ᠡᠷᠳᠡᠨᠢᠬᠦᠦ ᠂ ᠨᠠᠷᠠᠨ᠎ᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠨᠢ ᠬᠥᠮᠥᠨ ᠳᠤ ᠪᠤᠢ᠃ ᠠᠯᠠᠱᠠ | ᠵᠡᠭᠦᠨ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢᠨ ᠲᠣᠭᠤᠷᠢᠨ ᠳᠤ ᠪᠠᠶᠢᠭᠤᠯᠤᠯ ᠲᠣᠭᠲᠠᠴᠠ᠂ ᠠᠵᠤ ᠦᠢᠯᠡᠰ ᠤᠨ ᠬᠥᠭᠵᠢᠯᠲᠡ᠂ | ᠴᠢᠳᠠᠪᠤᠷᠢᠲᠠᠨ ᠢ ᠬᠥᠮᠥᠵᠢᠭᠦᠯᠬᠦ ᠲᠠᠯ᠎ᠠ ᠪᠠᠷ ᠬᠦᠴᠦ ᠲᠠᠯᠪᠢᠵᠤ᠂ ᠡᠯ᠎ᠡ ᠳᠦᠷᠦᠯ ᠤᠨ ᠴᠢᠳᠠᠪᠤᠷᠢᠲᠠᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠦᠢᠯᠡᠰ ᠪᠣᠰᠬᠠᠬᠤ ᠶᠢ ᠵᠣᠷᠢᠭᠵᠢᠭᠤᠯᠤᠨ᠂ ᠮᠠᠯᠵᠢᠬᠤ | ᠲᠠᠷᠢᠶᠠᠯᠠᠬᠤ ᠣᠷᠣᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ᠂ ᠪᠥᠬᠦ ᠬᠤᠰᠢᠭᠤᠨ ᠤ | ᠣᠲᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠳᠤ ᠬᠦᠴᠦᠷᠬᠡᠭ ᠶᠡᠭᠡ ᠴᠢᠳᠠᠪᠤᠷᠢᠲᠠᠨ ᠤ | ᠲᠤᠯᠭᠠᠭᠤᠷᠢᠯᠠᠯ ᠬᠠᠩᠭᠠᠵᠤ ᠪᠠᠶᠢᠨ᠎ᠠ᠃ | ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠴᠢᠳᠠᠪᠤᠷᠢᠲᠠᠨ ᠤ | ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠵᠠᠢ᠃ ᠮᠠᠯᠵᠢᠬᠤ ᠲᠠᠷᠢᠶᠠᠯᠠᠬᠤ ᠣᠷᠣᠨ ᠤ ᠴᠢᠳᠠᠪᠤᠷᠢᠲᠠᠨ ᠤ | ᠲᠥᠷᠥ ᠶᠢᠨ ᠪᠣᠳᠣᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠤᠰᠠᠳᠠ᠂ ︽ᠠᠯᠠᠱᠠ | ᠵᠡᠭᠦᠨ ᠬᠤᠰᠢᠭᠤᠨ ᠤ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠬᠡᠷᠡᠭᠵᠢᠭᠦᠯᠬᠦ ᠰᠠᠨᠠᠯ︾ ︽ᠪᠥᠬᠦ ᠬᠤᠰᠢᠭᠤᠨ ᠤ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ︽ᠠᠯᠠᠱᠠ ᠵᠡᠭᠦᠨ | ᠬᠤᠰᠢᠭᠤᠨ ᠤ ᠰᠤᠮᠤ ᠪᠠᠯᠭᠠᠰᠤ ᠭᠠᠴᠠᠭ᠎ᠠ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠠᠵᠢᠯ ᠢ | ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ | ᠨᠡᠶᠢᠲᠡᠯᠡᠵᠦ᠂ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠴᠢᠳᠠᠪᠤᠷᠢᠲᠠᠨ ᠤ ᠬᠦᠯᠢᠶᠡᠰᠦ ᠶᠢ ᠰᠤᠯᠠᠯᠠᠵᠤ᠂ ᠮᠠᠯᠵᠢᠬᠤ | ᠲᠠᠷᠢᠶᠠᠯᠠᠬᠤ ᠣᠷᠣᠨ ᠤ ᠴᠢᠳᠠᠪᠤᠷᠢᠲᠠᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠮᠠᠯᠵᠢᠬᠤ | ᠲᠠᠷᠢᠶᠠᠯᠠᠬᠤ ᠣᠷᠣᠨ ᠤ ᠴᠢᠳᠠᠪᠤᠷᠢᠲᠠᠨ ᠢ ᠬᠥᠮᠥᠵᠢᠭᠦᠯᠬᠦ᠂ ᠣᠷᠣᠭᠤᠯᠤᠨ ᠠᠪᠴᠢᠷᠠᠬᠤ᠂ ᠬᠠᠮᠢᠶᠠᠷᠬᠤ᠂ ᠬᠡᠷᠡᠭᠯᠡᠬᠦ᠂ | ᠰᠢᠯᠵᠢᠭᠦᠯᠬᠦ᠂ ᠤᠷᠮᠠᠰᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠠᠯᠬᠤᠮ ᠠᠯᠬᠤᠮ ᠢᠶᠠᠷ | ᠪᠠᠶᠢᠭᠤᠯᠤᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠴᠢᠳᠠᠪᠤᠷᠢᠲᠠᠨ ᠤ ᠰᠢᠨ᠎ᠡ ᠶᠢ ᠡᠭᠦᠳᠦᠨ ᠠᠳᠠᠯ | ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠪᠠ ᠠᠮᠢᠵᠢᠷᠠᠯ ᠤᠨ ᠬᠦᠴᠦᠨ ᠢ ᠬᠥᠭᠵᠢᠭᠡᠭᠰᠡᠨ ᠪᠠᠶᠢᠨ᠎ᠠ᠃ ᠣᠲᠣ | ᠪᠤᠯᠲᠠᠯ᠎ᠠ᠂ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠳᠤ 3060 ᠬᠥᠮᠥᠨ᠂ ᠭᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠳᠤ 3580 ᠬᠥᠮᠥᠨ᠂ ᠲᠣᠯᠣᠭᠠᠶᠢᠯᠠᠬᠤ ᠠᠵᠤ ᠠᠬᠤᠶᠢᠯᠠᠯ ᠳᠤ | 1443 ᠬᠥᠮᠥᠨ᠂ ᠨᠤᠲᠤᠭ ᠲᠠᠭᠠᠨ ᠪᠤᠴᠠᠵᠤ ᠲᠤᠰᠢᠶᠠᠯ ᠡᠭᠦᠷᠭᠡᠯᠡᠭᠰᠡᠨ ᠣᠶᠤᠲᠠᠨ 116 ᠬᠥᠮᠥᠨ ᠪᠤᠯᠤᠬᠰᠠᠨ | ᠪᠠᠶᠢᠨ᠎ᠠ᠃ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ 5 ᠬᠥᠮᠥᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ | ᠨᠠᠮᠲᠠᠷ ᠲᠠᠢ 611 ᠬᠥᠮᠥᠨ᠂ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠬᠥᠮᠥᠨ 89᠂ ᠳᠤᠮᠳᠠ ᠵᠡᠷᠭᠡ ᠶᠢᠨ | ᠮᠡᠷᠭᠡᠵᠢᠯ ᠤᠨ ᠴᠣᠯᠠ ᠲᠠᠢ 84 ᠬᠥᠮᠥᠨ᠂ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠲᠠᠢ ᠬᠥᠮᠥᠨ 51 ᠪᠠᠶᠢᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠭᠠᠷ ᠤᠷᠠᠯᠠᠯ ᠵᠡᠷᠭᠡ ᠶᠢᠨ ᠬᠦᠷᠢᠶᠡᠨ ᠳᠤ ᠬᠤᠯᠪᠣᠭᠳᠠᠭᠤᠯᠤᠭᠰᠠᠨ ᠬᠥᠳᠡᠭᠡ | ᠲᠣᠰᠬᠤᠨ ᠤ ᠴᠢᠳᠠᠪᠤᠷᠢᠲᠠᠨ ᠤ ᠬᠥᠮᠥᠷᠭᠡ ᠶᠢ ᠪᠠᠶᠢᠭᠤᠯᠵᠤ᠂᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠣᠶᠤᠨ ᠤ ᠪᠠᠲᠤᠯᠠᠭ᠎ᠠ ᠬᠠᠩᠭᠠᠵᠤ ᠪᠠᠶᠢᠨ᠎ᠠ᠃ | ᠬᠥᠭᠵᠢᠯᠲᠡ ᠶᠢᠨ ᠬᠠᠷᠠᠯᠲᠠ ᠲᠠᠢ ᠨᠢᠭᠲᠠ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠠᠵᠤ | ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠪᠠᠶᠢᠨ᠎ᠠ᠃ ᠠᠯᠠᠱᠠ ᠵᠡᠭᠦᠨ ᠬᠤᠰᠢᠭᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ | ᠲᠤᠭᠤᠰᠢᠯᠠᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠨ᠂ | ᠲᠣᠯᠣᠭᠠᠶᠢᠯᠠᠬᠤ ᠠᠵᠤ ᠠᠬᠤᠶᠢᠯᠠᠯ ᠢ ᠲᠡᠳᠬᠦᠨ ᠳᠡᠮᠵᠢᠬᠦ᠂ ᠲᠤᠰᠬᠠᠢ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠶ ᠪᠠᠶᠢᠭᠤᠯᠬᠤ ᠶᠢ ᠵᠣᠷᠢᠭᠵᠢᠭᠤᠯᠬᠤ ᠪᠠᠷ ᠳᠠᠮᠵᠢᠭᠤᠯᠤᠨ᠂ ᠬᠤᠪᠢ ᠣᠷᠣᠭᠤᠯᠤᠨ ᠬᠤᠷᠰᠢᠬᠤ᠂ | ᠰᠢᠯᠵᠢᠭᠦᠯᠦᠨ ᠤᠷᠢᠵᠤ ᠬᠡᠷᠡᠭᠯᠡᠬᠦ᠂ ᠵᠠᠬᠢᠶᠠᠯᠠᠭ᠎ᠠ ᠶᠢᠨ ᠭᠡᠷ᠎ᠡ ᠵᠡᠷᠭᠡ ᠦᠢᠯᠡᠴᠢᠯᠡᠭᠡᠨ ᠤ ᠬᠠᠮᠵᠢᠯᠴᠠᠭ᠎ᠠ ᠬᠢᠬᠦ ᠵᠡᠷᠭᠡ | ᠵᠠᠭᠪᠤᠷ ᠢ ᠬᠡᠷᠡᠭᠯᠡᠨ᠂ ᠪᠥᠬᠦ ᠬᠤᠰᠢᠭᠤᠨ ᠤ ᠠᠮᠤ ᠪᠤᠳᠠᠭ᠎ᠠ ᠲᠠᠷᠢᠬᠤ ᠲᠠᠯᠠᠪᠠᠶ 20.8 ᠲᠦᠮᠡᠨ ᠮᠦ᠂ ᠢᠳᠡᠰᠢᠨ | ᠨᠣᠭᠤᠭ᠎ᠠ 1.85 ᠲᠦᠮᠡᠨ ᠮᠦ᠂ ᠲᠣᠰᠣᠯᠢᠭ ᠲᠠᠷᠢᠮᠠᠯ 4.4 ᠲᠦᠮᠡᠨ ᠮᠦ ᠪᠣᠯᠭᠠᠨ ᠦᠷᠭᠡᠳᠭᠡᠨ ᠳᠠᠶᠢᠴᠢᠯᠠᠪᠠ᠃ | ᠴᠠᠭᠠᠨ ᠨᠣᠣᠯᠣᠭᠤᠷ ᠤᠨ ᠢᠮᠠᠭᠠᠨ ᠤ ᠭᠤᠣᠯ ᠰᠦᠷᠦᠭ ᠢ 80᠂ ᠮᠣᠩᠭᠤᠯ ᠦᠬᠡᠷ ᠤᠨ ᠭᠤᠣᠯ ᠰᠦᠷᠦᠭ ᠢ 10᠂ | ᠲᠡᠮᠡᠭᠡᠨ ᠤ ᠭᠤᠣᠯ ᠰᠦᠷᠦᠭ ᠢ 40᠂ ᠠᠯᠠᠰᠢᠨ ᠬᠤᠨᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠶ 16᠂ | ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ 11᠂ ᠰᠠᠭᠠᠯᠢ ᠶᠢᠨ ᠦᠨᠢᠶ᠎ᠡ ᠶᠢ ᠬᠡᠪᠴᠢᠶᠡᠵᠢᠭᠦᠯᠦᠨ | ᠲᠡᠵᠢᠭᠡᠨ ᠦᠷᠡᠵᠢᠭᠦᠯᠬᠦ ᠲᠠᠯᠠᠪᠠᠶ 6᠂ ᠪᠠᠷᠢᠮᠵᠢᠶᠠᠵᠢᠭᠤᠯᠤᠭᠰᠠᠨ ᠢᠩᠭᠡᠨ ᠰᠠᠭᠠᠯᠢ ᠶᠢᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ 2 ᠢ ᠪᠠᠶᠢᠭᠤᠯᠵᠤ᠂ 500 ᠲᠣᠯᠣᠭᠠᠢ ᠠᠴᠠ ᠳᠡᠭᠡᠭᠰᠢ ᠪᠦᠬᠦᠢ ᠭᠠᠭ᠋ᠠᠢ ᠲᠡᠵᠢᠭᠡᠨ ᠦᠷᠡᠵᠢᠭᠦᠯᠬᠦ | ᠲᠠᠯᠠᠪᠠᠶ 18᠂ ᠵᠢᠭᠦᠷᠲᠡᠨ ᠤ ᠳᠦᠷᠦᠯ ᠤᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠶ 1 ᠶᠢ | ᠪᠠᠶᠢᠭᠤᠯᠵᠠᠢ᠃ ᠣᠳᠣᠬᠠᠨ ᠪᠤᠯᠲᠠᠯ᠎ᠠ᠂ ᠠᠶᠢᠮᠠᠭ ᠤᠨ ᠲᠡᠰ ᠤᠨ ᠵᠢᠴᠢ ᠠᠶᠢᠮᠠᠭ ᠤᠨ ᠲᠡᠰ ᠠᠴᠠ ᠳᠡᠭᠡᠭᠰᠢᠬᠢ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠳᠠᠭᠠᠭᠤᠯᠤᠭᠴᠢ ᠠᠵᠤ ᠠᠬᠤᠶᠢᠯᠠᠯ 41 ᠶᠢ | ᠲᠡᠳᠬᠦᠨ ᠬᠥᠭᠵᠢᠭᠦᠯᠵᠦ᠂ ᠲᠤᠰᠬᠠᠢ ᠬᠤᠷᠰᠢᠶ᠎ᠠ 408 ᠶᠢ ᠡᠭᠦᠰᠬᠡᠨ ᠪᠠᠶᠢᠭᠤᠯᠵᠤ᠂ ᠦᠨᠡᠮᠯᠡᠯ ᠣᠯᠭᠤᠬᠤ ᠪᠠᠷ | ᠭᠤᠶᠤᠴᠢᠯᠠᠭᠰᠠᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 1491 ᠶᠢ ᠪᠠᠶᠢᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ | ᠨᠢᠭᠲᠠᠷᠠᠭᠤᠯᠵᠠᠢ᠃ | ᠬᠥᠮᠥᠵᠢᠭᠦᠯᠬᠦ ᠳᠤ ᠬᠦᠴᠦ ᠲᠠᠯᠪᠢᠵᠤ᠂ ᠮᠠᠯᠵᠢᠬᠤ ᠲᠠᠷᠢᠶᠠᠯᠠᠬᠤ ᠣᠷᠣᠨ ᠤ ᠴᠢᠳᠠᠪᠤᠷᠢᠲᠠᠨ ᠤ ᠦᠢᠯᠡᠳᠦᠯ ᠢ | ᠭᠦᠢᠴᠡᠳ ᠪᠠᠳᠠᠷᠠᠭᠤᠯᠪᠠ᠃ ᠠᠯᠠᠱᠠ ᠵᠡᠭᠦᠨ ᠬᠤᠰᠢᠭᠤ ᠥᠨᠳᠥᠷ ᠬᠡᠪ ᠪᠤᠯᠪᠠᠰᠤᠷᠠᠯ ᠲᠠᠢ ᠮᠠᠯᠴᠢᠨ ᠲᠠᠷᠢᠶᠠᠴᠢᠨ ᠢ | ᠬᠥᠮᠥᠵᠢᠭᠦᠯᠬᠦ ᠪᠠ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠤᠨ ᠪᠦᠲᠦᠭᠡᠨ | ᠪᠠᠶᠢᠭᠤᠯᠤᠯᠲᠠ ᠶᠢᠨ ᠳᠦᠷᠦᠯ ᠵᠦᠢᠯ ᠢᠶᠠᠷ ᠳᠠᠮᠵᠢᠭᠤᠯᠵᠤ᠂ ᠰᠢᠨ᠎ᠡ ᠬᠡᠯᠪᠡᠷᠢ ᠶᠢᠨ ᠮᠠᠯᠴᠢᠨ ᠲᠠᠷᠢᠶᠠᠴᠢᠨ 180 | ᠬᠥᠮᠥᠨ ᠢ ᠬᠥᠮᠥᠵᠢᠭᠦᠯᠦᠨ᠂ ᠮᠡᠷᠭᠡᠵᠢᠯ ᠤᠨ ᠵᠢᠯᠣᠭᠤᠳᠤᠭᠴᠢ 60 ᠬᠥᠮᠥᠨ ᠢ ᠰᠣᠩᠭᠤᠨ ᠲᠣᠮᠢᠯᠠᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠣᠷᠳᠣ ᠬᠤᠭᠤᠴᠠᠭᠠᠨ ᠤ ᠲᠣᠭᠲᠠᠪᠤᠷᠢᠲᠠᠢ ᠰᠠᠭᠤᠷᠢᠨ | ᠭᠠᠵᠠᠷ 6 ᠶᠢ ᠪᠠᠶᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠭᠡ 600 ᠶᠢ | ᠰᠢᠯᠭᠠᠷᠠᠭᠤᠯᠤᠨ ᠰᠣᠩᠭᠤᠪᠠ᠃ ︽ᠵᠠᠭᠤᠨ ᠰᠤᠷᠭᠠᠭᠤᠯᠢ ᠵᠠᠭᠤᠨ ᠰᠢᠶᠠᠨ ᠲᠠᠢ ᠬᠤᠯᠪᠤᠭᠠᠯᠠᠨ ᠮᠢᠩᠭᠠᠨ ᠲᠣᠰᠬᠤᠨ ᠢ | ᠬᠥᠭᠵᠢᠭᠦᠯᠬᠦ︾ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ ︽3 · 15︾ ᠤ ᠬᠡᠷᠡᠭᠯᠡᠭᠴᠢᠳ ᠤᠨ ᠡᠷᠬᠡ ᠠᠰᠢᠭ ᠢ | ᠬᠠᠮᠠᠭᠠᠯᠠᠬᠤ ᠡᠳᠦᠷ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠤᠬᠠᠭᠤᠯᠭ᠎ᠠ ᠶᠢᠨ ᠭᠠᠷᠠᠭ᠂ ᠰᠢᠨᠵᠢᠯᠡᠬᠦ | ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠵᠡᠷᠭᠡ ᠠᠵᠢᠯᠯᠠᠭ᠎ᠠ ᠲᠠᠢ ᠤᠶᠠᠯᠳᠤᠭᠤᠯᠤᠨ᠂ ᠴᠢᠨᠠᠷ ᠰᠠᠶᠢᠲᠠᠢ | ᠥᠨᠳᠥᠷ ᠤᠨᠠᠯᠲᠠ ᠶᠢᠨ ᠵᠠᠩᠭᠢᠯᠠᠭ᠎ᠠ ᠶᠢᠨ ᠮᠡᠷᠭᠡᠵᠢᠯ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ | ᠂ ᠠᠮᠢᠳᠠᠨ ᠤ ᠬᠢᠵᠢᠭ ᠢ ᠰᠡᠷᠭᠡᠶᠢᠯᠡᠬᠦ᠂ ᠲᠠᠷᠢᠶᠠᠯᠠᠩ ᠮᠠᠯ ᠠᠵᠤ ᠠᠬᠤᠢ ᠶᠢᠨ ᠠᠰᠢᠭ ᠰᠢᠮ᠎ᠡ ᠶᠢᠨ ᠪᠦᠲᠦᠭᠡᠭᠳᠡᠬᠦᠨ ᠤ | ᠶᠠᠰᠤ ᠴᠢᠨᠠᠷ ᠠᠮᠤᠷ ᠲᠦᠪᠰᠢᠨ ᠤ ᠤᠬᠠᠭᠤᠯᠭ᠎ᠠ ᠪᠠ ᠵᠢᠯᠣᠭᠤᠳᠤᠯᠭ᠎ᠠ ᠶᠢ ᠥᠷᠨᠢᠭᠦᠯᠵᠦ᠂ ᠳᠡᠭᠡᠷ᠎ᠡ ᠬᠠᠭᠠᠰ ᠵᠢᠯ ᠳᠤ | ᠡᠯ᠎ᠡ ᠳᠦᠷᠦᠯ ᠤᠨ ᠪᠤᠯᠪᠠᠰᠤᠷᠠᠯ ᠤᠨ ᠠᠩᠭᠢ ᠶᠢ ᠨᠠᠶᠢᠳᠠ 25 ᠬᠤᠭᠤᠴᠠᠭ᠎ᠠ ᠡᠷᠭᠢᠯᠡᠵᠦ᠂ 1500 ᠭᠠᠷᠤᠢ | ᠮᠠᠯᠴᠢᠨ ᠲᠠᠷᠢᠶᠠᠴᠢᠨ ᠢ ᠪᠤᠯᠪᠠᠰᠤᠷᠠᠭᠤᠯᠵᠤ᠂ 52 ᠬᠥᠮᠥᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠯᠠᠪᠯᠠᠭ᠎ᠠ | ᠥᠭᠴᠦ᠂ 0.9 ᠲᠦᠮᠡᠨ ᠬᠤᠪᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠪᠠ᠃ ᠲᠠᠷᠢᠶᠠᠯᠠᠩ ᠮᠠᠯ ᠠᠵᠤ | ᠠᠬᠤᠢ ᠶᠢᠨ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠣᠨᠳᠣᠣ ᠭᠠᠵᠠᠷ ᠲᠤ 40 ᠬᠥᠮᠥᠨ ᠢ | ᠪᠤᠯᠪᠠᠰᠤᠷᠠᠯ ᠳᠤ ᠣᠷᠣᠯᠴᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠴᠢᠳᠠᠪᠤᠷᠢᠲᠠᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤᠮᠳᠠ ᠦᠢᠯᠡᠳᠦᠯ ᠢᠶᠠᠨ ᠪᠠᠳᠠᠷᠠᠭᠤᠯᠬᠤ ᠳᠤ ᠰᠠᠶᠢᠨ ᠨᠥᠬᠦᠴᠡᠯ ᠢ ᠪᠦᠷᠢᠯᠳᠦᠭᠦᠯᠵᠦ | ᠥᠭᠴᠡᠢ᠃ |