| | 2001 ᠣᠨ ᠤ 5 ᠰᠠᠷ᠎ᠠ ᠶᠢᠨ 19 ᠤ ᠡᠳᠦᠷ᠂ ᠵᠧᠵᠢᠶᠠᠩ ᠮᠤᠵᠢ ᠶᠢᠨ ᠨᠢᠩᠬᠠᠶ ᠶᠢᠨ ᠬᠥᠮᠥᠨ ᠮᠠ | ᠱᠣᠣ ᠴᠢᠨ ᠨᠢᠩᠬᠠᠶ ᠶᠢᠨ ᠰᠢᠦᠢ ᠰᠢᠶᠠ ᠺᠧ ᠶᠢᠨ ᠵᠢᠭᠤᠯᠴᠢᠯᠠᠯ ᠤᠨ ᠺᠯᠦ᠋ᠪ ᠤᠨ ᠨᠡᠷ᠎ᠡ ᠪᠠᠷ ︽ᠰᠢᠦᠢ ᠰᠢᠶᠠ ᠺᠧ | ᠶᠢᠨ ᠵᠢᠭᠤᠯᠴᠢᠯᠠᠯ ᠤᠨ ᠲᠡᠮᠳᠡᠭᠯᠡᠯ︾ ᠤᠨ ᠠᠩᠬᠠᠳᠠᠭᠴᠢ ︽ᠲᠢᠶᠠᠨ ᠲᠠᠢ ᠱᠠᠨ ᠠᠭᠤᠯᠠᠨ ᠳᠤ ᠵᠢᠭᠤᠯᠴᠢᠯᠠᠭᠰᠠᠨ | ᠡᠳᠦᠷ ᠤᠨ ᠲᠡᠮᠳᠡᠭᠯᠡᠯ︾ ᠤᠨ ᠡᠬᠢᠯᠡᠯᠲᠡ ᠶᠢᠨ ᠡᠳᠦᠷ ︵5 ᠰᠠᠷ᠎ᠠ ᠶᠢᠨ 19 ᠤ ᠡᠳᠦᠷ︶ ᠢ ᠳᠤᠮᠳᠠᠳᠤ | ᠤᠯᠤᠰ ᠤᠨ ᠵᠢᠭᠤᠯᠴᠢᠯᠠᠯ ᠤᠨ ᠡᠳᠦᠷ ᠭᠡᠵᠦ ᠨᠡᠷᠡᠯᠡᠬᠦ ᠰᠠᠨᠠᠭᠤᠯᠭ᠎ᠠ ᠭᠠᠷᠭᠠᠵᠠᠢ᠃ | 2011 ᠣᠨ ᠤ 3 ᠰᠠᠷ᠎ᠠ ᠶᠢᠨ 30 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯ ᠠᠴᠠ ᠰᠢᠢᠳᠪᠦᠷᠢ ᠪᠠᠲᠤᠯᠠᠵᠤ᠂ 2011 ᠣᠨ ᠠᠴᠠ ᠡᠬᠢᠯᠡᠨ ᠵᠢᠯ ᠪᠦᠷᠢ ᠶᠢᠨ 5 ᠰᠠᠷ᠎ᠠ ᠶᠢᠨ 19 ᠤ | ᠡᠳᠦᠷ ᠢ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠢᠶᠠᠷ ᠲᠣᠭᠲᠠᠭᠠᠭᠰᠠᠨ ᠪᠠᠶᠢᠨ᠎ᠠ᠃ ᠰᠢᠦᠢ ᠰᠢᠶᠠ | ᠺᠧ ︵1587 ᠊᠊ 1641ᠣᠨ︶ ᠪᠣᠯ ᠮᠢᠩ ᠤᠯᠤᠰ ᠤᠨ ᠦᠶ᠎ᠡ ᠶᠢᠨ ᠭᠠᠵᠠᠷ ᠵᠦᠢ ᠶᠢᠨ ᠤᠬᠠᠭᠠᠨᠲᠠᠨ᠂ | ᠵᠢᠭᠤᠯᠴᠢᠯᠠᠭᠴᠢ᠂ ᠤᠷᠠᠨ ᠵᠣᠬᠢᠶᠠᠯᠴᠢ᠃ ᠲᠡᠷᠡ ᠨᠢᠭᠡ ᠨᠠᠰᠤ ᠪᠠᠷ ᠢᠶᠠᠨ ᠡᠬᠡ ᠤᠯᠤᠰ ᠤᠨ ᠭᠠᠵᠠᠷ ᠪᠣᠯᠭᠠᠨ ᠢᠶᠠᠷ | ᠶᠠᠪᠤᠵᠤ᠂ ᠤᠯᠠ ᠮᠥᠷ ᠢᠶᠠᠨ 21 ᠮᠤᠵᠢ᠂ ᠬᠤᠲᠠ᠂ ᠥᠪᠡᠷᠲᠡᠭᠡᠨ ᠵᠠᠰᠠᠬᠤ ᠣᠷᠣᠨ ᠳᠤ ᠦᠯᠡᠳᠡᠭᠡᠵᠦ᠂ | ᠵᠢᠭᠤᠯᠴᠢᠯᠠᠨ ᠲᠣᠭᠤᠷᠢᠭᠰᠠᠨ ᠭᠠᠵᠠᠷ ᠣᠷᠣᠨ ᠨᠢ ᠬᠠᠭᠠᠰ ᠢᠯᠡᠭᠦᠦ ᠳᠤᠮᠳᠠᠳᠤ ᠤᠯᠤᠰ ᠢ ᠪᠦᠷᠬᠦᠭᠰᠡᠨ ᠪᠠᠶᠢᠨ᠎ᠠ᠃ | ᠬᠥᠷᠥᠭᠰᠡᠨ ᠭᠠᠵᠠᠷ ᠪᠣᠯᠭᠠᠨ ᠳᠠᠭᠠᠨ ᠲᠡᠷᠡ ᠨᠢᠭᠤᠴᠠᠭᠠᠢ ᠪᠠᠷᠳᠠᠭ᠎ᠠ ᠶᠢ ᠰᠢᠨᠵᠢᠯᠡᠨ᠂ ᠵᠢᠭᠤᠯᠴᠢᠯᠠᠯ ᠤᠨ ᠠᠶᠠᠯᠠᠯ ᠤᠨ | ᠲᠡᠮᠳᠡᠭᠯᠡᠯ ᠪᠢᠴᠢᠵᠦ᠂ ᠰᠢᠨᠵᠢᠵᠦ ᠠᠩᠬᠠᠷᠤᠭᠰᠠᠨ ᠡᠯ᠎ᠡ ᠳᠦᠷᠦᠯ ᠤᠨ ᠦᠵᠡᠮᠵᠢ ᠦᠵᠡᠭᠳᠡᠯ᠂ ᠬᠥᠮᠥᠨ ᠰᠣᠶᠣᠯ᠂ | ᠭᠠᠵᠠᠷ ᠵᠦᠢ᠂ ᠤᠷᠭᠤᠮᠠᠯ ᠠᠮᠢᠳᠠᠨ ᠤ ᠪᠠᠶᠢᠳᠠᠯ ᠵᠡᠷᠭᠡ ᠶᠢ ᠨᠠᠷᠢᠯᠢᠭ ᠲᠡᠮᠳᠡᠭᠯᠡᠭᠰᠡᠨ ᠪᠠᠶᠢᠨ᠎ᠠ᠃ ᠭᠤᠴᠢ ᠭᠠᠷᠤᠢ | ᠵᠢᠯ ᠤᠨ ᠵᠢᠭᠤᠯᠴᠢᠯᠠᠯ ᠤᠨ ᠶᠠᠪᠤᠴᠠ ᠳᠤ ᠲᠡᠷᠡ 60 ᠲᠦᠮᠡᠨ ᠦᠰᠦᠭ ᠤᠨ ᠨᠡᠷᠡᠲᠦ ᠪᠦᠲᠦᠭᠡᠯ ᠪᠣᠯᠬᠤ ︽ᠰᠢᠦᠢ | ᠰᠢᠶᠠ ᠺᠧ ᠶᠢᠨ ᠵᠢᠭᠤᠯᠴᠢᠯᠠᠯ ᠤᠨ ᠲᠡᠮᠳᠡᠭᠯᠡᠯ︾ ᠢ ᠪᠢᠴᠢᠵᠦ ᠳᠠᠭᠤᠰᠬᠠᠵᠠᠢ᠃ ᠲᠣᠰ ᠨᠣᠮ ᠨᠢ ᠥᠨᠥᠳᠥᠷ ᠤᠨ | ᠬᠠᠭᠠᠰ ᠢᠯᠡᠭᠦᠦ ᠳᠤᠮᠳᠠᠳᠤ ᠤᠯᠤᠰ ᠲᠤ ᠬᠤᠯᠪᠣᠭᠳᠠᠭᠰᠠᠨ ᠮᠠᠰᠢ ᠤᠯᠠᠨ ᠠᠭᠤᠯᠠ ᠤᠰᠤ᠂ ᠭᠠᠶᠢᠬᠠᠮᠰᠢᠬᠲᠤ | ᠦᠵᠡᠮᠵᠢ ᠵᠢᠴᠢ ᠠᠷᠠᠳ ᠤᠨ ᠵᠠᠩ ᠦᠢᠯᠡ᠂ ᠨᠡᠶᠢᠭᠡᠮ ᠤᠨ ᠠᠮᠢᠳᠤᠷᠠᠯ ᠵᠡᠷᠭᠡ ᠶᠢ ᠠᠮᠢᠳᠤᠯᠢᠭ ᠢᠶᠠᠷ ᠵᠢᠷᠤᠭᠯᠠᠵᠤ᠂ | ᠬᠤᠵᠢᠮ ᠤᠨ ᠬᠥᠮᠥᠰ ᠲᠤ ᠲᠤᠶᠢᠯ ᠤᠨ ᠡᠷᠬᠢᠮ ᠨᠠᠨᠳᠢᠨ ᠰᠣᠶᠣᠯ ᠤᠨ ᠥᠪ ᠬᠥᠷᠥᠩᠭᠡ ᠶᠢ ᠦᠯᠡᠳᠡᠭᠡᠨ ᠥᠭᠴᠦ᠂ | ᠳᠤᠮᠳᠠᠳᠤ ᠤᠯᠤᠰ ᠤᠨ ᠵᠤᠭᠠᠴᠠᠯ ᠤᠨ ᠲᠡᠦᠬᠡ ᠵᠢᠴᠢ ᠳᠤᠮᠳᠠᠳᠤ ᠤᠯᠤᠰ ᠤᠨ ᠰᠣᠶᠣᠯ ᠤᠨ ᠲᠡᠦᠬᠡᠨ ᠳᠠᠬᠢ ᠨᠢᠭᠡᠨ | ᠬᠥᠰᠢᠶ᠎ᠡ ᠳᠤᠷᠠᠰᠬᠠᠯ ᠤᠨ ᠲᠡᠮᠳᠡᠭ ᠪᠤᠯᠤᠬᠰᠠᠨ ᠪᠠᠶᠢᠨ᠎ᠠ᠃ ︽ᠰᠢᠦᠢ ᠰᠢᠶᠠ ᠺᠧ ᠶᠢᠨ ᠵᠢᠭᠤᠯᠴᠢᠯᠠᠯ ᠤᠨ | ᠲᠡᠮᠳᠡᠭᠯᠡᠯ︾ ᠨᠢ ᠡᠷᠳᠡᠮ ᠰᠢᠨᠵᠢᠯᠡᠭᠡᠨ ᠤ ᠬᠢᠨ ᠳᠤ ᠳᠤᠮᠳᠠᠳᠤ ᠤᠯᠤᠰ ᠤᠨ ᠬᠠᠮᠤᠭ ᠶᠡᠭᠡ ᠨᠥᠯᠥᠭᠡᠯᠡᠬᠦ | ᠬᠦᠴᠦᠨ ᠲᠠᠢ 20 ᠪᠦᠲᠦᠭᠡᠯ ᠤᠨ ᠨᠢᠭᠡ ᠭᠡᠭᠳᠡᠵᠦ᠂ ᠳᠤᠮᠳᠠᠳᠤ ᠤᠯᠤᠰ ᠲᠤ ᠯᠠ ᠪᠢᠰᠢ᠂ ᠠᠮᠧᠷᠢᠺᠠ᠂ ᠶᠠᠫᠤᠨ᠂ | ᠰᠢᠩᠭᠠᠫᠤᠷ ᠵᠡᠷᠭᠡ ᠤᠯᠤᠰ ᠲᠤ ᠴᠤ ︽ᠰᠢᠦᠢ ᠰᠢᠶᠠ ᠺᠧ ᠶᠢᠨ ᠰᠤᠳᠤᠯᠭᠠᠨ ᠤ ᠨᠡᠶᠢᠭᠡᠮᠯᠢᠭ︾ ᠪᠠᠶᠢᠭᠤᠯᠤᠭᠳᠠᠭᠰᠠᠨ | ᠪᠠᠶᠢᠨ᠎ᠠ᠃ |