ᠬᠤᠸᠠᠩ ᠶᠠ ᠯᠢ ᠯᠢ ᠵᠥᠩ ᠽᠧᠩ ᠳᠤᠮᠳᠠᠳᠤ ᠤᠯᠤᠰ ᠤᠨ ᠬᠤᠸᠠ ᠳ᠋ᠢᠶᠠᠨ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ ᠸᠠᠩ ᠰᠢᠦᠢ ᠰᠢᠶᠠᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2023/12/30
                              ᠱᠧᠨ ᠶᠠ ᠨᠠᠨ            5 ᠰᠠᠷ᠎ᠠ ᠶᠢᠨ 31 ᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ  ᠤ ᠱᠦᠵᠢ ᠬᠤᠸᠠᠩ ᠶᠠ ᠯᠢ᠂ ᠠᠶᠢᠮᠠᠭ ᠤᠨ ᠨᠠᠮ ᠤᠨ ᠬᠤᠷᠢᠶᠠᠨ  ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠳᠤᠮᠳᠠᠳᠤ ᠤᠯᠤᠰ ᠤᠨ ᠬᠤᠸᠠ ᠳ᠋ᠢᠶᠠᠨ ᠪᠦᠯᠦᠭᠯᠡᠯ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠸᠠᠩ ᠰᠢᠦᠢ ᠰᠢᠶᠠᠩ ᠨᠠᠷ ᠲᠠᠢ ᠠᠭᠤᠯᠵᠠᠪᠠ᠃       ᠬᠤᠸᠠᠩ ᠶᠠ ᠯᠢ ᠸᠠᠩ ᠰᠢᠦᠢ ᠰᠢᠶᠠᠩ ᠨᠠᠷ  ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ᠂ ᠠᠯᠠᠱᠠ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠎ ᠶᠢ ᠭᠦᠨᠵᠡᠭᠡᠢ ᠨᠠᠶᠢᠳᠠᠪᠤᠷᠢᠵᠢᠭᠤᠯᠤᠨ᠂ ᠤᠯᠤᠰ ᠤᠨ ᠴᠡᠪᠡᠷ ᠡᠨᠧᠷᠭᠢ ᠶᠢ ᠶᠡᠭᠡ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ  ᠢ ᠠᠮᠵᠢᠵᠤ᠂ ᠪᠥᠬᠦ ᠤᠯᠤᠰ ᠤᠨ ᠳ᠋ᠦᠩᠰᠢᠭᠤᠷ ᠺᠢᠯᠣᠸᠠᠲ ᠤᠨ ᠲᠡᠰ ᠤᠨ ᠰᠢᠨ᠎ᠡ ᠡᠨᠧᠷᠭᠢ ᠶᠢᠨ ᠲᠣᠮᠣ ᠰᠠᠭᠤᠷᠢᠨ  ᠢ ᠪᠥᠬᠦ ᠬᠦᠴᠦᠨ ᠢᠶᠠᠷ ᠴᠣᠭᠴᠠᠯᠠᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠬᠤᠸᠠ ᠳ᠋ᠢᠶᠠᠨ ᠪᠦᠯᠦᠭᠯᠡᠯ ᠤᠨ ᠲᠡᠭᠷᠢ ᠡᠯᠡᠰᠦᠨ  ᠤ ᠰᠢᠨ᠎ᠡ ᠡᠨᠧᠷᠭᠢ ᠶᠢᠨ ᠰᠠᠭᠤᠷᠢᠨ  ᠢ ᠪᠠᠶᠢᠭᠤᠯᠬᠤ ᠳᠦᠷᠦᠯ ᠵᠦᠢᠯ  ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠤᠢ᠃ ᠬᠤᠸᠠ ᠳ᠋ᠢᠶᠠᠨ ᠪᠦᠯᠦᠭᠯᠡᠯ ᠤᠨ ᠬᠢᠨ ᠳᠦᠷᠦᠯ ᠵᠦᠢᠯ ᠤᠨ ᠲᠥᠯᠦᠪᠵᠢᠭᠦᠯᠭᠡ ᠪᠣᠯᠣᠨ ᠡᠮᠦᠨᠡᠬᠢ ᠬᠤᠭᠤᠴᠠᠭᠠᠨ  ᠤ ᠠᠵᠢᠯ ᠢᠶᠠᠨ ᠲᠦᠷᠭᠡᠳᠬᠡᠨ᠂ ᠳᠦᠷᠦᠯ ᠵᠦᠢᠯ  ᠢ ᠲᠦᠷᠭᠡᠨ ᠨᠠᠶᠢᠳᠠᠪᠤᠷᠢᠵᠢᠭᠤᠯᠵᠤ᠂ ᠡᠷᠲᠡᠬᠡᠨ ᠦᠷ᠎ᠡ ᠠᠰᠢᠭ ᠣᠯᠬᠤ ᠶᠢ ᠠᠬᠢᠭᠤᠯᠤᠨ᠂ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠭᠦᠢᠴᠡᠳ ᠪᠣᠳᠣᠯᠬᠢᠯᠠᠵᠤ᠂ ᠰᠣᠶᠣᠯ ᠵᠢᠭᠤᠯᠴᠢᠯᠠᠯ ᠲᠠᠢ ᠭᠦᠨᠵᠡᠭᠡᠢ ᠠᠭᠤᠰᠤᠯᠴᠠᠭᠤᠯᠤᠨ᠂ ᠠᠯᠠᠱᠠ ᠠᠶᠢᠮᠠᠭ ᠤᠨ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠵᠤ᠂ ᠡᠨᠡ ᠬᠦ ᠳᠦᠷᠦᠯ ᠵᠦᠢᠯ  ᠢ ᠪᠥᠬᠦ ᠤᠯᠤᠰ ᠤᠨ ᠰᠢᠨ᠎ᠡ ᠡᠨᠧᠷᠭᠢ ᠶᠢᠨ ᠬᠦᠷᠢᠶ᠎ᠡ ᠴᠠᠷᠠᠭᠠᠨ  ᠤ ᠵᠢᠱᠢᠶ᠎ᠡ ᠳᠠᠭᠤᠷᠢᠶᠠᠯ ᠪᠣᠯᠭᠠᠬᠤ ᠶᠢ ᠬᠦᠰᠡᠵᠦ ᠪᠠᠶᠢᠨ᠎ᠠ᠃ ᠪᠢᠳᠡ ᠪᠥᠬᠦ ᠬᠦᠴᠦᠨ ᠢᠶᠠᠷ ᠳᠡᠮᠵᠢᠵᠦ᠂ ᠠᠵᠤ ᠠᠬᠤᠶᠢᠯᠠᠯ ᠤᠨ ᠳᠦᠷᠦᠯ ᠵᠦᠢᠯ ᠤᠨ ᠭᠠᠷᠳᠠᠮ  ᠢ ᠭᠦᠢᠴᠡᠳᠬᠡᠬᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠠᠵᠢᠯᠲᠠᠨ ᠠᠵᠢᠯᠴᠢᠨ ᠤᠷᠢᠬᠤ ᠵᠡᠷᠭᠡ ᠲᠠᠯ᠎ᠠ ᠪᠠᠷ ᠰᠢᠯᠢᠳᠡᠭ ᠦᠢᠯᠡᠴᠢᠯᠡᠭᠡ ᠬᠠᠩᠭᠠᠨ᠎ᠠ ᠭᠡᠪᠡ᠃       ᠸᠠᠩ ᠰᠢᠦᠢ ᠰᠢᠶᠠᠩ᠂ ᠠᠯᠠᠱᠠ ᠠᠶᠢᠮᠠᠭ ᠤᠨ ᠰᠢᠨ᠎ᠡ ᠡᠨᠧᠷᠭᠢ ᠶᠢᠨ ᠠᠵᠤ ᠦᠢᠯᠡᠰ  ᠢ ᠬᠥᠭᠵᠢᠭᠦᠯᠬᠦ ᠳᠠᠯᠳᠠ ᠬᠦᠴᠦᠨ ᠯᠤᠲᠤ ᠶᠡᠭᠡ ᠪᠣᠯᠬᠤᠷ᠂ ᠬᠤᠸᠠ ᠳ᠋ᠢᠶᠠᠨ ᠪᠦᠯᠦᠭᠯᠡᠯ ᠤᠨ ᠬᠢᠨ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠤᠨ᠂ ᠳᠦᠷᠦᠯ ᠵᠦᠢᠯ  ᠢ ᠲᠦᠷᠭᠡᠨ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠭᠡᠷᠡᠯ ᠴᠡᠨᠡᠭ ᠢᠶᠠᠷ ᠡᠯᠡᠰᠦ ᠶᠢ ᠵᠠᠰᠠᠬᠤ᠂ ᠠᠮᠢ ᠠᠬᠤᠢ ᠶᠢ ᠰᠡᠷᠭᠦᠭᠡᠬᠦ᠂ ᠴᠦᠯᠯᠡᠷᠭᠡᠭᠵᠢᠯ  ᠢ ᠵᠠᠰᠠᠬᠤ ᠵᠡᠷᠭᠡ ᠵᠠᠭᠪᠤᠷ  ᠢ ᠢᠳᠡᠪᠬᠢᠲᠡᠢ ᠰᠦᠪᠡᠭᠴᠢᠯᠡᠨ ᠦᠢᠯᠡᠳᠦᠯᠭᠡᠵᠢᠭᠦᠯᠵᠦ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠠ ᠠᠮᠢ ᠠᠬᠤᠢ ᠶᠢᠨ ᠦᠷ᠎ᠡ ᠠᠰᠢᠭ  ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠂ ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ᠂ ᠣᠷᠣᠨ ᠨᠤᠲᠤᠭ ᠤᠨ ᠬᠥᠭᠵᠢᠯᠲᠡ ᠳᠤ ᠬᠦᠴᠦᠨ ᠨᠡᠮᠡᠷᠢᠯᠡᠬᠦ ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃       ᠠᠶᠢᠮᠠᠭ ᠤᠨ ᠤᠳᠤᠷᠢᠳᠤᠯᠭ᠎ᠠ ᠯᠢᠦ ᡁᠢ ᠴᠢᠶᠠᠩ᠂ ᠸᠧᠢ ᡁᠢ ᠭᠥᠸᠧ᠂ ᠺᠦᠩ ᠳ᠋ᠧ ᠬᠦᠢ ᠠᠭᠤᠯᠵᠠᠯᠲᠠ ᠎ ᠳᠤ ᠣᠷᠣᠯᠴᠠᠪᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号