ᠪᠡᠶ᠎ᠡ ᠰᠤᠪᠢᠯᠠᠬᠤ ᠰᠠᠨᠠᠭᠤᠯᠤᠮᠵᠢ
ᠨᠡᠶᠢᠲᠡᠯᠡᠭᠰᠡᠨ ᠴᠠᠭ᠄
2023/12/30
                        ᠥᠨᠥᠳᠥᠷ ᠪᠢᠳᠡ ᠵᠣᠨ ᠤ ᠤᠯᠠᠷᠢᠯ ᠤᠨ ᠭᠤᠷᠪᠠᠳᠤᠭᠠᠷ ᠴᠠᠭ ᠤᠯᠠᠷᠢᠯ ᠪᠣᠯᠬᠤ ᠪᠤᠭᠤᠳᠠᠢ ᠪᠣᠯᠪᠠᠰᠤᠷᠠᠬᠤ ᠴᠠᠭ ᠤᠯᠠᠷᠢᠯ ᠢ ᠤᠭᠲᠤᠨ ᠠᠪᠴᠢᠷᠠᠯ᠎ᠠ᠃ ᠠᠭᠠᠭᠢᠮ᠎ᠠ ᠵᠣᠨ ᠤ ᠥᠨᠳᠥᠷ ᠬᠠᠯᠠᠭᠤᠨ ᠠᠭᠤᠷ ᠠᠮᠢᠰᠬᠤᠯ ᠬᠦᠷᠴᠦ ᠢᠷᠡᠬᠦ ᠪᠤᠯᠤᠬᠰᠠᠨ ᠤᠴᠢᠷ ᠠᠴᠠ ᠪᠡᠶ᠎ᠡ ᠰᠡᠳᠬᠢᠯ ᠢᠶᠠᠨ ᠰᠤᠪᠢᠯᠠᠬᠤ ᠪᠠᠨ ᠪᠦᠦ ᠮᠠᠷᠲᠠᠭᠠᠷᠠᠢ︕ ᠡᠨᠡᠬᠦ ᠴᠠᠭ ᠤᠯᠠᠷᠢᠯ ᠳᠤ ᠮᠢᠬ᠎ᠠ ᠲᠣᠰᠣ ᠶᠡᠭᠡ ᠲᠠᠢ ᠬᠤᠭᠤᠯᠠ ᠶᠢ ᠪᠠᠭ᠎ᠠ ᠢᠳᠡ᠃ ᠭᠠᠰᠢᠭᠤᠨ ᠨᠣᠭᠤᠭ᠎ᠠ ᠪᠤᠶᠤ ᠢᠰᠬᠦᠯᠡᠩ ᠠᠮᠲᠠ ᠲᠠᠢ ᠬᠤᠭᠤᠯᠠ ᠨᠣᠭᠤᠭ᠎ᠠ ᠶᠢ ᠢᠳᠡᠵᠦ ᠬᠠᠯᠠᠭᠤᠨ ᠢ ᠬᠥᠭᠡᠭᠡᠬᠦ ᠶᠢ ᠠᠩᠬᠠᠷᠬᠤ ᠴᠢᠬᠤᠯᠠᠲᠠᠢ᠃ ᠭᠢᠯᠪᠡᠷ ᠰᠢᠩᠭᠡᠬᠦ ᠬᠤᠭᠤᠯᠠ ᠶᠢ ᠢᠳᠡᠵᠦ ᠪᠠᠶᠢᠭᠠᠷᠠᠢ᠃ ᠪᠡᠶ᠎ᠡ ᠮᠠᠬᠠᠪᠤᠳ ᠢᠶᠠᠨ ᠪᠤᠯᠪᠠᠰᠤᠷᠠᠭᠤᠯᠬᠤ ᠦᠶ᠎ᠡ ᠳᠤ ᠠᠭᠠᠷ ᠤᠨ ᠳᠤᠯᠠᠭᠠᠨ ᠨᠡᠯᠢᠶᠡᠳ ᠥᠨᠳᠥᠷ ᠪᠠᠶᠢᠬᠤ ᠤᠴᠢᠷ ᠠᠴᠠ ᠬᠡᠭᠡᠷ᠎ᠡ ᠭᠠᠳᠠᠨ᠎ᠠ ᠬᠥᠳᠡᠯᠭᠡᠭᠡᠨ ᠬᠢᠬᠦ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠬᠥᠳᠡᠯᠭᠡᠭᠡᠨ ᠤ ᠬᠦᠨᠳᠦᠴᠡ ᠪᠠᠨ ᠬᠡᠲᠦᠷᠡᠭᠦᠯᠵᠦ ᠪᠣᠯᠬᠤ ᠦᠭᠡᠢ᠃       1. ᠵᠢᠷᠦᠬᠡᠨ ᠤ ᠬᠠᠮᠠᠭᠠᠯᠠᠯᠲᠠ ᠪᠠᠨ ᠴᠢᠩᠭᠠᠳᠬᠠᠨ᠎ᠠ᠃ ᠢᠯᠠᠩᠭᠤᠶ᠎ᠠ ᠨᠠᠰᠤᠲᠠᠶᠢᠴᠤᠳ ᠤᠬᠠᠮᠰᠠᠷ ᠠᠴᠠ ᠪᠠᠨ ᠣᠶᠤᠨ ᠰᠠᠨᠠᠭᠠᠨ ᠤ ᠰᠤᠪᠢᠯᠠᠯᠲᠠ ᠬᠢᠬᠦ ᠭᠡᠷᠡᠭᠲᠡᠶ᠃ ᠡᠶᠡᠯᠳᠡᠭ ᠵᠥᠭᠡᠯᠡᠨ ᠣᠪᠣᠷ ᠲᠠᠢ᠂ ᠰᠡᠳᠬᠢᠯ ᠰᠠᠨᠠᠭ᠎ᠠ ᠠᠭᠤᠵᠢᠭᠤ ᠲᠠᠯᠪᠢᠭᠤ ᠪᠠᠶᠢᠬᠤ ᠶᠢ ᠪᠠᠲᠤᠯᠠᠵᠤ᠂ ᠶᠡᠭᠡ ᠠᠭᠤᠷᠯᠠᠵᠤ᠂ ᠶᠡᠭᠡ ᠪᠠᠶᠠᠷᠯᠠᠬᠤ ᠶᠢ ᠴᠡᠭᠡᠷᠯᠡᠬᠦ ᠭᠡᠷᠡᠭᠲᠡᠶ᠂ ᠠᠭᠤᠷᠯᠠᠨ ᠪᠤᠬᠢᠨᠢᠳᠤᠵᠤ ᠪᠠᠶᠢᠬᠤ ᠨᠢ ᠪᠡᠶ᠎ᠡ ᠪᠠᠨ ᠵᠣᠪᠠᠭᠠᠵᠤ ᠰᠢᠷᠬᠠᠲᠤᠭᠤᠯᠬᠤ ᠯᠠ ᠤᠴᠢᠷ᠃       2. ᠤᠰᠤ ᠶᠢ ᠴᠠᠭ ᠲᠤᠬᠠᠢ ᠳᠤᠨᠢ ᠨᠥᠬᠦᠪᠦᠷᠢᠯᠡᠨ᠎ᠡ᠃ ᠠᠭᠤᠷ ᠠᠮᠢᠰᠬᠤᠯ ᠠᠭᠠᠭᠢᠮ᠎ᠠ ᠬᠠᠯᠠᠭᠤᠨ ᠠᠴᠠ ᠬᠥᠮᠥᠨ ᠤ ᠪᠡᠶ᠎ᠡ ᠬᠥᠯᠥᠰᠦ ᠠᠷᠪᠢᠨ ᠭᠠᠷᠳᠠᠭ᠃ ᠴᠠᠭ ᠲᠤᠬᠠᠢ ᠳᠤᠨᠢ ᠤᠰᠤ ᠨᠥᠬᠦᠪᠦᠷᠢᠯᠡᠬᠦ ᠶᠢ ᠠᠩᠬᠠᠷᠴᠤ᠂ ᠤᠰᠤ ᠠᠯᠳᠠᠬᠤ ᠪᠠ ᠨᠠᠷᠠᠰᠢᠬᠤ ᠠᠴᠠ ᠰᠡᠷᠭᠡᠶᠢᠯᠡᠬᠦ ᠭᠡᠷᠡᠭᠳᠡᠢ᠃       