ᠱᠠᠯᠠᠪᠳᠠᠨ ᠠᠳᠬᠤᠵᠤ ᠲᠦᠷᠭᠡᠨ ᠬᠢᠵᠦ ᠲᠤᠯᠤᠭᠠᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠰᠤᠭᠠᠢ
ᠨᠡᠶᠢᠲᠡᠯᠡᠭᠰᠡᠨ ᠴᠠᠭ᠄
2023/12/31
         — ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠥᠬᠦ ᠣᠷᠣᠨ ᠤ   ᠠᠵᠤ ᠠᠬᠤᠢ  ᠶᠢᠨ ᠠᠵᠢᠯ  ᠤᠨ ᠬᠤᠷᠠᠯ  ᠤᠨ ᠵᠣᠷᠢᠭ ᠰᠠᠨᠠᠭ᠎ᠠ  ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠭᠤᠷᠪᠠᠨᠲᠠ ᠥᠭᠦᠯᠡᠬᠦ ᠨᠢ               ᠥᠪᠥᠷ ᠮᠣᠩᠭᠤᠯ ᠤᠨ ᠡᠳᠦᠷ ᠤᠨ ᠰᠣᠨᠢᠨ ᠤ ᠰᠢᠭᠦᠮᠵᠢᠯᠡᠭᠴᠢ     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠢᠷᠡᠬᠦ ᠵᠢᠯ ᠤᠨ ᠠᠵᠤ ᠠᠬᠤᠢ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠠᠯᠢ ᠰᠠᠶᠢᠨ ᠠᠯᠢ ᠲᠦᠷᠭᠡᠨ ᠪᠠᠶᠢᠬᠤ ᠶᠢ ᠪᠠᠷᠢᠮᠲᠠᠯᠠᠨ᠂ ᠴᠢᠷᠮᠠᠶᠢᠨ ᠳᠡᠰ ᠳᠡᠪᠰᠢᠭᠦᠯᠵᠦ᠂ ᠲᠤᠯᠤᠭᠠᠨ ᠲᠠᠯ᠎ᠠ ᠶᠢᠨ ᠡᠭᠦᠷᠭᠡ ᠶᠢ ᠭᠤᠣᠯᠳᠠᠯᠭ᠎ᠠ ᠲᠠᠢ ᠰᠠᠶᠢᠲᠤᠷ ᠠᠳᠬᠤᠬᠤ ᠭᠡᠷᠡᠭᠲᠡᠶ ᠭᠡᠵᠦ ᠴᠢᠬᠤᠯᠠᠴᠢᠯᠠᠪᠠ᠃ ᠪᠥᠬᠦ ᠣᠷᠣᠨ ᠤ ᠡᠯ᠎ᠡ ᠱᠠᠲᠤᠨ  ᠤ ᠬᠢᠨ ᠱᠠᠯᠠᠪᠳᠠᠨ ᠠᠳᠬᠤᠵᠤ ᠲᠦᠷᠭᠡᠨ ᠬᠢᠵᠦ᠂ ᠨᠢᠭᠡᠳ ᠨᠢᠭᠡ ᠪᠠᠷ ᠪᠣᠳᠠᠲᠠᠢ ᠶᠠᠪᠤᠳᠠᠯ ᠠᠴᠠ ᠡᠬᠢᠯᠡᠨ ᠠᠳᠬᠤᠵᠤ᠂ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠭᠡᠷᠡᠭᠲᠡᠢ᠃     ᠪᠡᠯᠡ ᠣᠷᠣᠭᠤᠯᠤᠯᠲᠠ ᠪᠠᠷ ᠳᠠᠶᠢᠴᠢᠯᠠᠬᠤ᠂ ᠳᠦᠷᠦᠯ ᠵᠦᠢᠯ ᠢᠶᠠᠷ ᠳᠠᠶᠢᠴᠢᠯᠠᠬᠤ ᠪᠣᠯ ᠮᠥᠨ ᠬᠦ ᠥᠪᠥᠷ ᠮᠣᠩᠭᠤᠯ ᠤᠨ ᠠᠵᠤ ᠠᠬᠤᠢ ᠶᠢᠨ ᠬᠥᠭᠵᠢᠯᠲᠡ ᠶᠢᠨ ᠬᠤᠷᠳᠤᠴᠠ ᠶᠢ ᠠᠬᠢᠭᠤᠯᠬᠤ ᠴᠢᠬᠤᠯᠠ ᠬᠥᠳᠡᠯᠭᠡᠭᠦᠷ ᠪᠣᠯᠣᠨ᠎ᠠ᠃ ᠳᠦᠷᠦᠯ ᠵᠦᠢᠯ ᠤᠨ ᠪᠡᠯᠡ ᠣᠷᠣᠭᠤᠯᠤᠯᠲᠠ ᠶᠢ ᠪᠥᠬᠦ ᠬᠦᠴᠦ ᠪᠠᠷ ᠢᠶᠠᠨ ᠰᠠᠶᠢᠲᠤᠷ ᠠᠳᠬᠤᠵᠤ᠂ ᠣᠲᠣ ᠠᠴᠠ ᠡᠬᠢᠯᠡᠨ ᠡᠮᠦᠨᠡᠬᠢ ᠬᠤᠭᠤᠴᠠᠭ᠎ᠠ ᠶᠢ ᠠᠳᠬᠤᠵᠤ᠂ ᠲᠣᠬᠢᠷᠠᠭᠤᠯᠤᠯᠲᠠ ᠶᠢ ᠠᠳᠬᠤᠨ᠂ ᠴᠢᠬᠤᠯᠠ ᠶᠡᠭᠡ ᠳᠦᠷᠦᠯ ᠵᠦᠢᠯ ᠢ ᠡᠷᠲᠡᠬᠡᠨ ᠡᠬᠢᠯᠡᠭᠦᠯᠵᠦ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠭᠡᠷᠡᠭᠲᠡᠢ᠃ ᠤᠯᠤᠰ ᠤᠨ ᠳᠣᠲᠣᠭᠠᠳᠤ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠬᠤ ᠪᠠ ᠠᠵᠤ ᠦᠢᠯᠡᠰ ᠤᠨ ᠰᠢᠯᠵᠢᠯᠲᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ ᠢ ᠠᠮᠵᠢᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ ᠠᠵᠤ ᠦᠢᠯᠡᠰ ᠤᠨ ᠪᠦᠯᠦᠭᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠣᠨᠣᠴᠠᠲᠠᠢ ᠪᠠᠷ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠠᠵᠤ ᠦᠢᠯᠡᠰ ᠤᠨ ᠰᠢᠯᠵᠢᠯᠲᠡ ᠎ ᠲᠠᠢ ᠵᠣᠯᠭᠠᠭᠤᠯᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠲᠣᠮᠣ ᠳᠦᠷᠦᠯ ᠵᠦᠢᠯ ᠰᠠᠶᠢᠨ ᠳᠦᠷᠦᠯ ᠵᠦᠢᠯ ᠢ ᠣᠷᠣᠭᠤᠯᠤᠨ ᠠᠪᠴᠢᠷᠠᠵᠤ᠂ ᠠᠷᠠᠯᠵᠢᠶᠠᠴᠢᠨ ᠤᠷᠢᠬᠤ ᠦᠷ᠎ᠡ ᠪᠦᠲᠦᠭᠡᠯ ᠢᠶᠠᠨ ᠠᠯᠢ ᠲᠦᠷᠭᠡᠨ ᠢᠶᠠᠷ ᠬᠥᠭᠵᠢᠯᠲᠡ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠭᠡᠷᠡᠭᠲᠡᠢ᠃ ᠬᠢᠵᠠᠭᠠᠷᠯᠠᠯ ᠤᠨ ᠴᠢᠨᠠᠷᠲᠠᠢ ᠲᠥᠷᠥ  ᠶᠢᠨ ᠪᠣᠳᠣᠯᠭ᠎ᠠ ᠶᠢ ᠠᠷᠢᠯᠭᠠᠵᠤ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠂ ᠪᠡᠯᠡ ᠣᠷᠣᠭᠤᠯᠤᠯᠲᠠ ᠶᠢᠨ ᠬᠡᠪᠴᠢᠶ᠎ᠡ ᠥᠷᠭᠡᠵᠢᠬᠦ᠂ ᠪᠦᠲᠦᠴᠡ ᠰᠢᠯᠢᠳᠡᠭᠵᠢᠬᠦ ᠶᠢ ᠠᠬᠢᠭᠤᠯᠬᠤ ᠭᠡᠷᠡᠭᠲᠡᠢ᠃     ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠠᠵᠤ ᠦᠢᠯᠡᠰ ᠤᠨ ᠰᠢᠰᠲ᠋ᠧᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠮᠥᠨ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠥᠬᠦ ᠬᠦᠴᠦᠨ ᠢᠶᠠᠷ ᠠᠬᠢᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ︽ᠲᠠᠪᠤᠨ ᠶᠡᠭᠡ ᠬᠦᠷᠢᠶ᠎ᠡ︾᠂ ︽ᠨᠠᠢᠮᠠᠨ ᠶᠡᠭᠡ ᠴᠢᠭᠯᠡᠯ︾᠎ ᠤᠨ ᠲᠣᠭᠤᠷᠢᠨ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢᠨ ᠬᠠᠲᠠᠭᠤ ᠴᠢᠨᠠᠷᠲᠠᠢ ᠨᠡᠮᠡᠭᠳᠡᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠬᠥᠲᠥᠯᠥᠨ ᠵᠢᠯᠣᠭᠤᠳᠤᠭᠰᠠᠨ᠂ ᠠᠵᠤ ᠠᠬᠤᠶᠢᠯᠠᠯ ᠭᠤᠣᠯ ᠴᠣᠭᠴᠠ ᠪᠤᠯᠤᠬᠰᠠᠨ᠂ ᠨᠡᠶᠢᠭᠡᠮ ᠨᠠᠶᠢᠳᠠ ᠪᠠᠷ ᠢᠶᠠᠨ ᠣᠷᠣᠯᠴᠠᠬᠰᠠᠨ ᠪᠥᠬᠦ ᠲᠠᠯ᠎ᠠ ᠶᠢᠨ ᠣᠷᠣᠭᠤᠯᠤᠯᠲᠠ ᠶᠢᠨ ᠪᠠᠶᠢᠷᠢᠰᠢᠯ ᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠨᠡᠩ ᠣᠯᠠᠨ ︽ᠦᠨᠡᠨ ᠪᠣᠳᠠᠲᠠᠢ ᠳᠡᠮᠵᠢᠯᠭᠡ︾ ᠬᠠᠩᠭᠠᠬᠤ ᠭᠡᠷᠡᠭᠲᠡᠶ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠳᠠᠭᠠᠭᠤᠯᠤᠭᠴᠢ ᠠᠵᠤ ᠠᠬᠤᠶᠢᠯᠠᠯ᠂ ᠬᠡᠯᠬᠢᠶ᠎ᠡ ᠶᠢᠨ ᠭᠤᠣᠯ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠪᠠᠶᠢᠭᠤᠯᠬᠤ ᠶᠢ ᠳᠡᠮᠵᠢᠵᠦ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠦᠷᠦᠭᠦᠯᠡᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠲᠦᠷᠭᠡᠳᠬᠡᠨ ᠠᠬᠢᠭᠤᠯᠤᠨ᠎ᠠ᠃ ᠰᠢᠨ᠎ᠡ ᠶᠢ ᠡᠭᠦᠳᠬᠦ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠪᠡᠯᠡ ᠮᠥᠩᠭᠦᠨ ᠤ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠮᠡᠳᠡᠭᠡ ᠵᠠᠩᠭᠢ ᠶᠢᠨ ᠬᠡᠯᠬᠢᠶ᠎ᠡ ᠶᠢ ᠨᠢᠭᠲᠠᠷᠠᠭᠤᠯᠬᠤ ᠭᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠠᠵᠤ ᠦᠢᠯᠡᠰ ᠤᠨ ᠬᠡᠯᠬᠢᠶ᠎ᠡ ᠶᠢ ᠴᠢᠩᠭ᠎ᠠ ᠡᠵᠡᠮᠳᠡᠨ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠵᠠᠪᠳᠤᠨ ᠡᠵᠡᠯᠡᠬᠦ ᠭᠡᠷᠡᠭᠲᠡᠶ᠃ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠵᠤ ᠠᠪᠴᠢᠷᠠᠬᠤ ᠡᠷᠴᠢ ᠵᠣᠷᠢᠭ ᠢᠶᠠᠷ ᠴᠢᠳᠠᠪᠤᠷᠢᠲᠠᠨ ᠤᠷᠢᠵᠤ ᠣᠶᠤᠨ ᠤᠬᠠᠭᠠᠨ ᠣᠷᠣᠭᠤᠯᠤᠨ ᠠᠪᠴᠢᠷᠠᠵᠤ᠂ ᠨᠡᠩ ᠤᠯᠠᠨ ᠴᠢᠳᠠᠪᠤᠷᠢᠲᠠᠨ ᠢ ᠲᠠᠲᠠᠵᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠪᠠ ᠣᠶᠤᠨ ᠤᠬᠠᠭᠠᠨ ᠭᠠᠷᠭᠠᠯᠭᠠᠬᠤ ᠭᠡᠷᠡᠭᠲᠡᠢ᠃     ᠳᠣᠲᠣᠭᠠᠳᠤ ᠬᠡᠷᠡᠭᠴᠡᠭᠡ ᠪᠣᠯ ᠨᠢᠭᠡᠨ ᠪᠠᠶᠠᠯᠢᠭ ᠠᠭᠤᠷᠬᠠᠢ ᠮᠥᠨ᠂ ᠶᠡᠭᠡ ᠳᠠᠯᠳᠠ ᠬᠦᠴᠦᠨ ᠲᠠᠢ ᠶᠤᠮ᠃ ᠰᠢᠨ᠎ᠡ ᠬᠤᠪᠢᠷᠠᠯᠲᠠ ᠰᠢᠨ᠎ᠡ ᠬᠠᠨᠳᠤᠰᠢ ᠶᠢ ᠡᠵᠡᠮᠳᠡᠨ᠂ ᠬᠡᠷᠡᠭᠯᠡᠭᠡᠨ ᠤ ᠳᠠᠯᠳᠠ ᠬᠦᠴᠦᠨ ᠢ ᠪᠥᠬᠦ ᠬᠦᠴᠦ ᠪᠠᠷ ᠢᠶᠠᠨ ᠠᠭᠤᠳᠠᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠭᠦᠨᠵᠡᠭᠡᠢ ᠰᠤᠳᠤᠯᠤᠨ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠪᠣᠯᠣᠨ ᠦᠢᠯᠡᠳᠬᠦ ᠦᠢᠯᠡᠰ᠂ ᠲᠠᠷᠢᠶᠠᠯᠠᠩ ᠮᠠᠯ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠲᠤᠰᠬᠠᠶᠢᠵᠢᠭᠰᠠᠨ ᠪᠠ ᠥᠷᠲᠡᠭ ᠤᠨ ᠬᠡᠯᠬᠢᠶ᠎ᠡ ᠶᠢᠨ ᠳᠤᠮᠳᠠ ᠳᠡᠭᠡᠳᠦ ᠲᠡᠰ ᠲᠡᠶᠢᠰᠢ ᠥᠷᠭᠡᠳᠬᠡᠵᠦ᠂ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠪᠦᠲᠦᠮᠵᠢᠲᠡᠢ ᠬᠠᠩᠭᠠᠯᠭ᠎ᠠ ᠪᠠᠨ ᠥᠷᠭᠡᠳᠭᠡᠨ᠂ ᠴᠢᠨᠠᠷ ᠰᠠᠶᠢᠲᠠᠢ ᠪᠠ ᠤᠯᠠᠨ ᠶᠠᠩᠵᠤᠴᠢᠯᠠᠬᠤ ᠲᠡᠶᠢᠰᠢ ᠲᠡᠰ ᠳᠡᠪᠰᠢᠬᠦ ᠶᠢ ᠠᠬᠢᠭᠤᠯᠵᠤ᠂ ᠰᠢᠨ᠎ᠡ ᠬᠡᠷᠡᠭᠯᠡᠭᠡ ᠪᠠᠷ ᠰᠢᠨ᠎ᠡ ᠬᠠᠩᠭᠠᠯᠭ᠎ᠠ ᠶᠢ ᠬᠥᠲᠥᠯᠥᠨ ᠳᠠᠭᠠᠭᠤᠯᠬᠤ᠂ ᠰᠢᠨ᠎ᠡ ᠬᠠᠩᠭᠠᠯᠭ᠎ᠠ ᠪᠠᠷ ᠰᠢᠨ᠎ᠡ ᠬᠡᠷᠡᠭᠯᠡᠭᠡ ᠶᠢ ᠡᠭᠦᠳᠬᠦ ᠰᠠᠶᠢᠨ ᠰᠠᠶᠢᠬᠠᠨ ᠬᠤᠷᠰᠢᠯᠴᠠᠯ ᠢ ᠪᠦᠷᠢᠯᠳᠦᠭᠦᠯᠬᠦ ᠭᠡᠷᠡᠭᠲᠡᠢ᠃ ᠨᠠᠰᠤᠵᠢᠯ ᠤᠨ ᠠᠰᠠᠷᠠᠮᠵᠢ᠂ ᠡᠮᠴᠢᠯᠡᠭᠡ᠂ ᠭᠡᠷ ᠤᠨ ᠶᠠᠪᠤᠳᠠᠯ᠂ ᠰᠣᠶᠣᠯ ᠵᠢᠭᠤᠯᠴᠢᠯᠠᠯ᠂ ᠰᠢᠨ᠎ᠡ ᠡᠨᠧᠷᠭᠢ ᠶᠢᠨ ᠠᠵᠢᠯᠯᠠᠭᠠᠨ ᠤ ᠬᠠᠮᠠᠭᠠᠯᠠᠯᠲᠠ ᠵᠡᠷᠭᠡ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠪᠡᠯᠡ ᠣᠷᠣᠭᠤᠯᠤᠯᠲᠠ ᠶᠢ ᠳᠠᠶᠢᠴᠢᠯᠠᠬᠤ ᠮᠥᠷᠲᠡᠭᠡᠨ ᠪᠠᠰᠠ ᠳᠠᠯᠳᠠ ᠬᠡᠷᠡᠭᠴᠡᠭᠡ ᠱᠠᠭᠠᠷᠳᠠᠯᠭ᠎ᠠ ᠶᠢ ᠬᠥᠭᠵᠢᠭᠡᠵᠦ ᠴᠢᠳᠠᠬᠤ ᠦᠢᠯᠡᠴᠢᠯᠡᠭᠡᠨ ᠤ ᠦᠢᠯᠡᠰ ᠢ ᠶᠡᠭᠡ ᠪᠠᠷ ᠬᠥᠭᠵᠢᠭᠦᠯᠬᠦ ᠭᠡᠷᠡᠭᠲᠡᠢ᠃     ᠰᠠᠶᠢᠨ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠰᠢᠯᠢᠳᠡᠭ ᠢ ᠬᠥᠮᠥᠵᠢᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠤᠯᠠᠮᠵᠢᠯᠠᠯᠲᠤ ᠠᠵᠤ ᠦᠢᠯᠡᠰ ᠤᠨ ᠰᠠᠭᠤᠷᠢ ᠶᠢ ᠪᠠᠬᠢᠵᠢᠭᠦᠯᠵᠦ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠳᠠᠪᠠᠭᠤᠯᠢᠭ ᠢ ᠪᠤᠢ ᠪᠣᠯᠭᠠᠨ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠢᠷᠡᠭᠡᠳᠦᠢ ᠶᠢᠨ ᠠᠵᠤ ᠦᠢᠯᠡᠰ ᠤᠨ ᠵᠠᠮ ᠢ ᠨᠡᠭᠡᠭᠡᠪᠡᠯ ᠰᠠᠶ᠋ᠢ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠦᠷᠭᠦᠯᠵᠢᠯᠡᠬᠦ ᠰᠣᠯᠢᠭᠳᠠᠯ ᠢ ᠠᠬᠢᠭᠤᠯᠵᠤ᠂ ᠥᠪᠥᠷ ᠮᠣᠩᠭᠤᠯ ᠤᠨ ᠠᠵᠤ ᠠᠬᠤᠢ ᠶᠢᠨ ᠯᠤᠲᠤ ᠶᠡᠭᠡ ᠳᠠᠯᠳᠠ ᠬᠦᠴᠦᠨ ᠢ ᠭᠦᠢᠴᠡᠳ ᠪᠠᠳᠠᠷᠠᠭᠤᠯᠵᠤ ᠴᠢᠳᠠᠨ᠎ᠠ᠃ ᠠᠵᠤ ᠦᠢᠯᠡᠰ ᠤᠨ ᠲᠠᠰ ᠳᠡᠪᠰᠢᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢ ᠲᠠᠰ ᠳᠡᠪᠰᠢᠭᠦᠯᠬᠦ ᠳᠤ ᠡᠷᠬᠡᠪᠰᠢ ᠬᠡᠪᠴᠢᠶᠡᠵᠢᠭᠰᠡᠨ᠂ ᠠᠵᠤ ᠦᠢᠯᠡᠰᠵᠢᠭᠰᠡᠨ᠂ ᠳᠦᠷᠦᠯ ᠲᠡᠮᠳᠡᠭᠵᠢᠭᠰᠡᠨ ᠬᠥᠭᠵᠢᠯᠲᠡ ᠶᠢ ᠪᠠᠷᠢᠮᠲᠠᠯᠠᠵᠤ᠂ ᠤᠯᠠᠮᠵᠢᠯᠠᠯᠲᠤ ᠡᠨᠧᠷᠭᠢ ᠨᠢ ᠬᠠᠩᠭᠠᠯᠭ᠎ᠠ ᠶᠢ ᠲᠣᠭᠲᠠᠭᠤᠨ ᠪᠠᠶᠢᠯᠭᠠᠬᠤ ᠪᠠᠷ ᠪᠠᠷᠠᠬᠤ ᠦᠭᠡᠢ ᠨᠡᠩ ᠴᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠭᠡᠷᠡᠭᠲᠡᠶ᠂ ᠥᠨᠳᠥᠷ ᠳᠠᠭᠠᠭᠠᠴᠠᠳᠤ ᠡᠨᠧᠷᠭᠢ  ᠶᠢᠨ ᠠᠵᠤ ᠦᠢᠯᠡᠰ ᠨᠢ ᠪᠣᠬᠢᠷᠳᠤᠯ ᠦᠭᠡᠢ ᠴᠠᠬᠢᠯᠭᠠᠨ ᠤ ᠬᠠᠩᠭᠠᠯᠭ᠎ᠠ ᠪᠣᠯᠣᠨ ᠲᠣᠭᠠᠴᠢᠯᠠᠯᠳᠠ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠢᠨ᠎ᠡ ᠡᠨᠧᠷᠭᠢ ᠶᠢᠨ ᠬᠦᠷᠢᠶ᠎ᠡ ᠨᠢ ︽ᠠᠵᠤ ᠦᠢᠯᠡᠳᠪᠦᠷᠢ ᠶᠢᠨ ᠥᠪᠥᠷ ᠮᠣᠩᠭᠤᠯ ᠢ ᠲᠠᠬᠢᠨ ᠨᠢᠭᠡ ᠪᠠᠶᠢᠭᠤᠯᠬᠤ︾ ᠬᠠᠷᠠᠯᠲᠠ ᠶᠢ ᠲᠣᠭᠲᠠᠭᠠᠵᠤ ᠦᠷᠭᠦᠯᠵᠢᠯᠡᠨ ᠬᠦᠴᠦᠯᠡᠬᠦ ᠭᠡᠷᠡᠭᠲᠡᠶ᠃     ᠥᠭᠡᠷᠡᠴᠢᠯᠡᠯᠲᠡ ᠨᠡᠭᠡᠭᠡᠯᠲᠡ ᠪᠣᠯ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠤ ᠰᠠᠭᠤᠷᠢ᠂ ᠠᠮᠢᠵᠢᠷᠠᠯ ᠤᠨ ᠬᠦᠴᠦᠨ ᠤ ᠡᠬᠢ ᠰᠤᠷᠪᠤᠯᠵᠢ ᠮᠥᠨ᠃ ᠥᠭᠡᠷᠡᠴᠢᠯᠡᠯᠲᠡ ᠨᠡᠭᠡᠭᠡᠯᠲᠡ ᠶᠢ ᠪᠥᠬᠦ ᠬᠦᠴᠦ ᠪᠠᠷ ᠢᠶᠠᠨ ᠭᠦᠨᠵᠡᠭᠡᠶᠢᠷᠡᠭᠦᠯᠵᠦ᠂ ᠬᠤᠮᠠᠬᠢ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠴᠢᠩᠭᠠᠳᠬᠠᠬᠤ ᠲᠠᠢ ᠨᠢᠭᠲᠠ ᠤᠶᠠᠯᠳᠤᠭᠤᠯᠤᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠠᠳᠠᠯᠢᠬᠠᠨ ᠢᠶᠠᠷ ᠳᠡᠮᠵᠢᠬᠦ ᠶᠢ ᠪᠠᠷᠢᠮᠲᠠᠯᠠᠵᠤ᠂ ᠬᠠᠷᠠᠭᠠᠯᠵᠠᠯ ᠦᠵᠡᠭᠦᠯᠦᠨ ᠳᠡᠮᠵᠢᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠭᠡᠷᠡᠭᠲᠡᠢ᠃ ᠡᠵᠡᠩᠨᠡᠯᠲᠡ ᠶᠢᠨ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ 4.0 ᠬᠡᠪᠯᠡᠯ ᠤᠨ ᠲᠥᠰᠥᠯ ᠢ ᠲᠦᠷᠭᠡᠬᠡᠨ ᠭᠠᠷᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠡᠩ ᠲᠥᠬᠦᠮ ᠳᠥᠲᠡ᠂ ᠨᠡᠩ ᠥᠨᠳᠥᠷ ᠪᠦᠲᠦᠮᠵᠢᠲᠡᠢ ᠪᠣᠯᠭᠠᠬᠤ ᠭᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠦᠷᠦᠭᠦᠯᠡᠨ ᠦᠨᠡᠨᠴᠢ ᠢᠲᠡᠭᠡᠮᠵᠢ ᠶᠢ ᠡᠷᠭᠢᠮᠯᠡᠭᠦ ᠭᠡᠷᠡᠭᠲᠡᠶ᠃ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠬᠤ ᠳᠤ ᠰᠠᠭᠤᠷᠢᠯᠠᠨ ᠨᠡᠭᠡᠭᠡᠯᠲᠡ ᠶᠢ ᠥᠷᠭᠡᠳᠭᠡᠠ᠂ ᠴᠢᠯᠦᠭᠡᠲᠦ ᠠᠷᠠᠯᠵᠢᠶᠠᠨ ᠤ ᠣᠷᠣᠨ ᠢ ᠭᠤᠶᠤᠴᠢᠯᠠᠨ ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠵᠤ᠂ ︽ᠳᠠᠮᠵᠢᠯᠭ᠎ᠠ ᠶᠢᠨ ᠠᠵᠤ ᠠᠬᠤᠢ︾ ᠎ ᠶᠢ ︽ᠰᠠᠭᠤᠷᠢᠰᠢᠯ ᠤᠨ ᠠᠵᠤ ᠠᠬᠤᠢ︾ ᠪᠣᠯᠭᠠᠨ ᠬᠤᠪᠢᠷᠠᠭᠤᠯᠬᠤ ᠶᠢ ᠠᠬᠢᠭᠤᠯᠵᠤ᠂ ︽ᠭᠠᠷ ᠳᠠᠮᠵᠢᠪᠡᠴᠥ ᠠᠰᠢᠭ ᠬᠦᠷᠲᠡᠬᠦ ᠦᠭᠡᠢ︾ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠭᠡᠷᠡᠭᠳᠡᠢ᠃     ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠪᠢᠳᠠᠨ ᠤ ᠡᠷᠬᠡᠪᠰᠢ ᠪᠠᠲᠤ ᠴᠡᠭᠡᠵᠢᠯᠡᠬᠦ ᠴᠢᠬᠤᠯᠠᠲᠠᠢ ︽ᠤᠯᠤᠰ ᠤᠨ ᠶᠡᠭᠡ ᠶᠠᠪᠤᠳᠠᠯ︾ ᠮᠥᠨ᠃ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠤᠯᠤᠰ ᠤᠨ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠰᠠᠶᠢᠨ ᠰᠠᠶᠢᠬᠠᠨ ᠪᠠᠶᠢᠳᠠᠯ ᠢ ᠰᠠᠶᠢᠲᠤᠷ ᠪᠠᠬᠢᠵᠢᠭᠦᠯᠦᠨ᠂ ︽ᠤᠮᠠᠷᠠᠲᠤ ᠶᠢᠨ ᠭᠤᠷᠪᠠᠨ ᠣᠷᠣᠨ︾ ᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠂ ᠠᠷᠪᠢᠯᠠᠨ ᠭᠠᠮᠨᠠᠵᠤ ᠡᠷᠴᠢᠮᠵᠢᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠭᠡᠷᠡᠭᠲᠡᠢ᠃     ᠠᠷᠠᠳ ᠲᠦᠮᠡᠨ ᠤ ᠬᠦᠰᠡᠨ ᠡᠷᠡᠮᠡᠯᠵᠡᠵᠦ ᠪᠠᠶᠢᠭ᠎ᠠ ᠵᠦᠢᠯ ᠪᠣᠯ ᠵᠠᠰᠠᠭ ᠶᠠᠪᠤᠭᠤᠯᠬᠤ ᠴᠢᠭᠯᠡᠯ ᠮᠥᠨ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠨᠣᠴᠠᠲᠠᠢ ᠤᠳᠤᠷᠢᠳᠤᠮᠵᠢ ᠶᠢ ᠲᠣᠪᠤᠶᠢᠯᠭᠠᠨ᠂ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠨ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠡᠮᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠨᠠᠰᠤᠲᠠᠨ ᠪᠠ ᠨᠢᠯᠬ᠎ᠠ ᠶᠢᠨ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠯ ᠭᠡᠬᠦ ᠡᠨᠡᠬᠦ ᠡᠭᠦᠳᠡᠨ ᠳᠤ ᠬᠦᠷᠭᠡᠵᠦ ᠢᠷᠡᠭᠰᠡᠨ ᠣᠯᠠᠨ ᠲᠦᠮᠡᠨ ᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠪᠠᠲᠤᠯᠠᠭ᠎ᠠ ᠶᠢᠨ ᠲᠣᠣᠷ ᠢ ᠪᠠᠲᠤ ᠪᠠᠬᠢ ᠰᠦᠯᠵᠢᠨ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠣᠨᠣᠪᠴᠢᠲᠠᠢ ᠰᠠᠬᠢᠵᠤ ᠂ ᠪᠠᠲᠤ ᠰᠠᠬᠢᠬᠤ ᠭᠡᠷᠡᠭᠳᠡᠢ᠃     ᠬᠦᠯᠢᠶᠡᠭᠡᠳ ᠣᠯᠣᠭᠰᠠᠨ ᠭᠠᠶᠢᠬᠠᠮᠰᠢᠭ ᠦᠭᠡᠢ᠂ ᠵᠥᠪᠬᠡᠨ ᠬᠢᠵᠦ ᠭᠠᠷᠭᠠᠭᠰᠠᠨ ᠭᠢᠯᠠᠯᠵᠠᠮ᠎ᠠ ᠠᠮᠵᠢᠯᠲᠠ ᠪᠠᠶᠢᠨ᠎ᠠ᠃ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠪᠠᠶᠢᠬᠤ ᠶᠢ ᠡᠷᠡᠰ ᠲᠡᠪᠴᠢᠨ᠂ ︽ᠠᠯᠵᠠᠭᠤ ᠵᠠᠯᠬᠠᠭᠤ᠂ ᠰᠤᠯᠠ ᠵᠠᠳᠠᠭᠠᠢ᠂ ᠤᠳᠠᠭᠠᠰᠢᠷᠠᠭᠤᠯᠬᠤ︾ ᠎ ᠶᠢ ᠡᠷᠡᠰ ᠠᠷᠢᠯᠭᠠᠨ᠂ ᠡᠷᠲᠡ ᠬᠥᠳᠡᠯᠵᠦ᠂ ᠲᠦᠷᠭᠡᠨ ᠬᠥᠳᠡᠯᠦᠯᠴᠡᠵᠦ᠂ ᠡᠭᠦᠷᠭᠡ ᠨᠢᠭᠡᠪᠦᠷᠢ ᠶᠢ ᠪᠣᠳᠠᠲᠠᠢ ᠨᠠᠷᠢᠯᠢᠭ ᠠᠳᠬᠤᠨ᠂ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠪᠠᠯ᠂ ᠪᠢᠳᠡ ᠯᠠᠪᠲᠠᠢ ᠴᠢᠷᠮᠠᠶᠢᠨ ᠲᠡᠰ ᠳᠡᠪᠰᠢᠬᠦ ᠠᠬᠢᠴᠠ ᠳᠤᠮᠳᠠ ᠨᠡᠩ ᠤᠯᠠᠨ ᠭᠢᠯᠠᠯᠵᠠᠮ᠎ᠠ ᠬᠢᠷᠢ ᠪᠦᠲᠦᠮᠵᠢ ᠶᠢᠨ ᠬᠠᠭᠤᠳᠠᠰᠤ ᠶᠢ ᠲᠤᠰᠢᠶᠠᠵᠤ ᠴᠢᠳᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号