ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠯᠪᠠᠨ ᠭᠡᠷ ᠵᠡᠷᠭᠡ 9 ᠰᠠᠯᠠᠭ᠎ᠠ ᠮᠥᠴᠢᠷ ᠬᠠᠮᠲᠤᠷᠠᠨ ᠬᠥᠳᠡᠭᠡ ᠲᠣᠰᠬᠤᠨ ᠤ ᠭᠦᠢᠯᠭᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠢᠯᠤᠭᠤᠳᠬᠤ ᠰᠠᠨᠠᠯ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/12/31
      ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠬᠢᠯᠭᠠᠨ ᠮᠡᠳᠡᠭᠡ ᠲᠦᠷᠦᠭᠦᠬᠡᠨ ︽ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠯᠪᠠᠨ ᠭᠡᠷ ᠵᠡᠷᠭᠡ ᠰᠠᠯᠠᠭ᠎ᠠ ᠮᠥᠴᠢᠷ ᠤᠨ ᠬᠥᠳᠡᠭᠡ ᠲᠣᠰᠬᠤᠨ ᠤ ᠭᠦᠢᠯᠭᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾᠎ ᠢ ᠳᠠᠷᠤᠮᠠᠯᠯᠠᠨ ᠲᠠᠷᠬᠠᠭᠠᠵᠤ᠂ ᠥᠨᠳᠥᠷ ᠪᠦᠲᠦᠮᠵᠢᠲᠡᠢ ᠢᠯᠭᠤᠮ ᠤᠷᠤᠭᠰᠢᠲᠠᠢ ᠬᠥᠳᠡᠭᠡ ᠲᠣᠰᠬᠤᠨ ᠤ ᠣᠲᠣ ᠦᠶ᠎ᠡ ᠶᠢᠨ ᠭᠦᠢᠯᠭᠡᠭᠡ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠥᠳᠡᠭᠡ ᠲᠣᠰᠬᠤᠨ ᠤ ᠭᠦᠢᠯᠭᠡᠭᠡ ᠶᠢᠨ ᠲᠣᠨᠤᠭ ᠲᠥᠬᠦᠭᠡᠷᠦᠮᠵᠢ ᠪᠣᠯᠣᠨ ᠡᠵᠡᠩᠨᠡᠯᠲᠡ ᠶᠢᠨ ᠬᠡᠯᠪᠡᠷᠢ ᠶᠢ ᠣᠲᠣ ᠦᠶ᠎ᠡ ᠶᠢᠨ ᠭᠦᠢᠯᠭᠡᠭᠡ ᠶᠢᠨ ᠰᠢᠰᠲ᠋ᠧᠮ ᠳᠤ ᠪᠥᠬᠦ ᠲᠠᠯ᠎ᠠ ᠪᠠᠷ ᠠᠭᠤᠰᠤᠯᠴᠠᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠭᠦᠢᠯᠭᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠵᠣᠷᠢᠯᠭ᠎ᠠ ᠪᠠᠨ ᠪᠣᠯᠭᠠᠭᠰᠠᠨ ᠪᠠᠶᠢᠨ᠎ᠠ᠃       ᠬᠥᠳᠡᠭᠡ ᠲᠣᠰᠬᠤᠨ ᠤ ᠭᠦᠢᠯᠭᠡᠭᠡ ᠶᠢᠨ ᠰᠢᠰᠲ᠋ᠧᠮ ᠨᠢ ᠬᠤᠲᠠ ᠬᠥᠳᠡᠭᠡ ᠶᠢᠨ ᠦᠢᠯᠡᠳᠪᠦᠷᠢᠯᠡᠯ ᠪᠠ ᠬᠡᠷᠡᠭᠯᠡᠭᠡ ᠶᠢ ᠬᠤᠯᠪᠣᠵᠤ ᠪᠠᠶᠢᠳᠠᠭ᠂ ᠬᠥᠳᠡᠭᠡ ᠲᠣᠰᠬᠤᠨ ᠤ ᠭᠦᠢᠯᠭᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠨᠢ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ᠂ ᠪᠥᠬᠦ ᠤᠯᠤᠰ ᠤᠨ ᠨᠢᠭᠡᠳᠦᠯᠲᠡᠢ ᠶᠡᠭᠡ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠢ ᠰᠢᠯᠤᠭᠤᠳᠬᠠᠬᠤ᠂ ᠲᠠᠸᠠᠷ ᠪᠣᠯᠣᠨ ᠡᠬᠢ ᠪᠠᠶᠠᠯᠢᠭ ᠤᠨ ᠡᠯᠧᠮᠧᠨ᠋ᠲ ᠤᠨ ᠡᠮᠬᠢ ᠵᠢᠷᠤᠮ ᠲᠠᠢ ᠪᠠᠷ ᠰᠢᠯᠵᠢᠬᠦ ᠶᠢ ᠠᠬᠢᠭᠤᠯᠬᠤ ᠲᠤᠯᠭᠠᠮ ᠬᠡᠷᠡᠭᠴᠡᠭᠡ ᠪᠣᠯᠣᠨ᠎ᠠ ᠂ ᠥᠨᠳᠥᠷ ᠪᠦᠲᠦᠮᠵᠢᠲᠡᠢ ᠢᠯᠭᠤᠮ ᠤᠷᠤᠭᠰᠢᠲᠠᠢ ᠣᠳᠣ ᠦᠶ᠎ᠡ ᠶᠢᠨ ᠭᠦᠢᠯᠭᠡᠭᠡ ᠶᠢᠨ ᠰᠢᠰᠲ᠋ᠧᠮ ᠢ ᠪᠠᠶᠢᠭᠤᠯᠬᠤ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ᠂ ᠤᠯᠤᠰ ᠤᠨ ᠳᠣᠲᠣᠭᠠᠳᠤ ᠶᠢᠨ ᠬᠡᠷᠡᠭᠯᠡᠭᠡᠨ ᠤ ᠬᠡᠷᠡᠭᠴᠡᠭᠡ ᠶᠢ ᠥᠷᠭᠡᠳᠬᠡᠬᠦ ᠬᠦᠴᠦᠲᠡᠢ ᠠᠷᠭ᠎ᠠ ᠬᠡᠮᠵᠢᠶ᠎ᠡ ᠪᠣᠯᠣᠨ᠎ᠠ᠂ ᠬᠥᠳᠡᠭᠡ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠴᠡᠴᠡᠭᠯᠡᠭᠦᠯᠦᠨ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ᠴᠢᠬᠤᠯᠠ ᠲᠤᠯᠭᠠᠭᠤᠷᠢᠯᠠᠯ ᠪᠣᠯᠣᠨ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃       ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠯᠪᠠᠨ ᠭᠡᠷ᠂ ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠪᠣᠯᠣᠨ ᠤᠯᠤᠰ ᠤᠨ ᠰᠢᠤᠳᠠᠨ ᠤ ᠶᠠᠪᠤᠳᠠᠯ ᠤᠨ ᠲᠣᠪᠴᠢᠶ᠎ᠠ ᠵᠡᠷᠭᠡ ᠶᠢᠰᠦᠨ ᠰᠠᠯᠠᠭ᠎ᠠ ᠮᠥᠴᠢᠷ ᠠᠴᠠ ᠬᠠᠮᠲᠤᠷᠠᠨ ᠳᠠᠷᠤᠮᠠᠯᠯᠠᠨ ᠲᠠᠷᠬᠠᠭᠠᠭᠰᠠᠨ ᠡᠨᠡ ᠬᠦ ᠪᠢᠴᠢᠭ ᠮᠠᠲ᠋ᠧᠷᠢᠶᠠᠯ ᠳᠤ᠂ ᠬᠤᠶᠢᠰᠢᠳᠠ ᠶᠢᠨ ᠬᠡᠰᠡᠭ ᠬᠤᠭᠤᠴᠠᠭᠠᠨ ᠳᠠᠬᠢ ᠮᠠᠨ ᠤ ᠤᠯᠤᠰ ᠤᠨ ᠬᠥᠳᠡᠭᠡ ᠲᠣᠰᠬᠤᠨ ᠤ ᠣᠲᠣ ᠦᠶ᠎ᠡ ᠶᠢᠨ ᠭᠦᠢᠯᠭᠡᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠬᠦ ᠬᠥᠭᠵᠢᠯᠲᠡ ᠶᠢᠨ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠵᠡᠷᠭᠡ ᠶᠢᠨ ᠲᠣᠭᠤᠷᠢᠨ ᠳᠤ ᠪᠠᠶᠢᠷᠢᠯᠠᠭᠤᠯᠤᠯᠲᠠ ᠬᠢᠪᠡ᠃       ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠬᠥᠳᠡᠭᠡ ᠲᠣᠰᠬᠤᠨ ᠤ ᠭᠦᠢᠯᠭᠡᠭᠡ ᠶᠢᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠤ᠂ ᠲᠣᠨᠤᠭ ᠲᠥᠬᠦᠭᠡᠷᠦᠮᠵᠢ ᠲᠠᠰ ᠳᠡᠪᠰᠢᠬᠦ᠂ ᠠᠭᠤᠰᠤᠯᠴᠠᠨ ᠬᠥᠭᠵᠢᠬᠦ᠂ ᠲᠣᠭᠠᠴᠢᠯᠠᠯᠲᠠ ᠪᠠᠷ ᠬᠦᠴᠦᠨ ᠴᠢᠳᠠᠯ ᠣᠯᠭᠤᠬᠤ ᠴᠢᠨᠠᠷ ᠰᠠᠶᠢᠲᠠᠢ ᠬᠥᠭᠵᠢᠯᠲᠡ ᠶᠢᠨ ᠱᠠᠲᠤᠨ ᠳᠤ ᠣᠷᠣᠪᠠ᠃ ᠭᠡᠪᠡᠴᠦ᠂ ᠣᠳᠣᠬᠠᠨ ᠤ ᠬᠥᠳᠡᠭᠡ ᠲᠣᠰᠬᠤᠨ ᠤ ᠭᠦᠢᠯᠭᠡᠭᠡ ᠶᠢᠨ ᠬᠥᠭᠵᠢᠯᠲᠡ ᠳᠤ ᠮᠥᠨ ᠴᠤ ᠭᠦᠢᠯᠭᠡᠭᠡ ᠶᠢᠨ ᠲᠣᠨᠤᠭ ᠲᠥᠬᠦᠭᠡᠷᠦᠮᠵᠢ ᠬᠦᠷᠦᠯᠴᠡᠬᠦ ᠦᠭᠡᠢ᠂ ᠬᠡᠪᠴᠢᠶᠡᠵᠢᠭᠰᠡᠨ ᠦᠷ᠎ᠡ ᠠᠰᠢᠭ ᠳᠤᠲᠠᠭᠳᠠᠬᠤ᠂ ᠳᠠᠭᠠᠭᠤᠯᠤᠭᠴᠢ ᠠᠵᠤ ᠠᠬᠤᠶᠢᠯᠠᠯ ᠴᠥᠭᠡᠨ᠂ ᠬᠤᠲᠠ ᠬᠥᠳᠡᠭᠡ ᠶᠢᠨ ᠲᠠᠸᠠᠷ ᠤᠨ ᠡᠯᠧᠮᠧᠨ᠋ᠲ ᠤᠨ ᠡᠷᠭᠢᠯᠲᠡ ᠰᠠᠭᠠᠳ ᠲᠠᠢ᠂ ᠬᠤᠳᠠᠯ ᠬᠠᠭᠤᠷᠮᠠᠭ ᠴᠢᠨᠠᠷ ᠮᠠᠭᠤ ᠲᠠᠸᠠᠷ ᠤᠯᠠᠨ᠂ ᠡᠯᠧᠮᠧᠨ᠋ᠲ ᠤᠨ ᠪᠠᠲᠤᠯᠠᠭ᠎ᠠ ᠭᠦᠢᠴᠡᠳ ᠦᠭᠡᠢ ᠪᠠᠶᠢᠬᠤ ᠵᠡᠷᠭᠡ ᠲᠣᠪᠣᠶᠢᠮ᠎ᠠ ᠠᠰᠠᠭᠤᠳᠠᠯ ᠲᠤᠯᠭᠠᠷᠠᠵᠤ ᠪᠠᠶᠢᠬᠤ ᠶᠢ ᠣᠯᠵᠤ ᠦᠵᠡᠬᠦ ᠭᠡᠷᠡᠭᠲᠡᠶ᠃       ᠵᠢᠯᠤᠭᠤᠳᠬᠤ ᠰᠠᠨᠠᠯ ᠳᠤ᠂ 2025 ᠣᠨ ᠪᠣᠯᠬᠤ ᠳᠤ᠂ ᠮᠠᠨ ᠤ ᠤᠯᠤᠰ ᠤᠨ ᠬᠥᠳᠡᠭᠡ ᠲᠣᠰᠬᠤᠨ ᠤ ᠣᠲᠣ ᠦᠶ᠎ᠡ ᠶᠢᠨ ᠭᠦᠢᠯᠭᠡᠭᠡ ᠶᠢᠨ ᠰᠢᠰᠲ᠋ᠧᠮ ᠤᠨ ᠪᠠᠶᠢᠭᠤᠯᠤᠯᠲᠠ ᠱᠠᠲᠤᠴᠢ ᠴᠢᠨᠠᠷᠲᠠᠢ ᠦᠷ᠎ᠡ ᠪᠦᠲᠦᠮᠵᠢ ᠣᠯᠵᠤ᠂ ᠲᠣᠨᠤᠭ ᠲᠥᠬᠦᠭᠡᠷᠦᠮᠵᠢ ᠪᠦᠷᠢᠨ ᠲᠡᠭᠦᠯᠳᠡᠷ᠂ ᠡᠷᠴᠢᠮᠵᠢᠭᠦᠯᠦᠨ ᠬᠠᠮᠲᠤ ᠪᠠᠷ ᠡᠳ᠋ᠯᠡᠬᠦ᠂ ᠠᠮᠤᠷ ᠲᠦᠪᠰᠢᠨ ᠥᠨᠳᠥᠷ ᠪᠦᠲᠦᠮᠵᠢᠲᠡᠢ᠂ ᠬᠤᠣᠰ ᠴᠢᠭᠯᠡᠯ ᠢᠶᠠᠷ ᠰᠠᠭᠠᠳ ᠦᠭᠡᠢ ᠨᠡᠪᠲᠡᠷᠡᠭᠰᠡᠨ ᠬᠥᠳᠡᠭᠡ ᠲᠣᠰᠬᠤᠨ ᠤ ᠣᠲᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠲᠣᠣᠷ᠂ ᠪᠠᠷᠠᠭᠠᠨ ᠤ ᠭᠦᠢᠯᠭᠡᠭᠡ ᠶᠢᠨ ᠲᠣᠣᠷ᠂ ᠭᠠᠷᠤᠯᠲᠠ ᠶᠢᠨ ᠣᠷᠣᠨ ᠤ ᠬᠦᠢᠲᠡᠨ ᠬᠡᠯᠬᠢᠶ᠎ᠡ ᠶᠢᠨ ᠲᠣᠣᠷ ᠢ ᠦᠨᠳᠦᠰᠦᠨ ᠳᠡᠭᠡᠨ ᠪᠠᠶᠢᠭᠤᠯᠵᠤ᠂ ᠭᠦᠢᠯᠭᠡᠭᠡ ᠶᠢᠨ ᠠᠵᠤ ᠠᠬᠤᠶᠢᠯᠠᠯ ᠤᠨ ᠲᠣᠭᠠᠴᠢᠯᠠᠭᠰᠠᠨ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠲᠦᠷᠭᠡᠳᠬᠡᠨ ᠬᠥᠭᠵᠢᠭᠦᠯᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠬᠤ ᠭᠡᠷᠡᠭᠲᠡᠢ᠃ 2035 ᠣᠨ ᠪᠣᠯᠬᠤ ᠳᠤ᠂ ᠬᠤᠣᠰ ᠴᠢᠭᠯᠡᠯ ᠢᠶᠠᠷ ᠬᠠᠮᠵᠢᠯᠴᠠᠭᠰᠠᠨ᠂ ᠥᠨᠳᠥᠷ ᠪᠦᠲᠦᠮᠵᠢᠲᠡᠢ ᠰᠠᠭᠠᠳ ᠦᠭᠡᠢ ᠬᠥᠳᠡᠭᠡ ᠲᠣᠰᠬᠤᠨ ᠤ ᠣᠲᠣ ᠦᠶ᠎ᠡ ᠶᠢᠨ ᠭᠦᠢᠯᠭᠡᠭᠡ ᠶᠢᠨ ᠰᠢᠰᠲ᠋ᠧᠮ ᠢ ᠪᠠᠶᠢᠭᠤᠯᠵᠤ ᠂ ᠠᠷᠠᠯᠵᠢᠶ᠎ᠠ ᠬᠤᠳᠠᠯᠳᠤᠭ᠎ᠠ᠂ ᠪᠠᠷᠠᠭᠠᠨ ᠤ ᠭᠦᠢᠯᠭᠡᠭᠡ᠂ ᠵᠠᠮ ᠬᠠᠷᠢᠯᠴᠠᠭ᠎ᠠ᠂ ᠬᠥᠳᠡᠭᠡ ᠠᠵᠤ ᠠᠬᠤᠢ᠂ ᠬᠠᠩᠭᠠᠯᠭ᠎ᠠ ᠪᠤᠷᠣᠯᠠᠭᠤᠯᠭ᠎ᠠ ᠭᠦᠨᠵᠡᠭᠡᠢ ᠠᠭᠤᠰᠤᠯᠴᠠᠵᠤ᠂ ᠬᠥᠳᠡᠭᠡ ᠲᠣᠰᠬᠤᠨ ᠤ ᠭᠦᠢᠯᠭᠡᠭᠡ ᠶᠢᠨ ᠲᠣᠨᠤᠭ ᠲᠥᠬᠦᠭᠡᠷᠦᠮᠵᠢ ᠪᠣᠯᠣᠨ ᠡᠵᠡᠩᠨᠡᠯᠲᠡ ᠶᠢᠨ ᠬᠡᠯᠪᠡᠷᠢ ᠣᠲᠣ ᠦᠶ᠎ᠡ ᠶᠢᠨ ᠭᠦᠢᠯᠭᠡᠭᠡ ᠶᠢᠨ ᠰᠢᠰᠲ᠋ᠧᠮ ᠳᠤ ᠭᠦᠨᠵᠡᠭᠡᠢ ᠠᠭᠤᠰᠤᠯᠴᠠᠵᠤ᠂ ᠲᠠᠸᠠᠷ ᠪᠣᠯᠣᠨ ᠡᠬᠢ ᠪᠠᠶᠠᠯᠢᠭ ᠤᠨ ᠡᠯᠧᠮᠧᠨ᠋ᠲ ᠤᠨ ᠭᠦᠢᠯᠭᠡᠭᠡ ᠨᠡᠩ ᠢᠯᠭᠤᠮ ᠤᠷᠤᠭᠰᠢᠲᠠᠢ ᠪᠣᠯᠵᠤ᠂ ᠠᠵᠤ ᠦᠢᠯᠡᠳᠪᠦᠷᠢ ᠶᠢᠨ ᠦᠢᠯᠡᠳᠬᠦᠨ ᠤ ︽ᠬᠥᠳᠡᠭᠡ ᠪᠠᠭᠤᠬᠤ︾ ᠪᠠ ᠲᠠᠷᠢᠶᠠᠯᠠᠩ ᠤᠨ ᠪᠦᠲᠦᠭᠡᠭᠳᠡᠬᠦᠨ ᠤ ︽ᠬᠤᠲᠠ ᠣᠷᠣᠬᠤ︾ ᠰᠠᠶᠢᠨ ᠣᠷᠴᠢᠯ ᠢ ᠪᠦᠷᠢᠯᠳᠦᠭᠦᠯᠬᠦ ᠭᠡᠷᠡᠭᠳᠡᠢ ᠭᠡᠵᠦ ᠱᠠᠭᠠᠷᠳᠠᠪᠠ᠃       ᠵᠢᠯᠤᠭᠤᠳᠬᠤ ᠰᠠᠨᠠᠯ ᠳᠤ᠂ ᠲᠠᠷᠢᠶᠠᠯᠠᠩ ᠤᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠬᠦᠢᠲᠡᠨ ᠬᠡᠯᠬᠢᠶ᠎ᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠰᠢᠶᠠᠨ ᠰᠢᠶᠠᠩ ᠲᠣᠰᠬᠤᠨ ᠤ ᠪᠠᠷᠠᠭᠠᠨ ᠤ ᠭᠦᠢᠯᠭᠡᠭᠡ ᠶᠢᠨ ᠲᠣᠨᠤᠭ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠬᠦ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠶᠢᠨ ᠲᠣᠨᠤᠭ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢ ᠵᠦᠢ ᠵᠣᠬᠢᠰᠲᠠᠢ ᠰᠢᠯᠢᠳᠡᠭᠵᠢᠭᠦᠯᠬᠦ᠂ ᠬᠤᠲᠠ ᠬᠥᠳᠡᠭᠡ ᠶᠢᠨ ᠭᠦᠢᠯᠭᠡᠭᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ᠂ ᠬᠥᠳᠡᠭᠡ ᠲᠣᠰᠬᠤᠨ ᠤ ᠭᠦᠢᠯᠭᠡᠭᠡ ᠶᠢᠨ ᠲᠣᠭᠠᠴᠢᠯᠠᠯᠳᠠ ᠪᠠᠷ ᠬᠦᠴᠦᠨ ᠴᠢᠳᠠᠯ ᠣᠯᠭᠤᠬᠤ᠂ ᠬᠥᠳᠡᠭᠡ ᠲᠣᠰᠬᠤᠨ ᠤ ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠬᠤ᠂ ᠬᠥᠳᠡᠭᠡ ᠲᠣᠰᠬᠤᠨ ᠤ ᠭᠦᠢᠯᠭᠡᠭᠡ ᠶᠢᠨ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠬᠥᠳᠡᠭᠡ ᠲᠣᠰᠬᠤᠨ ᠤ ᠭᠦᠢᠯᠭᠡᠭᠡ ᠶᠢᠨ ᠬᠦᠷᠢᠶᠡᠨ ᠳᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠭᠤᠣᠯᠳᠠᠯᠭ᠎ᠠ ᠲᠠᠢ ᠡᠭᠦᠷᠭᠡ᠂ ᠬᠤᠯᠪᠣᠭᠳᠠᠯ ᠪᠦᠬᠦᠢ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠪᠠ ᠭᠠᠵᠠᠷ ᠰᠢᠷᠣᠢ᠂ ᠴᠢᠳᠠᠪᠤᠷᠢᠲᠠᠨ ᠤ ᠳᠡᠮᠵᠢᠯᠭᠡ ᠎ ᠶᠢ ᠴᠢᠩᠭᠠᠳᠬᠠᠨ᠎ᠠ ᠭᠡᠵᠦ ᠳᠤᠷᠠᠳᠤᠭᠰᠠᠨ ᠪᠥᠭᠡᠳ ᠬᠥᠳᠡᠭᠡ ᠲᠣᠰᠬᠤᠨ ᠤ ᠣᠲᠣ ᠦᠶ᠎ᠡ ᠶᠢᠨ ᠭᠦᠢᠯᠭᠡᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠲᠠᠪᠤᠨ ᠱᠠᠲᠤᠨ ᠤ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠴᠢᠬᠤᠯᠠ ᠠᠭᠤᠯᠭ᠎ᠠ ᠪᠣᠯᠭᠠᠵᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号