ᠡᠷᠡᠯᠬᠡᠭ ᠵᠣᠷᠢᠭ ᠠᠤᠭ᠎ᠠ ᠰᠠᠨᠠᠭ᠎ᠠ ᠡᠪᠦᠷᠯᠡᠵᠦ ᠬᠥᠭᠡᠭᠡᠵᠦ ᠭᠦᠢᠴᠡᠨ ᠳᠠᠪᠠᠨ ᠭᠠᠷᠴᠤ ᠲᠡᠷᠢᠭᠦᠨ ᠤ ᠬᠢ ᠪᠣᠯᠬᠤ ᠪᠠᠷ ᠬᠦᠴᠦᠯᠡᠨ ᠴᠢᠷᠮᠠᠶᠢᠵᠤ ᠰᠢᠯᠢᠳᠡᠭ ᠠᠮᠵᠢᠯᠲᠠ ᠡᠭᠦᠳᠦᠶ᠎ᠡ
ᠨᠡᠶᠢᠲᠡᠯᠡᠭᠰᠡᠨ ᠴᠠᠭ᠄
2023/12/31
           —ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠬᠤᠶᠠᠷᠲᠠ ᠥᠭᠦᠯᠡᠬᠦ ᠨᠢ                ᠥᠪᠥᠷ ᠮᠣᠩᠭᠤᠯ ᠤᠨ ᠡᠳᠦᠷ ᠤᠨ ᠰᠣᠨᠢᠨ ᠤ ᠰᠢᠭᠦᠮᠵᠢᠯᠡᠭᠴᠢ       ᠵᠣᠷᠢᠭ ᠦᠭᠡᠢ ᠪᠣᠯ ᠳᠡᠯᠡᠬᠡᠢ ᠳ᠋ᠠᠬᠢᠨ ᠳᠤ ᠪᠦᠲᠦᠬᠦ ᠶᠠᠪᠤᠳᠠᠯ ᠠᠯᠠᠭ᠎ᠠ᠃ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠭᠦᠰᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠩ ︽ᠶᠡᠭᠡ ᠪᠠᠷ ᠬᠥᠭᠵᠢᠭᠦᠯᠵᠦ ᠲᠦᠷᠭᠡᠨ ᠬᠥᠭᠵᠢᠭᠦᠯᠦᠨ᠂ ᠪᠥᠬᠦ ᠤᠯᠤᠰ ᠤᠨ ᠳᠤᠮᠳᠠ ᠶᠢᠨ ᠲᠦᠪᠰᠢᠨ ᠎ ᠳᠤ ᠳᠠᠪᠰᠢᠨ ᠣᠷᠣᠬᠤ ᠡᠷᠡᠯᠬᠡᠭ ᠵᠣᠷᠢᠭ ᠠᠤᠭ᠎ᠠ ᠰᠠᠨᠠᠭ᠎ᠠ ᠶᠢ ᠪᠤᠢ ᠪᠣᠯᠭᠠᠬᠤ ᠭᠡᠷᠡᠭᠲᠡᠢ︾ ᠭᠡᠵᠦ ᠴᠢᠬᠤᠯᠠᠴᠢᠯᠠᠵᠤ᠂ ᠬᠡᠩᠭᠡᠷᠭᠡ ᠳᠡᠯᠡᠳᠦᠨ ᠤᠷᠤᠭᠰᠢᠯᠠᠯᠲᠠ ᠶᠢᠨ ᠪᠦᠷᠢᠶ᠎ᠡ ᠬᠠᠩᠭᠢᠨᠠᠭᠤᠯᠤᠨ᠂ ᠬᠥᠮᠥᠰ ᠢ ᠤᠷᠮᠠᠰᠢᠭᠤᠯᠤᠨ ᠵᠣᠷᠢᠭᠵᠢᠭᠤᠯᠪᠠ ᠃ ᠣᠷᠣᠨ ᠳᠠᠶᠠᠭᠠᠷ ᠢᠶᠠᠨ ᠡᠷᠬᠡᠪᠰᠢ ᠣᠶᠤᠨ ᠴᠢᠳᠠᠯ ᠢᠶᠠᠨ ᠬᠥᠭᠵᠢᠯᠲᠡ ᠶᠢ ᠲᠦᠷᠭᠡᠳᠬᠡᠬᠦ ᠳᠡᠭᠡᠷ᠎ᠡ ᠲᠥᠪᠯᠡᠷᠡᠭᠦᠯᠵᠦ ᠂ ᠥᠪᠥᠷ ᠮᠣᠩᠭᠤᠯ ᠤᠨ ᠠᠵᠤ ᠠᠬᠤᠢ ᠶᠢᠨ ︽ᠵᠡᠷᠭᠡ ᠳᠡᠪᠰᠢᠨ ᠲᠠᠰ ᠳᠡᠪᠰᠢᠬᠦ︾᠎ ᠶᠢ ᠰᠡᠳᠬᠢᠯ ᠨᠢᠭᠡᠳᠦᠨ ᠬᠦᠴᠦ ᠎ ᠪᠠᠨ ᠬᠠᠮᠲᠤᠳᠬᠠᠵᠤ ᠠᠬᠢᠭᠤᠯᠬᠤ ᠭᠡᠷᠡᠭᠲᠡᠶ᠃       ᠵᠣᠷᠢᠭᠲᠠᠢ ᠪᠣᠯ ᠵᠣᠷᠢᠭᠰᠠᠨ ᠳᠠᠭᠠᠨ ᠯᠠᠪᠲᠠᠢ ᠭᠦᠷᠦᠨ᠎ᠠ᠃ ᠣᠳᠣᠬᠠᠨ ᠳᠤ᠂ ᠥᠪᠥᠷ ᠮᠣᠩᠭᠤᠯ ᠮᠥᠨ ᠬᠦ ᠬᠥᠭᠵᠢᠭᠡᠳᠦᠢ ᠭᠠᠵᠠᠷ ᠣᠷᠣᠨ ᠢᠶᠠᠷ ᠢᠶᠠᠨ ᠪᠠᠶᠢᠭᠰᠠᠭᠠᠷ᠂ ᠭᠡᠪᠡᠴᠦ ᠮᠠᠨ ᠤ ᠣᠷᠣᠨ ᠤ ᠭᠠᠵᠠᠷ ᠨᠤᠲᠤᠭ ᠥᠷᠭᠡᠨ ᠠᠭᠤᠳᠠᠮ᠂ ᠡᠬᠢ ᠪᠠᠶᠠᠯᠢᠭ ᠡᠯᠪᠡᠭ ᠳᠡᠯᠪᠡᠭ᠂ ︽ᠥᠩᠭᠡ ᠦᠵᠡᠮᠵᠢ︾ ᠬᠢᠵᠠᠭᠠᠯᠠᠰᠢ ᠦᠭᠡᠢ ᠰᠠᠶᠢᠨ ᠰᠠᠶᠢᠬᠠᠨ᠂ ᠤᠯᠤᠰ ᠤᠨ ︽ᠠᠮᠤ ᠶᠢᠨ ᠰᠠᠩ︾᠂ ︽ᠮᠢᠬᠠᠨ ᠤ ᠬᠥᠮᠥᠷᠭᠡ︾᠂ ︽ᠰᠦ ᠶᠢᠨ ᠬᠥᠨᠥᠭ︾᠂ ︽ᠨᠣᠣᠯᠣᠭᠤᠷ ᠤᠨ ᠣᠷᠣᠨ︾ ᠪᠣᠯᠵᠤ᠂ ᠥᠪᠡᠷᠮᠢᠴᠡ ᠣᠨᠴᠠᠭᠠᠢ ᠳᠠᠪᠠᠭᠤᠯᠢᠭ ᠪᠠᠶᠢᠬᠤ ᠶᠢᠨ ᠵᠡᠷᠭᠡ ᠪᠠᠷ ᠮᠠᠰᠢ ᠰᠠᠶᠢᠨ ᠬᠥᠭᠵᠢᠯᠲᠡ ᠶᠢᠨ ᠰᠠᠭᠤᠷᠢ ᠲᠠᠢ ᠪᠥᠭᠡᠳ ᠮᠠᠰᠢ ᠣᠯᠠᠨ ᠬᠥᠭᠵᠢᠯᠲᠡ ᠶᠢᠨ ᠠᠵᠠ ᠲᠣᠭᠢᠶᠠᠯ ᠳᠤ ᠲᠤᠯᠭᠠᠷᠠᠵᠤ᠂ ᠬᠦᠰᠡᠯ ᠡᠷᠡᠮᠡᠯᠵᠡᠯ ᠎ ᠢᠶᠠᠷ ᠪᠢᠯᠬᠠᠮ᠎ᠠ ᠪᠥᠭᠡᠳ ᠶᠡᠭᠡ ᠦᠢᠯᠡᠰ ᠢ ᠪᠦᠲᠦᠭᠡᠵᠦ ᠪᠣᠯᠬᠤ ᠰᠠᠶᠢᠨ ᠰᠠᠶᠢᠬᠠᠨ ᠭᠠᠵᠠᠷ ᠪᠣᠯᠬᠤ ᠶᠢ ᠪᠢᠳᠡ ᠣᠯᠵᠤ ᠬᠠᠷᠠᠬᠤ ᠭᠡᠷᠡᠭᠲᠡᠶ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠵᠢᠯᠣᠭᠤᠳᠤᠯᠭ᠎ᠠ ᠶᠣᠰᠣᠭᠠᠷ᠂ ᠵᠣᠷᠢᠭᠲᠠᠢ ᠤᠷᠤᠭᠰᠢᠯᠠᠵᠤ᠂ ᠬᠠᠨᠴᠤᠢ ᠰᠢᠮᠠᠯᠠᠨ ᠴᠢᠷᠮᠠᠶᠢᠨ ᠠᠵᠢᠯᠯᠠᠳᠠᠭ ᠯᠠ ᠶᠤᠮ ᠪᠣᠯ ᠠᠵᠤ ᠠᠬᠤᠢ ᠶᠢᠨ ᠶᠡᠷᠦᠩᠬᠡᠢ ᠬᠡᠮᠵᠢᠶ᠎ᠡ ᠎ ᠪᠠᠨ ᠪᠥᠬᠦ ᠤᠯᠤᠰ ᠤᠨ ᠳᠤᠮᠳᠠ ᠶᠢᠨ ᠲᠦᠪᠰᠢᠨ ᠳᠤ ᠬᠦᠷᠭᠡᠬᠦ ᠡᠷᠴᠢ ᠬᠦᠴᠦ᠂ ᠣᠷᠴᠢᠨ ᠨᠥᠬᠦᠴᠡᠯ ᠪᠠ ᠢᠲᠡᠭᠡᠯ ᠵᠣᠷᠢᠭ ᠪᠣᠯ ᠪᠦᠷᠢᠨ ᠪᠠᠶᠢᠨ᠎ᠠ᠃ ᠪᠥᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠴᠥᠮ ᠡᠷᠡᠯᠬᠡᠭ ᠵᠣᠷᠢᠭ ᠠᠤᠭ᠎ᠠ ᠰᠠᠨᠠᠭ᠎ᠠ ᠪᠠᠨ ᠬᠥᠭᠵᠢᠭᠡᠨ ᠪᠠᠳᠠᠷᠠᠭᠤᠯᠵᠤ᠂ ᠬᠥᠭᠵᠢᠭᠦᠯᠬᠦ ᠶᠢ ᠭᠤᠶᠢᠪᠢᠰᠢ ᠦᠭᠡᠢ ᠪᠠᠷᠢᠮᠲᠠᠯᠠᠨ᠂ ᠬᠥᠭᠵᠢᠯᠲᠡ ᠶᠢ ᠲᠦᠷᠭᠡᠳᠬᠡᠬᠦ ᠶᠢ ᠰᠢᠨᠲᠠᠷᠠᠰᠢ ᠦᠭᠡᠢ ᠠᠳᠬᠤᠵᠤ᠂ ᠳᠠᠷᠤᠯᠲᠠ ᠶᠢ ᠳᠠᠭᠠᠭᠠᠵᠤ ᠬᠦᠨᠳᠦ ᠡᠭᠦᠷᠭᠡ ᠶᠢ ᠡᠭᠦᠷᠭᠡᠯᠡᠨ᠂ ᠥᠨᠳᠥᠷ ᠲᠤ ᠬᠦᠷᠬᠦ ᠪᠠᠷ ᠮᠡᠷᠡᠶᠢᠨ ᠴᠢᠷᠮᠠᠶᠢᠵᠤ᠂ ᠠᠵᠠ ᠲᠣᠭᠢᠶᠠᠯ ᠢ ᠠᠮᠵᠢᠵᠤ ᠰᠢᠪᠲᠤᠯᠤᠯᠲᠠ ᠭᠠᠷᠭᠠᠨ᠂ ᠬᠥᠭᠡᠭᠡᠵᠦ ᠭᠦᠢᠴᠡᠨ ᠳᠠᠪᠠᠨ ᠭᠠᠷᠴᠤ ᠲᠡᠷᠢᠭᠦᠨ ᠤ ᠬᠢ ᠪᠣᠯᠵᠤ ᠰᠢᠯᠢᠳᠡᠭ ᠠᠮᠵᠢᠯᠲᠠ ᠣᠯᠬᠤ ᠪᠠᠷ ᠬᠦᠴᠦᠯᠡᠨ ᠴᠢᠷᠮᠠᠶᠢᠬᠤ ᠭᠡᠷᠡᠭᠳᠠᠢ᠃       ᠦᠵᠡᠯ ᠰᠠᠨᠠᠭ᠎ᠠ ᠵᠥᠪ ᠪᠣᠯ ᠬᠥᠭᠵᠢᠯᠲᠡ ᠰᠠᠶ᠋ᠢ ᠤᠷᠤᠭᠰᠢᠲᠠᠢ ᠪᠠᠶᠢᠵᠤ ᠴᠢᠳᠠᠨ᠎ᠠ᠃ ᠡᠷᠡᠯᠬᠡᠭ ᠵᠣᠷᠢᠭ ᠠᠤᠭ᠎ᠠ ᠰᠠᠨᠠᠭ᠎ᠠ ᠲᠠᠢ᠂ ᠵᠣᠷᠢᠭᠲᠠᠢ ᠪᠠᠷ ᠬᠥᠭᠡᠭᠡᠵᠦ ᠭᠦᠢᠴᠡᠨ ᠳᠠᠪᠠᠨ ᠭᠠᠷᠴᠤ ᠲᠡᠷᠢᠭᠦᠨ ᠤ ᠬᠢ ᠪᠣᠯᠵᠤ᠂ ᠪᠥᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠠᠬᠢ ᠥᠪᠥᠷ ᠮᠣᠩᠭᠤᠯ ᠤᠨ ᠬᠤᠪᠢ ᠶᠢᠨ ᠵᠢᠩ ᠪᠣᠯᠣᠨ ᠣᠷᠣᠨ ᠪᠠᠶᠢᠷᠢ ᠶᠢ ᠴᠢᠷᠮᠠᠶᠢᠨ ᠳᠡᠭᠡᠭᠰᠢᠯᠡᠭᠦᠯᠭᠦ ᠳᠤ᠂ ᠡᠷᠬᠡᠪᠰᠢ ᠲᠠᠷᠢᠬᠢ ᠲᠣᠯᠣᠭᠠᠢ ᠳᠠᠬᠢ ᠲᠡᠳᠡᠭᠡᠷ ᠴᠠᠭ ᠦᠶ᠎ᠡ ᠳᠤ ᠦᠯᠦ ᠲᠣᠬᠢᠷᠠᠬᠤ ᠵᠦᠢᠯ ᠢ ᠲᠠᠶᠠᠭᠳᠠᠵᠤ᠂ ︽ᠲᠤᠯᠤᠭ᠎ᠠ ᠶᠢ ᠲᠠᠶᠠᠭᠳᠠᠬᠤ︾᠎ ᠶᠢ ᠡᠷᠡᠰ ᠪᠡᠶᠡᠯᠡᠭᠦᠯᠦᠨ᠂ ᠵᠥᠪ ᠬᠥᠭᠵᠢᠯᠲᠡ ᠎ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠨ᠂ ᠵᠣᠷᠢᠭᠲᠠᠢ ᠪᠠᠷ ᠪᠤᠰᠤᠳ ᠠᠴᠠ ᠲᠦᠷᠦᠭᠦᠯᠡᠬᠦ ᠠᠤᠭ᠎ᠠ ᠰᠠᠨᠠᠭ᠎ᠠ᠂ ᠬᠥᠭᠡᠭᠡᠵᠦ ᠭᠦᠢᠴᠡᠨ ᠳᠠᠪᠠᠨ ᠭᠠᠷᠴᠤ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠰᠥᠰᠥ ᠵᠣᠷᠢᠭ ᠢ ᠬᠥᠭᠵᠢᠭᠡᠬᠦ ᠭᠡᠷᠡᠭᠲᠡᠢ᠃ ᠶᠡᠭᠡ ᠪᠠᠷ ᠠᠵᠢᠯᠯᠠᠨ ᠲᠦᠷᠭᠡᠨ ᠠᠬᠢᠭᠤᠯᠵᠤ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ ᠢᠶᠠᠷ᠂ ᠦᠷ᠎ᠡ ᠳ᠋ᠦᠩ ᠢᠶᠠᠷ ᠬᠠᠷᠠᠭᠤᠯᠬᠤ᠂ ᠪᠣᠳᠠᠲᠤ ᠠᠮᠵᠢᠯᠲᠠ ᠪᠠᠷ ᠦᠨᠡᠯᠡᠬᠦ ᠤᠳᠤᠷᠢᠳᠤᠮᠵᠢ ᠶᠢ ᠴᠢᠩᠭᠠᠳᠬᠠᠨ᠂ ᠠᠭᠤᠯᠠ ᠳᠠᠭᠠᠷᠠᠪᠠᠯ ᠵᠠᠮ ᠨᠡᠭᠡᠭᠡᠵᠦ ᠤᠰᠤ ᠳᠠᠭᠠᠷᠠᠪᠠᠯ ᠬᠥᠭᠦᠷᠭᠡ ᠲᠠᠯᠪᠢᠬᠤ ᠰᠥᠰᠥ ᠵᠣᠷᠢᠭ ᠢᠶᠠᠷ᠂ ᠠᠯᠤᠰ ᠢᠷᠡᠭᠡᠳᠦᠢ ᠪᠠ ᠨᠢᠳᠦᠨ ᠡᠮᠦᠨᠡᠬᠢ ᠶᠢ ᠬᠠᠮᠲᠤ ᠳᠤᠨᠢ ᠬᠠᠷᠠᠭᠠᠯᠵᠠᠬᠤ᠂ ᠦᠷ᠎ᠡ ᠠᠰᠢᠭ ᠎ ᠢ ᠤᠷᠢᠳ ᠢᠶᠠᠷ ᠪᠣᠳᠣᠯᠬᠢᠯᠠᠬᠤ ᠣᠶᠢᠯᠠᠭᠠᠭᠳᠠᠬᠤᠨ ᠢ ᠪᠠᠷᠢᠮᠲᠠᠯᠠᠵᠤ᠂ ᠨᠠᠷᠢᠨ ᠨᠢᠭᠲᠠ᠂ ᠥᠨᠳᠥᠷ ᠪᠠᠷᠢᠮᠵᠢᠶ᠎ᠠ ᠲᠠᠢ ᠴᠢᠨᠠᠷ ᠰᠠᠶᠢᠲᠠᠢ ᠪᠠᠶᠢᠬᠤ ᠶᠢ ᠬᠥᠭᠡᠭᠡᠴᠡᠯᠳᠦᠨ᠂ ᠡᠵᠡᠩᠨᠡᠯᠲᠡ ᠬᠠᠮᠢᠶᠠᠷᠤᠯᠲᠠ ᠬᠢᠬᠦ᠂ ᠨᠠᠷᠢᠨ ᠨᠢᠮᠪᠠᠢ ᠲᠥᠯᠥᠪᠯᠡᠬᠦ ᠴᠢᠳᠠᠪᠤᠷᠢ ᠪᠠᠨ ᠴᠢᠩᠭᠠᠳᠬᠠᠵᠤ᠂ ᠬᠥᠭᠵᠢᠯᠲᠡ ᠶᠢ ᠲᠦᠷᠭᠡᠳᠬᠡᠬᠦ᠂ ᠬᠥᠭᠵᠢᠯᠲᠡ ᠶᠢ ᠶᠡᠭᠡ ᠪᠠᠷ ᠠᠳᠬᠤᠬᠤ ᠴᠤᠭ ᠵᠢᠪᠬᠤᠭ᠎ᠠ ᠶᠢ ᠪᠥᠬᠦ ᠲᠠᠯ᠎ᠠ ᠪᠠᠷ ᠬᠥᠭᠵᠢᠭᠡᠬᠦ ᠭᠡᠷᠡᠭᠲᠡᠢ᠃ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠨ ᠪᠥᠬᠦ ᠤᠯᠤᠰ ᠤᠨ ᠳᠤᠮᠳᠠ ᠶᠢᠨ ᠲᠦᠪᠰᠢᠨ ᠳᠤ ᠬᠦᠷᠭᠡᠬᠦ ᠭᠡᠭᠴᠢ ᠬᠡᠯᠡᠭᠡᠳ ᠪᠣᠯᠬᠤ ᠶᠠᠭᠤᠮ᠎ᠠ ᠪᠢᠰᠢ᠂ ᠬᠠᠷᠢᠨ ᠬᠢᠵᠦ ᠦᠵᠡᠭᠦᠯᠬᠦ ᠭᠡᠷᠡᠭᠳᠠᠢ ᠶᠤᠮ᠃ ᠭᠠᠭᠴᠠ ᠬᠦ ᠶᠡᠭᠡ ᠪᠠᠷ ᠠᠵᠢᠯᠯᠠᠵᠤ ᠲᠦᠷᠭᠡᠨ ᠬᠥᠳᠡᠯᠦᠯᠴᠡᠵᠦ᠂ ᠬᠠᠲᠠᠭᠤᠵᠢᠯᠲᠠᠢ ᠠᠵᠢᠯᠯᠠᠵᠤ ᠦᠨᠡᠨ ᠪᠣᠳᠠᠲᠠᠢ ᠠᠵᠢᠯᠯᠠᠪᠠᠯ ᠰᠠᠶ᠋ᠢ ᠠᠤᠭ᠎ᠠ ᠵᠢᠷᠤᠭ ᠲᠥᠰᠥᠪ ᠢ ᠠᠯᠬᠤᠮ ᠠᠯᠬᠤᠮ ᠢᠶᠠᠷ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠵᠤ ᠴᠢᠳᠠᠨ᠎ᠠ᠃       ᠰᠢᠨ᠎ᠡ ᠠᠶᠠᠨ ᠳᠤ᠂ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠨ ᠠᠭᠤᠰᠤᠯᠴᠠᠵᠤ᠂ ᠰᠠᠶᠢᠨ ᠲᠠᠯ᠎ᠠ ᠪᠠᠨ ᠪᠠᠳᠠᠷᠠᠭᠤᠯᠤᠨ ᠰᠢᠭᠠᠷᠤ ᠲᠠᠯ᠎ᠠ ᠪᠠᠨ ᠲᠡᠪᠴᠢᠵᠦ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠷᠢᠰᠢᠯ ᠢ ᠲᠣᠬᠢᠷᠠᠭᠤᠯᠤᠨ ᠰᠢᠯᠢᠳᠡᠭᠵᠢᠭᠦᠯᠵᠦ᠂ ︽ᠶᠡᠭᠡ ᠪᠠᠷ ᠠᠵᠢᠯᠯᠠᠨ ᠲᠦᠷᠭᠡᠨ ᠠᠬᠢᠭᠤᠯᠵᠤ︾ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠶᠢ ᠲᠤᠭᠤᠰᠢᠲᠠᠢ ᠠᠬᠢᠭᠤᠯᠤᠨ᠂ ᠶᠡᠷᠦᠩᠬᠡᠢ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠨ ᠮᠠᠯ ᠠᠵᠤ ᠠᠬᠤᠢ ᠲᠠᠷᠢᠶᠠᠯᠠᠩ ᠪᠠ ᠦᠢᠯᠡᠴᠢᠯᠡᠭᠡᠨ ᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠥᠨᠴᠥᠭ ᠪᠤᠯᠤᠩ ᠦᠯᠡᠳᠡᠭᠡᠯ ᠦᠭᠡᠢ ᠪᠠᠷ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠎ ᠶᠢ ᠠᠬᠢᠭᠤᠯᠤᠨ᠂ ᠥᠨᠳᠥᠷ ᠲᠤ ᠵᠣᠭᠰᠣᠨ ᠠᠯᠤᠰ ᠢ ᠪᠠᠷᠠᠯᠠᠵᠤ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠣᠷᠣᠨ ᠪᠦᠰᠡ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠂ ᠡᠬᠢ ᠪᠠᠶᠠᠯᠢᠭ ᠴᠢᠬᠤᠯᠠ ᠡᠯᠧᠮᠧᠨ᠋ᠲ ᠢ ᠥᠨᠳᠥᠷ ᠪᠦᠲᠦᠮᠵᠢᠲᠡᠢ ᠪᠠᠷ ᠭᠦᠢᠯᠭᠡᠭᠡᠨ ᠳᠤ ᠣᠷᠣᠭᠤᠯᠵᠤ᠂ ᠨᠡᠶᠢᠭᠡᠮ ᠠᠷᠠᠯᠵᠢᠶ᠎ᠠ ᠬᠤᠳᠠᠯᠳᠤᠭᠠᠨ ᠤ ᠠᠭᠤᠷ ᠠᠮᠢᠰᠬᠤᠯ ᠢ ᠬᠥᠷ ᠬᠥᠭᠵᠢᠭᠡᠨ ᠲᠠᠢ ᠪᠣᠯᠭᠠᠨ᠂ ᠨᠡᠩ ᠲᠡᠭᠦᠯᠳᠡᠷ ᠡᠷᠴᠢ ᠵᠣᠷᠢᠭ᠂ ᠨᠡᠩ ᠪᠣᠳᠠᠲᠠᠢ ᠠᠵᠢᠯ ᠤᠨ ᠰᠤᠷᠲᠠᠯ ᠢᠶᠠᠷ᠂ ᠠᠷᠭ᠎ᠠ ᠪᠥᠬᠦᠨ ᠢ ᠰᠦᠪᠡᠭᠴᠢᠯᠡᠨ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠦᠨ᠂ ᠬᠥᠷᠥᠩᠭᠡ ᠪᠠᠨ ᠵᠤᠵᠠᠭᠠᠳᠬᠠᠬᠤ ᠭᠡᠷᠡᠭᠳᠠᠢ᠃       ᠳᠠᠷᠪᠠᠭᠤᠯ ᠬᠡᠶᠢᠰᠬᠡᠨ ᠬᠤᠯᠠ ᠶᠢ ᠵᠣᠷᠢᠵᠤ᠂ ᠡᠷᠡᠯᠬᠡᠭ ᠵᠣᠷᠢᠭ ᠠᠤᠭ᠎ᠠ ᠰᠠᠨᠠᠭ᠎ᠠ ᠡᠪᠦᠷᠯᠡᠨ ᠢᠷᠡᠭᠡᠳᠦᠢ ᠵᠦᠭ ᠤᠷᠤᠭᠰᠢᠯᠠᠨᠠᠮ᠃ ᠥᠨᠥᠳᠥᠷ ᠤᠨ ᠤᠮᠠᠷᠠᠲᠤ ᠬᠢᠯᠢ ᠶᠢᠨ ᠪᠠᠶᠢᠳᠠᠯ ᠢ ᠠᠵᠢᠬᠤᠶ᠎ᠠ᠂ ᠡᠷᠡᠯᠬᠡᠭ ᠵᠣᠷᠢᠭ ᠠᠤᠭ᠎ᠠ ᠰᠠᠨᠠᠭ᠎ᠠ ᠭᠠᠵᠠᠷ ᠪᠣᠯᠭᠠᠨ ᠳᠤ ᠪᠤᠴᠠᠯᠵᠤ᠂ ᠡᠷᠡᠯᠬᠡᠭᠯᠡᠨ ᠲᠡᠮᠡᠴᠡᠬᠦ ᠠᠬᠤᠢ ᠪᠠᠶᠢᠳᠠᠯ᠂ ᠤᠷᠤᠭᠰᠢᠯᠠᠯᠲᠠ ᠶᠢᠨ ᠠᠯᠬᠤᠭ᠎ᠠ᠂ ᠮᠡᠷᠡᠶᠢᠨ ᠴᠢᠷᠮᠠᠶᠢᠬᠤ ᠬᠦᠴᠦ ᠬᠥᠯᠥᠰᠦ ᠨᠢ ᠥᠪᠥᠷ ᠮᠣᠩᠭᠤᠯ ᠤᠨ ᠬᠥᠭᠵᠢᠯᠲᠡ ᠪᠠᠨ ᠲᠦᠷᠭᠡᠳᠬᠡᠵᠦ᠂ ᠬᠥᠭᠵᠢᠯᠲᠡ ᠎ ᠶᠢ ᠶᠡᠭᠡ ᠪᠠᠷ ᠠᠳᠬᠤᠬᠤ ᠰᠦᠷ ᠵᠢᠪᠬᠤᠭᠠᠲᠤ ᠭᠦᠭ ᠠᠶᠠᠰ ᠪᠣᠯᠵᠤ ᠪᠠᠶᠢᠨ᠎ᠠ᠃ ᠪᠥᠬᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ︽ᠬᠦᠴᠢᠷ ᠠᠴᠠ ᠠᠶᠤᠬᠤ ᠦᠭᠡᠢ ᠲᠡᠰᠪᠦᠷᠢ ᠳᠠᠭᠠᠭᠠᠴᠠᠲᠠᠢ᠂ ᠴᠤᠴᠠᠯᠲᠠ ᠦᠭᠡᠢ ᠲᠡᠮᠡᠤᠯᠡᠭᠦ ᠂ ᠵᠣᠷᠢᠭᠰᠠᠨ ᠳᠠᠭᠠᠨ ᠵᠠᠪᠠᠯ ᠬᠦᠷᠬᠦ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠠᠵᠠ ᠲᠣᠭᠢᠶᠠᠯ ᠢ ᠡᠵᠡᠮᠳᠡᠵᠦ᠂ ᠳᠠᠯᠳᠠ ᠬᠦᠴᠦᠨ ᠢᠶᠠᠨ ᠠᠭᠤᠳᠠᠯᠤᠨ᠂ ᠬᠥᠳᠡᠯᠭᠡᠬᠦ ᠬᠦᠴᠦᠨ ᠨᠡᠮᠡᠷᠢᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠵᠣᠷᠢᠭᠲᠠᠢ ᠪᠠᠷ ᠲᠡᠮᠡᠴᠡᠳᠡᠭ ᠯᠠ ᠶᠤᠮ ᠪᠣᠯ ᠯᠠᠪᠲᠠᠢ ᠬᠥᠭᠡᠭᠡᠵᠦ ᠭᠦᠢᠴᠡᠨ ᠳᠠᠪᠠᠨ ᠭᠠᠷᠴᠤ ᠲᠡᠷᠢᠭᠦᠨ ᠤ ᠬᠢ ᠪᠣᠯᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠵᠦ ᠴᠢᠳᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号