ᠲᠠᠯ᠎ᠠ ᠨᠤᠲᠤᠭ ᠲᠤ ᠪᠣᠯᠵᠣᠵᠤ ᠠᠯᠠᠱᠠ ᠨᠤᠲᠤᠭ ᠢ ᠵᠣᠷᠢᠶ᠎ᠠ
ᠨᠡᠶᠢᠲᠡᠯᠡᠭᠰᠡᠨ ᠴᠠᠭ᠄
2023/12/30
            ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠬᠦᠷᠴᠦ ᠢᠷᠡᠬᠦ ᠪᠠᠷ᠂ ᠠᠯᠠᠱᠠ ᠨᠤᠲᠤᠭ ᠤᠨ ᠡᠯ᠎ᠡ ᠭᠠᠵᠠᠷ ᠲᠤ ᠡᠯᠪᠡᠭ ᠪᠠᠶᠠᠯᠢᠭ ᠠᠭᠤᠯᠭ᠎ᠠ ᠪᠦᠬᠦᠢ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠵᠦ᠂ ᠤᠯᠠᠨ ᠲᠦᠮᠡᠨ ᠤ ᠵᠢᠭᠤᠯᠴᠢᠯᠠᠯ ᠳᠤ ᠤᠷᠤᠯᠴᠠᠬᠤ ᠶᠢ ᠠᠬᠢᠭᠤᠯᠤᠨ᠂ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ ᠪᠠᠶᠢᠨ᠎ᠠ᠃       1. ︽ᠲᠠᠯ᠎ᠠ ᠨᠤᠲᠤᠭ ᠲᠤ ᠪᠣᠯᠵᠣᠵᠤ ᠠᠯᠠᠱᠠ ᠨᠤᠲᠤᠭ ᠢ ᠵᠣᠷᠢᠶ᠎ᠠ︾ ᠥᠪᠡᠷ ᠤᠨ ᠮᠠᠰᠢᠨ ᠢᠶᠠᠷ ᠢᠶᠠᠨ ᠠᠶᠠᠯᠠᠨ᠂ ᠬᠠᠮᠲᠤᠪᠠᠷ ᠵᠢᠭᠤᠯᠴᠢᠯᠠᠨ ᠴᠡᠴᠡᠭ ᠰᠣᠨᠢᠷᠬᠠᠬᠤ ᠠᠵᠢᠯᠯᠠᠭ᠎ᠠ ᠨᠢ ᠠᠯᠠᠱᠠ ᠠᠶᠢᠮᠠᠭ ᠤᠨ ᠡᠯ᠎ᠡ ᠬᠤᠰᠢᠭᠤ ᠣᠷᠣᠨ ᠳᠤ ᠶᠠᠪᠤᠭᠳᠠᠵᠤ ᠪᠠᠶᠢᠨ᠎ᠠ᠃       ᠴᠠᠭ᠄ 5 ᠰᠠᠷ᠎ᠠ ᠶᠢᠨ 10 ᠠᠴᠠ 31 ᠤ ᠡᠳᠦᠷ       ᠪᠥᠬᠦ ᠤᠯᠤᠰ ᠤᠨ ᠡᠯ᠎ᠡ ᠭᠠᠵᠠᠷ ᠤᠨ ᠥᠪᠡᠷ ᠤᠨ ᠮᠠᠰᠢᠨ ᠢᠶᠠᠷ ᠢᠶᠠᠨ ᠵᠢᠭᠤᠯᠴᠢᠯᠠᠬᠰᠠᠳ  ᠢ ᠤᠷᠢᠨ ᠠᠯᠠᠱᠠ ᠶᠢᠨ ᠡᠯᠡᠰᠦ ᠮᠠᠩᠬ᠎ᠠ᠂ ᠭᠤᠪᠢ ᠬᠥᠳᠡᠭᠡ᠂ ᠭᠠᠶᠢᠬᠠᠮᠰᠢᠬᠳᠤ ᠬᠠᠪᠴᠢᠯ᠂ ᠪᠠᠶᠢᠭᠠᠯᠢ ᠶᠢᠨ ᠵᠠᠭ ᠤᠨ ᠤᠢ ᠵᠡᠷᠭᠡ ᠪᠠᠷ ᠲᠣᠭᠤᠷᠢᠨ ᠵᠤᠭᠠᠴᠠᠭᠤᠯᠵᠤ᠂ ᠥᠪᠡᠷᠮᠢᠴᠡ ᠣᠨᠴᠠᠯᠢᠭᠲᠤ ᠪᠠᠶᠢᠭᠠᠯᠢ ᠶᠢᠨ ᠥᠩᠭᠡ ᠦᠵᠡᠮᠵᠢ ᠪᠠ ᠲᠣᠰ ᠤᠯᠠᠷᠢᠯ ᠳᠤ ᠳᠡᠯᠭᠡᠷᠡᠬᠦ ᠴᠠᠬᠢᠯᠳᠠᠭ᠂ ᠬᠠᠲᠠᠭᠤ ᠬᠠᠷ᠎ᠠ᠂ ᠬᠠᠷᠭᠠᠨ᠎ᠠ ᠵᠡᠷᠭᠡ ᠤᠷᠭᠤᠮᠠᠯ ᠤᠨ ᠴᠡᠴᠡᠭ  ᠢ ᠰᠣᠨᠢᠷᠬᠠᠭᠤᠯᠬᠤ ᠪᠣᠯᠣᠨ᠎ᠠ᠃       2.ᠠᠯᠠᠱᠠ ᠶᠢᠨ ᠬᠥᠭᠵᠢᠮᠲᠦ ᠠᠮᠲᠠᠲᠤ ᠢᠳᠡᠭᠡᠨ ᠤ ᠨᠠᠶᠢᠷ       ᠳᠠᠭᠤᠤ ᠬᠥᠭᠵᠢᠮ ᠤᠨ ᠨᠠᠶᠢᠷ᠂ ᠠᠮᠲᠠᠲᠤ ᠢᠳᠡᠭᠡᠨ ᠤ ᠳᠡᠯᠭᠡᠨ ᠪᠤᠷᠤᠯᠠᠭᠤᠯᠭ᠎ᠠ᠂ ᠰᠦᠯᠵᠢᠶ᠎ᠡ ᠶᠢᠨ ᠰᠢᠭᠤᠳ ᠨᠡᠪᠲᠡᠷᠡᠭᠦᠯᠭᠡ ᠵᠡᠷᠭᠡ ᠶᠢ ᠥᠷᠨᠢᠭᠦᠯᠬᠦ ᠪᠠᠷ ᠳᠠᠮᠵᠢᠨ ᠠᠯᠠᠱᠠ ᠨᠤᠲᠤᠭ ᠤᠨ ᠣᠨᠴᠠᠯᠢᠭᠲᠤ ᠢᠳᠡᠭᠡᠨ ᠤᠮᠳᠠᠭᠠᠨ᠂ ᠰᠣᠶᠣᠯ ᠤᠨ ᠪᠦᠲᠦᠭᠡᠭᠳᠡᠬᠦᠨ᠂ ᠲᠠᠷᠢᠮᠠᠯ ᠤᠷᠭᠤᠮᠠᠯ ᠤᠨ ᠪᠦᠲᠦᠭᠡᠭᠳᠡᠬᠦᠨ ᠢᠶᠠᠨ ᠳᠡᠯᠭᠡᠨ ᠲᠠᠨᠢᠯᠴᠠᠭᠤᠯᠬᠤ ᠪᠣᠯᠣᠨ᠎ᠠ᠃       4 ᠰᠠᠷ᠎ᠠ ᠶᠢᠨ 28 ᠠᠴᠠ ᠡᠬᠢᠯᠡᠨ 10 ᠰᠠᠷ᠎ᠠ ᠪᠤᠯᠲᠠᠯ᠎ᠠ ᠡᠯ᠎ᠡ ᠬᠤᠰᠢᠭᠤ ᠣᠷᠣᠨ ᠳᠤ ᠶᠠᠪᠤᠭᠳᠠᠬᠤ ᠪᠣᠯᠣᠨ᠎ᠠ᠃       3. ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠳᠤᠮᠳᠠᠳᠤ ᠮᠣᠩᠭᠤᠯ ᠤᠨ ᠲᠠᠸᠠᠷ ᠤᠨ ᠳᠡᠯᠭᠡᠨ ᠪᠤᠷᠤᠯᠠᠭᠤᠯᠭ᠎ᠠ       ᠳᠤᠮᠳᠠᠳᠤ ᠮᠣᠩᠭᠤᠯ ᠬᠤᠶᠠᠷ ᠤᠯᠤᠰ ᠤᠨ ᠮᠥᠩᠭᠦᠨ ᠵᠠᠰᠠᠯ ᠡᠳ᠋ᠯᠡᠯ᠂ ᠬᠡᠪᠢᠰ᠂ ᠠᠷᠠᠰᠤᠨ ᠡᠳ᠋ᠯᠡᠯ᠂ ᠵᠠᠰᠠᠯ ᠵᠢᠮᠰᠡᠭ᠂ ᠴᠠᠭᠠᠨ ᠢᠲᠡᠭᠡ ᠵᠡᠷᠭᠡ ᠶᠢ ᠪᠣᠷᠣᠯᠠᠭᠤᠯᠬᠤ ᠪᠣᠯᠣᠨ᠎ᠠ᠃ 5 ᠰᠠᠷ᠎ᠠ ᠶᠢᠨ 18 ᠠᠴᠠ 24 ᠤ ᠡᠳᠦᠷ ᠪᠤᠯᠲᠠᠯ᠎ᠠ ᠠᠯᠠᠱᠠ ᠵᠡᠭᠦᠨ ᠬᠤᠰᠢᠭᠤᠨ ᠳᠤ ᠶᠠᠪᠤᠭᠳᠠᠨ᠎ᠠ᠃       4. ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠪᠣᠳᠠᠰ ᠤᠨ ᠪᠤᠰᠤ ᠰᠣᠶᠣᠯ ᠤᠨ ᠵᠢᠭᠤᠯᠴᠢᠯᠠᠯ ᠤᠨ ᠪᠤᠷᠤᠯᠠᠭᠤᠯᠭ᠎ᠠ ᠶᠢᠨ ᠵᠠᠬ᠎ᠠ       ᠶᠠᠰᠤᠨ ᠰᠡᠶᠢᠯᠦᠮᠡᠯ᠂ ᠠᠷᠠᠰᠤᠨ ᠵᠢᠷᠤᠭ᠂ ᠮᠣᠷᠢᠨ ᠬᠢᠯᠭᠠᠰᠤᠨ ᠤ ᠭᠠᠷ ᠤᠷᠠᠯᠠᠯ ᠤᠨ ᠳᠠᠩᠺᠠ ᠵᠡᠷᠭᠡ ᠪᠣᠳᠠᠰ  ᠤᠨ ᠪᠤᠰᠤ ᠰᠣᠶᠣᠯ ᠤᠨ ᠥᠪ ᠤᠨ ᠪᠦᠲᠦᠭᠡᠭᠳᠡᠬᠦᠨ ᠵᠢᠴᠢ ᠬᠠᠳᠠᠨ ᠵᠢᠷᠤᠭ᠂ ᠡᠯᠡᠰᠦᠨ ᠵᠢᠷᠤᠭ᠂ ᠴᠠᠭᠠᠨ ᠢᠲᠡᠭᠡ᠂ ᠡᠯᠡᠰᠦᠨ ᠤ ᠠᠵᠤ ᠦᠢᠯᠡᠰ ᠤᠨ ᠪᠦᠲᠦᠭᠡᠭᠳᠡᠬᠦᠨ  ᠢ ᠳᠡᠯᠭᠡᠨ ᠦᠵᠡᠭᠦᠯᠵᠦ ᠪᠣᠷᠣᠯᠠᠭᠤᠯᠬᠤ ᠪᠣᠯᠣᠨ᠎ᠠ᠃       5 ᠰᠠᠷ᠎ᠠ ᠶᠢᠨ 19 ᠠᠴᠠ 28 ᠤ ᠡᠳᠦᠷ ᠪᠤᠯᠲᠠᠯ᠎ᠠ ᠠᠯᠠᠱᠠ ᠵᠡᠭᠦᠨ ᠬᠤᠰᠢᠭᠤᠨ ᠳᠤ ᠶᠠᠪᠤᠭᠳᠠᠬᠤ ᠪᠣᠯᠣᠨ᠎ᠠ᠃       5. ᠡᠵᠡᠨ᠎ᠡ ᠬᠤᠰᠢᠭᠤᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠤ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠰᠢᠷᠢᠰ ᠠᠵᠢᠯᠯᠠᠭ᠎ᠠ       5 ᠰᠠᠷ᠎ᠠ ᠶᠢᠨ 18 ᠠᠴᠠ 31 ᠤ ᠡᠳᠦᠷ ᠪᠤᠯᠲᠠᠯ᠎ᠠ᠂ ᠰᠢᠷᠠᠮᠠᠯ  ᠤᠨ ᠤᠯᠠᠷᠢᠯ᠂ ᠰᠤᠳᠤᠯᠤᠨ ᠰᠤᠷᠤᠯᠴᠠᠬᠤ ᠤᠯᠠᠷᠢᠯ ᠭᠤᠣᠯ ᠰᠡᠳᠦᠪᠲᠦ ᠬᠥᠳᠡᠯᠭᠡᠭᠡᠨ ᠥᠷᠨᠢᠭᠦᠯᠵᠦ᠂ ᠥᠷᠭᠡᠨ ᠤᠯᠠᠨ ᠵᠢᠭᠤᠯᠴᠢᠳ  ᠢ ᠦᠵᠡᠮᠵᠢ ᠶᠢᠨ ᠣᠷᠣᠨ  ᠳᠤ ᠣᠴᠢᠵᠤ᠂ ᠵᠣᠨ ᠤᠨ ᠤᠯᠠᠷᠢᠯ ᠤᠨ ᠬᠠᠮᠲᠤ ᠶᠢᠨ ᠠᠵᠢᠯᠯᠠᠭ᠎ᠠ ᠳᠤ ᠤᠷᠤᠯᠴᠠᠬᠤ ᠶᠢ ᠤᠷᠢᠵᠤ ᠪᠠᠶᠢᠨ᠎ᠠ᠃       6. ︽ᠰᠣᠶᠣᠯ ᠤᠨ ᠥᠪ ᠢᠶᠠᠨ ᠬᠠᠮᠠᠭᠠᠯᠠᠵᠤ᠂ ᠣᠶᠤᠨ ᠰᠠᠨᠠᠭᠠᠨ ᠤ ᠭᠡᠷ ᠣᠷᠣᠨ ᠢᠶᠠᠨ ᠰᠠᠬᠢᠬᠤ︾ ᠭᠤᠣᠯ ᠰᠡᠳᠦᠪᠲᠦ ᠠᠵᠢᠯᠯᠠᠭ᠎ᠠ       5 ᠰᠠᠷ᠎ᠠ ᠶᠢᠨ 18 ᠠᠴᠠ 31 ᠤ ᠡᠳᠦᠷ ᠪᠤᠯᠲᠠᠯ᠎ᠠ᠂ ᠡᠵᠡᠨ᠎ᠡ ᠬᠤᠰᠢᠭᠤᠨ ᠤ ᠵᠢᠦᠢ ᠶᠠᠨ ᠤ ᠰᠣᠶᠣᠯ ᠤᠨ ᠬᠤᠲᠠ ᠳᠤ ᠡᠵᠡᠨ᠎ᠡ ᠬᠤᠰᠢᠭᠤᠨ ᠤ ᠬᠤᠪᠢᠰᠬᠠᠯᠲᠤ ᠪᠣᠳᠠᠰ ᠤᠨ ᠥᠪ ᠤᠨ ᠨᠡᠭᠦᠳᠡᠯ ᠳᠡᠯᠭᠡᠨ ᠦᠵᠡᠭᠦᠯᠭᠡ ᠥᠷᠨᠢᠭᠦᠯᠵᠦ᠂ ᠰᠣᠶᠣᠯ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠬᠠᠮᠲᠤ ᠰᠦᠯᠵᠢᠶ᠎ᠡ ᠪᠠᠷ ᠬᠤᠪᠢᠰᠬᠠᠯᠲᠤ ᠰᠣᠶᠣᠯ ᠤᠨ ᠥᠯᠢᠭᠡᠷ  ᠢ ᠶᠠᠷᠢᠬᠤ ᠪᠠ ᠨᠡᠪᠲᠡᠷᠡᠭᠦᠯᠬᠦ ᠠᠵᠢᠯᠯᠠᠭ᠎ᠠ ᠶᠢ ᠥᠷᠨᠢᠭᠦᠯᠬᠦ ᠪᠣᠯᠣᠨ᠎ᠠ᠃       7. ︽ᠡᠵᠡᠨ᠎ᠡ ᠳᠤ ᠪᠣᠯᠵᠣᠨ ᠰᠠᠨᠰᠠᠷ ᠤᠨ ᠬᠠᠷᠪᠤᠯᠲᠠ ᠶᠢ ᠰᠣᠨᠢᠷᠬᠠᠬᠤ︾ ᠡᠬᠡ ᠣᠷᠣᠨᠴᠢ ᠦᠵᠡᠯ ᠤᠨ ᠪᠠᠶᠠᠳᠠᠨ ᠣᠶᠢᠯᠠᠭᠠᠬᠤ ᠬᠥᠳᠡᠯᠭᠡᠭᠡᠨ       ᠡᠯ᠎ᠡ ᠭᠠᠵᠠᠷ ᠤᠨ ᠵᠢᠭᠤᠯᠴᠢᠳ ᠪᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠵᠤ ᠰᠠᠨᠰᠠᠷ ᠤᠨ ᠬᠠᠷᠪᠤᠯᠲᠠ ᠶᠢ ᠰᠣᠨᠢᠷᠬᠠᠭᠤᠯᠵᠤ᠂ ᠮᠠᠨ ᠤ ᠤᠯᠤᠰ ᠤᠨ ᠰᠠᠨᠰᠠᠷ ᠤᠨ ᠦᠢᠯᠡᠰ ᠤᠨ ᠬᠥᠭᠵᠢᠯᠲᠡ ᠶᠢ ᠲᠠᠨᠢᠭᠤᠯᠵᠤ᠂ ᠡᠬᠡ ᠣᠷᠣᠨᠴᠢ ᠦᠵᠡᠯ ᠤᠨ ᠬᠥᠮᠦᠵᠢᠯ  ᠢ ᠬᠦᠷᠲᠡᠭᠡᠨ᠎ᠡ᠃ 5 ᠰᠠᠷ᠎ᠠ ᠶᠢᠨ ᠡᠴᠦᠰ  ᠢᠶᠠᠷ ᠶᠠᠪᠤᠭᠳᠠᠨ᠎ᠠ᠃       8. ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ       5 ᠰᠠᠷ᠎ᠠ ᠶᠢᠨ 18 ᠠᠴᠠ 31 ᠤ ᠡᠳᠦᠷ ᠪᠤᠯᠲᠠᠯ᠎ᠠ᠂ ᠤᠯᠠᠭᠠᠨᠮᠥ᠋ᠴᠢᠷ ᠤᠨ ᠬᠢᠨ ᠡᠵᠡᠨ᠎ᠡ ᠬᠤᠰᠢᠭᠤᠨ ᠤ ᠰᠤᠮᠤ ᠪᠠᠯᠭᠠᠰᠤ ᠭᠠᠴᠠᠭ᠎ᠠ᠂ ᠨᠡᠶᠢᠭᠡᠮ ᠲᠣᠭᠤᠷᠢᠭ᠂ ᠴᠡᠷᠢᠭ ᠤᠨ ᠬᠤᠸᠠᠷᠠᠨ ᠢᠶᠠᠷ ᠭᠦᠨᠵᠡᠭᠡᠶᠢᠷᠡᠨ ᠰᠣᠶᠣᠯ  ᠢ ᠬᠥᠳᠡᠭᠡ ᠬᠦᠷᠭᠡᠬᠦ ᠲᠣᠭᠯᠠᠯᠲᠠ ᠭᠠᠷᠭᠠᠵᠤ᠂ ᠤᠯᠠᠨ ᠲᠦᠮᠡᠨ ᠰᠦᠢᠳᠬᠡᠯ ᠲᠤᠰᠢᠶᠠᠬᠤ ᠦᠭᠡᠢ ᠪᠠᠷ ᠰᠣᠨᠢᠷᠬᠠᠵᠤ ᠪᠣᠯᠣᠨ᠎ᠠ᠃       9. ᠪᠣᠳᠠᠰ ᠤᠨ ᠪᠤᠰᠤ ᠰᠣᠶᠣᠯ ᠤᠨ ᠥᠪ  ᠢ ᠨᠡᠶᠢᠭᠡᠮ ᠲᠣᠭᠤᠷᠢᠭ᠂ ᠰᠤᠷᠭᠠᠭᠤᠯᠢ᠂ ᠮᠠᠯᠵᠢᠬᠤ ᠲᠠᠷᠢᠶᠠᠯᠠᠬᠤ ᠣᠷᠣᠨ᠂ ᠠᠵᠤ ᠠᠬᠤᠶᠢᠯᠠᠯ ᠳᠤ ᠤᠷᠤᠭᠤᠯᠬᠤ ᠠᠵᠢᠯᠯᠠᠭ᠎ᠠ       5 ᠰᠠᠷ᠎ᠠ ᠶᠢᠨ 6 ᠠᠴᠠ 31 ᠤ ᠡᠳᠦᠷ ᠪᠤᠯᠲᠠᠯ᠎ᠠ᠂ ᠪᠣᠳᠠᠰ ᠤᠨ ᠪᠤᠰᠤ ᠰᠣᠶᠣᠯ ᠤᠨ ᠥᠪ  ᠢ ᠳᠡᠯᠭᠡᠨ ᠦᠵᠡᠭᠦᠯᠬᠦ᠂ ᠤᠬᠠᠭᠤᠯᠭ᠎ᠠ ᠰᠤᠷᠳᠠᠯᠴᠢᠯᠠᠭ᠎ᠠ ᠬᠢᠬᠦ᠂ ᠲᠠᠶᠢᠯᠤᠮᠵᠢ ᠲᠠᠶᠢᠯᠪᠤᠷᠢᠯᠠᠯᠲᠠ ᠬᠢᠬᠦ ᠵᠡᠷᠭᠡ ᠠᠵᠢᠯᠯᠠᠭ᠎ᠠ ᠶᠢ ᠵᠢᠭᠤᠯᠴᠢᠯᠠᠯ ᠤᠨ ᠠᠵᠢᠯᠯᠠᠭ᠎ᠠ ᠲᠠᠢ ᠣᠷᠭᠠᠨᠢᠭ ᠢᠶᠠᠷ ᠤᠶᠠᠯᠳᠤᠭᠤᠯᠬᠤ ᠪᠣᠯᠣᠨ᠎ᠠ᠃       ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠳᠤ ᠶᠠᠪᠤᠭᠳᠠᠨ᠎ᠠ᠃       10. ︽5.18 ᠤᠯᠤᠰ ᠤᠨ ᠮᠦᠽᠧᠢ ᠶᠢᠨ ᠡᠳᠦᠷ︾ ᠤᠨ ᠰᠢᠷᠢᠰ ᠠᠵᠢᠯᠯᠠᠭ᠎ᠠ       4 ᠰᠠᠷ᠎ᠠ ᠶᠢᠨ 17 ᠠᠴᠠ 5 ᠰᠠᠷ᠎ᠠ ᠶᠢᠨ 31 ᠤ ᠡᠳᠦᠷ ᠪᠤᠯᠲᠠᠯ᠎ᠠ᠂ ᠠᠯᠠᠱᠠ ᠮᠦᠽᠧᠢ ᠳᠤ ᠠᠯᠠᠱᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠳᠦᠷᠦᠯ ᠵᠦᠢᠯ  ᠢ ᠲᠠᠨᠢᠯᠴᠠᠭᠤᠯᠬᠤ᠂ ᠠᠷᠠᠳ ᠤᠨ ᠳᠤᠮᠳᠠᠬᠢ ᠬᠤᠷᠢᠶᠠᠨ ᠬᠠᠳᠠᠭᠠᠯᠠᠵᠤ ᠪᠠᠶᠢᠭ᠎ᠠ ᠰᠣᠶᠣᠯ ᠤᠨ ᠥᠪ ᠤᠨ ᠪᠣᠳᠠᠰ  ᠢ ᠬᠢᠨᠠᠨ ᠲᠣᠭᠲᠠᠭᠠᠬᠤ ᠵᠡᠷᠭᠡ ᠰᠢᠷᠢᠰ ᠠᠵᠢᠯᠯᠠᠭ᠎ᠠ ᠪᠠ ᠰᠦᠯᠵᠢᠶᠡᠨ ᠳᠡᠭᠡᠷ᠎ᠡ ︽ᠮᠦᠽᠧᠢ ᠶᠢᠨ ᠳᠠᠷᠤᠭ᠎ᠠ ᠰᠣᠶᠣᠯ ᠤᠨ ᠥᠪ ᠤᠨ ᠲᠤᠬᠠᠢ ᠶᠠᠷᠢᠬᠤ︾᠂ ᠡᠭᠦᠯᠡᠨ ᠳᠡᠯᠭᠡᠨ ᠦᠵᠡᠭᠦᠯᠭᠡ ᠵᠡᠷᠭᠡ ᠠᠵᠢᠯᠯᠠᠭ᠎ᠠ ᠶᠢ ᠥᠷᠨᠢᠭᠦᠯᠬᠦ ᠪᠣᠯᠣᠨ᠎ᠠ᠃       11. ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠡᠵᠡᠨ᠎ᠡ ᠬᠤᠰᠢᠭᠤᠨ ᠤ ᠮᠦᠽᠧᠢ᠂ ᠨᠣᠮ ᠤᠨ ᠰᠠᠩ᠂ ᠰᠣᠶᠣᠯ ᠤᠨ ᠣᠷᠳᠣᠨ ᠤ ᠭᠤᠣᠯ ᠰᠡᠳᠦᠪᠲᠦ ᠬᠥᠳᠡᠯᠭᠡᠭᠡᠨ       5 ᠰᠠᠷ᠎ᠠ ᠶᠢᠨ 18 ᠠᠴᠠ 31 ᠤ ᠡᠳᠦᠷ ᠪᠤᠯᠲᠠᠯ᠎ᠠ᠂ ᠵᠢᠭᠤᠯᠴᠢᠯᠠᠯ ᠤᠨ ᠮᠡᠳᠡᠯᠭᠡ ᠶᠢᠨ ᠠᠰᠠᠭᠤᠯᠲᠠ ᠬᠠᠷᠢᠭᠤᠯᠲᠠ᠂ ᠰᠢᠯᠢᠳᠡᠭ ᠺᠢᠨᠣ᠋ ᠲᠠᠯᠪᠢᠬᠤ᠂ ᠨᠣᠮ ᠳᠡᠪᠲᠡᠷ ᠤᠨ ᠳᠡᠯᠭᠡᠨ ᠦᠵᠡᠭᠦᠯᠭᠡ᠂ ᠢᠰᠡᠭᠡᠢ ᠭᠠᠷ ᠤᠷᠠᠯᠠᠯ᠂ ᠮᠣᠩᠭᠤᠯ ᠦᠨᠳᠦᠰᠦᠲᠡᠨ ᠤ ᠭᠡᠷ ᠤᠨ ᠡᠳ᠋ᠯᠡᠯ ᠬᠡᠷᠡᠭᠰᠡᠯ ᠳᠡᠭᠡᠷ᠎ᠡ ᠵᠢᠷᠤᠭᠯᠠᠬᠤ᠂ ᠤᠯᠠᠮᠵᠢᠯᠠᠯᠳᠤ ᠮᠣᠩᠭᠤᠯ ᠭᠡᠷ ᠣᠶᠣᠬᠤ ᠵᠡᠷᠭᠡ ᠤᠯᠠᠨ ᠳᠦᠷᠦᠯ ᠤᠨ ᠠᠵᠢᠯᠯᠠᠭ᠎ᠠ ᠶᠠᠪᠤᠭᠳᠠᠨ᠎ᠠ᠃                ᠨᠠᠷᠠᠨ᠎ᠠ᠂ ᠡᠷᠳᠡᠨᠢᠬᠦᠦ
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号