ᠠᠯᠠᠱᠠ ᠠᠶᠢᠮᠠᠭ ᠵᠥᠪᠰᠢᠶᠡᠷᠡᠭᠡᠳ ᠬᠠᠩᠭᠠᠭᠰᠠᠨ ᠦᠭᠡᠢ ᠰᠤᠯᠠ ᠪᠠᠶᠢᠬᠤ ᠭᠠᠵᠠᠷ ᠰᠢᠷᠣᠢ ᠶᠢ ᠰᠢᠢᠳᠪᠦᠷᠢᠯᠡᠬᠦ ᠠᠵᠢᠯ  ᠤᠨ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/12/30
      ᠣᠶᠢᠷ᠎ᠠ ᠳᠤ ᠰᠤᠷᠪᠤᠯᠵᠢᠯᠠᠬᠴᠢ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠣᠶᠢᠯᠠᠭᠠᠭᠰᠠᠨ  ᠢᠶᠠᠷ᠂ ᠠᠯᠠᠱᠠ ᠠᠶᠢᠮᠠᠭ ᠨᠢᠭᠡᠳᠦᠭᠡᠷ ᠤᠯᠠᠷᠢᠯ ᠳᠤ ᠵᠥᠪᠰᠢᠶᠡᠷᠡᠭᠡᠳ ᠬᠠᠩᠭᠠᠭᠰᠠᠨ ᠦᠭᠡᠢ ᠭᠠᠵᠠᠷ ᠰᠢᠷᠣᠢ ᠶᠢ ᠰᠢᠢᠳᠪᠦᠷᠢᠯᠡᠬᠦ ᠡᠭᠦᠷᠭᠡ ᠪᠠ ᠰᠤᠯᠠ ᠪᠠᠶᠢᠬᠤ ᠭᠠᠵᠠᠷ ᠰᠢᠷᠣᠢ ᠶᠢ ᠰᠢᠩᠭᠡᠭᠡᠵᠦ ᠰᠢᠢᠳᠪᠦᠷᠢᠯᠡᠬᠦ ᠬᠠᠷᠠᠯᠲᠠᠲᠤ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠵᠡᠢ᠃       ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠲᠤᠰᠬᠠᠢ ᠠᠵᠢᠯᠯᠠᠭ᠎ᠠ  ᠶᠢ ᠥᠷᠨᠢᠭᠦᠯᠦᠭᠰᠡᠨ ᠠᠴᠠ ᠨᠠᠭᠠᠰᠢ᠂ ᠠᠯᠠᠱᠠ ᠠᠶᠢᠮᠠᠭ ᠤᠨ ᠡᠯ᠎ᠡ ᠬᠤᠰᠢᠭᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ︽ᠰᠤᠯᠠ ᠪᠠᠶᠢᠭ᠎ᠠ ᠭᠠᠵᠠᠷ ᠰᠢᠷᠣᠢ᠂ ᠵᠥᠪᠰᠢᠶᠡᠷᠡᠭᠰᠡᠨ ᠪᠣᠯᠪᠠᠴᠤ ᠦᠯᠦ ᠬᠠᠩᠭᠠᠭᠰᠠᠨ ᠭᠠᠵᠠᠷ ᠰᠢᠷᠣᠢ ᠶᠢ ᠵᠢᠭᠰᠠᠭᠠᠨ ᠪᠠᠶᠢᠴᠠᠭᠠᠵᠤ ᠨᠤᠲᠠᠯᠠᠭᠰᠠᠨ ᠦᠷ᠎ᠡ ᠳ᠋ᠦᠩ ᠢ ᠮᠡᠳᠡᠭᠦᠯᠦᠨ ᠬᠦᠷᠭᠡᠬᠦ ᠲᠤᠬᠠᠢ ᠮᠡᠳᠡᠭᠳᠡᠯ︾ ᠎ ᠢ ᠦᠨᠳᠦᠰᠦᠯᠡᠨ᠂ ᠭᠤᠷᠪᠠᠳᠤᠭᠠᠷ ᠤᠳᠠᠭᠠᠨ ᠤ ᠭᠠᠵᠠᠷ ᠰᠢᠷᠣᠢ ᠶᠢᠨ ᠪᠠᠶᠢᠴᠠᠭᠠᠯᠲᠠ᠂ ᠭᠠᠵᠠᠷ ᠰᠢᠷᠣᠢ ᠶᠢᠨ ᠬᠠᠷᠢᠶ᠎ᠠ ᠶᠢᠨ ᠪᠠᠶᠢᠴᠠᠭᠠᠯᠲᠠ᠂ ᠨᠡᠭᠡᠭᠡᠯᠲᠡ ᠶᠢᠨ ᠣᠷᠣᠨ ᠤ ᠡᠷᠴᠢᠮᠵᠢᠭᠦᠯᠦᠭᠰᠡᠨ ᠠᠰᠢᠭᠯᠠᠯᠲᠠ ᠶᠢᠨ ᠦᠨᠡᠯᠡᠯᠲᠡ ᠵᠡᠷᠭᠡ ᠲᠤᠭ᠎ᠠ ᠪᠠᠷᠢᠮᠲᠠ ᠵᠢᠴᠢ ᠭᠠᠵᠠᠷ ᠰᠢᠷᠣᠢ ᠶᠢᠨ ᠮᠡᠳᠡᠭᠦᠯᠦᠯᠲᠡ ᠶᠢᠨ ᠮᠠᠲ᠋ᠧᠷᠢᠶᠠᠯ᠂ ᠬᠠᠩᠭᠠᠯᠭ᠎ᠠ ᠵᠡᠷᠭᠡ ᠮᠡᠳᠡᠭᠡ ᠵᠠᠩᠭᠢ ᠲᠠᠢ ᠤᠶᠠᠯᠳᠤᠭᠤᠯᠤᠨ᠂ ᠳᠦᠷᠦᠯ ᠵᠦᠢᠯ ᠤᠨ ᠡᠬᠡ ᠲᠠᠩᠰᠠ ᠶᠢ ᠪᠦᠯᠦᠭ ᠬᠤᠪᠢᠶᠠᠨ ᠡᠮᠬᠢᠯᠡᠨ ᠳᠢᠭᠯᠡᠵᠦ᠂ ᠠᠰᠠᠭᠤᠳᠠᠯ ᠤᠨ ᠪᠠᠶᠢᠳᠠᠯ ᠢ ᠪᠦᠯᠦᠭ ᠳᠠᠷᠠᠭᠠᠯᠠᠨ ᠬᠢᠨᠠᠨ ᠬᠠᠷᠭᠤᠭᠤᠯᠵᠤ᠂ ︽ᠨᠢᠭᠡ ᠭᠠᠵᠠᠷ ᠣᠷᠣᠨ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠵᠠᠷᠴᠢᠮ ᠶᠣᠰᠣᠭᠠᠷ᠂ ᠰᠢᠩᠭᠡᠭᠡᠵᠦ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠪᠡᠶᠡᠯᠡᠭᠦᠯᠬᠦ ᠴᠠᠭ ᠤᠨ ᠬᠢᠵᠠᠭᠠᠷ ᠢ ᠬᠢᠨᠠᠮᠠᠭᠠᠢ ᠵᠠᠳᠠᠯᠤᠨ ᠰᠤᠳᠤᠯᠵᠤ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ ᠰᠤᠯᠠ ᠪᠠᠶᠢᠬᠤ ᠭᠠᠵᠠᠷ ᠰᠢᠷᠣᠢ ᠶᠢ ᠰᠢᠩᠭᠡᠭᠡᠵᠦ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ ᠂ ᠦᠯᠡᠳᠡᠭᠡᠯ ᠭᠠᠵᠠᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠢ ᠴᠢᠯᠦᠭᠡᠲᠡᠢ ᠪᠣᠯᠭᠠᠵᠤ᠂ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠠᠷᠭ᠎ᠠ ᠬᠡᠮᠵᠢᠶ᠎ᠡ ᠶᠢ ᠠᠪᠤᠭᠰᠠᠨ ᠪᠠᠶᠢᠨ᠎ᠠ᠃       ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠠᠴᠠ 2023 ᠣᠨ ᠳᠤ ᠠᠯᠠᠱᠠ ᠠᠶᠢᠮᠠᠭ ᠲᠤ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ ᠭᠠᠵᠠᠷ ᠰᠢᠷᠣᠢ ᠶᠢ ᠰᠢᠢᠳᠪᠦᠷᠢᠯᠡᠬᠦ ᠡᠭᠦᠷᠭᠡ  ᠶᠢ 267 ᠾᠧᠺᠲ᠋ᠠᠷ ᠪᠠᠭᠤᠯᠭᠠᠵᠤ᠂ ᠰᠤᠯᠠ ᠲᠠᠯᠪᠢᠬᠰᠠᠨ ᠭᠠᠵᠠᠷ ᠰᠢᠷᠣᠢ ᠶᠢ ᠰᠢᠢᠳᠪᠦᠷᠢᠯᠡᠬᠦ ᠡᠭᠦᠷᠭᠡ  ᠶᠢ 733.3333 ᠾᠧᠺᠲ᠋ᠠᠷ ᠪᠠᠭᠤᠯᠭᠠᠭᠰᠠᠨ ᠪᠠᠶᠢᠨ᠎ᠠ᠃ ᠨᠢᠭᠡᠳᠦᠭᠡᠷ ᠤᠯᠠᠷᠢᠯ ᠤᠨ ᠡᠴᠦᠰ ᠪᠣᠯᠬᠤ ᠳᠤ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ ᠭᠠᠵᠠᠷ ᠰᠢᠷᠣᠢ ᠶᠢ ᠨᠢᠭᠡᠨᠲᠡ 71.5859 ᠾᠧᠺᠲ᠋ᠠᠷ ᠰᠢᠢᠳᠪᠦᠷᠢᠯᠡᠵᠦ᠂ ᠰᠢᠢᠳᠪᠦᠷᠢᠯᠡᠭᠰᠡᠨ ᠨᠣᠷᠮ᠎ᠠ ᠨᠢ 26.81% ᠎ ᠳᠤ ᠬᠦᠷᠴᠦ᠂ ᠨᠢᠭᠡᠳᠦᠭᠡᠷ ᠤᠯᠠᠷᠢᠯ ᠤᠨ ᠰᠢᠩᠭᠡᠭᠡᠵᠦ ᠰᠢᠢᠳᠪᠦᠷᠢᠯᠡᠬᠦ ᠡᠭᠦᠷᠭᠡ ᠪᠠᠨ ᠪᠡᠶᠡᠯᠡᠭᠦᠯᠪᠡ᠃ ᠰᠤᠯᠠ ᠳᠠᠯᠪᠢᠬᠰᠠᠨ ᠭᠠᠵᠠᠷ ᠰᠢᠷᠣᠢ ᠶᠢ ᠨᠢᠭᠡᠨᠲᠡ 736.1771 ᠾᠧᠺᠲ᠋ᠠᠷ  ᠢ ᠰᠢᠩᠭᠡᠭᠡᠵᠦ ᠰᠢᠢᠳᠪᠦᠷᠢᠯᠡᠭᠡᠳ᠂ ᠰᠢᠢᠳᠪᠦᠷᠢᠯᠡᠭᠰᠡᠨ ᠨᠣᠷᠮ᠎ᠠ ᠨᠢ 100% ᠎ ᠳᠤ ᠬᠦᠷᠴᠦ᠂ ᠣᠨ ᠤ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠦᠭᠰᠡᠨ ᠪᠠᠶᠢᠨ᠎ᠠ᠃                           ︵ᠨᠠᠮᠢᠷᠠ︶
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号