3. ᠰᠢᠩᠭᠡᠨ ᠢᠳᠡᠭᠡᠨ ᠤᠮᠳᠠᠭᠠᠨ ᠢᠶᠠᠷ ᠭᠤᠣᠯᠯᠠᠨ᠎ᠠ᠃ ᠭᠠᠰᠢᠭᠤᠨ ᠬᠡᠮᠬᠡ᠂ ᠴᠠᠭᠠᠨ ᠬᠡᠮᠬᠡ᠂ ᠲᠤᠭᠤᠷ᠂ ᠭᠦᠵᠡᠯᠵᠡᠭᠡᠨ᠎ᠡ᠂ ᠲᠥᠪᠡᠳ ᠬᠠᠰᠢ᠂ ᠥᠷᠭᠡᠰᠦᠲᠦ ᠬᠡᠮᠬᠡ ᠭᠡᠬᠦ ᠮᠡᠲᠦᠴᠢᠯᠡᠨ ᠨᠣᠭᠤᠭ᠎ᠠ ᠵᠢᠮᠢᠰ᠂ ᠰᠢᠩᠭᠡᠨ ᠪᠤᠳᠠᠭ᠎ᠠ ᠰᠠᠶᠢᠨ ᠢᠳᠡᠵᠦ᠂ ᠮᠢᠬ᠎ᠠ ᠲᠣᠰᠣ ᠶᠡᠬᠡᠲᠡᠢ ᠰᠢᠷᠠᠭᠰᠠᠨ ᠬᠠᠭᠤᠷᠤᠭᠰᠠᠨ ᠢᠳᠡᠭᠡᠨ ᠪᠠᠭ᠎ᠠ ᠢᠳᠡᠪᠡᠯ ᠰᠠᠶᠢᠨ᠃       4. ᠣᠷᠣᠢ ᠤᠨᠲᠠᠵᠤ ᠡᠷᠲᠡ ᠪᠣᠰᠬᠤ᠃ ᠨᠡᠷᠡᠨ ᠤ ᠭᠡᠷᠡᠯ ᠤᠨ ᠲᠤᠰᠤᠯᠲᠠ ᠶᠢ ᠵᠣᠬᠢᠬᠤ ᠬᠡᠮᠵᠢᠶ᠎ᠡ ᠪᠠᠷ ᠬᠦᠯᠢᠶᠡᠵᠦ ᠠᠪᠬᠤ ᠪᠣᠯᠪᠠᠴᠤ ᠨᠡᠷᠡᠨ ᠤ ᠡᠭᠴᠡ ᠲᠤᠰᠤᠯᠲᠠ ᠠᠴᠠ ᠵᠠᠶᠢᠯᠠᠰᠬᠢᠵᠦ᠂ ᠨᠠᠷᠠᠰᠢᠬᠤ ᠠᠴᠠ ᠰᠡᠷᠭᠡᠶᠢᠯᠡᠬᠦ ᠶᠢ ᠠᠩᠬᠠᠷᠬᠤ ᠭᠡᠷᠡᠭᠲᠡᠢ᠃ ᠦᠳᠡ ᠳᠤ ᠬᠠᠮᠤᠭ ᠰᠠᠶᠢᠨ ᠨᠢ ᠪᠠᠭ᠎ᠠ ᠤᠨᠲᠠᠨ᠎ᠠ᠂ ᠴᠠᠭ ᠨᠢ 30 ᠮᠢᠨᠦ᠋ᠲ ᠠᠴᠠ 1 ᠴᠠᠭ ᠤᠨ ᠬᠤᠭᠤᠷᠣᠨᠳᠤ ᠪᠠᠶᠢᠪᠠᠯ ᠵᠣᠬᠢᠨ᠎ᠠ᠃       ︵ᠪᠠᠢ ᠳ᠋ᠦ᠋ ᠰᠦᠯᠵᠢᠶ᠎ᠡ ᠠᠴᠠ ᠨᠠᠶᠢᠷᠠᠭᠤᠯᠤᠨ ᠣᠷᠴᠢᠭᠤᠯᠪᠠ︶  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号