᠤ ᠨᠢᠰᠬᠡᠬᠦ ᠵᠡᠷᠭᠡ ᠪᠠᠶᠠᠯᠢᠭ ᠠᠭᠤᠯᠭ᠎ᠠ ᠪᠦᠬᠦᠢ ᠠᠵᠢᠯᠯᠠᠭ᠎ᠠ ᠶᠢ ᠶᠠᠪᠤᠭᠳᠠᠭᠤᠯᠬᠤ ᠪᠣᠯᠣᠨ᠎ᠠ᠃ ᠡᠭᠦᠨ ᠤ ᠬᠠᠮᠲᠤ᠂ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤᠨ ᠳᠤ 2023 ᠮᠣᠲ᠋ᠣᠷ ᠲᠡᠷᠭᠡᠨ ᠤ ᠪᠠᠭᠠᠲᠤᠷᠴᠤᠳ ᠤᠨ ᠴᠤᠭᠯᠠᠭᠠᠨ ᠵᠢᠴᠢ ᠳᠠᠭᠤᠤ ᠬᠥᠭᠵᠢᠮ ᠤᠨ ᠠᠮᠲᠠᠲᠤ ᠢᠳᠡᠭᠡᠨ ᠤ ᠨᠠᠶᠢᠷ᠂ 17 ᠳ᠋ᠤᠭᠠᠷ ᠬᠤᠭᠤᠴᠠᠭᠠᠨ ᠤ ᠬᠡᠭᠡᠷᠡᠯᠡᠨ ᠠᠶᠠᠯᠠᠬᠤ e ᠠᠩᠭᠢ ᠶᠢᠨ ᠪᠠᠭᠠᠲᠤᠷᠴᠤᠳ ᠤᠨ ᠴᠤᠭᠯᠠᠭᠠᠨ᠂ ᠠᠷᠪᠠᠨ ᠨᠢᠭᠡᠳᠦᠭᠡᠷ ᠬᠤᠭᠤᠴᠠᠭᠠᠨ ᠤ ᠠᠽᠢᠶ᠎ᠠ ᠲᠢᠪ ᠨᠣᠮᠣᠬᠠᠨ ᠲᠡᠯᠡᠢ ᠶᠢᠨ ᠣᠷᠣᠨ ᠤ ᠬᠤᠳᠠᠯᠳᠤᠭᠠᠨ ᠤ ᠳᠡᠭᠡᠳᠦ ᠰᠤᠷᠭᠠᠭᠤᠯᠢ ᠶᠢᠨ ᠡᠯᠡᠰᠦᠨ ᠴᠦᠯ ᠢ ᠶᠠᠪᠠᠭᠠᠨ ᠢᠶᠠᠷ ᠲᠤᠭᠤᠯᠬᠤ ᠤᠷᠤᠯᠳᠤᠭᠠᠨ᠂ ᠡᠵᠡᠨ᠎ᠡ ᠬᠤᠰᠢᠭᠤᠨ ᠤ ︽ᠬᠠᠨ ᠲᠡᠭᠷᠢ ᠶᠢᠨ ᠳᠠᠯᠠᠯᠭ᠎ᠠ ᠮᠢᠩᠭᠠᠨ ᠪᠣᠲᠣᠭᠤ ᠶᠢᠨ ᠬᠡᠰᠢᠭ︾ ᠲᠡᠮᠡᠭᠡᠨ ᠰᠣᠶᠣᠯ ᠤᠨ ᠨᠠᠶᠢᠷ᠂ ᠡᠵᠡᠨ᠎ᠡ ᠬᠤᠰᠢᠭᠤᠨ ᠤ ᠬᠢᠯᠢ ᠠᠯᠤᠰᠯᠠᠭᠰᠠᠨ ᠵᠤᠭᠠᠴᠠᠯ ᠤᠨ ᠰᠢᠷᠢᠰ ᠠᠵᠢᠯᠯᠠᠭ᠎ᠠ ᠶᠢ ᠶᠠᠪᠤᠭᠳᠠᠭᠤᠯᠵᠤ᠂ ᠵᠤᠭᠠᠴᠠᠭᠰᠠᠳ ᠲᠤ ︽ᠬᠠᠨ ᠲᠡᠭᠷᠢ ᠠᠯᠠᠱᠠ︾ ᠎ ᠶᠢᠨ ᠥᠪᠡᠷᠮᠢᠴᠡ ᠰᠣᠶᠣᠯ ᠤᠨ ᠷᠢᠳᠢ ᠰᠢᠳᠢ ᠶᠢ ᠭᠠᠶᠢᠬᠠᠭᠤᠯᠬᠤ ᠪᠣᠯᠣᠨ᠎ᠠ᠃       ︽ᠣᠳᠣᠬᠠᠨ ᠳᠤ ᠠᠵᠢᠯᠯᠠᠭ᠎ᠠ ᠶᠢᠨ ᠪᠡᠯᠡᠳᠬᠡᠯ ᠠᠵᠢᠯ ᠢᠯᠭᠤᠮ ᠤᠷᠤᠭᠰᠢᠲᠠᠢ ᠶᠠᠪᠤᠭᠳᠠᠵᠤ ᠪᠠᠶᠢᠨ᠎ᠠ᠂ ᠳᠠᠭᠤᠤ ᠬᠥᠭᠵᠢᠮ ᠤᠨ ᠨᠠᠶᠢᠷ᠂ ᠰᠠᠭᠠᠳ ᠳᠠᠪᠠᠭ᠋ᠤ ᠤᠷᠤᠯᠳᠤᠭᠠᠨ ᠤ ᠵᠠᠮ᠂ ᠨᠡᠷᠡᠲᠦ ᠲᠡᠮᠳᠡᠭᠲᠦ ᠶᠢᠨ ᠦᠵᠡᠭᠦᠯᠭᠡ ᠶᠢᠨ ᠲᠣᠭᠤᠷᠢᠭ᠂ ᠬᠡᠦᠬᠡᠳ ᠤᠨ ᠤᠷᠤᠯᠳᠤᠭᠠᠨ ᠤ ᠵᠠᠮ ᠢ ᠴᠠᠭ ᠨᠡᠮᠡᠵᠦ ᠠᠵᠢᠯᠯᠠᠨ ᠪᠦᠲᠦᠭᠡᠨ ᠪᠠᠶᠢᠭᠤᠯᠵᠤ ᠪᠤᠢ᠂ ᠪᠦᠬᠦᠶᠢᠯᠡ ᠲᠠᠯᠠᠪᠤᠷ ᠤᠨ ᠲᠣᠨᠤᠭ ᠲᠥᠬᠦᠭᠡᠷᠦᠮᠵᠢ ᠶᠢ ᠪᠠᠶᠢᠷᠢᠯᠠᠭᠤᠯᠬᠤ ᠠᠵᠢᠯ ᠢ 25 ᠎ ᠤ ᠡᠳᠦᠷ ᠠᠴᠠ ᠡᠬᠢᠯᠡᠭᠦᠯᠬᠦ ᠪᠠᠷ ᠪᠠᠶᠢᠨ᠎ᠠ᠃ ᠲᠣᠰ ᠬᠤᠭᠤᠴᠠᠭᠠᠨ ᠤ ᠮᠣᠲ᠋ᠣᠷ ᠲᠡᠷᠭᠡᠨ ᠤ ᠪᠠᠭᠠᠲᠤᠷᠴᠤᠳ ᠤᠨ ᠴᠤᠭᠯᠠᠭᠠᠨ ᠤ ᠠᠵᠢᠯᠯᠠᠭ᠎ᠠ ᠳᠤ Stunt GP ᠎ ᠶᠢᠨ ᠳᠡᠯᠡᠬᠡᠢ ᠶᠢᠨ ᠮᠣᠲ᠋ᠣᠷ ᠲᠡᠷᠭᠡᠨ ᠤ ᠲᠣᠮᠣ ᠱᠠᠩᠨᠠᠯᠲᠤ ᠤᠷᠤᠯᠳᠤᠭᠠᠨ ︵ᠳᠤᠮᠳᠠᠳᠤ ᠤᠯᠤᠰ ᠤᠨ ᠬᠡᠪᠴᠢᠶᠡᠨ ᠳᠠᠬᠢ ᠥᠷᠢᠰᠦᠯᠳᠦᠭᠡᠨ︶᠂ ᠬᠤᠲᠠ ᠭᠠᠵᠠᠷ ᠢᠶᠠᠷ ᠠᠶᠠᠯᠠᠳᠠᠭ ᠬᠡᠭᠡᠷᠡᠯᠡᠨ ᠠᠶᠠᠯᠠᠬᠤ ᠮᠠᠰᠢᠨ ᠲᠡᠷᠭᠡ ᠪᠠᠷ ᠰᠠᠭᠠᠳ ᠳᠠᠪᠠᠭ᠋ᠤ ᠥᠷᠢᠰᠦᠯᠳᠦᠭᠡᠨ ᠵᠡᠷᠭᠡ 4 ᠳᠦᠷᠦᠯ ᠤᠨ ᠲᠤᠰᠬᠠᠢ ᠮᠡᠷᠭᠡᠵᠢᠯ ᠤᠨ ᠤᠷᠤᠯᠳᠤᠭᠠᠨ ᠢ ᠲᠣᠬᠢᠷᠠᠭᠤᠯᠪᠠ᠃ ᠡᠭᠦᠨ ᠠᠴᠠ ᠭᠠᠳᠠᠨ᠎ᠠ᠂ ᠳᠠᠮᠵᠢᠭᠤᠷᠭ᠎ᠠ ᠮᠣᠳᠣᠨ ᠬᠥᠭᠦᠷᠭᠡ ᠶᠢᠨ ᠰᠣᠨᠢᠷᠬᠠᠯᠳᠤ ᠥᠷᠢᠰᠦᠯᠳᠦᠭᠡᠨ᠂ ᠡᠯᠡᠰᠦᠨ ᠴᠥᠯ ᠳᠤ ᠵᠢᠳᠬᠦᠭᠦᠷ ᠲᠡᠷᠭᠡ ᠲᠦᠯᠬᠢᠬᠦ ᠰᠣᠨᠢᠷᠬᠠᠯᠳᠤ ᠥᠷᠢᠰᠦᠯᠳᠦᠭᠡᠨ ᠵᠡᠷᠭᠡ 4 ᠳᠦᠷᠦᠯ ᠤᠨ ᠡᠯᠡᠰᠦᠨ ᠴᠥᠯ ᠤᠨ ᠭᠤᠣᠯ ᠰᠡᠳᠦᠪᠲᠦ ᠰᠣᠨᠢᠷᠬᠠᠯᠳᠤ ᠤᠷᠤᠯᠳᠤᠭᠠᠨ ᠢ ᠲᠣᠬᠢᠷᠠᠭᠤᠯᠬᠤ ᠶᠢᠨ ᠬᠠᠮᠲᠤ ᠡᠯᠡᠰᠦᠨ ᠴᠥᠯ ᠤᠨ ᠮᠣᠲ᠋ᠣᠷ ᠲᠡᠷᠭᠡᠨ ᠤ ᠳᠠᠭᠤᠤ ᠬᠥᠭᠵᠢᠮ ᠤᠨ ᠨᠠᠶᠢᠷ᠂ ᠠᠮᠲᠠᠲᠤ ᠢᠳᠡᠭᠡᠨ ᠤ ᠨᠠᠶᠢᠷ᠂ ᠲᠦᠮᠡᠨ ᠬᠥᠮᠥᠨ ᠤ ᠮᠣᠲ᠋ᠣᠷ ᠲᠡᠷᠭᠡ ᠪᠠᠷ ᠲᠣᠭᠤᠷᠢᠨ ᠵᠤᠭᠠᠴᠠᠬᠤ ᠨᠠᠶᠢᠷ᠂ ᠬᠤᠸᠠᠷᠲᠤ ᠫᠤᠤᠵᠢᠩ ᠤᠨ ᠦᠵᠡᠭᠦᠯᠭᠡ᠂ ᠺᠦᠩ ᠮᠢᠩ ᠳ᠋ᠧᠩᠯᠦ ᠠᠰᠠᠭᠠᠵᠤ ᠨᠢᠰᠬᠡᠬᠦ᠂ ᠡᠭᠴᠡ ᠨᠢᠰᠬᠡᠯ ᠳᠤ ᠰᠠᠭᠤᠵᠤ ᠲᠣᠭᠤᠷᠢᠬᠤ᠂ ᠬᠠᠯᠢᠯ ᠰᠢᠬᠦᠷ ᠢᠶᠠᠷ ᠲᠣᠭᠤᠷᠢᠨ ᠵᠤᠭᠠᠴᠠᠬᠤ ᠵᠡᠷᠭᠡ 18 ᠳᠦᠷᠦᠯ ᠤᠨ ᠵᠤᠭ᠎ᠠ ᠴᠡᠩᠭᠡᠬᠦᠨ ᠤ ᠠᠵᠢᠯᠯᠠᠭ᠎ᠠ ᠶᠢ ᠥᠷᠨᠢᠭᠦᠯᠵᠦ᠂ ᠵᠤᠭᠠᠴᠠᠭᠰᠠᠳ ᠲᠤ ᠶᠡᠷᠦ ᠪᠤᠰᠤ ᠶᠢᠨ ᠰᠢᠨ᠎ᠡ ᠲᠥᠷᠥᠭᠳᠡᠯ ᠢ ᠬᠦᠷᠲᠡᠭᠡᠬᠦ ᠪᠠᠷ ᠴᠢᠷᠮᠠᠶᠢᠨ ᠠᠵᠢᠯᠯᠠᠵᠤ ᠪᠠᠶᠢᠨ᠎ᠠ︾ ᠭᠡᠵᠦ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠪᠡᠯᠡ ᠣᠷᠤᠭᠤᠯᠤᠯᠲᠠ ᠶᠢᠨ ᠺᠣᠮᠫᠠᠨᠢ ᠶᠢᠨ ᠨᠡᠭᠡᠭᠡᠨ ᠬᠥᠭᠵᠢᠭᠦᠯᠬᠦ ᠡᠵᠡᠩᠨᠡᠯᠲᠡ ᠶᠢᠨ ᠬᠡᠯᠲᠡᠰ ᠤᠨ ᠬᠠᠷᠢᠭᠤᠴᠠᠯᠭᠠᠲᠠᠨ ᠵᠣᠣ ᠴᠧᠩ ᠨᠠᠨ ᠲᠠᠨᠢᠯᠴᠠᠭᠤᠯᠵᠠᠢ᠃            ᠁
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号