ᠨᠠᠷᠢᠨ ᠨᠢᠭᠲᠠ ᠪᠠᠶᠢᠪᠠᠯ ᠠᠯᠢᠪᠠ ᠪᠥᠬᠦᠨ ᠠᠮᠵᠢᠯᠲᠠ ᠣᠯᠣᠨ᠎ᠠ
ᠨᠡᠶᠢᠲᠡᠯᠡᠭᠰᠡᠨ ᠴᠠᠭ᠄
2023/12/31
            — ᠠᠵᠢᠯ ᠤᠨ ᠰᠤᠷᠲᠠᠯ ᠢᠶᠠᠨ ᠦᠨᠡᠨ ᠬᠦ ᠰᠠᠶᠢᠵᠢᠷᠠᠭᠤᠯᠬᠤ ᠲᠤᠬᠠᠢ ᠰᠢᠷᠢᠰ ᠥᠭᠦᠯᠡᠮᠵᠢ ②             ᠰᠠᠶᠢᠨ ᠰᠤᠷᠲᠠᠯ ᠨᠢ ᠠᠵᠢᠯ ᠤᠨ ᠨᠠᠷᠢᠯᠢᠭ ᠵᠦᠢᠯᠡᠰ ᠤᠨ ᠳᠤᠮᠳᠠ ᠲᠤᠭᠤᠰᠢᠯᠠᠭᠳᠠᠵᠤ᠂ ︽ᠠᠷᠰᠠᠷ ᠶᠠᠪᠤᠳᠠᠯ ︾᠎ ᠤᠨ ᠳᠣᠲᠣᠷ᠎ᠠ ᠠᠭᠤᠯᠤᠭᠳᠠᠵᠤ ᠪᠠᠶᠢᠳᠠᠭ᠃ ᠠᠵᠢᠯ ᠤᠨ ᠰᠤᠷᠲᠠᠯ ᠢᠶᠠᠨ ᠦᠨᠡᠨ ᠬᠦ ᠰᠠᠶᠢᠵᠢᠷᠠᠭᠤᠯᠬᠤ ᠳᠤ ︽ᠨᠠᠷᠢᠯᠢᠭ︾ ᠪᠠᠶᠢᠬᠤ ᠶᠢ ᠰᠤᠯᠠᠷᠠᠭᠤᠯᠤᠯ ᠦᠭᠡᠢ ᠴᠢᠩᠭ᠎ᠠ ᠪᠠᠷᠢᠮᠲᠠᠯᠠᠵᠤ᠂ ︽ᠬᠥᠩᠭᠡᠨ ᠬᠠᠭᠤᠳᠠᠮ᠂ ᠬᠠᠰᠢ ᠶᠠᠰᠢ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠭᠡᠷᠡᠭᠲᠡᠢ᠃       ᠮᠠᠨ ᠤ ᠵᠠᠷᠢᠮ ᠺᠠᠳ᠋ᠷ ᠠᠵᠢᠯ ᠬᠢᠬᠦ ᠳᠡᠭᠡᠨ ᠠᠯᠠᠩ ᠰᠠᠯᠠᠩ᠂ ᠬᠤᠭᠤᠰᠤᠨ ᠰᠦᠷ ᠮᠠᠨᠳᠤᠭᠤᠯᠵᠤ᠂ ᠪᠠᠷᠤᠭ ᠲᠥᠯᠥᠪ ᠲᠠᠢ ᠪᠣᠯ ᠪᠣᠯᠴᠢᠬᠠᠬᠤ ᠪᠠᠶᠢᠳᠠᠯ ᠳᠤ ᠰᠠᠨᠠᠭ᠎ᠠ ᠬᠠᠨᠤᠵᠤ᠂ ᠬᠠᠷᠢᠨ ᠨᠠᠷᠢᠨ ᠬᠢᠨᠠᠮᠠᠭᠠᠢ᠂ ᠨᠢᠭᠲᠠ ᠨᠢᠮᠪᠠᠢ ᠶᠢ ᠬᠥᠭᠡᠭᠡᠴᠡᠯᠳᠦᠬᠦ ᠦᠭᠡᠢ ᠪᠠᠶᠢᠳᠠᠭ᠃ ᠶᠡᠷᠦ ᠠᠴᠠ ᠪᠥᠬᠦ ᠣᠷᠣᠨ ᠤ ᠡᠯ᠎ᠡ ᠱᠠᠲᠤᠨ ᠤ ᠬᠢᠨ ᠶᠡᠭᠡ ᠬᠦᠴᠦ ᠣᠷᠣᠭᠤᠯᠵᠤ᠂ ᠦᠨᠡᠨ ᠬᠦ ᠬᠦᠴᠦ ᠣᠷᠣᠭᠤᠯᠵᠤ ᠠᠵᠢᠯ ᠤᠨ ᠰᠤᠷᠲᠠᠯ ᠢᠶᠠᠨ ᠦᠨᠡᠨ ᠬᠦ ᠰᠠᠶᠢᠵᠢᠷᠠᠭᠤᠯᠵᠤ ᠪᠠᠶᠢᠭ᠎ᠠ ᠎ ᠨᠢ ᠳᠠᠷᠤᠢ ᠠᠵᠢᠯ ᠤᠨ ᠳᠤᠮᠳᠠᠬᠢ ︽ᠪᠦᠳᠦᠭᠦᠯᠢᠭ︾ ᠪᠠᠶᠢᠬᠤ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠠᠯᠢᠪᠠ ᠶᠠᠪᠤᠳᠠᠯ ᠢ ᠨᠠᠷᠢᠯᠢᠭ ᠠᠳᠬᠤᠵᠤ᠂ ᠭᠦᠨᠵᠡᠭᠡᠢ ᠠᠳᠬᠤᠬᠤ ᠶᠢ ᠠᠬᠢᠭᠤᠯᠤᠭᠰᠠᠨ ᠶᠠᠪᠤᠳᠠᠯ ᠪᠣᠯᠣᠨ᠎ᠠ᠃       ᠣᠳᠣᠬᠠᠨ ᠳᠤ ᠠᠵᠢᠯ ᠤᠨ ᠳᠤᠮᠳᠠᠬᠢ ︽ᠪᠦᠳᠦᠭᠦᠯᠢᠭ︾ ᠪᠠᠶᠢᠬᠤ ᠢᠯᠡᠷᠡᠯ ᠪᠠᠰᠠ ᠴᠥᠭᠡᠨ ᠪᠤᠰᠤ ᠪᠠᠶᠢᠨ᠎ᠠ ᠃ ᠵᠠᠷᠢᠮ ᠭᠠᠵᠠᠷ ᠤᠨ ᠬᠢᠨ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠰᠤᠳᠤᠯᠬᠤ ᠦᠭᠡᠢ᠂ ᠵᠣᠷᠢᠭ ᠰᠠᠨᠠᠭ᠎ᠠ ᠶᠢ ᠲᠤᠭᠤᠰᠢᠯᠠᠭᠤᠯᠬᠤ ᠲᠠᠯ᠎ᠠ ᠪᠠᠷ ᠳᠡᠭᠡᠳᠦ ᠳᠣᠣᠷᠠᠳᠤ ᠱᠠᠲᠤ ᠪᠠᠷ ᠢᠶᠠᠨ ᠠᠳᠠᠯᠢᠬᠠᠨ ᠪᠦᠳᠦᠭᠦᠯᠢᠭ ᠪᠠᠶᠢᠵᠤ᠂ ᠪᠣᠳᠠᠲᠤ ᠪᠠᠶᠢᠳᠠᠯ ᠲᠠᠢ ᠤᠶᠠᠯᠳᠤᠭᠤᠯᠬᠤ ᠠᠷᠭ᠎ᠠ ᠬᠡᠮᠵᠢᠶ᠎ᠡ ᠮᠠᠰᠢ ᠴᠥᠭᠡᠨ; ᠵᠠᠷᠢᠮ ᠰᠠᠯᠠᠭ᠎ᠠ ᠮᠥᠴᠢᠷ ᠤᠨ ᠬᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠬᠠᠭᠠᠯᠠᠨ ᠲᠥᠯᠥᠪᠯᠡᠬᠦ ᠳᠡᠭᠡᠨ ᠲᠡᠶᠢᠮᠦ ᠪᠣᠳᠠᠲᠠᠢ ᠪᠥᠭᠡᠳ ᠨᠠᠷᠢᠨ ᠨᠢᠭᠲᠠ ᠪᠢᠰᠢ᠂ ᠡᠩ ᠤᠨ ᠶᠠᠪᠤᠳᠠᠯ ᠢᠶᠠᠷ ᠦᠵᠡᠵᠦ᠂ ᠬᠠᠰᠢ ᠶᠠᠰᠢ ᠬᠠᠨᠳᠤᠳᠠᠭ; ᠵᠠᠷᠢᠮ ᠬᠥᠮᠥᠨ ᠶᠠᠭᠤ ᠬᠢᠭᠰᠡᠨ ᠴᠦ ᠪᠠᠷᠤᠭ ᠲᠥᠯᠥᠪ ᠲᠠᠢ ᠪᠣᠯ ᠪᠣᠯᠭᠠᠵᠤ᠂ ᠪᠦᠳᠦᠭᠦᠯᠢᠭ ᠶᠡᠷᠦᠮᠳᠡᠭ ᠪᠠᠶᠢᠵᠤ᠂ ᠲᠠᠪᠰᠢᠬᠤ ᠶᠢ ᠪᠣᠳᠣᠬᠤ ᠦᠭᠡᠢ ᠭᠡᠬᠦ ᠮᠡᠲᠦ᠃ ᠡᠨᠡ ᠪᠥᠬᠦᠨ ᠨᠢ ᠦᠵᠡᠬᠦ ᠳᠤ ᠪᠦᠷ ᠶᠠᠰᠤ ᠰᠢᠷᠪᠦᠰᠦ ᠶᠢ ᠭᠡᠮᠲᠦᠭᠡᠬᠦ ᠦᠭᠡᠢ ᠪᠠᠭ᠎ᠠ ᠬᠡᠮ ᠠᠷᠬᠠᠭ ᠰᠢᠭ᠋ ᠪᠣᠯᠪᠠᠴᠤ ᠠᠯᠠᠭᠤᠷ ᠠᠭᠠᠵᠢᠮ  ᠳᠠᠭᠠᠨ ᠨᠢᠭᠡ ᠬᠦᠷᠢᠶ᠎ᠡ ᠴᠠᠷᠠᠭᠠᠨ ᠳᠠᠬᠢ ᠣᠶᠤᠨ ᠰᠠᠨᠠᠭᠠᠨ ᠤ ᠳᠦᠷᠰᠦ ᠪᠠᠶᠢᠳᠠᠯ ᠢ ᠮᠠᠭᠤᠳᠠᠭᠤᠯᠵᠤ᠂ ᠠᠵᠢᠯ ᠪᠦᠲᠦᠮᠵᠢ ᠦᠭᠡᠢ᠂ ᠤᠯᠠᠨ ᠲᠦᠮᠡᠨ ᠬᠠᠨᠤᠮᠵᠢ ᠦᠭᠡᠢ᠂ ᠠᠵᠢᠯ ᠦᠢᠯᠡᠰ ᠬᠤᠬᠢᠷᠠᠯ ᠳᠤ ᠤᠴᠠᠷᠠᠵᠤ᠂ ᠬᠤᠣᠷ ᠲᠠᠢ ᠠᠴᠠ ᠪᠢᠰᠢ ᠠᠰᠢᠭ ᠦᠭᠡᠢ ᠶᠤᠮ᠃       ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠶᠡᠭᠡ ᠬᠡᠮᠵᠢᠶᠡᠨ ᠤ ᠠᠵᠢᠯ ᠢ ᠪᠡᠶᠡᠯᠡᠭᠦᠯᠬᠦ ᠴᠢᠬᠤᠯᠠᠲᠠᠢ᠂ ᠴᠥᠭᠡᠨ ᠪᠤᠰᠤ ᠬᠦᠴᠢᠷ ᠠᠰᠠᠭᠤᠳᠠᠯ ᠢ ᠲᠦᠷᠭᠡᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠬᠤᠶᠠᠷ ᠶᠡᠭᠡ ᠶᠠᠪᠤᠳᠠᠯ ᠢ ᠡᠴᠦᠰ ᠲᠤᠨᠢ ᠲᠤᠯᠲᠠᠯ᠎ᠠ ᠰᠠᠶᠢᠲᠤᠷ ᠠᠳᠬᠤᠬᠤ ᠳᠤ ᠴᠤ ᠲᠡᠷᠡ᠂ ᠡᠰᠡᠬᠦᠯ᠎ᠡ ᠱᠠᠯᠠᠪᠳᠠᠨ ᠬᠤᠪᠢᠷᠠᠭᠤᠯᠵᠤ᠂ ᠠᠵᠤ ᠦᠢᠯᠡᠰ ᠤᠨ ᠪᠦᠲᠦᠴᠡ᠂ ᠦᠵᠡᠯ ᠰᠠᠨᠠᠭ᠎ᠠ ᠲᠠᠨᠢᠯᠲᠠ᠂ ᠠᠵᠢᠯ ᠤᠨ ᠰᠤᠷᠲᠠᠯ ᠢ ᠲᠠᠬᠢᠨ ᠱᠤᠭᠤᠵᠤ ᠲᠠᠬᠢᠨ ᠴᠣᠭᠴᠠᠯᠠᠬᠤ ᠳᠤ ᠴᠤ ᠲᠡᠷᠡ᠂ ᠴᠥᠮ ᠪᠢᠳᠠᠨ ᠤ ᠣᠶᠤᠨ ᠤᠬᠠᠭᠠᠨ ᠢᠶᠠᠨ ᠲᠥᠪᠯᠡᠷᠡᠭᠦᠯᠵᠦ᠂ ᠨᠠᠷᠢᠨ ᠵᠦᠢᠯᠡᠰ ᠢ ᠪᠣᠳᠣᠯᠬᠢᠯᠠᠵᠤ᠂ ᠨᠠᠷᠢᠯᠢᠭ ᠬᠢᠵᠦ ᠨᠢᠭᠲᠠ ᠰᠤᠳᠤᠯᠵᠤ᠂ ᠨᠠᠷᠢᠯᠢᠭ ᠣᠨᠣᠪᠴᠢᠲᠠᠢ ᠪᠠᠶᠢᠯᠭᠠᠬᠤ ᠳᠤᠮᠳᠠ ᠰᠠᠭᠤᠷᠢ ᠶᠢ ᠪᠠᠲᠤᠳᠬᠠᠵᠤ ᠦᠨᠳᠦᠰᠦ ᠶᠢ ᠪᠠᠬᠢᠵᠢᠭᠦᠯᠵᠦ ᠂ ᠬᠤᠷᠠᠮᠳᠤᠭᠤᠯᠤᠨ ᠴᠤᠭᠯᠠᠭᠤᠯᠵᠤ ᠬᠠᠨᠳᠤᠰᠢ ᠶᠢ ᠪᠦᠷᠢᠯᠳᠦᠭᠦᠯᠬᠦ ᠭᠡᠷᠡᠭᠲᠡᠢ᠃ ︽ᠨᠠᠷᠢᠯᠢᠭ︾ ᠭᠡᠳᠡᠭ ᠨᠢ ᠳᠠᠷᠤᠢ ᠨᠠᠷᠢᠯᠢᠭ ᠬᠢᠵᠦ ᠨᠢᠭᠲᠠ ᠰᠤᠳᠤᠯᠵᠤ᠂ ᠠᠵᠢᠯ ᠪᠣᠯᠭᠠᠨ ᠳᠤ ᠨᠠᠷᠢᠯᠢᠭ ᠣᠨᠣᠪᠴᠢᠲᠠᠢ ᠬᠠᠨᠳᠤᠵᠤ᠂ ᠨᠠᠷᠢᠯᠢᠭ ᠰᠤᠳᠤᠯᠤᠯᠲᠠ ᠬᠢᠵᠦ᠂ ᠨᠠᠷᠢᠯᠢᠭ ᠲᠥᠯᠦᠪᠵᠢᠭᠦᠯᠭᠡ ᠬᠢᠵᠦ᠂ ᠨᠠᠷᠢᠯᠢᠭ ᠲᠥᠷᠥ ᠶᠢᠨ ᠪᠣᠳᠣᠯᠭ᠎ᠠ ᠲᠣᠭᠲᠠᠭᠠᠵᠤ᠂ ᠨᠠᠷᠢᠯᠢᠭ ᠨᠠᠶᠢᠳᠠᠪᠤᠷᠢᠵᠢᠭᠤᠯᠬᠤ ᠶᠠᠪᠤᠳᠠᠯ ᠪᠣᠯᠣᠨ᠎ᠠ᠃ ᠰᠤᠳᠤᠯᠤᠨ ᠲᠥᠯᠥᠪᠵᠢᠭᠦᠯᠬᠦ ᠳᠡᠭᠡᠨ ᠪᠣᠳᠠᠲᠠᠢ ᠡᠭᠦᠷᠭᠡ ᠶᠢ ᠲᠣᠳᠣᠷᠬᠠᠶᠢᠯᠠᠵᠤ᠂ ᠭᠦᠢᠴᠡᠳᠬᠡᠯ ᠲᠤᠭ᠎ᠠ᠂ ᠪᠡᠶᠡᠯᠡᠭᠦᠯᠬᠦ ᠴᠠᠭ ᠤᠨ ᠬᠢᠵᠠᠭᠠᠷ ᠢ ᠬᠡᠮᠵᠢᠶᠡᠵᠢᠭᠦᠯᠵᠦ᠂ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠬᠦᠷᠢᠶᠡᠨ ᠤ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠵᠤ᠂ ᠲᠥᠷᠥ ᠶᠢᠨ ᠪᠣᠳᠣᠯᠭ᠎ᠠ ᠶᠢᠨ ᠬᠠᠨᠳᠤᠯᠭᠠᠲᠤ ᠴᠢᠨᠠᠷ ᠢ ᠳᠣᠪᠤᠶᠢᠯᠭᠠᠬᠤ ᠭᠡᠷᠡᠭᠲᠡᠶ; ᠲᠥᠰᠥᠯ ᠲᠣᠭᠲᠠᠭᠠᠬᠤ ᠳᠠᠭᠠᠨ ᠡᠭᠦᠷᠭᠡ ᠶᠢᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ᠂ ᠠᠬᠢᠴᠠ ᠶᠢᠨ ᠨᠠᠷᠢᠨ ᠲᠠᠩᠰᠠ ᠭᠠᠷᠭᠠᠵᠤ᠂ ᠵᠠᠪᠰᠠᠷ ᠦᠭᠡᠢ ᠵᠣᠯᠭᠠᠭᠤᠯᠵᠤ᠂ ᠬᠠᠷᠢᠭᠤᠴᠠᠯᠭ᠎ᠠ ᠶᠢ ᠠᠵᠢᠯ ᠤᠨ ᠪᠠᠶᠢᠷᠢ ᠬᠤᠪᠢ ᠬᠥᠮᠥᠨ ᠳᠤ ᠭᠥᠷᠳᠡᠯ᠎ᠡ ᠨᠠᠶᠢᠳᠠᠪᠤᠷᠢᠵᠢᠭᠤᠯᠬᠤ ᠶᠢ ᠪᠠᠲᠤᠯᠠᠬᠤ ᠭᠡᠷᠡᠭᠲᠡᠶ; ᠠᠵᠢᠯ ᠢᠶᠠᠨ ᠠᠬᠢᠭᠤᠯᠬᠤ ᠳᠠᠭᠠᠨ ᠨᠠᠷᠢᠯᠢᠭᠵᠢᠭᠤᠯᠤᠨ ᠠᠵᠢᠯᠯᠠᠵᠤ᠂ ᠨᠢᠭᠡ ᠨᠢᠭᠡ ᠭᠤᠭᠴᠤᠭ᠎ᠠ ᠪᠠᠷ ᠠᠳᠬᠤᠨ᠂ ᠨᠢᠭᠡ ᠨᠢᠭᠡ ᠠᠯᠬᠤᠮ ᠠᠯᠬᠤᠮ ᠢᠶᠠᠷ ᠠᠬᠢᠭᠤᠯᠵᠤ᠂ ᠠᠵᠢᠯ ᠤᠨ ᠡᠭᠦᠷᠭᠡ ᠨᠢᠭᠡ ᠪᠦᠷᠢ ᠶᠢ ᠦᠷ᠎ᠡ ᠳ᠋ᠦᠩ ᠲᠠᠢ᠂ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠭᠡᠷᠡᠭᠲᠡᠶ᠃       ᠪᠢᠳᠡ ᠡᠷᠬᠡᠪᠰᠢ ︽ᠨᠠᠷᠢᠨ ᠵᠦᠢᠯᠡᠰ ᠢᠯᠠᠵᠤ ᠢᠯᠠᠭᠳᠠᠬᠤ ᠶᠢ ᠲᠣᠭᠲᠠᠭᠠᠨ᠎ᠠ︾ ᠭᠡᠳᠡᠭ ᠢ ᠪᠠᠲᠤ ᠴᠡᠭᠡᠵᠢᠯᠡᠵᠦ᠂ ᠶᠠᠪᠤᠳᠠᠯ ᠪᠥᠬᠦᠨ ᠳᠤ ︽ᠠᠵᠢᠯ ᠢ ᠳᠦᠷᠦᠯ ᠵᠦᠢᠯᠵᠢᠭᠦᠯᠭᠦ᠂ ᠳᠦᠷᠦᠯ ᠵᠦᠢᠯ ᠢ ᠬᠠᠷᠠᠯᠲᠠᠵᠢᠭᠤᠯᠬᠤ᠂ ᠬᠠᠷᠠᠯᠲᠠ ᠶᠢ ᠵᠠᠩᠭᠢᠶᠠᠰᠤᠵᠢᠭᠤᠯᠬᠤ︾᠎ ᠶᠢ ᠪᠠᠷᠢᠮᠲᠠᠯᠠᠵᠤ᠂ ᠨᠢᠭᠡ ᠬᠡᠮᠵᠢᠭᠦᠷ ᠢᠶᠠᠷ ᠡᠴᠦᠰ ᠲᠤᠨᠢ ᠲᠤᠯᠲᠠᠯ᠎ᠠ ᠬᠡᠮᠵᠢᠵᠦ᠂ ᠨᠢᠭᠡ ᠳᠡᠭᠡᠰᠦ ᠶᠢ ᠡᠴᠦᠰ ᠲᠤᠨᠢ ᠲᠤᠯᠲᠠᠯ᠎ᠠ ᠰᠤᠩᠭᠠᠵᠤ᠂ ᠶᠠᠪᠤᠳᠠᠯ ᠪᠥᠬᠦᠨ ᠳᠤ ᠬᠠᠷᠠᠯᠲᠠ ᠲᠣᠭᠲᠠᠭᠠᠬᠤ᠂ ᠬᠠᠷᠢᠭᠤᠴᠠᠯᠭᠠᠲᠠᠨ ᠢ ᠲᠣᠭᠲᠠᠭᠠᠬᠤ᠂ ᠪᠠᠷᠢᠮᠵᠢᠶ᠎ᠠ ᠲᠣᠭᠲᠠᠭᠠᠬᠤ᠂ ᠬᠢᠨᠠᠨ ᠰᠢᠯᠭᠠᠬᠤ ᠶᠢ ᠲᠣᠭᠲᠠᠭᠠᠬᠤ ᠶᠢ ᠴᠢᠬᠤᠯᠠᠴᠢᠯᠠᠬᠤ ᠭᠡᠷᠡᠭᠲᠡᠢ᠃ ᠨᠠᠷᠢᠯᠢᠭ ᠪᠠᠶᠢᠬᠤ ᠰᠤᠷᠲᠠᠯ ᠢ ᠨᠢᠭᠡ ᠵᠦᠢᠯ ᠤᠨ ᠬᠥᠭᠡᠭᠡᠴᠡᠯᠳᠦᠯ᠂ ᠨᠢᠭᠡ ᠵᠦᠢᠯ ᠤᠨ ᠬᠡᠪᠰᠢᠯ᠂ ᠨᠢᠭᠡ ᠵᠦᠢᠯ ᠤᠨ ᠳᠠᠳᠬᠠᠯ ᠪᠣᠯᠭᠠᠵᠤ᠂ ᠵᠢᠵᠢᠭ ᠰᠠᠵᠢᠭ ᠨᠠᠷᠢᠨ ᠨᠢᠭᠲᠠ ᠶᠢᠨ ᠬᠦᠴᠦ ᠶᠢ ᠢᠯᠡᠭᠦᠦ ᠬᠡᠷᠡᠭᠯᠡᠵᠦ᠂ ᠲᠣᠬᠤᠢ ᠢᠮᠠᠬᠤ ᠶᠢᠨ ᠬᠡᠮ ᠬᠡᠮᠵᠢᠶ᠎ᠡ ᠶᠢ ᠢᠯᠡᠭᠦᠦ ᠬᠤᠷᠠᠮᠳᠤᠭᠤᠯᠪᠠᠯ᠂ ᠮᠠᠨ ᠤ ᠦᠢᠯᠡᠰ ᠯᠠᠪᠲᠠᠢ ᠶᠠᠪᠤᠳᠠᠯ ᠪᠥᠬᠦᠨ ᠳᠤ ᠢᠯᠠᠯᠲᠠ ᠣᠯᠵᠤ ᠴᠢᠳᠠᠨ᠎ᠠ᠃      
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号