ᠤᠰᠤᠨ ᠠᠰᠢᠭᠯᠠᠯᠲᠠ ᠶᠢᠨ ᠶᠠᠮᠤᠨ᠄ 9.7 ᠲᠦᠮᠡ ᠭᠠᠷᠤᠢ ᠤᠰᠤᠨ ᠴᠥᠬᠦᠷᠦᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠨ᠎ᠠ
ᠨᠡᠶᠢᠲᠡᠯᠡᠭᠰᠡᠨ ᠴᠠᠭ᠄
2023/12/30
                ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 17᠎ ᠤ ᠴᠠᠬᠢᠯᠭᠠᠨ ᠮᠡᠳᠡᠭᠡ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠶᠡᠷᠦᠩᠬᠡᠢ ᠵᠢᠯᠤᠭᠤᠳᠬᠤ ᠭᠠᠵᠠᠷ ᠤᠨ ᠳᠡᠳ᠋ ᠶᠡᠷᠦᠩᠬᠡᠢ ᠵᠢᠯᠣᠭᠤᠳᠤᠭᠴᠢ᠂ ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠯᠢ ᠭᠥᠸᠧ ᠶᠢᠩ 17 ᠎ ᠤ ᠡᠳᠦᠷ᠂ ᠡᠯ᠎ᠡ ᠭᠠᠵᠠᠷ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠭᠦ᠂ ᠪᠡᠯᠡᠳᠬᠡᠯ ᠰᠣᠷᠢᠯᠲᠠ ᠬᠢᠬᠦ᠂ ᠪᠡᠯᠡᠳᠬᠡᠯ ᠲᠥᠰᠥᠯ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠤᠰᠤᠨ ᠴᠥᠬᠦᠷᠦᠮ ᠤᠨ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠠᠷᠢᠯᠭᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠬᠦ᠂ ᠡᠳᠦᠷ ᠲᠤᠲᠤᠮ ᠤᠨ ᠬᠠᠮᠠᠭᠠᠯᠠᠯᠲᠠ ᠬᠢᠬᠦ᠂ ᠠᠮᠤᠷ ᠲᠦᠪᠰᠢᠨ ᠢ ᠪᠠᠲᠤᠯᠠᠬᠤ ᠡᠯ᠎ᠡ ᠭᠤᠭᠴᠤᠭ᠎ᠠ ᠶᠢᠨ ᠠᠵᠢᠯ ᠢᠶᠠᠨ ᠴᠢᠩᠭᠠᠳᠬᠠᠵᠤ᠂ ᠤᠰᠤᠨ ᠴᠥᠬᠦᠷᠦᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠬᠤ ᠭᠡᠷᠡᠭᠲᠡᠶ ᠭᠡᠵᠦ ᠴᠢᠬᠤᠯᠠᠴᠢᠯᠠᠪᠠ᠃       ᠤᠰᠤᠨ ᠠᠰᠢᠭᠯᠠᠯᠲᠠ ᠶᠢᠨ ᠶᠠᠮᠤᠨ ᠲᠤᠬᠠᠢ ᠶᠢᠨ ᠡᠳᠦᠷ ᠤᠰᠤᠨ ᠴᠥᠬᠦᠷᠦᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠸᠢᠳᠢᠤ᠋ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠤᠰᠤᠨ ᠴᠥᠬᠦᠷᠦᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠯᠢ ᠭᠥᠸᠧ ᠶᠢᠩ᠂ ᠤᠰᠤᠨ ᠴᠥᠬᠦᠷᠦᠮ ᠤᠨ ᠬᠠᠰᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠭᠡᠷᠡᠭᠲᠡᠢ; ᠴᠠᠭ ᠠᠭᠤᠷ ᠤᠨ ᠳᠠᠭᠠᠭᠤᠯᠢ ᠣᠲᠣ ᠪᠠ ᠪᠣᠷᠣᠭᠠᠨ ᠬᠡᠮᠵᠢᠬᠦ ᠷᠠᠳᠠᠷ᠂ ᠪᠣᠷᠣᠭᠠᠨ ᠢ ᠬᠡᠮᠵᠢᠬᠦ ᠥᠷᠲᠡᠭᠡ᠂ ᠤᠰᠤᠨ ᠰᠢᠨᠵᠢᠯᠡᠭᠡᠨ ᠤ ᠥᠷᠲᠡᠭᠡ ᠪᠠᠷ ᠪᠦᠷᠢᠯᠳᠦᠭᠰᠡᠨ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠢ ᠬᠢᠨᠠᠨ ᠬᠡᠮᠵᠢᠬᠦ ᠰᠡᠷᠭᠡᠶᠢᠯᠡᠯᠲᠡ ᠶᠢᠨ ᠱᠤᠭᠤᠮ ᠢ ᠲᠦᠷᠭᠡᠳᠬᠡᠨ ᠪᠠᠶᠢᠭᠤᠯᠵᠤ᠂ ᠲᠣᠭᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠶᠢ ᠲᠣᠭᠠᠴᠢᠯᠠᠬᠤ ᠂ ᠰᠦᠯᠵᠢᠶᠡᠵᠢᠭᠦᠯᠬᠦ᠂ ᠣᠶᠤᠨᠴᠢᠯᠠᠬᠤ ᠲᠦᠪᠰᠢᠨ ᠢ ᠳᠡᠭᠡᠭᠰᠢᠯᠡᠭᠦᠯᠭᠦ ᠭᠡᠷᠡᠭᠲᠡᠢ ᠭᠡᠵᠦ ᠴᠢᠬᠤᠯᠠᠴᠢᠯᠠᠪᠠ᠃       ᠡᠭᠦᠨ ᠤ ᠬᠠᠮᠲᠤ᠂ ᠤᠰᠤᠨ ᠴᠥᠬᠦᠷᠦᠮ ᠤᠨ ᠠᠶᠤᠯ ᠲᠦᠭᠰᠢᠭᠦᠷᠢ ᠶᠢ ᠠᠷᠢᠯᠭᠠᠨ ᠪᠠᠬᠢᠯᠡᠬᠦ ᠠᠵᠢᠯ ᠢ ᠶᠡᠭᠡ ᠎ ᠪᠠᠷ ᠬᠡᠷᠡᠭᠵᠢᠭᠦᠯᠵᠦ᠂ ᠠᠶᠤᠯ ᠬᠡᠮ ᠲᠠᠢ ᠤᠰᠤᠨ ᠴᠥᠬᠦᠷᠦᠮ ᠢ ᠠᠰᠢᠭᠯᠠᠵᠤ ᠬᠡᠷᠡᠭᠯᠡᠬᠦ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠥᠬᠦᠷᠦᠮ ᠳᠠᠷᠠᠭᠠᠯᠠᠨ ᠨᠠᠶᠢᠳᠠᠪᠤᠷᠢᠵᠢᠭᠤᠯᠵᠤ᠂ ᠠᠶᠤᠯ ᠬᠡᠮ ᠲᠠᠢ ᠤᠰᠤᠨ ᠴᠥᠬᠦᠷᠦᠮ ᠢ ᠭᠤᠣᠯ ᠦᠶᠡᠷ ᠤᠨ ᠬᠤᠭᠤᠴᠠᠭᠠᠨ ᠳᠤ ᠵᠠᠷᠴᠢᠮ ᠳᠡᠭᠡᠷ᠎ᠡ ᠪᠠᠨ ᠴᠥᠮ ᠬᠤᠭᠤᠰᠤᠨ ᠢᠶᠠᠷ ᠨᠢ ᠠᠵᠢᠯᠯᠠᠭᠤᠯᠬᠤ ᠭᠡᠷᠡᠭᠲᠡᠶ ᠭᠡᠵᠦ ᠴᠢᠬᠤᠯᠠᠴᠢᠯᠠᠪᠠ᠃       ︽ᠭᠤᠣᠯᠳᠠᠯᠭ᠎ᠠ ᠲᠠᠢ ᠭᠤᠭᠴᠤᠭ᠎ᠠ ᠬᠡᠰᠡᠭ ᠲᠠᠬᠢ ᠦᠶᠡᠷᠯᠡᠬᠦ ᠠᠴᠠ ᠡᠮᠦᠨᠡᠬᠢ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ᠂ ᠤᠰᠤ ᠬᠤᠷᠢᠭᠯᠠᠬᠤ ᠰᠠᠭᠠᠳ ᠡᠳ᠋ ᠢ ᠴᠠᠭ ᠲᠤᠬᠠᠢ ᠳᠤᠨᠢ ᠠᠷᠢᠯᠭᠠᠵᠤ᠂ ᠴᠠᠭᠠᠨ ᠰᠢᠷᠭᠤᠯᠵᠢ᠂ ᠮᠠᠩᠭᠢᠰᠤ᠂ ᠦᠨᠡᠭᠡ᠂ ᠬᠤᠯᠤᠭᠠᠨ᠎ᠠ ᠵᠡᠷᠭᠡ ᠬᠠᠰᠢᠯᠭ᠎ᠠ ᠶᠢ ᠡᠪᠳᠡᠬᠦ ᠠᠮᠢᠳᠠᠨ ᠤ ᠬᠡᠮ ᠰᠣᠭᠤᠭ ᠤᠨ ᠪᠠᠴᠢᠮ ᠪᠠᠶᠢᠳᠠᠯ ᠢ ᠠᠷᠭᠠᠴᠠᠭᠠᠨ ᠴᠡᠭᠴᠡᠯᠡᠨ ᠵᠠᠰᠠᠬᠤ ᠠᠵᠢᠯ ᠢ ᠦᠳᠲᠡᠷ ᠲᠦᠷᠭᠡᠨ ᠵᠣᠬᠢᠶᠠᠨ ᠪᠠᠶᠢᠭᠤᠯᠵᠤ ᠥᠷᠨᠢᠭᠦᠯᠬᠦ ᠭᠡᠷᠡᠭᠲᠡᠶ︾ ᠭᠡᠵᠦ ᠯᠢ ᠭᠥᠸᠧ ᠶᠢᠩ ᠬᠡᠯᠡᠪᠡ᠃       ᠲᠡᠷᠡ ᠪᠠᠰᠠ᠂ ᠤᠰᠤᠨ ᠴᠥᠬᠦᠷᠦᠮ ᠢ ᠴᠠᠭᠳᠠᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠪᠠ ᠠᠶᠤᠯ ᠲᠦᠭᠰᠢᠭᠦᠷᠢ ᠶᠢᠨ ᠪᠠᠶᠢᠳᠠᠯ ᠢ ᠵᠠᠪᠳᠤᠨ ᠬᠠᠮᠠᠭᠠᠯᠠᠬᠤ ᠶᠢ ᠴᠢᠩᠭᠠᠳᠬᠠᠵᠤ᠂ ᠠᠶᠤᠯ ᠠᠴᠠ ᠠᠪᠤᠷᠠᠬᠤ ᠬᠦᠴᠦᠨ᠂ ᠡᠳ᠋ ᠪᠣᠳᠠᠰ ᠪᠠ ᠲᠥᠬᠦᠭᠡᠷᠦᠮᠵᠢ ᠶᠢ ᠤᠷᠢᠳᠴᠢᠯᠠᠨ ᠪᠠᠶᠢᠷᠢᠯᠠᠭᠤᠯᠵᠤ᠂ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠵᠤ᠂ ᠠᠶᠤᠯ ᠲᠦᠭᠰᠢᠭᠦᠷᠢ ᠶᠢᠨ ᠪᠠᠶᠢᠳᠠᠯ ᠢ ᠡᠷᠲᠡ ᠠᠴᠠ ᠵᠠᠪᠳᠤᠨ᠂ ᠪᠠᠭ᠎ᠠ ᠪᠠᠶᠢᠬᠤ ᠳᠤᠨᠢ ᠵᠠᠪᠳᠤᠨ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠬᠠᠰᠢᠯᠭ᠎ᠠ ᠨᠤᠷᠠᠬᠤ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ ᠭᠡᠷᠡᠭᠲᠡᠢ ᠭᠡᠵᠦ ᠱᠠᠭᠠᠷᠳᠠᠪᠠ᠃       ᠣᠳᠣᠬᠠᠨ ᠳᠤ᠂ ᠪᠥᠬᠦ ᠤᠯᠤᠰ ᠲᠤ ᠡᠯ᠎ᠡ ᠳᠦᠷᠦᠯ ᠤᠨ ᠤᠰᠤᠨ ᠴᠥᠬᠦᠷᠦᠮ 9.7 ᠲᠦᠮᠡ ᠭᠠᠷᠤᠢ ᠪᠤᠢ᠂ ᠡᠭᠦᠨ ᠳᠤ ᠪᠠᠭ᠎ᠠ ᠬᠡᠯᠪᠡᠷᠢ ᠶᠢᠨ ᠤᠰᠤᠨ ᠴᠥᠬᠦᠷᠦᠮ 9.2 ᠲᠦᠮᠡ ᠭᠠᠷᠤᠢ ᠪᠤᠢ᠃ ᠪᠠᠭ᠎ᠠ ᠬᠡᠯᠪᠡᠷᠢ ᠶᠢᠨ ᠤᠰᠤᠨ ᠴᠥᠬᠦᠷᠦᠮ ᠤᠨ ᠠᠶᠤᠯ ᠢ ᠠᠷᠢᠯᠭᠠᠨ ᠪᠠᠬᠢᠯᠡᠬᠦ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠤᠰᠤᠨ ᠠᠰᠢᠭᠯᠠᠯᠲᠠ ᠶᠢᠨ ᠶᠠᠮᠤᠨ ᠡᠳ᠋ ᠤᠨ ᠵᠠᠰᠠᠭ ᠤᠨ ᠶᠠᠮᠤᠨ ᠲᠠᠢ ᠵᠣᠬᠢᠴᠠᠭᠤᠯᠤᠨ 2023 ᠣᠨ ᠤ ᠲᠥᠪ ᠤᠨ ᠨᠥᠬᠦᠪᠦᠷᠢ ᠪᠡᠯᠡ ᠮᠥᠩᠭᠦ ᠶᠢ 30 ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠵᠤ᠂ 1890 ᠪᠠᠭ᠎ᠠ ᠬᠡᠯᠪᠡᠷᠢ ᠶᠢᠨ ᠤᠰᠤᠨ ᠴᠥᠬᠦᠷᠦᠮ ᠤᠨ ᠠᠶᠤᠯ ᠢ ᠠᠷᠢᠯᠭᠠᠨ ᠪᠠᠬᠢᠯᠡᠪᠡ᠃       ᠣᠶᠢᠯᠠᠭᠠᠭᠰᠠᠨ ᠢᠶᠠᠷ᠂ ᠤᠰᠤᠨ ᠠᠰᠢᠭᠯᠠᠯᠲᠠ ᠶᠢᠨ ᠶᠠᠮᠤᠨ ᠣᠶᠢᠷ᠎ᠠ ᠳᠤ ᠪᠥᠬᠦ ᠤᠯᠤᠰ ᠤᠨ 726 ᠲᠣᠮᠣ ᠬᠡᠯᠪᠡᠷᠢ ᠶᠢᠨ ᠤᠰᠤᠨ ᠴᠥᠬᠦᠷᠦᠮ ᠤᠨ ᠶᠡᠭᠡ ᠬᠠᠰᠢᠯᠭ᠎ᠠ ᠶᠢᠨ ᠠᠮᠤᠷ ᠲᠦᠪᠰᠢᠨ ᠤ ᠬᠠᠷᠢᠭᠤᠴᠠᠯᠭᠠᠲᠠᠨ ᠤ ᠨᠡᠷᠡᠰ ᠢ ᠨᠡᠶᠢᠲᠡᠯᠡᠪᠡ᠂ ᠡᠭᠦᠨ ᠳᠤ ᠵᠠᠰᠠᠭ ᠤᠨ ᠣᠷᠳᠣᠨ ᠤ ᠬᠠᠷᠢᠭᠤᠴᠠᠯᠭᠠᠲᠠᠨ᠂ ᠤᠰᠤᠨ ᠴᠥᠬᠦᠷᠦᠮ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ᠤᠰᠤᠨ ᠴᠥᠬᠦᠷᠦᠮ ᠤᠨ ᠬᠠᠮᠢᠶᠠᠷᠤᠯᠲᠠ ᠶᠢᠨ ᠨᠢᠭᠡᠴᠢ ᠶᠢᠨ ᠬᠠᠷᠢᠭᠤᠴᠠᠯᠭᠠᠲᠠᠨ ᠪᠠᠭᠲᠠᠨ᠎ᠠ᠃ ᠡᠭᠦᠨ ᠤ ᠬᠠᠮᠲᠤ᠂ ᠡᠯ᠎ᠡ ᠮᠤᠵᠢ ᠶᠢᠨ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠳᠤᠮᠳᠠ ᠪᠠᠭ᠎ᠠ ᠬᠡᠯᠪᠡᠷᠢ ᠶᠢᠨ ᠤᠰᠤᠨ ᠴᠥᠬᠦᠷᠦᠮ ᠤᠨ ᠬᠠᠰᠢᠯᠭ᠎ᠠ ᠶᠢᠨ ᠠᠶᠤᠯ ᠦᠭᠡᠢ ᠶᠢᠨ ᠬᠠᠷᠢᠭᠤᠴᠠᠯᠭ᠎ᠠ ᠡᠭᠦᠷᠭᠡᠯᠡᠭᠴᠢ ᠶᠢ ᠱᠠᠯᠠᠪᠳᠠᠨ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠨᠡᠶᠢᠭᠡᠮ ᠳᠤ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠭᠡᠷᠡᠭᠲᠡᠶ ᠭᠡᠵᠦ ᠱᠠᠭᠠᠷᠳᠠᠪᠠ᠃      
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号