ᠬᠥᠮᠥᠨ ᠵᠣᠨ ᠨᠢ ᠡᠬᠡ ᠪᠠᠶᠢᠭᠠᠯᠢ ᠲᠠᠢ ᠪᠠᠨ ᠡᠶ᠎ᠡ ᠵᠣᠬᠢᠴᠠᠯ ᠲᠠᠢ ᠵᠡᠷᠭᠡᠴᠡᠨ ᠣᠷᠣᠰᠢᠬᠤ ᠶᠢ ᠠᠬᠢᠭᠤᠯᠵᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠨᠡᠩ ᠰᠢᠨ᠎ᠡ ᠬᠠᠭᠤᠳᠠᠰᠤ ᠶᠢ ᠵᠢᠷᠤᠭᠯᠠᠶ᠎ᠠ
ᠨᠡᠶᠢᠲᠡᠯᠡᠭᠰᠡᠨ ᠴᠠᠭ᠄
2023/12/31
      ᠲᠥᠪ ᠷᠠᠳᠢᠣ᠋ ᠶᠢᠨ ᠪᠡᠭᠡᠵᠢᠩ ᠤᠨ ᠮᠡᠳᠡᠭᠡ ᠶᠡᠷᠦᠩᠬᠡᠢ ᠱᠦᠵᠢ ᠰᠢ ᠶᠢᠨ ᠫᠢᠩ ᠵᠢᠭᠠᠬᠤ ᠳᠠᠭᠠᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠥᠨ ᠵᠣᠨ ᠨᠢ ᠡᠬᠡ ᠪᠠᠶᠢᠭᠠᠯᠢ ᠲᠠᠢ ᠪᠠᠨ ᠡᠶ᠎ᠡ ᠵᠣᠬᠢᠴᠠᠯ ᠲᠠᠢ ᠵᠡᠷᠭᠡᠴᠡᠨ ᠣᠷᠣᠰᠢᠭᠰᠠᠨ ᠣᠳᠣᠬᠢᠴᠢᠯᠠᠯᠲᠠ ᠮᠥᠨ ᠭᠡᠵᠡᠢ᠃ ᠥᠨᠥ ᠵᠢᠯ ᠠᠴᠠ ᠨᠠᠭᠠᠰᠢ ᠨᠥᠬᠦᠷ ᠰᠢ ᠶᠢᠨ ᠫᠢᠩ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ︾ ᠭᠡᠰᠡᠨ ᠦᠵᠡᠯᠲᠡ ᠶᠢ ᠪᠠᠷᠢᠮᠲᠠᠯᠠᠵᠤ᠂ ᠬᠥᠮᠥᠨ ᠵᠣᠨ ᠨᠢ ᠡᠬᠡ ᠪᠠᠶᠢᠭᠠᠯᠢ ᠲᠠᠢ ᠪᠠᠨ ᠡᠶ᠎ᠡ ᠵᠣᠬᠢᠴᠠᠯ ᠲᠠᠢ ᠵᠡᠷᠭᠡᠴᠡᠨ ᠣᠷᠣᠰᠢᠬᠤ ᠥᠨᠳᠥᠷᠴᠡ ᠠᠴᠠ ᠬᠥᠭᠵᠢᠯᠲᠡ ᠶᠢ ᠲᠥᠯᠥᠪᠵᠢᠭᠦᠯᠦᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠴᠢᠬᠤᠯᠠ ᠪᠠᠶᠢᠷᠢᠯᠠᠭᠤᠯᠤᠯᠲᠠ ᠬᠢᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠰᠢᠨ᠎ᠡ ᠠᠮᠵᠢᠯᠲᠠ ᠣᠯᠬᠤ ᠶᠢ ᠠᠬᠢᠭᠤᠯᠤᠭᠰᠠᠨ ᠪᠠᠶᠢᠨ᠎ᠠ᠃       ᠡᠨᠡ ᠵᠢᠯ ᠤᠨ 7 ᠰᠠᠷ᠎ᠠ ᠳᠤ ᠪᠥᠬᠦ ᠤᠯᠤᠰ ᠤᠨ ᠠᠮᠢ ᠠᠬᠤᠢ ᠪᠠᠶᠢᠭᠠᠯᠢ ᠣᠷᠴᠢᠨ ᠢ ᠬᠠᠮᠠᠭᠠᠯᠠᠬᠤ ᠶᠡᠭᠡ ᠬᠤᠷᠠᠯ 5 ᠵᠢᠯ ᠤᠨ ᠳᠠᠷᠠᠭ᠎ᠠ ᠲᠠᠬᠢᠨ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠬᠤᠷᠠᠯ ᠳᠤ ᠣᠷᠣᠯᠴᠠᠨ ᠴᠢᠬᠤᠯᠠ ᠶᠠᠷᠢᠶ᠎ᠠ ᠲᠠᠯᠪᠢᠵᠤ᠂ ᠣᠳᠣᠬᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠪᠠᠶᠢᠳᠠᠯ ᠢ ᠭᠦᠨᠵᠡᠭᠡᠢ ᠵᠠᠳᠠᠯᠵᠤ᠂ ᠰᠢᠨ᠎ᠡ ᠵᠠᠮᠨᠠᠯ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠰᠢᠢᠳᠪᠦᠷᠢᠯᠡᠬᠦ ᠴᠢᠬᠤᠯᠠᠲᠠᠢ ᠴᠢᠬᠤᠯᠠ ᠶᠡᠭᠡ ᠬᠠᠷᠢᠴᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠣᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠢᠰᠲ᠋ᠧᠮ ᠲᠠᠢ ᠪᠠᠶᠢᠷᠢᠯᠠᠭᠤᠯᠤᠭᠰᠠᠨ ᠪᠠᠶᠢᠨ᠎ᠠ᠃ ᠠᠮᠢ ᠠᠬᠤᠢ ᠪᠠᠶᠢᠭᠠᠯᠢ ᠣᠷᠴᠢᠨ ᠢ ᠬᠠᠮᠠᠭᠠᠯᠠᠬᠤ ᠴᠠᠷ ᠬᠦᠷᠢᠶᠡᠨ ᠳᠠᠬᠢ ᠬᠠᠮᠤᠭ ᠤᠨ ᠥᠨᠳᠥᠷ ᠳᠡᠰ ᠤᠨ ᠡᠨᠡ ᠬᠦ ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠠᠭᠠᠨ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠬᠥᠮᠥᠨ ᠵᠣᠨ ᠨᠢ ᠡᠬᠡ ᠪᠠᠶᠢᠭᠠᠯᠢ ᠲᠠᠢ ᠪᠠᠨ ᠡᠶ᠎ᠡ ᠵᠣᠬᠢᠴᠠᠯ ᠲᠠᠢ ᠵᠡᠷᠭᠡᠴᠡᠨ ᠣᠷᠣᠰᠢᠭᠰᠠᠨ ᠣᠳᠣᠬᠢᠴᠢᠯᠠᠯᠲᠠ ᠶᠢ ᠱᠠᠯᠠᠪᠳᠠᠨ ᠠᠬᠢᠭᠤᠯᠬᠤ ᠭᠡᠷᠡᠭᠲᠡᠢ ᠭᠡᠵᠡᠢ᠃       ᠡᠬᠡ ᠪᠠᠶᠢᠭᠠᠯᠢ ᠶᠢ ᠭᠦᠨᠳᠦᠳᠭᠡᠵᠦ᠂ ᠡᠬᠡ ᠪᠠᠶᠢᠭᠠᠯᠢ ᠶᠢᠨ ᠵᠢᠮ᠎ᠡ ᠬᠠᠤᠯᠢ ᠶᠢ ᠳᠠᠭᠠᠵᠤ᠂ ᠡᠬᠡ ᠪᠠᠶᠢᠭᠠᠯᠢ ᠶᠢ ᠬᠠᠮᠠᠭᠠᠯᠠᠬᠤ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠠᠶᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠮᠥᠨ᠃ ᠶᠡᠷᠦᠩᠬᠡᠢ ᠱᠦᠵᠢ ᠰᠢ ᠶᠢᠨ ᠫᠢᠩ ᠵᠢᠭᠠᠬᠤ ᠳᠠᠭᠠᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠪᠣᠳᠠᠰ ᠤᠨ ᠪᠣᠯᠪᠠᠰᠤᠨ ᠤ ᠪᠠᠶᠢᠭᠤᠯᠤᠯᠲᠠ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠵᠡᠷᠭᠡ ᠪᠠᠷ ᠠᠬᠢᠭᠤᠯᠵᠤ᠂ ᠦᠢᠯᠡᠳᠪᠦᠷᠢᠯᠡᠯ ᠨᠢ ᠬᠥᠭᠵᠢᠭᠰᠡᠨ᠂ ᠠᠮᠢᠳᠤᠷᠠᠯ ᠨᠢ ᠴᠢᠨᠡᠭᠡᠯᠢᠭᠵᠢᠭᠰᠡᠨ ᠂ ᠠᠮᠢ ᠠᠬᠤᠢ ᠨᠢ ᠰᠠᠶᠢᠨ ᠰᠠᠶᠢᠬᠠᠨ ᠪᠣᠯᠪᠠᠰᠤᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠴᠢᠬᠤᠯᠠᠴᠢᠯᠠᠵᠤ ᠪᠠᠶᠢᠳᠠᠭ ᠭᠡᠵᠡᠢ᠃ ᠥᠨᠥ ᠵᠢᠯ ᠠᠴᠠ ᠨᠠᠭᠠᠰᠢ ᠶᠡᠷᠦᠩᠬᠡᠢ ᠱᠦᠵᠢ ᠰᠢ ᠶᠢᠨ ᠫᠢᠩ ᠨᠡᠶᠢᠰᠯᠡᠯ ᠪᠡᠭᠡᠵᠢᠩ ᠳᠤ ᠣᠷᠣᠯᠴᠠᠬᠰᠠᠨ ᠬᠤᠶᠠᠷ ᠤᠳᠠᠭᠠᠨ ᠤ ᠠᠵᠢᠯᠯᠠᠭ᠎ᠠ ᠳᠠᠭᠠᠨ ᠪᠦᠷ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠥᠪᠡᠷ ᠤᠨ ᠪᠡᠶ᠎ᠡ ᠪᠠᠷ ᠢᠶᠠᠨ ᠠᠬᠢᠭᠤᠯᠵᠤ᠂ ᠵᠠᠯᠠᠭᠤᠴᠤᠳ ᠪᠠᠭᠠᠴᠤᠳ ᠤᠨ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠠᠶᠢᠭᠤᠯᠤᠯᠲᠠ ᠳᠤ ᠣᠷᠣᠯᠴᠠᠬᠤ ᠶᠢ ᠵᠢᠯᠣᠭᠤᠳᠤᠨ ᠳᠠᠭᠠᠭᠤᠯᠬᠤ ᠠᠯᠤᠰ ᠬᠡᠲᠦ ᠶᠢᠨ ᠲᠥᠯᠦᠪᠵᠢᠭᠦᠯᠭᠡ ᠪᠠᠨ ᠬᠠᠷᠠᠭᠤᠯᠤᠭᠰᠠᠨ ᠪᠠᠶᠢᠨ᠎ᠠ᠃       ᠡᠨᠡ ᠵᠢᠯ ᠤᠨ 4 ᠰᠠᠷ᠎ᠠ ᠶᠢᠨ 4 ᠎ ᠤ ᠡᠳᠦᠷ᠂ ᠶᠡᠷᠦᠩᠬᠡᠢ ᠱᠦᠵᠢ ᠰᠢ ᠶᠢᠨ ᠫᠢᠡᠭ ᠪᠣᠷᠣᠭᠠᠨ ᠳᠤᠮᠳᠠ ᠪᠡᠭᠡᠵᠢᠩ ᠬᠤᠲᠠ ᠶᠢᠨ ᠴᠣᠣ ᠶᠠᠩ ᠲᠣᠭᠤᠷᠢᠭ ᠤᠨ ᠳ᠋ᠦᠩ ᠪᠠ ᠲᠥᠪ ᠴᠡᠴᠡᠷᠯᠢᠭ ᠤᠨ ᠮᠣᠳᠣ ᠲᠠᠷᠢᠬᠤ ᠭᠠᠵᠠᠷ ᠲᠤ ᠬᠦᠷᠴᠦ᠂ ᠨᠡᠶᠢᠰᠯᠡᠯ ᠤᠨ ᠣᠯᠠᠨ ᠲᠦᠮᠡᠨ ᠲᠠᠢ ᠬᠠᠮᠲᠤ ᠪᠠᠷ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭᠠᠨ ᠳᠤ ᠣᠷᠣᠯᠴᠠᠬᠰᠠᠨ ᠶᠤᠮ᠃ ᠶᠡᠷᠦᠩᠬᠡᠢ ᠱᠦᠵᠢ ᠬᠡᠯᠡᠬᠦ ᠳᠡᠭᠡᠨ᠂ ᠪᠢ ᠨᠠᠮ ᠤᠨ ᠶᠡᠷᠦᠩᠬᠡᠢ ᠱᠦᠵᠢ ᠶᠢᠨ ᠲᠤᠰᠢᠶᠠᠯ ᠡᠭᠦᠷᠭᠡᠯᠡᠭᠰᠡᠨ ᠠᠴᠠ ᠨᠠᠭᠠᠰᠢ ᠠᠷᠪᠠᠨ ᠨᠢᠭᠡᠳᠡᠬᠢ ᠤᠳᠠᠭ᠎ᠠ ᠪᠠᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭᠠᠨ ᠳᠤ ᠣᠷᠣᠯᠴᠠᠵᠤ ᠪᠠᠶᠢᠭ᠎ᠠ ᠨᠢ ᠡᠨᠡ ᠶᠤᠮ ᠭᠡᠵᠡᠢ᠃ ᠲᠡᠷᠡ ᠲᠤᠬᠠᠢ ᠶᠢᠨ ᠲᠠᠯᠠᠪᠤᠷ ᠲᠤ ᠪᠠᠶᠢᠭᠰᠠᠨ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠡᠯᠡᠬᠦ ᠳᠡᠭᠡᠨ᠂ ᠲᠠ ᠨᠠᠷ ᠬᠤᠵᠢᠮ ᠦᠷ᠎ᠡ ᠬᠡᠦᠬᠡᠳ ᠲᠠᠢ ᠪᠣᠯᠪᠠᠯ᠂ ᠪᠠᠰᠠ ᠥᠪᠡᠷ ᠤᠨ ᠢᠶᠠᠨ ᠬᠡᠦᠬᠡᠳ ᠠᠴᠢᠷ ᠢᠶᠠᠨ ᠮᠣᠳᠣ ᠲᠠᠷᠢᠬᠤ ᠠᠵᠢᠯᠯᠠᠭᠠᠨ ᠳᠤ ᠣᠷᠣᠯᠴᠠᠭᠤᠯᠵᠤ᠂ ᠡᠨᠡ ᠠᠵᠢᠯ ᠢ ᠦᠶ᠎ᠡ ᠶᠢᠨ ᠦᠶ᠎ᠡ ᠬᠢᠬᠦ ᠭᠡᠷᠡᠭᠲᠡᠢ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠳᠠᠷᠤᠢ ᠢᠩᠭᠢᠵᠦ ᠪᠠᠶᠢᠭᠤᠯᠤᠭᠳᠠᠬᠤ ᠶᠤᠮ ᠭᠡᠵᠡᠢ᠃       ᠡᠨᠡ ᠵᠢᠯ ᠤᠨ ᠵᠢᠷᠭᠤᠭᠠᠨ ᠰᠠᠷ᠎ᠠ ᠶᠢᠨ ᠨᠢᠭᠡᠨ ᠤ ᠳᠡᠯᠡᠬᠡᠢ ᠶᠢᠨ ᠬᠡᠦᠬᠡᠳ ᠤᠨ ᠪᠠᠶᠠᠷ ᠤᠨ ᠡᠮᠦᠨ᠎ᠡ ᠡᠳᠦᠷ᠂ ᠶᠡᠷᠦᠩᠬᠡᠢ ᠱᠦᠵᠢ ᠰᠢ ᠶᠢᠨ ᠫᠢᠡᠭ ᠪᠡᠭᠡᠵᠢᠩ ᠬᠤᠲᠠ ᠶᠢᠨ ᠢᠦᠢ ᠶᠢᠩ ᠰᠤᠷᠭᠠᠭᠤᠯᠢ ᠳᠤ ᠠᠵᠢᠯ ᠰᠢᠨᠵᠢᠨ ᠪᠠᠶᠢᠴᠠᠭᠠᠬᠤ ᠦᠶ᠎ᠡ ᠠᠳᠡᠭᠢ ᠰᠤᠷᠤᠭᠴᠢᠳ ᠤᠨ ᠲᠠᠷᠢᠶᠠᠯᠠᠩ ᠤᠨ ᠲᠠᠯᠠᠪᠠᠢ ᠳᠤ ᠬᠦᠷᠴᠦ᠂ ᠲᠠᠷᠢᠶᠠᠯᠠᠩ ᠤᠨ ᠠᠵᠢᠯ ᠬᠢᠵᠦ ᠪᠠᠶᠢᠭ᠎ᠠ ᠬᠡᠦᠬᠡᠳ ᠤᠳ ᠲᠠᠢ ᠵᠣᠭᠤᠭᠳᠠᠭᠰᠠᠨ ᠶᠤᠮ᠃ ᠶᠡᠷᠦᠩᠬᠡᠢ ᠱᠦᠵᠢ ᠬᠡᠯᠡᠬᠦ ᠳᠡᠭᠡᠨ᠂ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠬᠡᠦᠬᠡᠳ ᠤᠳ ᠠᠴᠠ ᠭᠠᠷᠳᠠᠨ ᠬᠢᠵᠦ᠂ ᠠᠮᠢᠳᠤᠯᠢᠭ ᠴᠣᠪᠣᠭᠤᠯᠢᠭ ᠬᠥᠳᠡᠯᠮᠦᠷᠢ ᠶᠢᠨ ᠬᠢᠴᠢᠶᠡᠯ ᠢᠶᠠᠷ ᠳᠠᠮᠵᠢᠨ᠂ ᠬᠡᠦᠬᠡᠳ ᠤᠳ ᠢ ᠥᠪᠡᠷ ᠢᠶᠠᠨ ᠭᠠᠷ ᠬᠥᠳᠡᠯᠵᠦ᠂ ᠥᠪᠡᠷ ᠤᠨ ᠪᠡᠶ᠎ᠡ ᠪᠠᠷ ᠢᠶᠠᠨ ᠣᠶᠢᠯᠭᠠᠵᠤ᠂ ᠥᠪᠡᠷ ᠢᠶᠠᠨ ᠤᠬᠠᠭᠠᠷᠠᠵᠤ᠂ ︽ᠣᠩᠭᠤᠨ ᠳᠠᠷᠬᠠᠨ ᠡᠬᠡ ᠪᠠᠶᠢᠭᠠᠯᠢ ᠪᠣᠯ ᠦᠨᠡᠯᠡᠰᠢ ᠦᠭᠡᠢ ᠥᠪ ᠡᠷᠳᠡᠨᠢ︾ ᠭᠡᠬᠦ ᠣᠨᠣᠯ ᠲᠠᠨᠢᠯᠲᠠ ᠶᠢ ᠡᠷᠲᠡ ᠠᠴᠠ ᠬᠡᠦᠬᠡᠳ ᠤᠨ ᠰᠡᠳᠬᠢᠯ ᠳᠤ ᠬᠠᠳᠠᠩᠰᠢᠭᠤᠯᠬᠤ ᠭᠡᠷᠡᠭᠲᠡᠢ ᠭᠡᠵᠡᠢ᠃       ᠨᠣᠮᠢᠨ ᠨᠣᠭᠤᠭᠠᠨ ᠥᠩᠭᠡ ᠪᠣᠯ ᠦᠵᠡᠰᠬᠦᠯᠡᠩᠲᠦ ᠳᠤᠮᠳᠠᠳᠤ ᠤᠯᠤᠰ ᠤᠨ ᠬᠠᠮᠤᠭ ᠤᠨ ᠭᠢᠯᠠᠯᠵᠠᠮ᠎ᠠ ᠳᠡᠪᠢᠰᠬᠡᠷ ᠥᠩᠭᠡ ᠶᠤᠮ᠃ ᠪᠣᠬᠢᠷᠳᠤᠯ ᠦᠭᠡᠢ ᠬᠥᠭᠵᠢᠯᠲᠡ ᠨᠢ ᠮᠠᠨ ᠤ ᠤᠯᠤᠰ ᠤᠨ ᠬᠥᠭᠵᠢᠯᠲᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠣᠨ᠎ᠠ᠃ ᠥᠨᠥ ᠵᠢᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠡᠭ ᠤᠨ ᠤᠯᠤᠰ ᠤᠨ ᠳᠣᠲᠣᠭᠠᠳᠤ ᠳᠠᠬᠢ ᠰᠢᠨᠵᠢᠨ ᠪᠠᠶᠢᠴᠠᠭᠠᠯᠲᠠ ᠳᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠰᠢᠨᠵᠢᠨ ᠪᠠᠶᠢᠴᠠᠭᠠᠭᠰᠠᠨ ᠤᠯᠠ ᠮᠥᠷ ᠮᠤᠩ ᠦᠭᠡᠢ ᠣᠯᠠᠨ᠃ ᠪᠥᠬᠦ ᠤᠯᠤᠰ ᠤᠨ ᠡᠮᠦᠨᠡᠲᠦ ᠤᠮᠠᠷᠠᠲᠤ ᠶᠢᠨ ᠡᠪᠡᠰᠦ ᠮᠣᠳᠣ ᠠᠭᠤᠯᠠ ᠤᠰᠤ ᠪᠣᠯᠭᠠᠨ ᠢ ᠶᠡᠷᠦᠩᠬᠡᠢ ᠱᠦᠵᠢ ᠬᠡᠵᠢᠶᠡᠳᠡ ᠰᠡᠳᠬᠢᠯ ᠳᠡᠭᠡᠨ ᠲᠡᠭᠡᠭᠡᠵᠦ᠂ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠳᠤ ᠴᠢᠭᠯᠡᠯ ᠢ ᠵᠢᠭᠠᠵᠤ ᠥᠭᠭᠦᠭᠰᠡᠨ ᠶᠤᠮ᠃       ᠭᠤᠸᠠᠩᠳᠦ᠋ᠩ ᠤᠨ ᠵᠠᠨᠵᠢᠶᠠᠩ ᠤᠨ ᠤᠯᠠᠭᠠᠨ ᠮᠣᠳᠣᠨ ᠰᠢᠭᠤᠢ ᠶᠢᠨ ᠤᠯᠤᠰ ᠤᠨ ᠲᠡᠰ ᠤᠨ ᠪᠠᠶᠢᠭᠠᠯᠢ ᠶᠢᠨ ᠲᠠᠷᠬᠠᠨ ᠴᠠᠭᠠᠵᠠᠲᠤ ᠣᠷᠣᠨ ᠳᠤ᠂ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠠᠭᠠᠨ᠂ ᠡᠨᠡ ᠬᠡᠰᠡᠭ ᠤᠯᠠᠭᠠᠨ ᠮᠣᠳᠣᠨ ᠰᠢᠭᠤᠢ ᠪᠣᠯ ᠤᠯᠤᠰ ᠤᠨ ᠡᠷᠳᠡᠨᠢ ᠮᠥᠨ᠂ ᠡᠭᠦᠨ ᠢ ᠨᠢᠳᠦᠨ ᠤ ᠪᠠᠨ ᠴᠡᠴᠡᠭᠡᠢ ᠲᠠᠢ ᠪᠠᠨ ᠠᠳᠠᠯᠢ ᠰᠠᠶᠢᠲᠤᠷ ᠬᠠᠮᠠᠭᠠᠯᠠᠬᠤ ᠭᠡᠷᠡᠭᠳᠡᠢ ᠭᠡᠵᠡᠢ᠃ ᠰᠧᠴᠤᠸᠠᠨ ᠤ ᠭᠤᠸᠠᠩ ᠶᠤᠸᠠᠨ ᠤ ᠡᠷᠲᠡᠨ ᠤ ᠱᠤ᠋ ᠭᠠᠵᠠᠷ ᠤᠨ ᠵᠠᠮ ᠳᠠᠬᠢ ᠼᠦᠢ ᠶᠦᠨ ᠯᠠᠩ ᠬᠤᠩᠭᠢᠯ ᠳᠤ᠂ ᠶᠡᠷᠦᠩᠬᠡᠢ ᠱᠦᠵᠢ ᠳᠡᠯᠡᠬᠡᠢ ᠶᠢᠨ ᠬᠠᠮᠤᠭ ᠤᠨ ᠶᠡᠭᠡ ᠬᠡᠪᠴᠢᠶ᠎ᠡ ᠲᠠᠢ ᠬᠥᠮᠥᠨ ᠤ ᠬᠦᠴᠦ ᠪᠠᠷ ᠣᠶᠢᠵᠢᠭᠤᠯᠤᠭᠰᠠᠨ ᠡᠷᠲᠡᠨ ᠤ ᠮᠠᠶᠢᠯᠠᠰᠤᠨ ᠤᠢ ᠳᠤ ᠣᠷᠣᠭᠠᠳ ᠡᠨᠡ ᠬᠡᠰᠡᠭ ᠡᠷᠲᠡᠨ ᠤ ᠮᠣᠳᠣ ᠬᠤᠪᠣᠷ ᠮᠣᠳᠣ ᠶᠢ ᠰᠠᠶᠢᠲᠤᠷ ᠬᠠᠮᠠᠭᠠᠯᠠᠬᠤ ᠭᠡᠷᠡᠭᠳᠡᠢ ᠭᠡᠵᠦ ᠱᠠᠭᠠᠷᠳᠠᠭᠰᠠᠨ ᠶᠤᠮ᠃ ᠱᠠᠨ ᠰᠢ ᠶᠢᠨ ᠶᠦᠨ ᠴᠧᠩ ᠬᠤᠲᠠ ᠳᠤ ᠶᠡᠷᠦᠩᠬᠡᠢ ᠱᠦᠵᠢ ᠰᠢ ᠶᠢᠨ ᠫᠢᠩ ᠵᠢᠭᠠᠬᠤ ᠳᠠᠭᠠᠨ᠂ ᠬᠠᠳᠤᠨ ᠭᠤᠣᠯ ᠤᠨ ᠰᠠᠪᠠ ᠭᠠᠵᠠᠷ ᠳᠠᠭᠠᠤ ᠶᠢᠨ ᠡᠯ᠎ᠡ ᠮᠤᠵᠢ ᠣᠷᠣᠨ ᠤ ᠬᠢᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠶᠠᠪᠤᠳᠠᠯ ᠢ ᠬᠥᠭᠵᠢᠯ ᠢ ᠲᠥᠰᠥᠪᠯᠡᠬᠦ᠂ ᠴᠢᠨᠠᠷᠯᠢᠭ ᠬᠥᠭᠵᠢᠯᠲᠡ ᠶᠢ ᠠᠬᠢᠭᠤᠯᠬᠤ ᠶᠢᠨ ᠦᠨᠳᠦᠰᠦᠨ ᠵᠠᠷᠴᠢᠮ ᠪᠣᠯᠭᠠᠵᠤ ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠳᠤ ᠠᠰᠢᠭ ᠦᠭᠡᠢ ᠶᠠᠪᠤᠳᠠᠯ ᠢ ᠤᠭᠲᠤ ᠬᠢᠵᠦ ᠪᠣᠯᠬᠤ ᠦᠭᠡᠢ ᠭᠡᠵᠡᠢ᠃       ᠮᠠᠨ ᠤ ᠤᠯᠤᠰ ᠤᠨ ᠤᠮᠠᠷᠠᠲᠤ ᠣᠷᠣᠨ ᠤ ᠠᠮᠢ ᠠᠬᠤᠢ ᠶᠢᠨ ᠠᠶᠤᠯᠭᠦᠢ ᠶᠢᠨ ᠴᠢᠬᠤᠯᠠ ᠬᠠᠯᠬᠠᠪᠴᠢ ᠶᠢ ᠪᠠᠶᠢᠭᠤᠯᠤᠨ ᠪᠠᠬᠢᠵᠢᠭᠦᠯᠬᠦ ᠪᠣᠯ ᠤᠯᠤᠰ ᠤᠨ ᠶᠡᠭᠡ ᠪᠣᠳᠣᠯᠭ᠎ᠠ ᠮᠥᠨ᠃ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠲᠠᠢ ᠵᠡᠷᠭᠡᠪᠡᠷ ᠡᠬᠢᠯᠡᠭᠦᠯᠦᠭᠰᠡᠨ ︽ᠤᠮᠠᠷᠠᠲᠤ ᠶᠢᠨ ᠭᠤᠷᠪᠠᠨ ᠣᠷᠣᠨ ᠤ ᠬᠠᠯᠬᠠᠪᠴᠢ ᠤᠢ︾᠎ ᠶᠢᠨ ᠢᠨᠵᠧᠨᠧᠷᠢᠩ ᠨᠢ ᠣᠲᠣ ᠨᠢᠭᠡᠨᠲᠡ ᠵᠠᠩᠭᠢᠯᠠᠭ᠎ᠠ ᠶᠢᠨ ᠬᠤᠭᠤᠴᠠᠭ᠎ᠠ ᠪᠠ ᠪᠡᠷᠬᠡ ᠶᠢ ᠲᠤᠭᠤᠯᠬᠤ ᠬᠤᠭᠤᠴᠠᠭᠠᠨ ᠳᠤ ᠣᠷᠣᠯ᠎ᠠ᠃ ᠡᠨᠡ ᠵᠢᠯ ᠤᠨ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠠᠵᠢᠯ ᠰᠢᠨᠵᠢᠨ ᠪᠠᠶᠢᠴᠠᠭᠠᠬᠤ ᠦᠶ᠎ᠡ ᠪᠠᠶᠠᠨᠨᠠᠭᠤᠷ ᠲᠤ ᠬᠦᠷᠴᠦ᠂ ᠲᠣᠰ ᠢᠨᠵᠧᠨᠧᠷᠢᠩ ᠤᠨ ᠪᠠᠶᠢᠭᠤᠯᠤᠯᠲᠠ ᠶᠢᠨ ᠲᠤᠬᠠᠢ ᠶᠢᠨ ᠭᠠᠵᠠᠷ ᠪᠣᠯᠬᠤ ᠤᠯᠠᠭᠠᠨᠰᠤᠬᠠᠢ ᠨᠠᠭᠤᠷ ᠤᠨ ᠬᠥᠪᠡᠭᠡᠨ ᠳᠤ ᠬᠦᠷᠴᠦ ᠨᠠᠭᠤᠷ ᠢ ᠲᠣᠭᠤᠷᠢᠨ ᠰᠣᠨᠢᠷᠬᠠᠵᠤ ᠂ ᠣᠲᠣ ᠦᠶ᠎ᠡ ᠶᠢᠨ ᠬᠥᠳᠡᠭᠡ ᠠᠵᠤ ᠠᠬᠤᠢ ᠶᠢᠨ ᠵᠢᠱᠢᠶ᠎ᠡ ᠦᠵᠡᠭᠦᠯᠬᠦ ᠲᠣᠭᠤᠷᠢᠭ ᠲᠤ ᠬᠦᠷᠴᠦ ᠲᠠᠷᠢᠶᠠᠨ ᠭᠠᠵᠠᠷ ᠢ ᠪᠠᠶᠢᠴᠠᠭᠠᠵᠤ᠂ ᠤᠯᠤᠰ ᠠᠴᠠ ᠡᠵᠡᠩᠨᠡᠭᠰᠡᠨ ᠰᠢᠨᠬᠤᠸᠠ ᠤᠢ ᠰᠢᠭᠤᠢ ᠶᠢᠨ ᠲᠠᠯᠠᠪᠠᠢ ᠳᠤ ᠬᠦᠷᠴᠦ᠂ ᠤᠢ ᠰᠢᠭᠤᠢ ᠪᠣᠯᠣᠨ ᠡᠯᠡᠰᠦ ᠮᠠᠩᠬ᠎ᠠ ᠶᠢ ᠠᠵᠢᠭᠯᠠᠨ ᠰᠢᠨᠵᠢᠵᠦ᠂ ᠪᠣᠷᠣ ᠲᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠴᠢᠮᠡᠭᠡ ᠵᠠᠩᠭᠢᠵᠢᠯᠲᠠ ᠶᠢᠨ ᠬᠢᠨᠠᠨ ᠬᠡᠮᠵᠢᠬᠦ ᠲᠥᠪ ᠲᠤ ᠬᠦᠷᠴᠦ ᠤᠰᠤ ᠪᠣᠯᠣᠨ ᠤᠰᠤᠨ ᠰᠤᠪᠠᠭ ᠤᠨ ᠪᠠᠶᠢᠳᠠᠯ ᠢ ᠰᠢᠨᠵᠢᠨ ᠦᠵᠡᠭᠰᠡᠨ ᠪᠠᠶᠢᠨ᠎ᠠ᠃ ᠠᠵᠢᠯ ᠰᠢᠨᠵᠢᠨ ᠪᠠᠶᠢᠴᠠᠭᠠᠬᠤ ᠬᠤᠭᠤᠴᠠᠭᠠᠨ ᠳᠠᠭᠠᠨ ᠶᠡᠷᠦᠩᠬᠡᠢ ᠱᠦᠵᠢ ᠰᠢ ᠶᠢᠨ ᠫᠢᠩ ᠡᠯᠡᠰᠦᠷᠬᠡᠭᠵᠢᠯ  ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠪᠠ ᠤᠮᠠᠷᠠᠲᠤ ᠶᠢᠨ ᠭᠤᠷᠪᠠᠨ ᠣᠷᠣᠨ ᠤ ᠬᠠᠯᠬᠠᠪᠴᠢ ᠤᠢ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠠᠶᠢᠭᠤᠯᠤᠯᠲᠠ ᠶᠢ ᠠᠬᠢᠭᠤᠯᠬᠤ ᠲᠤᠬᠠᠢ ᠶᠠᠷᠢᠯᠴᠠᠬᠤ ᠬᠤᠷᠠᠯ ᠢ ᠡᠷᠭᠢᠯᠡᠨ ᠬᠢᠵᠦ ᠴᠢᠬᠤᠯᠠ ᠶᠠᠷᠢᠶ᠎ᠠ ᠲᠠᠯᠪᠢᠵᠠᠢ᠃ ᠶᠡᠷᠦᠩᠬᠡᠢ ᠱᠦᠵᠢ ᠵᠢᠭᠠᠬᠤ ᠳᠠᠭᠠᠨ᠂ 10 ᠵᠢᠯ ᠰᠢᠬᠠᠮ ᠤᠨ ᠬᠤᠭᠤᠴᠠᠭ᠎ᠠ ᠶᠢ ᠵᠠᠷᠤᠴᠠᠭᠤᠯᠵᠤ ᠪᠠᠶᠢᠭᠠᠳ ᠤᠮᠠᠷᠠᠲᠤ ᠶᠢᠨ ᠭᠤᠷᠪᠠᠨ ᠣᠷᠣᠨ ᠤ ᠬᠠᠯᠬᠠᠪᠴᠢ ᠤᠢ ᠶᠢᠨ ᠢᠨᠵᠧᠨᠧᠷᠢᠩ ᠤᠨ ᠪᠡᠷᠬᠡ ᠶᠢ ᠲᠤᠭᠤᠯᠬᠤ ᠠᠵᠢᠯ ᠢ ᠰᠠᠶᠢᠨ ᠬᠢᠵᠦ᠂ ᠢᠯᠠᠩᠭᠤᠶ᠎ᠠ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷ ᠲᠠᠢ ᠲᠣᠮᠣ ᠢᠨᠵᠧᠨᠧᠷᠢᠩ ᠪᠣᠯᠬᠤ ᠬᠠᠳᠤᠨ ᠭᠤᠣᠯ ᠤᠨ ᠲᠠᠬᠢᠷᠯᠠᠭᠰᠠᠨ ᠣᠷᠣᠨ ᠤ ᠪᠡᠷᠬᠡ ᠶᠢ ᠲᠤᠭᠤᠯᠬᠤ ᠠᠵᠢᠯ᠂ ᠬᠤᠷᠴᠢᠨ ᠪᠠ ᠬᠤᠯᠠᠨ ᠰᠢᠷᠭ᠎ᠠ ᠲᠠᠭ᠎ᠠ ᠶᠢᠨ ᠬᠤᠶᠠᠷ ᠶᠡᠭᠡ ᠡᠯᠡᠰᠦᠨ ᠴᠦᠯ ᠢ ᠵᠠᠰᠠᠵᠤ ᠨᠣᠭᠤᠭᠠᠷᠠᠭᠤᠯᠬᠤ ᠠᠵᠢᠯ᠂ ᠾᠧ ᠰᠢ ᠶᠢᠨ ᠬᠤᠩᠭᠢᠯ ᠪᠠ ᠲᠠᠺᠠᠯᠠᠮᠠᠺᠠᠨ ᠤ ᠡᠯᠡᠰᠦᠨ ᠴᠦᠯ ᠤᠨ ᠡᠷᠭᠢᠨ ᠲᠣᠭᠤᠷᠢᠨ ᠤ ᠣᠷᠣᠨ ᠤ ᠨᠡᠭᠦᠳᠡᠯ ᠡᠯᠡᠰᠦ ᠶᠢ ᠵᠠᠰᠠᠵᠤ ᠲᠣᠭᠲᠠᠪᠤᠷᠢᠵᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠨ ᠬᠢᠬᠦ ᠭᠡᠷᠡᠭᠳᠡᠢ ᠭᠡᠵᠡᠢ᠃       ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠵᠢᠭᠠᠬᠤ ᠳᠠᠭᠠᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠳᠤᠯ ᠦᠭᠡᠢ᠂ ᠨᠡᠭᠦᠷᠡᠰᠦᠲᠦᠷᠦᠭᠴᠢ ᠪᠠᠭᠠᠲᠠᠢ ᠪᠠᠶᠢᠬᠤ ᠶᠢ ᠠᠬᠢᠭᠤᠯᠬᠤ ᠪᠣᠯ ᠴᠢᠨᠠᠷᠯᠢᠭ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠳᠠᠮᠵᠢᠯᠭ᠎ᠠ ᠮᠥᠨ ᠭᠡᠵᠡᠢ᠃ ᠡᠨᠡ ᠵᠢᠯ ᠠᠴᠠ ᠨᠠᠭᠠᠰᠢ ᠶᠡᠷᠦᠩᠬᠡᠢ ᠱᠦᠵᠢ ᠰᠢ ᠶᠢᠨ ᠫᠢᠩ ᠣᠯᠠᠨ ᠤᠳᠠᠭ᠎ᠠ ᠴᠢᠬᠤᠯᠠᠴᠢᠯᠠᠬᠤ ᠳᠠᠭᠠᠨ᠂ ᠬᠥᠭᠵᠢᠯᠲᠡ ᠶᠢᠨ ᠠᠷᠭ᠎ᠠ ᠬᠡᠯᠪᠡᠷᠢ ᠶᠢᠨ ᠪᠣᠬᠢᠷᠳᠤᠯ ᠦᠭᠡᠢ ᠪᠠᠶᠢᠬᠤ᠂ ᠨᠡᠭᠦᠷᠡᠰᠦᠲᠦᠷᠦᠭᠴᠢ ᠪᠠᠭᠠᠲᠠᠢ ᠪᠠᠶᠢᠬᠤ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠭᠦ ᠭᠡᠷᠡᠭᠲᠡᠢ ᠭᠡᠵᠡᠢ᠃ 6 ᠰᠠᠷ᠎ᠠ ᠳᠤ ᠥᠪᠥᠷ ᠮᠣᠩᠭᠤᠯ ᠤᠨ ᠬᠥᠬᠡᠬᠤᠲᠠ ᠶᠢᠨ ᠵᠥᠩ ᠬᠤᠸᠠᠨ ᠠᠵᠤ ᠦᠢᠯᠡᠰ ᠤᠨ ᠲᠣᠭᠤᠷᠢᠭ ᠲᠤ ᠠᠵᠢᠯ ᠰᠢᠨᠵᠢᠨ ᠪᠠᠶᠢᠴᠠᠭᠠᠬᠤ ᠦᠶ᠎ᠡ ᠶᠡᠷᠦᠩᠬᠡᠢ ᠱᠦᠵᠢ ᠵᠢᠭᠠᠬᠤ ᠳᠠᠭᠠᠨ᠂ ᠡᠨᠧᠷᠭᠢ ᠶᠢᠨ ᠪᠠᠶᠢᠭᠤᠯᠤᠯᠲᠠ ᠨᠢ ᠤᠯᠠᠮᠵᠢᠯᠠᠯᠲᠤ ᠠᠵᠤ ᠦᠢᠯᠡᠰ ᠲᠤ ᠲᠦᠰᠢᠭᠯᠡᠭᠡᠳ ᠪᠠᠶᠢᠵᠤ ᠪᠣᠯᠬᠤ ᠦᠭᠡᠢ ᠰᠢᠨ᠎ᠡ ᠡᠨᠧᠷᠭᠢ ᠪᠠ ᠴᠡᠪᠡᠷ ᠡᠨᠧᠷᠭᠢ ᠶᠢ ᠶᠡᠭᠡ ᠪᠠᠷ ᠬᠥᠭᠵᠢᠭᠦᠯᠵᠦ᠂ ᠨᠡᠭᠦᠷᠡᠰᠦᠲᠦᠷᠦᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ ᠣᠷᠬᠢᠯ ᠳᠤᠨᠢ ᠬᠦᠷᠭᠡᠬᠦ ᠪᠠ ᠲᠡᠩᠴᠡᠭᠦᠷᠢᠰᠢᠭᠦᠯᠬᠦ ᠶᠢ ᠴᠢᠷᠮᠠᠶᠢᠨ ᠪᠡᠶᠡᠯᠡᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠠᠶᠢᠭᠤᠯᠬᠤ ᠭᠡᠷᠡᠭᠲᠡᠢ ᠭᠡᠵᠡᠢ᠃ 7 ᠰᠠᠷ᠎ᠠ ᠳᠤ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠬᠤ ᠵᠥᠪᠯᠡᠯ ᠤᠨ ᠬᠤᠶᠠᠳᠤᠭᠠᠷ ᠤᠳᠠᠭᠠᠨ ᠤ ᠬᠤᠷᠠᠯ ᠠᠴᠠ ︽ᠡᠨᠧᠷᠭᠢ ᠬᠤᠷᠣᠭᠳᠠᠭᠤᠯᠬᠤ ᠶᠡᠷᠦᠩᠬᠡᠢ ᠬᠡᠮᠵᠢᠶ᠎ᠡ ᠪᠠ ᠡᠷᠴᠢᠮ ᠢ ᠨᠢ ᠵᠡᠷᠭᠡ ᠪᠠᠷ ᠬᠢᠵᠠᠭᠠᠷᠯᠠᠬᠤ ᠠᠴᠠ ᠨᠡᠭᠦᠷᠡᠰᠦᠲᠦᠷᠦᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠪᠠ ᠡᠷᠴᠢᠮ ᠢ ᠨᠢ ᠵᠡᠷᠭᠡ ᠪᠠᠷ ᠬᠢᠵᠠᠭᠠᠷᠯᠠᠬᠤ ᠲᠡᠰᠢ ᠠᠯᠬᠤᠮ ᠠᠯᠬᠤᠮ ᠢᠶᠠᠷ ᠰᠢᠯᠵᠢᠬᠦ ᠲᠤᠬᠠᠢ ᠰᠠᠨᠠᠯ︾᠎ ᠢ ᠬᠢᠨᠠᠨ ᠵᠥᠪᠯᠡᠵᠦ ᠪᠠᠲᠤᠯᠠᠭᠰᠠᠨ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠭᠦ ᠦᠶ᠎ᠡ ᠴᠢᠬᠤᠯᠠᠴᠢᠯᠠᠬᠤ ᠳᠠᠭᠠᠨ᠂ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠨᠢ ᠨᠡᠭᠦᠷᠡᠰᠦᠲᠦᠷᠦᠭᠴᠢ ᠭᠠᠳᠠᠭᠰᠢᠯᠠᠭᠤᠯᠬᠤ ᠶᠢ ᠪᠠᠭᠠᠰᠬᠠᠬᠤ ᠪᠠᠷ ᠭᠤᠣᠯ ᠪᠠᠶᠢᠯᠳᠤᠬᠤ ᠪᠣᠳᠣᠯᠭ᠎ᠠ ᠶᠢᠨ ᠴᠢᠭᠯᠡᠯ ᠪᠣᠯᠭᠠᠭᠰᠠᠨ ᠵᠠᠩᠭᠢᠯᠠᠭ᠎ᠠ ᠶᠢᠨ ᠱᠠᠲᠤᠨ ᠳᠤ ᠣᠷᠣᠵᠤ᠂ ᠡᠨᠧᠷᠭᠢ ᠬᠤᠷᠣᠭᠳᠠᠭᠤᠯᠬᠤ ᠶᠡᠷᠦᠩᠬᠡᠢ ᠬᠡᠮᠵᠢᠶ᠎ᠡ ᠪᠠ ᠡᠷᠴᠢᠮ ᠢ ᠲᠣᠬᠢᠷᠠᠭᠤᠯᠤᠨ ᠡᠵᠡᠮᠳᠡᠬᠦ ᠪᠠᠨ ᠲᠡᠭᠦᠯᠳᠡᠷᠵᠢᠭᠦᠯᠵᠦ᠂ ᠨᠡᠭᠦᠷᠡᠰᠦᠲᠦᠷᠦᠭᠴᠢ ᠭᠠᠳᠠᠭᠰᠢᠯᠠᠭᠤᠯᠬᠤ ᠶᠢ ᠪᠠᠭᠠᠰᠬᠠᠬᠤ ᠶᠡᠷᠦᠩᠬᠡᠢ ᠬᠡᠮᠵᠢᠶ᠎ᠡ ᠪᠠ ᠡᠷᠴᠢᠮ ᠢᠶᠠᠨ ᠬᠢᠵᠠᠭᠠᠷᠯᠠᠬᠤ ᠳᠦᠷᠢᠮ ᠤᠷᠤᠭᠤ ᠠᠯᠬᠤᠮ ᠠᠯᠬᠤᠮ ᠢᠶᠠᠷ ᠰᠢᠯᠵᠢᠬᠦ ᠭᠡᠷᠡᠭᠲᠡᠢ ᠭᠡᠵᠡᠢ᠃       ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡ᠂ ᠨᠡᠷᠡᠨ ᠤ ᠡᠨᠧᠷᠭᠢ ᠶᠢᠨ ᠴᠠᠬᠢᠯᠭᠠᠨ ᠵᠠᠢ᠂ ᠮᠠᠰᠢᠨ ᠲᠡᠷᠭᠡᠨ ᠳᠤ ᠴᠠᠬᠢᠯᠭᠠᠨ ᠴᠡᠨᠡᠭᠯᠡᠬᠦ ᠲᠥᠬᠦᠭᠡᠷᠦᠮᠵᠢ ᠵᠡᠷᠭᠡ ᠰᠢᠨ᠎ᠡ ᠡᠨᠧᠷᠭᠢ ᠶᠢᠨ ᠦᠢᠯᠡᠳᠬᠦᠨ ᠢ ᠦᠢᠯᠡᠳᠪᠦᠷᠢᠯᠡᠭᠰᠡᠨ ᠬᠡᠮᠵᠢᠶ᠎ᠡ ᠲᠣᠰ ᠲᠣᠰ 35%᠂ 54.4%᠂ 53.1% ᠎ ᠪᠠᠷ ᠨᠡᠮᠡᠭᠳᠡᠵᠦ᠂ GDP ᠎ ᠶᠢᠨ ᠨᠢᠭᠡᠴᠢ ᠪᠦᠷᠢ ᠶᠢᠨ ᠡᠨᠧᠷᠭᠢ ᠶᠢᠨ ᠬᠤᠷᠣᠭᠳᠠᠯ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.4% ᠎ ᠪᠠᠷ ᠪᠠᠭᠤᠷᠠᠵᠤ᠂ ᠪᠣᠬᠢᠷᠳᠤᠯ ᠦᠭᠡᠢ ᠬᠥᠭᠵᠢᠯᠲᠡ ᠤᠷᠤᠭᠤ ᠰᠢᠯᠵᠢᠭᠰᠡᠨ ᠦᠷ᠎ᠡ ᠪᠦᠲᠦᠮᠵᠢ ᠢᠯᠡᠷᠡᠭᠰᠡᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号