ᠰᠢ ᠶᠢᠨ ᠫᠢᠩ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ | ᠴᠢᠨᠠᠭᠰᠢᠳᠠ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ | ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ | ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠨᠡᠩ ᠰᠠᠶᠢᠲᠤᠷ ᠲᠤᠯᠭᠠᠭᠤᠷᠢᠯᠠᠨ | ᠦᠢᠯᠡᠴᠢᠯᠡᠬᠦ ᠭᠡᠷᠡᠭᠳᠡᠢ | ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ | ᠰᠢᠨᠬᠤᠸᠠ ᠬᠤᠷᠢᠶ᠎ᠠ ᠶᠢᠨ ᠨᠠᠨᠴᠠᠩ ᠤᠨ 10 ᠰᠠᠷ᠎ᠠ ᠶᠢᠨ 12 ᠤᠨ ᠴᠠᠬᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ | ᠶᠢᠨ ᠲᠡᠷᠢᠭᠦᠯᠡᠭᠴᠢ ᠰᠢ ᠶᠢᠨ ᠫᠢᠩ 12 ᠤᠨ ᠦᠳᠡ ᠶᠢᠨ ᠬᠤᠶᠢᠨ᠎ᠠ ᠵᠢᠶᠠᠩᠰᠢ ᠮᠤᠵᠢ ᠶᠢᠨ ᠨᠠᠨᠴᠠᠩ ᠬᠤᠲᠠ ᠳᠤ | ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ | ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠥᠬᠦ ᠲᠠᠯ᠎ᠠ ᠪᠠᠷ | ᠲᠤᠭᠤᠰᠢᠯᠠᠭᠤᠯᠤᠨ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ᠂ ᠶᠡᠭᠡ ᠨᠡᠭᠡᠭᠡᠨ ᠬᠥᠭᠵᠢᠭᠦᠯᠦᠯᠲᠡ ᠦᠯᠦ | ᠬᠢᠬᠦ ᠶᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ | ᠪᠠᠷᠢᠮᠲᠠᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠵᠤ᠂ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠪᠠ ᠠᠵᠢᠯ ᠤᠨ | ᠬᠠᠮᠵᠢᠯᠴᠠᠭ᠎ᠠ ᠶᠢ ᠴᠢᠩᠭᠠᠳᠬᠠᠨ᠂ ᠠᠯᠤᠰ ᠬᠡᠲᠦ ᠶᠢᠨ ᠬᠠᠨᠳᠤᠰᠢ ᠶᠢ ᠰᠦᠪᠡᠭᠴᠢᠯᠡᠵᠦ᠂ ᠣᠷᠳᠣ ᠬᠤᠭᠤᠴᠠᠭᠠᠨ ᠤ | ᠠᠷᠭ᠎ᠠ ᠪᠣᠳᠣᠯᠭ᠎ᠠ ᠶᠢ ᠬᠡᠷᠡᠭᠵᠢᠭᠦᠯᠦᠨ᠂ ᠥᠨᠢᠳᠡ ᠶᠢᠨ ᠠᠮᠤᠷ ᠲᠦᠪᠰᠢᠨ ᠤ ᠰᠠᠭᠤᠷᠢ ᠶᠢ ᠪᠠᠶᠢᠭᠤᠯᠵᠤ᠂ | ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠤᠨ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠨᠡᠩ ᠰᠠᠶᠢᠲᠤᠷ ᠲᠤᠯᠭᠠᠭᠤᠷᠢᠯᠠᠨ ᠦᠢᠯᠡᠴᠢᠯᠡᠬᠦ ᠭᠡᠷᠡᠭᠲᠡᠶ | ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠷᠥ | ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ | ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ | ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ | ᠣᠷᠣᠯᠴᠠᠵᠠᠢ᠃ | ᠰᠢ ᠶᠢᠨ ᠫᠢᠩ ᠵᠢᠶᠠᠩᠰᠢ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠲᠠᠭᠠᠨ ᠲᠤᠰᠬᠠᠶᠢᠯᠠᠨ ᠡᠨᠡ | ᠤᠳᠠᠭ᠎ᠠ ᠶᠢᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ ᠴᠦᠩᠴᠢᠩ ᠬᠤᠲᠠ ᠶᠢᠨ | ᠨᠠᠮ ᠤᠨ ᠬᠤᠷᠢᠶ᠎ᠠ ᠶᠢᠨ ᠱᠦᠵᠢ ᠶᠤᠸᠠᠨ ᠵᠢᠶᠠ ᠵᠢᠶᠦ᠋ᠨ᠂ ᠵᠢᠶᠠᠩᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ | ᠶᠢᠨ ᠬᠤᠩ᠂ ᠱᠠᠩᠬᠠᠢ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠴᠧᠨ ᠵᠢᠢ ᠨᠢᠩ ᠤᠷᠢᠳ ᠬᠤᠵᠢᠳ ᠦᠭᠡ | ᠬᠡᠯᠡᠵᠦ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ | ᠠᠵᠢᠯ ᠤᠨ ᠪᠠᠶᠢᠳᠠᠯ ᠢᠶᠠᠨ ᠮᠡᠳᠡᠭᠦᠯᠦᠨ᠂ ᠰᠠᠨᠠᠯ ᠰᠠᠨᠠᠭᠤᠯᠭ᠎ᠠ ᠳᠤᠷᠠᠳᠪᠠ᠃ ᠶᠠᠷᠢᠯᠴᠠᠬᠤ ᠬᠤᠷᠠᠯ ᠳᠤ ᠣᠷᠣᠯᠴᠠᠬᠰᠠᠨ | ᠪᠤᠰᠤᠳ ᠮᠤᠵᠢ ᠶᠢᠨ ᠭᠤᠣᠯ ᠬᠠᠷᠢᠭᠤᠴᠠᠯᠭᠠᠲᠠᠳ ᠪᠢᠴᠢᠭ ᠢᠶᠠᠷ ᠶᠠᠷᠢᠶ᠎ᠠ ᠲᠠᠯᠪᠢᠵᠠᠢ᠃ | ᠤᠯᠠᠨ ᠤ ᠬᠡᠯᠡᠬᠦ ᠶᠢ ᠰᠣᠨᠣᠰᠤᠬᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ | ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ | 8 ᠵᠢᠯ ᠤᠨ ᠲᠤᠷᠰᠢ᠂ ᠮᠥᠷᠡᠨ ᠳᠠᠭᠠᠤ ᠮᠤᠵᠢ ᠬᠤᠲᠠ ᠪᠣᠯᠣᠨ ᠲᠥᠪ ᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ᠂ ᠶᠡᠭᠡ ᠨᠡᠭᠡᠭᠡᠨ | ᠬᠥᠭᠵᠢᠭᠦᠯᠦᠯᠲᠡ ᠦᠯᠦ ᠬᠢᠬᠦ ᠶᠢ ᠪᠠᠷᠢᠮᠲᠠᠯᠠᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ | ᠬᠥᠭᠵᠢᠭᠦᠯᠬᠦ ᠶᠢ ᠪᠠᠷᠢᠮᠲᠠᠯᠠᠵᠤ᠂ ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠶᠢ | ᠯᠠᠪᠳᠠᠭᠤᠨ ᠪᠠᠲᠤᠲᠠᠢ ᠠᠬᠢᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠳᠤᠯ | ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ ᠡᠷᠴᠢ ᠵᠣᠷᠢᠭ ᠤᠨ ᠶᠡᠭᠡ᠂ | ᠡᠷᠴᠢᠮ ᠤᠨ ᠶᠡᠭᠡ ᠪᠠᠷ ᠤᠷᠢᠳ ᠡᠮᠦᠨ᠎ᠡ ᠪᠠᠶᠢᠭ᠎ᠠ ᠦᠭᠡᠢ ᠪᠠᠶᠢᠵᠤ᠂ ᠬᠥᠬᠡᠮᠥ᠋ᠷᠡᠨ ᠤ ᠠᠵᠤ ᠠᠬᠤᠢ ᠶᠢᠨ | ᠪᠦᠰᠡ ᠶᠢᠨ ᠬᠥᠭᠵᠢᠯᠲᠡ ᠳᠤ ᠴᠢᠬᠤᠯᠠ ᠶᠡᠭᠡ ᠬᠤᠪᠢᠷᠠᠯᠲᠠ ᠭᠠᠷᠴᠠᠢ᠃ ᠦᠵᠡᠯ ᠰᠠᠨᠠᠭ᠎ᠠ ᠲᠠᠨᠢᠯᠲᠠ ᠳᠤ ᠴᠢᠬᠤᠯᠠ | ᠶᠡᠭᠡ ᠬᠤᠪᠢᠷᠠᠯᠲᠠ ᠭᠠᠷᠴᠤ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠨ᠂ ᠶᠡᠭᠡ ᠨᠡᠭᠡᠭᠡᠨ ᠬᠥᠭᠵᠢᠭᠦᠯᠦᠯᠲᠡ | ᠦᠯᠦ ᠬᠢᠬᠦ ᠨᠢ ᠬᠠᠮᠲᠤ ᠶᠢᠨ ᠲᠠᠨᠢᠯᠲᠠ ᠪᠤᠯᠪᠠ; ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ | ᠰᠡᠷᠭᠦᠭᠡᠯᠲᠡ ᠴᠢᠬᠤᠯᠠ ᠶᠡᠭᠡ ᠠᠮᠵᠢᠯᠲᠠ ᠣᠯᠵᠤ᠂ ︽ᠨᠣᠮᠢᠨ ᠤᠷᠤᠰᠬᠠᠯ ᠵᠡᠭᠦᠨᠰᠢᠯᠡᠬᠦ︾ ᠭᠤᠶᠤ ᠦᠵᠡᠮᠵᠢ | ᠳᠠᠬᠢᠨᠲᠠ ᠢᠯᠡᠷᠡᠪᠡ; ᠭᠦᠭᠵᠢᠯᠲᠡ ᠶᠢᠨ ᠠᠷᠭ᠎ᠠ ᠬᠡᠯᠪᠡᠷᠢ ᠳᠤ ᠴᠢᠬᠤᠯᠠ ᠶᠡᠭᠡ ᠬᠤᠪᠢᠰᠤᠯᠲᠠ ᠭᠠᠷᠴᠤ᠂ ᠰᠢᠨ᠎ᠡ ᠶᠢ | ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠠᠵᠢᠯ ᠪᠥᠬᠦ ᠲᠠᠯ᠎ᠠ ᠪᠠᠷ ᠡᠷᠴᠢᠮᠵᠢᠪᠡ; ᠣᠷᠣᠨ | ᠪᠦᠰᠡ ᠶᠢᠨ ᠠᠭᠤᠰᠤᠯᠴᠠᠯ ᠴᠢᠬᠤᠯᠠ ᠶᠡᠭᠡ ᠳᠡᠭᠡᠭᠰᠢᠯᠡᠯᠲᠡ ᠶᠢ ᠪᠡᠶᠡᠯᠡᠭᠦᠯᠵᠦ᠂ ᠣᠷᠣᠨ ᠪᠦᠰᠡ ᠶᠢᠨ ᠬᠠᠮᠵᠢᠯᠴᠠᠨ | ᠬᠥᠳᠡᠯᠦᠯᠴᠡᠬᠦ ᠶᠢ ᠲᠠᠰᠤᠷᠠᠯᠲᠠ ᠦᠭᠡᠢ ᠴᠢᠩᠭᠠᠳᠬᠠᠪᠠ; ᠥᠭᠡᠷᠡᠴᠢᠯᠡᠯᠲᠡ ᠨᠡᠭᠡᠭᠡᠯᠲᠡ ᠴᠢᠬᠤᠯᠠ ᠶᠡᠭᠡ | ᠠᠬᠢᠯᠲᠠ ᠲᠠᠢ ᠪᠣᠯᠵᠤ᠂ ᠪᠥᠬᠦ ᠲᠠᠯ᠎ᠠ ᠪᠠᠷ ᠳᠣᠲᠣᠭᠠᠳᠤ ᠭᠠᠳᠠᠭᠠᠳᠤ ᠳᠤ ᠨᠡᠭᠡᠭᠡᠯᠲᠡ ᠬᠢᠬᠦ ᠬᠠᠨᠳᠤᠰᠢ ᠲᠦᠷᠭᠡᠨ | ᠪᠦᠷᠢᠯᠳᠦᠪᠡ᠃ ᠶᠡᠷᠦᠩᠬᠡᠢ ᠳᠤᠨᠢ ᠠᠪᠴᠤ ᠦᠵᠡᠪᠡᠯ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ | ᠬᠥᠭᠵᠢᠯᠲᠡ ᠶᠢᠨ ᠠᠮᠵᠢᠯᠲᠠ ᠪᠦᠲᠦᠮᠵᠢ ᠤᠯᠠᠨ ᠤ ᠨᠢᠳᠦᠨ ᠳᠤ ᠢᠯᠡᠬᠡᠨ ᠪᠠᠶᠢᠵᠤ᠂ ᠬᠥᠭᠵᠢᠯᠲᠡ ᠶᠢᠨ ᠶᠠᠰᠤ ᠴᠢᠨᠠᠷ | ᠲᠣᠭᠲᠠᠭᠤᠨ ᠢᠶᠠᠷ ᠳᠡᠭᠡᠭᠰᠢᠯᠡᠨ᠂ ᠬᠥᠭᠵᠢᠯᠲᠡ ᠶᠢᠨ ᠪᠠᠶᠢᠳᠠᠯ ᠡᠳᠦᠷ ᠢᠷᠡᠬᠦᠶ᠎ᠡ ᠰᠠᠶᠢᠵᠢᠷᠠᠵᠤ ᠪᠠᠶᠢᠨ᠎ᠠ᠃ ᠡᠭᠦᠨ ᠤ | ᠵᠡᠷᠭᠡ ᠪᠠᠷ᠂ ᠬᠥᠬᠡᠮᠥ᠋ᠷᠡᠨ ᠤ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ | ᠴᠢᠨᠠᠷ ᠰᠠᠶᠢᠲᠠᠢ ᠬᠥᠭᠵᠢᠯᠲᠡ ᠶᠠᠭ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠦᠷᠬᠦ | ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠣᠯᠣᠭᠰᠠᠨ ᠦᠷ᠎ᠡ ᠪᠦᠲᠦᠮᠵᠢ ᠪᠠᠰᠠ ᠲᠣᠭᠲᠠᠭᠤᠨ ᠪᠤᠰᠤ᠂ | ᠪᠤᠰᠤᠳᠴᠢ ᠲᠠᠯ᠎ᠠ ᠪᠠᠷ ᠪᠠᠰᠠ ᠴᠥᠭᠡᠨ ᠪᠤᠰᠤ ᠬᠦᠴᠢᠷᠳᠡᠯ ᠪᠣᠯᠣᠨ ᠠᠰᠠᠭᠤᠳᠠᠯ ᠣᠷᠣᠰᠢᠵᠤ ᠪᠠᠶᠢᠬᠤ ᠶᠢ ᠣᠯᠵᠤ | ᠬᠠᠷᠠᠬᠤ ᠭᠡᠷᠡᠭᠲᠡᠢ᠂ ᠦᠷᠭᠦᠯᠵᠢᠯᠡᠨ ᠴᠢᠷᠮᠠᠶᠢᠨ ᠰᠠᠶᠢᠲᠤᠷ ᠰᠢᠢᠳᠪᠦᠷᠢᠯᠡᠬᠦ ᠭᠡᠷᠡᠭᠲᠡᠢ ᠭᠡᠵᠦ ᠴᠢᠬᠤᠯᠠᠴᠢᠯᠠᠪᠠ᠃ | | ᠰᠢ ᠶᠢᠨ ᠫᠢᠩ᠂ ᠠᠯᠤᠰ ᠬᠡᠲᠦ ᠠᠴᠠ ᠠᠪᠴᠤ ᠦᠵᠡᠪᠡᠯ᠂ ᠬᠥᠬᠡᠮᠥ᠋ᠷᠡᠨ ᠤ ᠠᠵᠤ ᠠᠬᠤᠢ ᠶᠢᠨ ᠪᠦᠰᠡ | ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠨᠳᠦᠰᠦᠨ ᠠᠴᠠ ᠨᠢ ᠠᠪᠴᠤ ᠬᠡᠯᠡᠬᠦ ᠳᠤ ᠬᠥᠬᠡᠮᠥ᠋ᠷᠡᠨ ᠤ | ᠰᠠᠪᠠ ᠭᠠᠵᠠᠷ ᠤᠨ ᠴᠢᠨᠠᠷ ᠰᠠᠶᠢᠲᠠᠢ ᠠᠮᠢ ᠠᠬᠤᠢ ᠶᠢᠨ ᠣᠷᠴᠢᠨ ᠲᠣᠭᠤᠷᠢᠨ ᠳᠤ ᠲᠦᠰᠢᠭᠯᠡᠬᠦ ᠭᠡᠷᠡᠭᠲᠡᠢ᠃ ᠶᠡᠭᠡ | ᠬᠠᠮᠠᠭᠠᠯᠠᠯᠲᠠ ᠶᠢ ᠬᠠᠮᠲᠤ ᠪᠠᠷ ᠠᠳᠬᠤᠬᠤ᠂ ᠶᠡᠭᠡ ᠨᠡᠭᠡᠭᠡᠨ ᠬᠥᠭᠵᠢᠭᠦᠯᠦᠯᠲᠡ ᠦᠯᠦ ᠬᠢᠬᠦ ᠶᠢ ᠡᠷᠡᠰ ᠭᠤᠶᠢᠪᠢᠰᠢ | ᠦᠭᠡᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠳᠡᠭᠡᠷ᠎ᠡ ᠨᠡᠩ ᠶᠡᠭᠡ ᠬᠦᠴᠦ ᠣᠷᠣᠭᠤᠯᠬᠤ | ᠭᠡᠷᠡᠭᠲᠡᠢ᠃ ᠮᠥᠷᠡᠨ ᠳᠠᠭᠠᠤ ᠡᠯ᠎ᠡ ᠭᠠᠵᠠᠷ ᠤᠨ ᠠᠮᠢ ᠠᠬᠤᠢ ᠶᠢᠨ ᠤᠯᠠᠭᠠᠨ ᠱᠤᠭᠤᠮ ᠢ ᠨᠢᠭᠡᠨᠲᠡ ᠵᠠᠭᠠᠭᠯᠠᠨ | ᠲᠣᠭᠲᠠᠭᠠᠭᠰᠠᠨ ᠪᠣᠯᠬᠤᠷ ᠡᠷᠬᠡᠪᠰᠢ ᠪᠠᠲᠤ ᠰᠠᠬᠢᠵᠤ ᠬᠠᠮᠢᠶᠠᠷᠤᠨ᠂ ᠠᠮᠢ ᠠᠬᠤᠢ ᠶᠢᠨ ᠣᠷᠴᠢᠨ ᠲᠣᠭᠤᠷᠢᠨ ᠢ | ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠣᠷᠣᠬᠤ ᠶᠢ ᠵᠥᠪᠰᠢᠶᠡᠷᠡᠬᠦ ᠨᠠᠷᠢᠨ ᠳᠠᠩᠰᠠ ᠶᠢ | ᠴᠢᠩᠭ᠎ᠠ ᠬᠡᠷᠡᠭᠵᠢᠭᠦᠯᠬᠦ ᠭᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠠᠭᠠᠭᠯᠠᠨ | ᠲᠣᠭᠲᠠᠭᠠᠭᠰᠠᠨ ᠲᠣᠰ ᠭᠠᠵᠠᠷ ᠤᠨ ᠢᠶᠠᠨ ᠴᠢᠬᠤᠯᠠ ᠠᠮᠢ ᠠᠬᠤᠢ ᠶᠢᠨ ᠣᠷᠣᠨ ᠵᠠᠢ ᠶᠢᠨ ᠲᠤᠬᠠᠢ ᠳᠣᠲᠣᠷ᠎ᠠ ᠪᠠᠨ | ᠲᠤᠭ᠎ᠠ ᠲᠠᠢ ᠪᠠᠶᠢᠵᠤ᠂ ᠤᠷᠢᠳ ᠢᠶᠠᠷ ᠬᠠᠮᠠᠭᠠᠯᠠᠵᠤ᠂ ᠴᠢᠩᠭ᠎ᠠ ᠬᠠᠮᠠᠭᠠᠯᠠᠬᠤ ᠭᠡᠷᠡᠭᠲᠡᠶ᠃ ᠠᠮᠢ ᠠᠬᠤᠢ ᠣᠷᠴᠢᠨ | ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ | ᠪᠣᠬᠢᠷᠳᠤᠯ ᠤᠨ ᠵᠠᠰᠠᠯᠲᠠ ᠶᠢ ᠦᠷᠭᠦᠯᠵᠢᠯᠡᠨ ᠴᠢᠩᠭᠠᠳᠬᠠᠨ᠂ ᠤᠰᠤᠨ ᠤ ᠡᠬᠢ ᠪᠠᠶᠠᠯᠢᠭ᠂ ᠤᠰᠤᠨ ᠤ ᠣᠷᠴᠢᠨ | ᠲᠣᠭᠤᠷᠢᠨ᠂ ᠤᠰᠤᠨ ᠤ ᠠᠮᠢ ᠠᠬᠤᠢ ᠶᠢ ᠨᠢᠭᠡᠳᠦᠯᠲᠡᠢ ᠲᠥᠯᠥᠪᠵᠢᠭᠦᠯᠵᠦ᠂ ᠠᠭᠠᠷ ᠮᠠᠨᠳᠠᠯ ᠪᠣᠯᠣᠨ ᠬᠥᠷᠥᠰᠥ | ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠤᠨ᠂ ᠡᠮᠦᠨ᠎ᠡ ᠬᠡᠰᠡᠭ ᠤᠨ | ᠪᠣᠬᠢᠷᠳᠤᠯ ᠢ ᠡᠵᠡᠮᠳᠡᠬᠦ ᠶᠢ ᠨᠡᠩ ᠴᠢᠬᠤᠯᠠᠴᠢᠯᠠᠵᠤ᠂ ᠪᠣᠬᠢᠷᠳᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ | ᠶᠢ ᠡᠬᠢ ᠡᠭᠦᠰᠦᠯ ᠠᠴᠠ ᠨᠢ ᠪᠠᠭᠤᠷᠠᠭᠤᠯᠬᠤ ᠭᠡᠷᠡᠭᠲᠡᠢ᠃ ᠬᠥᠬᠡᠮᠥ᠋ᠷᠡᠨ ᠤ ︽ᠠᠷᠪᠠᠨ ᠵᠢᠯ ᠳᠤ ᠵᠢᠭᠠᠰᠤ | ᠠᠩᠨᠠᠬᠤ ᠶᠢ ᠴᠠᠭᠠᠵᠠᠯᠠᠬᠤ︾ ᠠᠵᠢᠯ ᠢ ᠡᠷᠡᠰ ᠠᠬᠢᠭᠤᠯᠵᠤ᠂ ᠨᠢᠭᠡᠨᠲᠡ ᠣᠯᠣᠭᠰᠠᠨ ᠦᠷ᠎ᠡ ᠪᠦᠲᠦᠭᠡᠯ ᠢᠶᠠᠨ | ᠰᠠᠶᠢᠲᠤᠷ ᠪᠠᠬᠢᠵᠢᠭᠦᠯᠬᠦ ᠭᠡᠷᠡᠭᠳᠡᠢ᠃ ᠨᠠᠭᠦᠷᠡᠰᠦᠲᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ᠂ ᠪᠣᠬᠢᠷᠳᠤᠯ | ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠬᠦ ᠶᠢ ᠬᠠᠮᠵᠢᠯᠴᠠᠨ ᠠᠬᠢᠭᠤᠯᠵᠤ᠂ ᠠᠵᠤ | ᠦᠢᠯᠡᠰ ᠤᠨ ᠪᠣᠬᠢᠷᠳᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠭᠤᠣᠯᠳᠠᠯᠭ᠎ᠠ ᠶᠢᠨ | ᠳᠣᠲᠣᠷᠠᠬᠢ ᠭᠤᠣᠯᠳᠠᠯᠭ᠎ᠠ ᠪᠣᠯᠭᠠᠨ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠢ | ᠲᠦᠷᠭᠡᠳᠬᠡᠨ ᠪᠣᠶᠢᠵᠢᠭᠤᠯᠵᠤ᠂ ᠪᠣᠬᠢᠷᠳᠤᠯ ᠦᠭᠡᠢ ᠮᠡᠷᠭᠡᠵᠢᠯ᠂ ᠪᠣᠬᠢᠷᠳᠤᠯ ᠦᠭᠡᠢ ᠪᠦᠲᠦᠭᠡᠭᠳᠡᠬᠦᠨ ᠢ ᠢᠳᠡᠪᠬᠢᠲᠡᠢ | ᠬᠥᠭᠵᠢᠭᠦᠯᠦᠨ᠂ ᠠᠵᠤ ᠠᠬᠤᠢ ᠶᠢᠨ ᠪᠣᠬᠢᠷᠳᠤᠯ ᠦᠭᠡᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠵᠦ᠂ ᠬᠥᠭᠵᠢᠯᠲᠡ ᠶᠢᠨ | ᠳᠠᠯᠳᠠ ᠬᠦᠴᠦᠨ ᠪᠠ ᠨᠥᠭᠡᠴᠡ ᠬᠦᠴᠦᠨ ᠢ ᠴᠢᠩᠭᠠᠷᠠᠭᠤᠯᠬᠤ ᠭᠡᠷᠡᠭᠳᠡᠢ᠃ ᠠᠮᠢ ᠠᠬᠤᠢ ᠶᠢᠨ ᠳᠠᠪᠠᠭᠤᠯᠢᠭᠲᠤ | ᠭᠠᠵᠠᠷ ᠣᠷᠣᠨ ᠢ ᠳᠡᠮᠵᠢᠵᠦ ᠪᠠᠶᠢᠭᠠᠳ ᠠᠮᠢ ᠠᠬᠤᠢ ᠶᠢ ᠠᠰᠢᠭᠯᠠᠬᠤ ᠠᠵᠢᠯ ᠢ ᠰᠠᠶᠢᠲᠤᠷ ᠬᠢᠵᠦ᠂ ᠠᠮᠢ | ᠠᠬᠤᠢ ᠶᠢᠨ ᠡᠳ᠋ ᠪᠠᠶᠠᠯᠢᠭ ᠢ ᠠᠵᠤ ᠠᠬᠤᠢ ᠶᠢᠨ ᠡᠳ᠋ ᠪᠠᠶᠠᠯᠢᠭ ᠪᠣᠯᠭᠠᠨ ᠬᠤᠪᠢᠷᠠᠭᠤᠯᠬᠤ ᠭᠡᠷᠡᠭᠳᠡᠢ᠃ ᠠᠮᠢ | ᠠᠬᠤᠢ ᠶᠢᠨ ᠬᠠᠮᠠᠭᠠᠯᠠᠯᠲᠠ ᠳᠤ ᠨᠥᠬᠦᠪᠦᠷᠢ ᠥᠭᠬᠦ ᠬᠥᠨᠳᠡᠯᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠪᠥᠬᠦ ᠰᠠᠪᠠ | ᠭᠠᠵᠠᠷ ᠢᠶᠠᠷ ᠢᠶᠠᠨ ᠠᠮᠢ ᠠᠬᠤᠢ ᠶᠢᠨ ᠬᠠᠮᠠᠭᠠᠯᠠᠯᠲᠠ ᠳᠤ ᠣᠷᠣᠯᠴᠠᠬᠤ ᠢᠳᠡᠪᠬᠢᠵᠢᠯ ᠢ ᠬᠥᠭᠵᠢᠭᠡᠬᠦ ᠭᠡᠷᠡᠭᠳᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠨ᠂ | ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ᠂ | ᠴᠢᠳᠠᠪᠤᠷᠢᠲᠠᠨ ᠤ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠬᠥᠭᠵᠢᠯᠲᠡ ᠶᠢᠨ | ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠢᠳᠡᠪᠬᠢᠲᠡᠢ ᠨᠡᠭᠡᠭᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ | ᠡᠨᠧᠷᠭᠢ ᠰᠢᠨ᠎ᠡ ᠳᠠᠪᠠᠭᠤᠯᠢᠭ ᠢ ᠪᠤᠢ ᠪᠣᠯᠭᠠᠬᠤ ᠭᠡᠷᠡᠭᠲᠡᠢ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠬᠢ | ᠪᠠᠶᠠᠯᠢᠭ ᠢ ᠰᠢᠯᠢᠳᠡᠭᠵᠢᠭᠦᠯᠦᠨ ᠨᠡᠶᠢᠳᠬᠡᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢᠨ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠤ ᠦᠢᠯᠡᠰ ᠤᠨ ᠰᠠᠭᠤᠷᠢ ᠶᠢ ᠳᠡᠭᠡᠳᠦ | ᠳᠡᠰᠵᠢᠭᠦᠯᠭᠦ ᠪᠠ ᠠᠵᠤ ᠦᠢᠯᠡᠰ ᠤᠨ ᠬᠡᠯᠬᠢᠶ᠎ᠡ ᠶᠢ ᠣᠳᠣᠬᠢᠴᠢᠯᠠᠬᠤ ᠶᠢᠨ ᠲᠣᠭᠤᠷᠢᠨ ᠳᠤ᠂ ᠰᠢᠨ᠎ᠡ ᠬᠦᠷᠢᠶ᠎ᠡ ᠰᠢᠨ᠎ᠡ | ᠤᠷᠤᠯᠳᠤᠭᠠᠨ ᠤ ᠵᠠᠮ ᠤᠨ ᠬᠥᠲᠥᠯᠥᠨ ᠳᠠᠭᠠᠭᠤᠯᠬᠤ ᠴᠢᠨᠠᠷᠲᠠᠢ ᠮᠡᠷᠭᠡᠵᠢᠯ ᠤᠨ ᠪᠣᠭᠤᠮᠲᠠ ᠰᠢᠪᠲᠤᠯᠬᠤ ᠶᠢ | ᠢᠳᠡᠪᠬᠢᠲᠡᠢ ᠪᠠᠶᠢᠷᠢᠰᠢᠭᠤᠯᠤᠨ᠂ ᠳᠡᠭᠡᠳᠦ ᠲᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠴᠢᠳᠠᠪᠤᠷᠢᠲᠠᠨ ᠢ ᠲᠡᠳᠡᠨ ᠴᠤᠭᠯᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠰᠢᠭᠤᠷᠠᠯ ᠬᠦᠷᠢᠶᠡᠨ ᠤ ᠤᠤᠭᠠᠯ ᠡᠭᠦᠳᠦᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠨᠢᠭᠡ ᠪᠦᠯᠦᠭ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢ ᠲᠦᠷᠭᠡᠳᠬᠡᠬᠦ ᠭᠡᠷᠡᠭᠲᠡᠢ᠃ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠯᠲᠠ ᠶᠢ ᠶᠡᠭᠡ ᠪᠠᠷ ᠠᠬᠢᠭᠤᠯᠤᠨ᠂ ᠦᠢᠯᠡᠳᠬᠦ ᠦᠢᠯᠡᠰ ᠤᠨ | ᠭᠤᠣᠯᠯᠠᠬᠤ ᠥᠷᠢᠰᠥᠯᠳᠦᠭᠦ ᠬᠦᠴᠦᠨ ᠢ ᠴᠢᠩᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ | ᠲᠡᠷᠢᠭᠦᠨ ᠤ ᠦᠢᠯᠡᠳᠬᠦ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠮᠠᠨᠳᠤᠭᠰᠠᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ | ᠲᠣᠭᠠᠴᠢᠯᠠᠭᠰᠠᠨ ᠠᠵᠤ ᠠᠬᠤᠢ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ | ᠠᠬᠢᠭᠤᠯᠬᠤ ᠭᠡᠷᠡᠭᠳᠠᠢ᠃ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠂ | ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ | ᠬᠡᠯᠬᠢᠶ᠎ᠡ ᠶᠢ ᠪᠠᠶᠢᠭᠤᠯᠬᠤ ᠶᠢ ᠠᠬᠢᠭᠤᠯᠬᠤ ᠭᠡᠷᠡᠭᠳᠠᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠵᠡᠭᠦᠨᠰᠢ ᠪᠠᠷᠠᠭᠤᠨᠰᠢ ᠬᠥᠨᠳᠡᠯᠡᠨ | ᠨᠡᠪᠲᠡᠷᠡᠬᠦ᠂ ᠡᠮᠦᠨ᠎ᠡ ᠤᠮᠠᠷ᠎ᠠ ᠶᠢ ᠵᠠᠯᠭᠠᠬᠤ᠂ ᠮᠥᠷᠡᠨ ᠲᠠᠢ ᠵᠠᠯᠭᠠᠵᠤ ᠲᠡᠯᠡᠢ ᠳᠤ ᠨᠡᠪᠲᠡᠷᠡᠬᠦ ᠥᠪᠡᠷᠮᠢᠴᠡ ᠳᠠᠪᠠᠭᠤᠯᠢᠭ | ᠢ ᠨᠡᠩ ᠰᠠᠶᠢᠲᠤᠷ ᠪᠠᠳᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠢ ᠨᠡᠩ | ᠰᠠᠶᠢᠲᠤᠷ ᠬᠤᠯᠪᠣᠯᠳᠤᠭᠤᠯᠵᠤ᠂ ᠬᠤᠶᠠᠷ ᠵᠦᠢᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠤᠯᠤᠰ ᠤᠨ | ᠳᠣᠲᠣᠭᠠᠳᠤ ᠶᠢᠨ ᠶᠡᠭᠡ ᠣᠷᠴᠢᠯ ᠤᠨ ᠳᠣᠲᠣᠭᠠᠳᠤ ᠬᠥᠳᠡᠯᠭᠡᠬᠦ ᠬᠦᠴᠦᠨ ᠪᠠ ᠨᠠᠶᠢᠳᠠᠪᠤᠷᠢᠲᠤ ᠴᠢᠨᠠᠷ ᠢ | ᠳᠡᠭᠡᠭᠰᠢᠯᠡᠭᠦᠯᠵᠦ᠂ ᠤᠯᠠᠨ ᠤᠯᠤᠰ ᠤᠨ ᠣᠷᠴᠢᠯ ᠳᠠᠬᠢ ᠲᠠᠲᠠᠬᠤ ᠬᠦᠴᠦᠨ᠂ ᠬᠥᠳᠡᠯᠭᠡᠬᠦ ᠬᠦᠴᠦᠨ ᠢ | ᠴᠢᠩᠭᠠᠳᠬᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠪᠠᠶᠢᠯᠳᠤᠬᠤ ᠪᠣᠳᠣᠯᠭ᠎ᠠ ᠶᠢᠨ | ᠲᠤᠯᠭᠠᠭᠤᠷᠢᠯᠠᠯ ᠬᠠᠩᠭᠠᠬᠤ ᠭᠡᠷᠡᠭᠲᠡᠢ᠃ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠮᠥᠷᠡᠨ ᠳᠠᠭᠠᠤ ᠶᠢᠨ | ᠮᠤᠵᠢ ᠬᠤᠲᠠ ᠶᠢᠨ ᠬᠢᠨ ᠲᠣᠰ ᠲᠣᠰ ᠤᠨ ᠳᠠᠪᠠᠭᠤᠯᠢᠭ ᠢᠶᠠᠨ ᠪᠠᠳᠠᠷᠠᠭᠤᠯᠬᠤ ᠪᠥᠭᠡᠳ ᠪᠠᠰᠠ ᠬᠠᠮᠵᠢᠯᠴᠠᠨ | ᠬᠥᠭᠵᠢᠵᠦ᠂ ᠰᠤᠯᠪᠢᠴᠡᠨ ᠬᠥᠭᠵᠢᠵᠦ᠂ ᠬᠤᠯᠪᠤᠭᠠᠯᠠᠨ ᠬᠥᠭᠵᠢᠬᠦ ᠭᠡᠷᠡᠭᠲᠡᠢ᠃ ᠮᠥᠷᠡᠨ ᠳᠠᠭᠠᠤ ᠶᠢᠨ ᠠᠵᠤ | ᠦᠢᠯᠡᠰ ᠤᠨ ᠪᠠᠶᠢᠷᠢᠰᠢᠭᠤᠯᠤᠯᠲᠠ ᠪᠠ ᠰᠢᠯᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ | ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠡᠯᠡ ᠮᠥᠩᠭᠦ᠂ | ᠮᠡᠷᠭᠡᠵᠢᠯ᠂ ᠬᠥᠳᠡᠯᠮᠦᠷᠢ ᠬᠦᠴᠦ ᠲᠥᠪᠯᠡᠷᠡᠭᠰᠡᠨ ᠬᠡᠯᠪᠡᠷᠢ ᠶᠢᠨ ᠠᠵᠤ ᠦᠢᠯᠡᠰ ᠢ ᠬᠥᠲᠥᠯᠥᠨ ᠵᠢᠯᠤᠭᠤᠳᠴᠤ | ᠪᠠᠶᠢᠭᠠᠳ ᠵᠡᠭᠦᠨ ᠬᠡᠰᠡᠭ ᠠᠴᠠ ᠳᠤᠮᠳᠠ ᠬᠡᠰᠡᠭ ᠪᠠᠷᠠᠭᠤᠨ ᠬᠡᠰᠡᠭ ᠲᠡᠶᠢᠰᠢ ᠰᠢᠯᠵᠢᠭᠦᠯᠵᠦ᠂ ᠭᠤᠣᠯ ᠬᠤᠲᠠ ᠠᠴᠠ | ᠥᠷᠥᠴᠡ ᠭᠠᠵᠠᠷ ᠲᠡᠶᠢᠰᠢ ᠡᠮᠬᠢ ᠵᠢᠷᠤᠮ ᠲᠠᠢ ᠪᠠᠷ ᠰᠢᠯᠵᠢᠭᠦᠯᠬᠦ ᠭᠡᠷᠡᠭᠲᠡᠶ᠃ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠢᠳᠡᠪᠬᠢᠲᠡᠢ ᠠᠬᠢᠭᠤᠯᠵᠤ᠂ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭᠠᠨ ᠤ | ᠰᠢᠨ᠎ᠡ ᠬᠦᠷᠢᠶ᠎ᠡ᠂ ᠰᠢᠨ᠎ᠡ ᠠᠷᠭ᠎ᠠ ᠵᠠᠮ ᠢ ᠢᠳᠡᠪᠬᠢᠲᠡᠢ ᠪᠠᠷ ᠥᠷᠭᠡᠳᠬᠡᠬᠦ ᠭᠡᠷᠡᠭᠳᠠᠢ᠃ ᠮᠥᠷᠡᠨ ᠳᠠᠭᠠᠤ ᠶᠢᠨ ᠮᠤᠵᠢ | ᠬᠤᠲᠠ ᠶᠢᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠦᠢᠯᠡᠳᠦᠯ ᠢ ᠨᠡᠩ ᠰᠠᠶᠢᠲᠤᠷ | ᠪᠠᠳᠠᠷᠠᠭᠤᠯᠵᠤ᠂ ᠳᠦᠷᠢᠮ ᠤᠨ ᠰᠢᠨ᠎ᠡ ᠶᠢ ᠡᠭᠦᠳᠬᠦ ᠲᠠᠯ᠎ᠠ ᠪᠠᠷ ᠤᠷᠢᠳ ᠢᠶᠠᠷ ᠬᠡᠷᠡᠭᠵᠢᠭᠦᠯᠵᠦ ᠤᠷᠢᠳ ᠢᠶᠠᠷ | ᠲᠤᠷᠰᠢᠵᠤ᠂ ᠮᠥᠷᠡᠨ ᠳᠠᠭᠠᠤ ᠶᠢᠨ ᠮᠤᠵᠢ ᠬᠤᠲᠠ ᠶᠢᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ | ᠬᠤᠯᠪᠤᠭᠠᠯᠠᠨ ᠬᠥᠭᠵᠢᠬᠦ ᠶᠢ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠬᠡᠯᠪᠡᠷᠢ ᠶᠢᠨ ᠠᠵᠤ | ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠬᠤ ᠳᠤ ᠰᠢᠨ᠎ᠡ ᠲᠤᠷᠰᠢᠯᠭ᠎ᠠ ᠬᠤᠷᠠᠮᠳᠤᠭᠤᠯᠵᠤ᠂ ᠰᠢᠨ᠎ᠡ ᠠᠷᠭ᠎ᠠ ᠵᠠᠮ | ᠢ ᠬᠠᠶᠢᠨ ᠰᠦᠪᠡᠭᠴᠢᠯᠡᠬᠦ ᠭᠡᠷᠡᠭᠳᠠᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠷᠣᠨ ᠪᠦᠰᠡ ᠶᠢᠨ ᠬᠠᠮᠵᠢᠯᠴᠠᠨ ᠠᠭᠤᠰᠤᠯᠴᠠᠬᠤ ᠶᠢ ᠴᠢᠩᠭᠠᠳᠬᠠᠬᠤ ᠪᠠᠷ ᠬᠦᠴᠦᠯᠡᠬᠦ | ᠴᠡᠭ ᠪᠣᠯᠭᠠᠬᠤ ᠶᠢ ᠪᠠᠷᠢᠮᠲᠠᠯᠠᠵᠤ᠂ ᠮᠥᠷᠡᠨ ᠳᠠᠭᠠᠤ ᠶᠢᠨ ᠮᠤᠵᠢ ᠬᠤᠲᠠ ᠶᠢᠨ ᠬᠢᠨ ᠮᠤᠵᠢ ᠶᠢᠨ ᠬᠤᠭᠤᠷᠣᠨᠳᠤ ᠪᠠᠨ | ᠬᠠᠮᠲᠤ ᠪᠠᠷ ᠵᠥᠪᠳᠡᠯᠴᠡᠬᠦ᠂ ᠠᠮᠢ ᠠᠬᠤᠢ ᠶᠢ ᠬᠠᠮᠲᠤ ᠪᠠᠷ ᠵᠠᠰᠠᠬᠤ᠂ ᠪᠥᠬᠦ ᠣᠷᠣᠨ ᠪᠦᠰᠡ ᠪᠠᠷ ᠢᠶᠠᠨ ᠬᠠᠮᠲᠤ ᠪᠠᠷ | ᠪᠠᠶᠢᠭᠤᠯᠬᠤ᠂ ᠬᠥᠭᠵᠢᠯᠲᠡ ᠶᠢ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠣᠷᠣᠨ ᠪᠦᠰᠡ ᠶᠢᠨ ᠵᠠᠮ ᠬᠠᠷᠢᠯᠴᠠᠭᠠᠨ ᠤ | ᠬᠤᠯᠪᠣᠯᠳᠤᠬᠤ ᠴᠢᠨᠠᠷ᠂ ᠲᠥᠷᠥ ᠶᠢᠨ ᠪᠣᠳᠣᠯᠭ᠎ᠠ ᠶᠢᠨ ᠨᠢᠭᠡᠳᠦᠯᠲᠦ ᠴᠢᠨᠠᠷ᠂ ᠳᠦᠷᠢᠮ ᠤᠨ ᠨᠢᠭᠡᠳᠦᠯᠲᠦ ᠴᠢᠨᠠᠷ᠂ | ᠬᠡᠷᠡᠭᠵᠢᠭᠦᠯᠦᠯᠲᠡ ᠶᠢᠨ ᠬᠠᠮᠵᠢᠯᠴᠠᠬᠤ ᠴᠢᠨᠠᠷ ᠢ ᠴᠢᠩᠭᠠᠳᠬᠠᠵᠤ᠂ ᠠᠮᠢ ᠠᠬᠤᠢ ᠶᠢᠨ ᠬᠠᠮᠲᠤ ᠶᠢᠨ ᠴᠣᠭᠴᠠ ᠪᠣᠯᠣᠨ | ᠠᠰᠢᠭ ᠲᠤᠰᠠ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠵᠤ᠂ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠭᠡᠷᠡᠭᠲᠡᠢ᠃ ᠣᠷᠣᠨ ᠪᠦᠰᠡ ᠶᠢᠨ ᠵᠠᠮ ᠬᠠᠷᠢᠯᠴᠠᠭᠠᠨ ᠤ | ᠰᠠᠭᠤᠷᠢ ᠲᠥᠬᠦᠭᠡᠷᠦᠮᠵᠢ ᠶᠢ ᠪᠦᠬᠦᠯᠢ ᠴᠣᠭᠴᠠ ᠶᠢᠨ ᠲᠠᠯ᠎ᠠ ᠠᠴᠠ ᠲᠥᠯᠥᠪᠵᠢᠭᠦᠯᠦᠨ ᠪᠦᠲᠦᠭᠡᠨ ᠪᠠᠶᠢᠭᠤᠯᠵᠤ᠂ | ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠬᠤᠩᠭᠢᠯ ᠢ ᠲᠦᠷᠭᠡᠳᠬᠡᠨ ᠪᠦᠲᠦᠭᠡᠨ ᠪᠠᠶᠢᠭᠤᠯᠵᠤ᠂ | ᠵᠠᠮ ᠬᠠᠷᠢᠯᠴᠠᠭᠠᠨ ᠤ ᠲᠣᠣᠷ ᠤᠨ ᠬᠠᠷᠢᠯᠴᠠᠨ ᠬᠤᠯᠪᠣᠯᠳᠤᠨ ᠨᠡᠪᠲᠡᠷᠡᠯᠴᠡᠬᠦ ᠪᠠ ︽ᠵᠠᠰᠠᠮᠠᠯ ᠵᠠᠮ ᠤᠰᠤᠨ ᠵᠠᠮ | ᠲᠡᠮᠦᠷ ᠵᠠᠮ︾ ᠵᠡᠷᠭᠡ ᠲᠡᠭᠡᠭᠡᠪᠦᠷᠢ ᠶᠢᠨ ᠠᠷᠭ᠎ᠠ ᠮᠠᠶ᠋ᠢᠭ ᠤᠨ ᠬᠠᠷᠢᠯᠴᠠᠨ ᠵᠣᠯᠭᠠᠯᠳᠤᠬᠤ ᠶᠢ ᠴᠢᠩᠭᠠᠳᠬᠠᠵᠤ᠂ ᠣᠷᠣᠨ | ᠪᠦᠰᠡ ᠶᠢᠨ ᠵᠠᠮ ᠬᠠᠷᠢᠯᠴᠠᠭᠠᠨ ᠤ ᠨᠢᠭᠡ ᠴᠣᠭᠴᠠᠵᠢᠬᠤ ᠲᠦᠪᠰᠢᠨ ᠢ ᠳᠡᠭᠡᠭᠰᠢᠯᠡᠭᠦᠯᠭᠦ ᠭᠡᠷᠡᠭᠲᠡᠶ᠃ | ᠡᠯᠧᠮᠧᠨ᠋ᠲ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠮᠴᠢᠯᠡᠯ ᠤᠨ ᠡᠷᠬᠡ ᠶᠢᠨ | ᠬᠠᠮᠠᠭᠠᠯᠠᠯᠲᠠ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠭᠤᠣᠯᠴᠢ ᠪᠠᠷ ᠥᠷᠢᠰᠥᠯᠳᠦᠭᠦ᠂ ᠨᠡᠶᠢᠭᠡᠮ ᠤᠨ | ᠢᠲᠡᠭᠡᠮᠵᠢ ᠵᠡᠷᠭᠡ ᠰᠠᠭᠤᠷᠢ ᠳᠦᠷᠢᠮ ᠢ ᠲᠡᠭᠦᠯᠳᠡᠷᠵᠢᠭᠦᠯᠵᠦ᠂ ᠣᠷᠣᠨ ᠪᠦᠰᠡ ᠠᠯᠤᠰᠯᠠᠭᠰᠠᠨ᠂ ᠰᠠᠯᠠᠭ᠎ᠠ ᠮᠥᠴᠢᠷ | ᠠᠯᠤᠰᠯᠠᠭᠰᠠᠨ᠂ ᠱᠠᠲᠤ ᠳᠠᠪᠬᠤᠷᠭ᠎ᠠ ᠠᠯᠤᠰᠯᠠᠭᠰᠠᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ | ᠪᠠ ᠶᠠᠪᠤᠴᠠ ᠶᠢᠨ ᠬᠤᠯᠪᠣᠯᠳᠤᠨ ᠨᠡᠪᠲᠡᠷᠡᠯᠴᠡᠬᠦ ᠶᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ | ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠭᠡᠷᠡᠭᠳᠠᠢ᠃ ᠬᠥᠬᠡᠮᠥ᠋ᠷᠡᠨ ᠤ ᠰᠣᠶᠣᠯ ᠤᠨ ᠴᠠᠭ ᠦᠶ᠎ᠡ ᠶᠢᠨ ᠥᠷᠲᠡᠭ ᠢ ᠭᠦᠨᠵᠡᠭᠡᠢ ᠠᠭᠤᠳᠠᠯᠵᠤ᠂ ᠰᠢᠨ᠎ᠡ ᠴᠠᠭ | ᠦᠶ᠎ᠡ ᠶᠢᠨ ᠬᠥᠬᠡᠮᠥ᠋ᠷᠡᠨ ᠤ ᠰᠣᠶᠣᠯ ᠢ ᠬᠠᠷᠠᠭᠤᠯᠤᠭᠰᠠᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠨᠡᠩ | ᠤᠯᠠᠨ ᠭᠠᠷᠭᠠᠬᠤ ᠭᠡᠷᠡᠭᠳᠠᠢ᠃ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ | ᠢᠳᠡᠪᠬᠢᠲᠡᠢ ᠪᠠᠷ ᠠᠬᠢᠭᠤᠯᠵᠤ᠂ ᠨᠢᠭᠡ ᠪᠦᠯᠦᠭ ᠪᠠᠶᠢᠭᠠᠯᠢ ᠶᠢᠨ ᠠᠭᠤᠯᠠ ᠤᠰᠤᠨ ᠤ ᠣᠨᠴᠠᠯᠢᠭ ᠪᠠ ᠲᠡᠦᠬᠡ | ᠰᠣᠶᠣᠯ ᠢᠷᠭᠡᠨᠰᠢᠯ ᠤᠨ ᠠᠭᠤᠯᠤᠭᠳᠠᠬᠤᠨ ᠲᠠᠢ ᠮᠥᠷᠡᠨ ᠳᠠᠭᠠᠤ ᠬᠤᠲᠠ᠂ ᠵᠢᠵᠢᠭ ᠬᠤᠲᠠ ᠪᠠᠯᠭᠠᠰᠤ ᠪᠠ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠬᠥᠬᠡᠮᠥ᠋ᠷᠡᠨ ᠤ ᠤᠯᠠᠨ ᠤᠯᠤᠰ ᠤᠨ | ᠰᠢᠵᠢᠷ ᠠᠯᠳᠠᠨ ᠵᠢᠭᠤᠯᠴᠢᠯᠠᠯ ᠤᠨ ᠪᠦᠰᠡ ᠶᠢ ᠪᠤᠢ ᠪᠣᠯᠭᠠᠬᠤ ᠭᠡᠷᠡᠭᠳᠠᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠨᠢ ᠪᠥᠬᠦ ᠤᠯᠤᠰ ᠤᠨ ᠬᠥᠭᠵᠢᠯᠲᠡ ᠶᠢᠨ | ᠶᠡᠭᠡ ᠲᠠᠯ᠎ᠠ ᠲᠠᠢ ᠬᠤᠯᠪᠣᠭᠳᠠᠨ᠎ᠠ᠃ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ | ᠴᠢᠬᠤᠯᠠ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ᠂ ᠤᠰᠤᠨ ᠤ ᠠᠮᠤᠷ | ᠲᠦᠪᠰᠢᠨ ᠢ ᠬᠠᠮᠠᠭᠠᠯᠠᠬᠤ ᠵᠡᠷᠭᠡ ᠲᠠᠯ᠎ᠠ ᠪᠠᠷ ᠨᠡᠩ ᠶᠡᠭᠡ ᠦᠢᠯᠡᠳᠦᠯ ᠦᠵᠡᠭᠦᠯᠵᠦ᠂ ᠨᠢᠭᠡ ᠣᠷᠣᠨ ᠪᠦᠰᠡ ᠶᠢᠨ | ᠲᠣᠭᠲᠠᠭᠤᠨ ᠢᠶᠠᠷ ᠪᠥᠬᠦ ᠲᠠᠯ᠎ᠠ ᠶᠢᠨ ᠠᠮᠤᠷ ᠲᠦᠪᠰᠢᠨ ᠳᠤ ᠬᠤᠪᠢ ᠨᠡᠮᠡᠷᠢ ᠦᠵᠡᠭᠦᠯᠬᠦ ᠭᠡᠷᠡᠭᠲᠡᠢ᠃ ᠮᠥᠷᠡᠨ | ᠳᠠᠭᠠᠤ ᠶᠢᠨ ᠮᠤᠵᠢ ᠬᠤᠲᠠ ᠶᠢᠨ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠴᠦ ᠲᠡᠷᠡ᠂ ᠭᠤᠣᠯ | ᠪᠤᠷᠣᠯᠠᠭᠤᠯᠭ᠎ᠠ ᠶᠢᠨ ᠣᠷᠣᠨ᠂ ᠦᠢᠯᠡᠳᠪᠦᠷᠢᠯᠡᠯ ᠪᠤᠷᠣᠯᠠᠭᠤᠯᠭ᠎ᠠ ᠶᠢᠨ ᠲᠡᠩᠴᠡᠭᠦᠷᠢ ᠶᠢᠨ ᠣᠷᠣᠨ ᠴᠦ ᠲᠡᠷᠡ᠂ ᠴᠥᠮ | ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠠᠲᠤ ᠡᠭᠦᠷᠭᠡᠯᠡᠬᠦ ᠭᠡᠷᠡᠭᠲᠡᠢ᠃ ᠲᠠᠷᠢᠶᠠᠨ ᠭᠠᠵᠠᠷ ᠤᠨ | ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ᠶᠢ ︽ᠭᠤᠷᠪᠠ ᠶᠢ ᠨᠢᠭᠡ ᠴᠣᠭᠴᠠᠵᠢᠭᠤᠯᠬᠤ︾ ᠬᠠᠮᠠᠭᠠᠯᠠᠯᠲᠠ ᠶᠢ | ᠴᠢᠩᠭᠠᠳᠬᠠᠵᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠲᠠᠷᠢᠶᠠᠯᠠᠩ ᠤᠨ ᠦᠷ᠎ᠡ ᠡᠳ᠋ ᠤᠨ ᠡᠬᠢ ᠪᠠᠶᠠᠯᠢᠭ ᠢ | ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠠᠮᠢᠳᠤ ᠪᠣᠳᠠᠰ ᠤᠨ ᠦᠷ᠎ᠡ ᠪᠣᠶᠢᠵᠢᠭᠤᠯᠬᠤ ᠴᠢᠬᠤᠯᠠ ᠶᠡᠭᠡ ᠳᠦᠷᠦᠯ | ᠵᠦᠢᠯ ᠢ ᠬᠡᠷᠡᠭᠵᠢᠭᠦᠯᠵᠦ᠂ ᠦᠷ᠎ᠡ ᠶᠢᠨ ᠦᠢᠯᠡᠰ ᠤᠨ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠭᠡᠷᠡᠭᠳᠠᠢ᠃ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ | ᠭᠤᠣᠯᠳᠠᠯᠭ᠎ᠠ ᠪᠠᠨ ᠲᠠᠯᠠᠪᠠᠶ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠭᠦ ᠳᠡᠭᠡᠷ᠎ᠡ ᠲᠠᠯᠪᠢᠵᠤ᠂ | ᠰᠠᠶᠢᠨ ᠲᠠᠷᠢᠶᠠᠨ ᠤ ᠰᠠᠶᠢᠨ ᠡᠭᠦᠯᠳᠡᠷ᠂ ᠰᠠᠶᠢᠨ ᠮᠠᠰᠢᠨ ᠰᠠᠶᠢᠨ ᠠᠷᠭ᠎ᠠ ᠶᠢ ᠲᠥᠪᠯᠡᠷᠡᠭᠦᠯᠦᠨ ᠳᠡᠯᠭᠡᠷᠡᠭᠦᠯᠬᠦ ᠪᠠᠨ | ᠴᠢᠩᠭᠠᠳᠬᠠᠵᠤ᠂ ᠣᠯᠠᠨ ᠵᠦᠢᠯ ᠤᠨ ᠬᠡᠯᠪᠡᠷᠢ ᠮᠠᠶ᠋ᠢᠭ ᠪᠦᠬᠦᠢ ᠵᠣᠬᠢᠬᠤ ᠬᠡᠪᠴᠢᠶᠡᠲᠦ ᠡᠵᠡᠩᠨᠡᠯᠲᠡ ᠪᠣᠯᠣᠨ | ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠬᠦ ᠭᠡᠷᠡᠭᠲᠡᠶ᠃ ᠪᠥᠬᠦ ᠤᠯᠤᠰ ᠢᠶᠠᠷ ᠢᠶᠠᠨ ︽ᠨᠢᠭᠡ ᠬᠥᠯᠭᠡ ᠰᠢᠲᠠᠷ᠎ᠠ | ︾ ᠪᠣᠯᠬᠤ ᠶᠢ ᠪᠠᠷᠢᠮᠲᠠᠯᠠᠵᠤ᠂ ᠳᠡᠭᠡᠳᠦ ᠤᠷᠤᠰᠬᠠᠯ ᠤᠨ ᠭᠠᠵᠠᠷ ᠣᠷᠣᠨ ᠪᠣᠯᠣᠨ ᠳᠤᠮᠳᠠ ᠳᠣᠣᠷᠠᠳᠤ ᠤᠷᠤᠰᠬᠠᠯ ᠤᠨ | ᠭᠠᠵᠠᠷ ᠣᠷᠣᠨ ᠤ ᠡᠨᠧᠷᠭᠢ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠭᠡᠷᠡᠭᠳᠠᠢ᠃ ᠨᠡᠭᠦᠷᠡᠰᠦ | ᠵᠡᠷᠭᠡ ᠴᠢᠯᠠᠭᠤᠵᠢᠮᠠᠯ ᠡᠨᠧᠷᠭᠢ ᠶᠢᠨ ᠦᠨᠳᠦᠰᠦᠨ ᠬᠦᠴᠦᠨ ᠵᠦᠢᠯ ᠢ ᠪᠠᠲᠤᠯᠠᠬᠤ ᠴᠢᠳᠠᠪᠤᠷᠢ ᠶᠢ ᠴᠢᠩᠭᠠᠳᠬᠠᠵᠤ᠂ | ᠨᠡᠭᠦᠷᠡᠰᠦ ᠶᠢ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠰᠠᠶᠢᠲᠤᠷ ᠠᠳᠬᠤᠵᠤ᠂ | ᠤᠰᠤᠨ ᠴᠠᠬᠢᠯᠭᠠᠨ ᠵᠡᠷᠭᠡ ᠳᠠᠪᠠᠭᠤᠯᠢᠭ ᠤᠯᠠᠮᠵᠢᠯᠠᠯᠲᠤ ᠡᠨᠧᠷᠭᠢ ᠪᠣᠯᠣᠨ ᠰᠠᠯᠬᠢᠨ ᠬᠦᠴᠦᠨ ᠤ ᠴᠠᠬᠢᠯᠭᠠᠨ᠂ | ᠭᠡᠷᠡᠯᠴᠢ ᠴᠡᠨᠡᠭ᠂ ᠤᠰᠤᠲᠥ᠋ᠷᠥᠭᠴᠢ ᠡᠨᠧᠷᠭᠢ ᠵᠡᠷᠭᠡ ᠰᠢᠨ᠎ᠡ ᠡᠨᠧᠷᠭᠢ ᠶᠢᠨ ᠤᠯᠠᠨ ᠡᠨᠧᠷᠭᠢ ᠶᠢ ᠬᠠᠷᠢᠯᠴᠠᠨ | ᠨᠥᠬᠦᠪᠦᠷᠢᠯᠡᠬᠦ᠂ ᠭᠦᠨᠵᠡᠭᠡᠢ ᠠᠭᠤᠰᠤᠯᠴᠠᠬᠤ ᠶᠢ ᠴᠢᠬᠤᠯᠠᠴᠢᠯᠠᠵᠤ᠂ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ | ᠢ ᠲᠦᠷᠭᠡᠨ ᠪᠠᠶᠢᠭᠤᠯᠵᠤ᠂ ᠡᠨᠧᠷᠭᠢ ᠶᠢᠨ ᠰᠤᠷᠪᠤᠯᠵᠢ ᠲᠣᠣᠷ ᠳᠠᠭᠠᠭᠠᠴᠠ ᠨᠥᠭᠡᠴᠡ ᠶᠢᠨ ᠨᠢᠭᠡ ᠴᠣᠭᠴᠠᠵᠢᠯᠲᠠ ᠶᠢ | ᠠᠬᠢᠭᠤᠯᠬᠤ ᠭᠡᠷᠡᠭᠳᠠᠢ᠃ ᠠᠮᠤᠷ ᠳᠥᠯᠭᠡᠨ ᠬᠥᠬᠡᠮᠥ᠋ᠷᠡᠨ ᠢ ᠴᠢᠷᠮᠠᠶᠢᠨ ᠪᠦᠲᠦᠭᠡᠨ ᠪᠠᠶᠢᠭᠤᠯᠵᠤ᠂ ᠬᠥᠬᠡᠮᠥ᠋ᠷᠡᠨ ᠤ | ᠤᠰᠤᠨ ᠤ ᠪᠠᠶᠢᠳᠠᠯ ᠤᠨ ᠬᠤᠪᠢᠷᠠᠯᠲᠠ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠭᠠᠩ ᠬᠠᠭᠰᠠᠷᠠᠭᠠᠨ | ᠤᠰᠤᠲᠤᠯ ᠢ ᠬᠠᠮᠲᠤ ᠪᠠᠷ ᠰᠡᠷᠭᠡᠶᠢᠯᠡᠵᠦ ᠬᠠᠮᠲᠤ ᠪᠠᠷ ᠵᠠᠰᠠᠬᠤ ᠶᠢ ᠪᠠᠷᠢᠮᠲᠠᠯᠠᠵᠤ᠂ ᠤᠰᠤᠨ ᠤ ᠰᠢᠰᠲ᠋ᠧᠮ ᠢ | ᠨᠡᠪᠲᠡᠷᠡᠭᠦᠯᠬᠦ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠨ ᠠᠷᠠᠴᠢᠯᠠᠬᠤ᠂ ᠬᠥᠷᠥᠰᠥ ᠰᠢᠷᠣᠢ ᠶᠢ ᠬᠠᠮᠠᠭᠠᠯᠠᠬᠤ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠠᠪᠠ ᠭᠠᠵᠠᠷ ᠤᠨ ᠤᠰᠤᠨ ᠤ ᠢᠨᠵᠧᠨᠧᠷᠢᠩ ᠢ ᠨᠢᠭᠡᠳᠦᠯᠲᠡᠢ | ᠬᠤᠯᠪᠤᠭᠠᠯᠠᠨ ᠲᠣᠬᠢᠷᠠᠭᠤᠯᠬᠤ ᠶᠢ ᠴᠢᠩᠭᠠᠳᠬᠠᠵᠤ᠂ ᠣᠷᠣᠨ ᠪᠦᠰᠡ ᠠᠯᠤᠰᠯᠠᠭᠰᠠᠨ ᠤᠰᠤᠨ ᠤ ᠡᠬᠢ ᠪᠠᠶᠠᠯᠢᠭ ᠤᠨ | ᠡᠯᠪᠡᠭᠵᠢᠯ ᠬᠤᠮᠰᠠᠳᠠᠯ ᠢ ᠲᠣᠬᠢᠷᠠᠭᠤᠯᠬᠤ ᠶᠢ ᠴᠢᠩᠭᠠᠳᠬᠠᠵᠤ᠂ ᠰᠠᠪᠠ ᠭᠠᠵᠠᠷ ᠤᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠭᠦ ᠭᠡᠷᠡᠭᠳᠠᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠥᠪ ᠠᠴᠠ ᠨᠢᠭᠡᠳᠦᠯᠲᠡᠢ ᠲᠥᠯᠥᠪᠵᠢᠭᠦᠯᠬᠦ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ | ᠡᠭᠦᠷᠭᠡᠯᠡᠬᠦ᠂ ᠬᠤᠲᠠ ᠰᠢᠶᠠᠨ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ | ᠪᠠᠷᠢᠮᠲᠠᠯᠠᠵᠤ᠂ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ | ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ | ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ | ᠴᠢᠨᠠᠷ ᠰᠠᠶᠢᠲᠠᠢ ᠬᠥᠭᠵᠢᠯᠲᠡ ᠶᠢᠨ ᠤᠳᠤᠷᠢᠳᠤᠮᠵᠢ ᠳᠤ ᠨᠡᠶᠢᠴᠡᠬᠦ ᠳᠦᠷᠦᠯ ᠵᠦᠢᠯ ᠳᠤ ᠳᠡᠮᠵᠢᠯᠭᠡ ᠦᠵᠡᠭᠦᠯᠵᠦ᠂ | ᠭᠤᠣᠯᠳᠠᠯᠭ᠎ᠠ ᠲᠠᠢ ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠥᠭᠡᠷᠡᠴᠢᠯᠡᠯᠲᠡ ᠶᠢ ᠠᠬᠢᠭᠤᠯᠬᠤ ᠭᠡᠷᠡᠭᠲᠡᠢ᠃ | ᠮᠥᠷᠡᠨ ᠳᠠᠭᠠᠤ ᠮᠤᠵᠢ ᠬᠤᠲᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠪᠠᠲᠤᠯᠠᠬᠤ ᠭᠡᠷᠡᠭᠲᠡᠢ᠃ ᠭᠤᠣᠯ ᠰᠡᠳᠦᠪᠲᠦ ᠬᠥᠮᠦᠵᠢᠯ ᠢᠶᠠᠷ ᠠᠵᠠ ᠲᠣᠭᠢᠶᠠᠯ ᠪᠣᠯᠭᠠᠵᠤ᠂ ᠥᠷᠭᠡᠨ ᠤᠯᠠᠨ ᠺᠠᠳ᠋ᠷ ᠢ | ᠬᠥᠮᠥᠵᠢᠭᠦᠯᠦᠨ ᠵᠢᠯᠤᠭᠤᠳᠴᠤ ᠪᠠᠶᠢᠭᠠᠳ ᠵᠥᠪ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠨ | ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠨᠢ ᠳᠡᠭᠡᠭᠰᠢᠯᠡᠭᠦᠯᠭᠦ ᠭᠡᠷᠡᠭᠲᠡᠢ | ᠃ ᠡᠯ᠎ᠡ ᠳᠦᠷᠦᠯ ᠤᠨ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ | ᠪᠠᠶᠢᠭᠠᠳ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠳᠤ ᠢᠳᠡᠪᠬᠢᠲᠡᠢ ᠣᠷᠣᠯᠴᠠᠭᠤᠯᠵᠤ᠂ | ᠬᠥᠮᠥᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠵᠡᠷᠭᠡ ᠲᠠᠯ᠎ᠠ ᠶᠢᠨ ᠣᠷᠣᠭᠤᠯᠤᠯᠲᠠ ᠶᠢ | ᠨᠡᠮᠡᠭᠳᠡᠭᠦᠯᠵᠦ᠂ ᠠᠷᠠᠳ ᠤᠯᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠰᠠᠶᠢᠲᠤᠷ | ᠪᠠᠳᠠᠷᠠᠭᠤᠯᠬᠤ ᠭᠡᠷᠡᠭᠲᠡᠢ᠃ ︽ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ | ᠲᠥᠯᠦᠪᠵᠢᠭᠦᠯᠭᠡ ᠶᠢᠨ ᠬᠥᠲᠥᠯᠪᠦᠷᠢ︾ ᠶᠢ ᠬᠡᠷᠡᠭᠵᠢᠭᠦᠯᠦᠭᠰᠡᠨ ᠲᠤᠬᠠᠢ ᠪᠠᠶᠢᠴᠠᠭᠠᠯᠲᠠ ᠦᠨᠡᠯᠡᠯᠲᠡ ᠪᠠ ᠬᠢᠨᠠᠯᠲᠠ ᠶᠢ | ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠡᠯ᠎ᠡ ᠭᠠᠵᠠᠷ ᠤᠨ ᠬᠢᠨ ᠢ ᠱᠠᠯᠠᠪᠳᠠᠭᠤᠯᠵᠤ ᠪᠠᠶᠢᠭᠠᠳ | ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠵᠠᠯᠠᠷᠠᠭᠤᠯᠤᠭᠤᠯᠬᠤ ᠭᠡᠷᠡᠭᠲᠡᠢ ᠭᠡᠵᠦ ᠴᠢᠬᠤᠯᠠᠴᠢᠯᠠᠪᠠ | ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ | ᠦᠷᠭᠦᠯᠵᠢᠯᠡᠨ ᠬᠦᠴᠦᠯᠡᠵᠦ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠭᠡᠷᠡᠭᠲᠡᠢ᠃ | ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠦᠷᠢ ᠥᠭᠬᠦ ᠵᠡᠷᠭᠡ ᠳᠦᠷᠢᠮ ᠢ ᠲᠡᠭᠦᠯᠳᠡᠷᠵᠢᠭᠦᠯᠵᠦ᠂ ᠠᠮᠢ ᠠᠬᠤᠢ ᠶᠢᠨ ᠦᠢᠯᠡᠳᠬᠦᠨ ᠤ | ᠥᠷᠲᠡᠭ ᠢ ᠪᠡᠶᠡᠯᠡᠭᠦᠯᠬᠦ ᠠᠷᠭ᠎ᠠ ᠵᠠᠮ ᠢ ᠭᠦᠨᠵᠡᠭᠡᠢ ᠰᠦᠪᠡᠭᠴᠢᠯᠡᠬᠦ ᠭᠡᠷᠡᠭᠳᠠᠢ᠃ ᠭᠤᠣᠯ ᠴᠣᠭᠴᠠ ᠶᠢᠨ | ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠪᠠᠷ ᠠᠵᠤ ᠠᠬᠤᠢ ᠶᠢᠨ ᠵᠦᠢ ᠵᠣᠬᠢᠰᠲᠠᠢ ᠪᠠᠶᠢᠷᠢᠰᠢᠭᠤᠯᠤᠯᠲᠠ ᠶᠢ | ᠬᠥᠲᠥᠯᠥᠨ ᠵᠢᠯᠤᠭᠤᠳᠴᠤ᠂ ᠬᠠᠷᠢᠴᠠᠭᠤᠯᠤᠭᠰᠠᠨ ᠳᠠᠪᠠᠭᠤᠯᠢᠭ ᠲᠠᠭᠠᠨ ᠰᠠᠭᠤᠷᠢᠯᠠᠵᠤ᠂ ᠴᠢᠳᠠᠮᠵᠢ ᠶᠢᠨ ᠪᠠᠶᠢᠷᠢ | ᠲᠣᠭᠲᠠᠭᠠᠯᠲᠠ ᠶᠢ ᠣᠨᠣᠪᠴᠢᠲᠠᠢ ᠣᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠳᠠᠭᠠᠭᠤᠯᠤᠭᠴᠢ ᠶᠢᠨ | ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠤᠮᠳᠠ ᠳᠡᠭᠡᠳᠦ ᠤᠷᠤᠰᠬᠠᠯ ᠤᠨ ᠭᠠᠵᠠᠷ ᠣᠷᠣᠨ ᠤ ᠬᠠᠮᠲᠤ ᠶᠢᠨ | ᠬᠥᠭᠵᠢᠯᠲᠡ ᠶᠢ ᠳᠠᠶᠢᠴᠢᠯᠠᠬᠤ ᠭᠡᠷᠡᠭᠲᠡᠢ᠃ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ ᠠᠬᠢᠭᠤᠯᠵᠤ᠂ ᠣᠷᠣᠨ ᠪᠦᠰᠡ ᠶᠢᠨ ᠳᠣᠲᠣᠷᠠᠬᠢ ︽ᠵᠥᠭᠡᠯᠡᠨ︾ ︽ᠬᠠᠲᠠᠭᠤ︾ ᠬᠤᠯᠪᠣᠯᠳᠤᠨ | ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠵᠦ᠂ ᠤᠯᠠᠨ ᠤᠯᠤᠰ ᠤᠨ ᠣᠷᠴᠢᠯ ᠳᠤ ᠢᠳᠡᠪᠬᠢᠲᠡᠢ ᠠᠭᠤᠰᠤᠯᠴᠠᠵᠤ᠂ | ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠤᠨ ᠬᠤᠯᠪᠣᠯᠳᠤᠨ ᠬᠥᠳᠡᠯᠦᠯᠴᠡᠬᠦ ᠦᠢᠯᠡᠳᠦᠯ ᠢ | ᠴᠢᠩᠭᠠᠳᠬᠠᠬᠤ ᠭᠡᠷᠡᠭᠳᠠᠢ ᠭᠡᠵᠦ ᠢᠯᠡᠳᠬᠡᠪᠡ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ | ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ᠂ ᠶᠡᠭᠡ ᠨᠡᠭᠡᠭᠡᠨ ᠬᠥᠭᠵᠢᠭᠦᠯᠦᠯᠲᠡ ᠦᠯᠦ | ᠬᠢᠬᠦ ᠶᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ | ᠲᠤᠪᠤᠶᠢᠯᠭᠠᠵᠤ᠂ ᠥᠨᠳᠥᠷ ᠲᠦᠪᠰᠢᠨ ᠲᠠᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠳᠤ ᠴᠢᠬᠤᠯᠠ | ᠲᠤᠯᠭᠠᠭᠤᠷᠢᠯᠠᠯ ᠬᠠᠩᠭᠠᠬᠤ ᠭᠡᠷᠡᠭᠲᠡᠢ; ᠴᠢᠬᠤᠯᠠ ᠶᠡᠭᠡ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ | ᠴᠢᠩᠭᠠᠳᠬᠠᠵᠤ᠂ ᠰᠢᠨ᠎ᠡ ᠶᠢ ᠡᠭᠦᠳᠬᠦ ᠬᠡᠯᠬᠢᠶ᠎ᠡ ᠪᠣᠯᠣᠨ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ | ᠢ ᠠᠬᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠪᠣᠶᠢᠵᠢᠭᠤᠯᠬᠤ ᠭᠡᠷᠡᠭᠳᠠᠢ; ︽ | ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠴᠢᠳᠠᠮᠵᠢ ᠶᠢᠨ ᠪᠠᠶᠢᠷᠢ ᠲᠣᠭᠲᠠᠭᠠᠯᠲᠠ | ᠪᠠ ᠬᠥᠭᠵᠢᠯᠲᠡ ᠶᠢᠨ ᠴᠢᠭᠯᠡᠯ ᠢ ᠵᠦᠢ ᠵᠣᠬᠢᠰᠲᠠᠢ ᠲᠣᠭᠲᠠᠭᠠᠵᠤ᠂ ᠲᠡᠯᠡᠢ ᠳᠠᠭᠠᠤ ᠮᠥᠷᠡᠨ ᠳᠠᠭᠠᠤ ᠬᠢᠯᠢ ᠳᠠᠭᠠᠤ ᠪᠠ | ᠳᠣᠲᠣᠭᠠᠳᠤ ᠬᠠᠭᠤᠷᠠᠢ ᠶᠢᠨ ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠵᠦ᠂ ᠥᠨᠳᠥᠷ ᠲᠦᠪᠰᠢᠨ ᠪᠦᠬᠦᠢ | ᠬᠠᠮᠵᠢᠯᠴᠠᠨ ᠬᠠᠮᠲᠤᠷᠠᠯᠴᠠᠬᠤ ᠪᠠᠷ ᠴᠢᠨᠠᠷ ᠰᠠᠶᠢᠲᠠᠢ ᠬᠥᠭᠵᠢᠯᠲᠡ ᠶᠢᠨ ᠪᠦᠬᠦᠯᠢ ᠴᠣᠭᠴᠠ ᠶᠢᠨ ᠬᠠᠮᠲᠤᠷᠠᠯ ᠬᠦᠴᠦᠨ | ᠢ ᠪᠦᠷᠢᠯᠳᠦᠭᠦᠯᠬᠦ ᠭᠡᠷᠡᠭᠳᠠᠢ ᠭᠡᠵᠦ ᠢᠯᠡᠳᠬᠡᠪᠡ᠃ | ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ ᠬᠤᠩ᠂ ᠵᠢᠶᠠᠩ ᠰᠢᠨ ᡁᠢ ᠶᠠᠷᠢᠯᠴᠠᠬᠤ | ᠬᠤᠷᠠᠯ ᠳᠤ ᠣᠷᠣᠯᠴᠠᠵᠤ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠬᠤᠯᠪᠣᠭᠳᠠᠯ ᠪᠦᠬᠦᠢ ᠣᠷᠣᠨ ᠨᠤᠲᠤᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠳ | ᠶᠠᠷᠢᠯᠴᠠᠬᠤ ᠬᠤᠷᠠᠯ ᠳᠤ ᠣᠷᠣᠯᠴᠠᠵᠠᠢ᠃ | | | |