︽ᠮᠠᠰᠢᠨ ᠲᠡᠷᠭᠡ ᠪᠠᠷ ᠢᠶᠠᠨ ᠠᠯᠠᠱᠠ ᠪᠠᠷ ᠵᠤᠭᠠᠴᠠᠬᠤ ᠠᠶᠠᠯᠠᠯ︾ ᠡ᠊ᠨᠳᠡ ᠠᠴᠠ ᠡᠬᠢᠯᠡᠯ᠎ᠡ
ᠨᠡᠶᠢᠲᠡᠯᠡᠭᠰᠡᠨ ᠴᠠᠭ᠄
2023/12/30
              ᠯᠢ ᠵᠥᠩ ᠽᠧᠩ ᠠᠵᠢᠯᠯᠠᠭ᠎ᠠ ᠡᠬᠢᠯᠡᠭᠰᠡᠨ  ᠢ ᠵᠠᠷᠯᠠᠪᠠ             ᠪᠦᠦ ᠶᠦᠨ ᠹᠧᠩ ᠶᠠᠨ ᠴᠧᠨ ᠴᠧᠨ ᠶᠠᠩ ᠮᠢᠩ ᠴᠤᠤ︶ 5 ᠰᠠᠷ᠎ᠠ ᠶᠢᠨ 19᠎ ᠤ ᠦᠳᠡ ᠶᠢᠨ ᠡᠮᠦᠨ᠎ᠡ᠂ 2023 ᠣᠨ ᠤ ︽5 · 19 ᠎ ᠤ ᠳᠤᠮᠳᠠᠳᠤ ᠤᠯᠤᠰ ᠤᠨ ᠵᠤᠭᠠᠴᠠᠯ ᠤᠨ ᠡᠳᠦᠷ︾᠎ ᠤᠨ ᠠᠯᠠᠱᠠ ᠠᠶᠢᠮᠠᠭ ᠤᠨ ᠬᠤᠪᠢᠶᠠᠷᠢ ᠲᠠᠯᠠᠪᠠᠢ ᠶᠢᠨ ᠠᠵᠢᠯᠯᠠᠭ᠎ᠠ ᠵᠢᠴᠢ ᠮᠠᠰᠢᠨ ᠲᠡᠷᠭᠡ ᠪᠠᠷ ᠢᠶᠠᠨ ᠠᠯᠠᠱᠠ ᠪᠠᠷ ᠵᠤᠭᠠᠴᠠᠬᠤ ᠠᠵᠢᠯᠯᠠᠭ᠎ᠠ ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ ᠪᠠᠯᠭᠠᠰᠤᠨ ᠳᠤ ᠡᠬᠢᠯᠡᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠠᠵᠢᠯᠯᠠᠭ᠎ᠠ ᠡᠬᠢᠯᠡᠭᠰᠡᠨ ᠢ ᠵᠠᠷᠯᠠᠵᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠪᠦᠦ ᠴᠧᠩ ᠬᠤᠷᠠᠯ ᠳᠤ ᠣᠷᠣᠯᠴᠠᠬᠰᠠᠨ ᠪᠥᠭᠡᠳ ᠰᠠᠨᠠᠭᠠᠴᠢᠯᠠᠭ᠎ᠠ ᠶᠢᠨ ᠪᠢᠴᠢᠭ ᠢ ᠤᠩᠰᠢᠪᠠ᠃       ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠭᠤᠴᠣ ᠰᠠᠶᠢᠬᠠᠨ ᠳᠠᠭᠤᠤ ᠪᠥᠵᠢᠭ ᠵᠤᠭᠠᠴᠠᠭᠰᠠᠳ ᠤᠨ ᠬᠠᠷᠠᠭ᠎ᠠ ᠶᠢ ᠬᠤᠵᠢᠷᠯᠠᠨ᠂ ᠣᠨᠴᠠᠯᠢᠭᠲᠤ ᠪᠦᠲᠦᠭᠡᠭᠳᠡᠬᠦᠨ ᠤ ᠦᠵᠡᠭᠦᠯᠭᠡ ᠳᠡᠭᠡᠷᠡᠬᠢ ᠠᠯᠠᠱᠠ ᠶᠢᠨ ᠨᠤᠲᠤᠭ ᠤᠨ ᠣᠨᠴᠠ ᠭᠠᠷᠤᠯᠲᠠ ᠨᠢ ᠤᠯᠠᠨ ᠤ ᠰᠣᠨᠢᠷᠬᠠᠯ ᠢ ᠲᠠᠲᠠᠵᠤ᠂ᠨᠠᠶᠢᠷ ᠤᠨ ᠳᠠᠯᠠᠪᠠᠢ ᠬᠥᠷ ᠬᠥᠭᠵᠢᠶᠡᠨ ᠢᠶᠠᠷ ᠪᠢᠯᠬᠠᠨ᠎ᠠ ᠁ ᠭᠠᠨᠰᠤ᠂ ᠬᠥᠬᠡᠨᠠᠭᠤᠷ ᠵᠡᠷᠭᠡ ᠭᠠᠵᠠᠷ ᠠᠴᠠ ᠢᠷᠡᠭᠰᠡᠨ ᠬᠤᠪᠢ ᠶᠢᠨ ᠮᠠᠰᠢᠨ ᠲᠡᠷᠭᠡ ᠪᠠᠷ ᠢᠶᠠᠨ ᠵᠤᠭᠠᠴᠠᠭᠴᠢᠳ ᠡ᠊ᠨᠳᠡ ᠴᠤᠭᠯᠠᠷᠠᠨ᠂ ᠬᠠᠮᠲᠤ ᠪᠠᠷ ᠮᠠᠰᠢᠨ ᠲᠡᠷᠭᠡ ᠪᠠᠷ ᠢᠶᠠᠨ ᠠᠯᠠᠱᠠ ᠪᠠᠷ ᠵᠤᠭᠠᠴᠠᠬᠤ ᠠᠶᠠᠯᠠᠯ ᠢ ᠡᠬᠢᠯᠡᠭᠦᠯᠵᠡᠢ᠃       ᠭᠠᠨᠰᠤ ᠠᠴᠠ ᠢᠷᠡᠭᠰᠡᠨ ᠵᠤᠭᠠᠴᠠᠭᠴᠢ ᠵᠠᠩ ᠠᠪᠤᠭᠠᠢ᠄ ︽ᠡᠨᠡ ᠤᠳᠠᠭᠠᠨ ᠤ ᠥᠪᠡᠷ ᠢᠶᠠᠨ ᠲᠡᠷᠭᠡ ᠵᠢᠯᠤᠭᠤᠳᠬᠤ ᠠᠵᠢᠯᠯᠠᠭ᠎ᠠ ᠪᠠᠷ ᠳᠡᠮᠵᠢᠨ᠂ ᠪᠠᠳᠠᠢ ᠶᠢᠨ ᠵᠢᠷᠠᠨ ᠤ ᠨᠡᠯᠦᠭᠡᠷ ᠶᠡᠭᠡ ᠡᠯᠡᠰᠦᠨ ᠴᠥᠯ ᠵᠢᠴᠢ ᠮᠢᠩᠭᠠᠨ ᠣᠨ ᠤ ᠬᠠᠲᠠᠨ ᠵᠢᠷᠤᠭ ᠤᠨ ᠷᠢᠳᠢ ᠰᠢᠳᠢ ᠶᠢ ᠣᠯᠵᠤ ᠮᠡᠳᠡᠬᠦ ᠶᠢ ᠬᠦᠰᠡᠵᠦ ᠪᠠᠶᠢᠨ᠎ᠠ︾ ᠭᠡᠵᠦ ᠪᠠᠶᠢᠯ᠎ᠠ᠃ ᠡᠭᠦᠨ ᠤ ᠵᠡᠷᠭᠡᠪᠡᠷ᠂ ᠲᠤᠬᠠᠢ ᠶᠢᠨ ᠲᠠᠯᠠᠪᠠᠢ ᠳᠤ ᠪᠠᠰᠠ ᠵᠤᠭᠠᠴᠠᠭᠰᠠᠳ ᠵᠢᠴᠢ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠲᠤ ︽ᠠᠷᠠᠳ ᠲᠤ ᠠᠰᠢᠭ ᠬᠦᠷᠲᠡᠭᠡᠬᠦ ᠤᠭᠤᠲᠠ︾ ︽ᠭᠤᠷᠪᠠᠨ ᠮᠤᠵᠢ ᠲᠠᠪᠤᠨ ᠭᠠᠵᠠᠷ︾᠎ ᠤᠨ ᠰᠣᠶᠣᠯ ᠵᠢᠭᠤᠯᠴᠢᠯᠠᠯ ᠤᠨ ᠠᠷᠠᠳ ᠲᠤ ᠠᠰᠢᠭ ᠬᠦᠷᠲᠡᠭᠡᠬᠦ ᠺᠠᠷᠲ ᠵᠢᠴᠢ ᠠᠯᠠᠱᠠ ᠶᠢᠨ ᠬᠡᠰᠡᠭ ᠦᠵᠡᠮᠵᠢ ᠶᠢᠨ ᠣᠷᠣᠨ ᠤ ᠡᠭᠦᠳᠡᠨ ᠪᠢᠯᠧᠲ᠂ ᠬᠠᠷᠠᠭᠠᠯᠵᠠᠯ ᠤᠨ ᠪᠢᠯᠧᠲ ᠲᠠᠷᠬᠠᠭᠠᠵᠤ᠂ ᠥᠷᠭᠡᠨ ᠤᠯᠠᠨ ᠵᠤᠭᠠᠴᠠᠭᠰᠠᠳ ᠲᠤ ᠠᠯᠠᠱᠠ ᠨᠤᠳᠤᠴᠭ᠌ ᠤᠨ ᠬᠠᠯᠠᠭᠤᠨ ᠳᠤᠯᠠᠭᠠᠨ ᠵᠣᠴᠢᠨᠰᠠᠭ ᠰᠡᠳᠬᠢᠯᠭᠡ ᠶᠢ ᠮᠡᠳᠡᠷᠡᠭᠦᠯᠵᠦ᠂ ᠰᠠᠶᠢᠨ ᠰᠠᠶᠢᠬᠠᠨ ᠲᠥᠷᠥᠭᠳᠡᠯ ᠣᠯᠭᠤᠵᠠᠢ᠃       ᠰᠤᠷᠪᠤᠯᠵᠢᠯᠠᠬᠴᠢ ᠶᠢᠨ ᠣᠶᠢᠯᠠᠭᠠᠭᠰᠠᠨ ᠢᠶᠠᠷ᠂ 2023 ᠣᠨ ᠤ ︽5 · 19᠎ ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾᠎ ᠤᠨ ︽ᠰᠠᠶᠢᠨ ᠰᠠᠶᠢᠬᠠᠨ ᠳᠤᠮᠳᠠᠳᠤ ᠤᠯᠤᠰ᠂ ᠵᠣᠯ ᠵᠢᠷᠭᠠᠯᠲᠤ ᠠᠶᠠᠯᠠᠯ︾ ᠭᠡᠬᠦ ᠭᠤᠣᠯ ᠰᠡᠳᠦᠪ ᠲᠠᠢ ᠤᠶᠠᠯᠳᠤᠭᠤᠯᠤᠨ᠂ ᠮᠠᠨ ᠤ ᠠᠶᠢᠮᠠᠭ ᠡᠯᠪᠡᠭ ᠪᠠᠶᠠᠯᠢᠭ ᠠᠭᠤᠯᠭ᠎ᠠ ᠲᠠᠢ ︽ᠲᠠᠯ᠎ᠠ ᠨᠤᠲᠤᠭ ᠲᠤ ᠪᠣᠯᠵᠣᠵᠤ ᠠᠯᠠᠱᠠ ᠨᠤᠲᠤᠭ ᠢ ᠵᠣᠷᠢᠬᠤ︾ ᠰᠣᠶᠣᠯ ᠵᠢᠭᠤᠯᠴᠢᠯᠠᠯ ᠤᠨ ᠭᠤᠣᠯ ᠰᠡᠳᠦᠪᠲᠦ ᠡᠳᠦᠷ᠂ ᠭᠤᠣᠯ ᠰᠡᠳᠦᠪᠲᠦ ᠭᠠᠷᠠᠭ᠂ ᠭᠤᠣᠯ ᠰᠡᠳᠦᠪᠲᠦ ᠰᠠᠷ᠎ᠠ ᠶᠢᠨ ᠠᠵᠢᠯᠯᠠᠭ᠎ᠠ ᠥᠷᠨᠢᠭᠦᠯᠵᠦ᠂ ᠨᠠᠶᠢᠳᠠ 6 ᠳᠦᠷᠦᠯ ᠤᠨ 27 ᠵᠦᠢᠯ ᠤᠨ ᠠᠭᠤᠯᠭ᠎ᠠ ᠶᠢ 5 ᠰᠠᠷ᠎ᠠ ᠶᠢᠨ 31 ᠎ ᠤ ᠡᠳᠦᠷ ᠪᠤᠯᠲᠠᠯ᠎ᠠ ᠦᠷᠭᠦᠯᠵᠢᠯᠡᠭᠦᠯᠬᠦ ᠪᠣᠯᠣᠨ᠎ᠠ᠃       4 ᠰᠠᠷ᠎ᠠ ᠶᠢᠨ ᠳᠤᠮᠳᠠᠴᠢ ᠠᠴᠠ ᠨᠠᠭᠠᠰᠢ᠂ ᠠᠯᠠᠱᠠ ᠠᠶᠢᠮᠠᠭ ︽ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠦᠢᠯᠡᠰ ᠢ ᠶᠡᠭᠡ ᠪᠠᠷ ᠬᠥᠭᠵᠢᠭᠦᠯᠬᠦ ᠠᠷᠪᠠᠨ ᠵᠦᠢᠯ ᠤᠨ ᠠᠷᠭ᠎ᠠ ᠬᠡᠮᠵᠢᠶ᠎ᠡ︾᠎ ᠶᠢ ᠨᠡᠶᠢᠲᠡᠯᠡᠵᠦ᠂ ᠠᠯᠠᠱᠠ ᠪᠠᠷᠠᠭᠤᠨ ᠬᠤᠰᠢᠭᠤ ᠨᠢ ᠭᠤᠷᠪᠠᠨ ᠮᠤᠵᠢ ᠲᠠᠪᠤᠨ ᠭᠠᠵᠠᠷ ᠣᠷᠣᠨ ᠤ ᠬᠤᠯᠪᠤᠭᠠᠯᠠᠨ ᠬᠥᠳᠡᠯᠦᠯᠴᠡᠭᠰᠡᠨ ᠰᠣᠶᠣᠯ ᠵᠢᠭᠤᠯᠴᠢᠯᠠᠯ ᠤᠨ ᠠᠷᠠᠳ ᠲᠤ ᠠᠰᠢᠭ ᠬᠦᠷᠲᠡᠭᠡᠬᠦ ᠺᠠᠷᠲ᠂ ᠠᠯᠠᠱᠠ ᠵᠡᠭᠦᠨ ᠬᠤᠰᠢᠭᠤ ᠨᠢ ᠠᠷᠠᠳ ᠲᠤ ᠠᠰᠢᠭ ᠬᠦᠷᠲᠡᠭᠡᠬᠦ ᠵᠢᠭᠤᠯᠴᠢᠯᠠᠯ ᠤᠨ ᠺᠠᠷᠲ ᠵᠡᠷᠭᠡ ᠶᠢ ᠲᠠᠷᠬᠠᠭᠠᠨ᠂ ᠪᠥᠬᠦ ᠤᠯᠤᠰ ᠤᠨ ᠮᠠᠰᠢᠨ ᠲᠡᠷᠭᠡ ᠪᠠᠷ ᠠᠶᠠᠯᠠᠨ ᠬᠡᠭᠡᠷ᠎ᠡ ᠪᠠᠭᠤᠳᠠᠯᠯᠠᠬᠤ ᠵᠤᠭᠠᠴᠠᠯ ᠤᠨ ᠬᠥᠭᠵᠢᠯᠲᠡ ᠶᠢᠨ ᠶᠡᠭᠡ ᠬᠤᠷᠠᠯ᠂ 2023 ᠣᠨ ᠤ ᠠᠯᠠᠱᠠ ᠶᠢᠨ ᠮᠣᠲ᠋ᠣᠷ ᠲᠡᠷᠭᠡᠨ ᠤ ᠪᠠᠭᠠᠲᠤᠷᠴᠤᠳ ᠤᠨ ᠴᠤᠭᠯᠠᠭᠠᠨ ᠵᠡᠷᠭᠡ ᠰᠢᠷᠢᠰ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠵᠠᠯᠭᠠᠭ᠎ᠠ ᠪᠠᠷ ᠡᠷᠭᠢᠯᠡᠨ᠂ ᠨᠠᠢᠮᠠᠨ ᠵᠣᠪᠬᠢᠰ ᠤᠨ ᠵᠤᠭᠠᠴᠠᠭᠰᠠᠳ ᠤᠨ ᠠᠩᠬᠠᠷᠤᠯ ᠢ ᠲᠠᠲᠠᠵᠤ᠂ ︽ᠬᠠᠨ ᠲᠡᠭᠷᠢ ᠠᠯᠠᠱᠠ︾᠎ ᠶᠢᠨ ᠥᠪᠡᠷᠮᠢᠴᠡ ᠷᠢᠳᠢ ᠰᠢᠳᠢ ᠶᠢ ᠭᠦᠢᠴᠡᠳ ᠬᠠᠷᠠᠭᠤᠯᠤᠨ᠂ ᠪᠥᠬᠦ ᠲᠠᠯ᠎ᠠ ᠪᠠᠷ ᠰᠡᠷᠭᠦᠵᠦ ᠪᠠᠶᠢᠭ᠎ᠠ ᠠᠯᠠᠱᠠ ᠶᠢᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃       ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ ᠠᠯᠠᠱᠠ ᠠᠶᠢᠮᠠᠭ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠭᠦᠨᠵᠡᠭᠡᠢ ᠠᠭᠤᠳᠠᠯᠵᠤ᠂ ᠰᠣᠶᠣᠯ ᠵᠢᠭᠤᠯᠴᠢᠯᠠᠯ ᠤᠨ ᠬᠠᠩᠭᠠᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠰᠣᠶᠣᠯ ᠵᠢᠭᠤᠯᠴᠢᠯᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠵᠤᠭᠠᠴᠠᠭᠴᠢᠳ ᠤᠨ ᠣᠯᠠᠨ ᠶᠠᠩᠵᠤ ᠶᠢᠨ᠂ ᠣᠯᠠᠨ ᠲᠠᠰ ᠳᠠᠪᠬᠤᠷᠭ᠎ᠠ ᠶᠢᠨ᠂ ᠣᠯᠠᠨ ᠬᠡᠯᠪᠡᠷᠢ ᠶᠢᠨ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠬᠡᠷᠡᠭᠴᠡᠭᠡ ᠶᠢ ᠴᠢᠷᠮᠠᠶᠢᠨ ᠬᠠᠩᠭᠠᠵᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠡᠯᠭᠦᠬᠦ ᠬᠦᠴᠦᠨ ᠢ ᠪᠥᠬᠦ ᠲᠠᠯ᠎ᠠ ᠪᠠᠷ ᠬᠥᠭᠵᠢᠭᠡᠨ᠂ ᠨᠡᠩ ᠥᠷᠭᠡᠨ ᠠᠭᠤᠳᠠᠮ ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ ᠨᠡᠭᠡᠭᠡᠬᠦ ᠪᠣᠯᠣᠨ᠎ᠠ᠃  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号