ᠠᠮᠠᠷᠠᠭᠰᠠᠨ ᠴᠦ ᠠᠵᠢᠯ ᠢᠶᠠᠨ ᠬᠠᠶᠠᠭ᠎ᠠ ᠦᠭᠡᠢ ᠫᠠᠨ ᠼᠦᠨ ᠶᠠᠩ
ᠨᠡᠶᠢᠲᠡᠯᠡᠭᠰᠡᠨ ᠴᠠᠭ᠄
2023/12/31
            ᠰᠣᠷᠪᠤᠯᠵᠢᠯᠠᠬᠴᠢ ᠨᠡᠷᠡᠨ᠎ᠡ᠂ ᠡᠷᠳᠡᠨᠢᠬᠦᠦ             ︽ᠣᠶᠢᠷ᠎ᠠ ᠶᠢᠨ ᠬᠤᠶᠠᠷ ᠡᠳᠦᠷ ᠦᠬᠡᠷ᠂ ᠬᠤᠨᠢ᠂ ᠲᠡᠮᠡᠭᠡᠨ ᠤ ᠰᠢᠯᠦᠬᠡᠢ ᠡᠪᠡᠳᠴᠢᠨ ᠤ ᠸᠠᠺᠼᠢᠨ ᠤ ᠲᠠᠷᠢᠯᠭ᠎ᠠ ᠶᠢ ᠴᠠᠭ ᠲᠤᠬᠠᠢ ᠳᠤᠨᠢ ᠬᠢᠬᠦ ᠭᠡᠷᠡᠭᠳᠡᠢ᠂ ᠡᠪᠡᠰᠦ ᠪᠣᠷᠳᠤᠭ᠎ᠠ ᠶᠢ ᠬᠠᠷᠢᠴᠠᠯ ᠶᠣᠰᠣᠭᠠᠷ ᠲᠡᠵᠢᠭᠡᠨ᠂ ᠸᠠᠯᠠᠭᠰᠠᠨ ᠢᠳᠡᠭᠡᠨ ᠵᠡᠷᠭᠡ ᠶᠢ ᠢᠳᠡᠭᠦᠯᠬᠦ ᠦᠭᠡᠢ ᠪᠣᠯ ᠰᠠᠶ᠋ᠢ ᠮᠠᠯ ᠤᠨ ᠡᠪᠡᠳᠴᠢᠨ ᠢ ᠡᠰᠡᠷᠭᠦᠴᠡᠬᠦ ᠴᠢᠳᠠᠪᠤᠷᠢ  ᠶᠢ ᠳᠡᠭᠡᠭᠰᠢᠯᠡᠭᠦᠯᠵᠦ ᠴᠢᠳᠠᠨ᠎ᠠ︾ ᠁ ᠣᠨᠳᠣᠷᠣᠯᠲᠤ ᠪᠠᠯᠭᠠᠰᠤᠨ ᠤ ᠤᠯᠠᠭᠠᠨᠲᠣᠯᠤᠭᠠᠢ ᠭᠠᠴᠠᠭᠠᠨ ᠤ ᠯᠢ ᠸᠧᠢ ᠬᠤ᠋ ᠶᠢᠨ ᠬᠤᠨᠢᠨ ᠤ ᠬᠠᠰᠢᠶᠠᠨ ᠳᠤ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠣᠯᠣᠨ ᠮᠡᠷᠭᠡᠵᠢᠯ ᠢ ᠳᠡᠯᠭᠡᠷᠡᠭᠦᠯᠬᠦ ᠲᠥᠪ ᠤᠨ ᠠᠵᠢᠯ ᠠᠴᠠ ᠪᠠᠨ ᠠᠮᠠᠷᠠᠭᠰᠠᠨ ᠮᠠᠯ ᠤᠨ ᠡᠮᠴᠢ ᠫᠠᠨ ᠼᠦᠨ ᠶᠠᠩ ᠶᠠᠷᠢᠵᠤ ᠵᠣᠭᠰᠣᠨ᠎ᠠ᠃ ᠲᠡᠷᠡᠪᠡᠷ ᠯᠢ ᠸᠧᠢ ᠬᠤ᠋ ᠳᠤ ᠮᠠᠯ ᠤᠨ ᠡᠪᠡᠳᠴᠢᠨ ᠡᠮᠭᠡᠭ ᠤᠨ ᠬᠤᠣᠷ ᠬᠥᠨᠥᠭᠡᠯ᠂ ᠡᠪᠡᠳᠴᠢᠨ ᠤ ᠢᠯᠡᠷᠡᠯ ᠵᠢᠴᠢ ᠬᠠᠯᠳᠠᠪᠤᠷᠢᠲᠤ ᠴᠢᠨᠠᠷᠲᠠᠢ ᠡᠪᠡᠳᠴᠢᠨ ᠡᠮᠭᠡᠭ ᠡᠭᠦᠰᠬᠦ ᠶᠢ ᠬᠡᠷᠬᠢᠨ ᠵᠥᠪ ᠢᠶᠠᠷ ᠰᠡᠷᠭᠡᠶᠢᠯᠡᠬᠦ ᠲᠤᠬᠠᠢ ᠨᠠᠷᠢᠯᠢᠭ ᠤᠬᠠᠭᠤᠯᠤᠨ ᠲᠠᠶᠢᠯᠪᠤᠷᠢᠯᠠᠵᠤ ᠪᠠᠶᠢᠯ᠎ᠠ᠃       ᠯᠢ ᠸᠧᠢ ᠬᠤ᠋᠂ ᠵᠢᠯ ᠪᠦᠷᠢ ᠶᠢᠨ ᠸᠠᠺᠼᠢᠨ ᠤ ᠲᠠᠷᠢᠯᠭ᠎ᠠ ᠶᠢᠨ ᠬᠤᠭᠤᠴᠠᠭ᠎ᠠ ᠪᠠ ᠲᠥᠯ ᠲᠣᠰᠴᠤ ᠪᠣᠶᠢᠵᠢᠭᠤᠯᠬᠤ ᠬᠤᠭᠤᠴᠠᠭᠠᠨ ᠳᠤ ᠫᠠᠨ ᠼᠦᠨ ᠶᠠᠩ ᠪᠢᠳᠠᠨ ᠤ ᠳᠡᠷᠭᠡᠳᠡ ᠢᠷᠡᠭᠡᠳ ᠮᠠᠯ ᠤᠨ ᠨᠠᠰᠤ ᠵᠢᠯ᠂ ᠲᠡᠵᠢᠭᠡᠨ ᠦᠷᠡᠵᠢᠭᠦᠯᠬᠦ ᠣᠷᠣᠨ ᠪᠦᠰᠡ᠂ ᠳᠦᠷᠦᠯ ᠵᠦᠢᠯ ᠵᠡᠷᠭᠡ ᠶᠢ ᠦᠨᠳᠦᠰᠦᠯᠡᠨ᠂ ᠪᠷᠦ᠋ᠼᠧᠯ ᠡᠪᠡᠳᠴᠢᠨ᠂ ᠰᠢᠯᠦᠬᠡᠢ ᠡᠪᠡᠳᠴᠢᠨ᠂ ᠮᠠᠯ ᠤᠨ ᠬᠢᠵᠢᠭ ᠵᠡᠷᠭᠡ ᠶᠢᠨ ᠲᠠᠷᠢᠯᠭ᠎ᠠ ᠪᠠ ᠮᠠᠰᠢ ᠣᠯᠠᠨ ᠲᠡᠵᠢᠭᠡᠨ ᠦᠷᠡᠵᠢᠭᠦᠯᠬᠦ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠲᠡᠭ ᠭᠡᠵᠦ ᠪᠠᠶᠢᠯ᠎ᠠ᠃       ᠫᠠᠨ ᠼᠦᠨ ᠶᠠᠩ ᠬᠡᠳᠦᠶᠢᠪᠡᠷ ᠠᠵᠢᠯ ᠠᠴᠠ ᠪᠠᠨ ᠠᠮᠠᠷᠠᠭᠰᠠᠨ ᠪᠣᠯᠪᠠᠴᠤ ᠠᠳᠡᠭᠢ ᠮᠠᠯᠴᠢᠨ ᠡᠷᠦᠭᠡ ᠶᠢᠨ ᠪᠠᠶᠢᠳᠠᠯ ᠢ ᠲᠣᠪ ᠲᠣᠳᠣᠷᠬᠠᠢ ᠣᠶᠢᠯᠠᠭᠠᠳᠠᠭ ᠪᠣᠯᠬᠤᠷ ᠰᠤᠯᠠ ᠰᠡᠯᠡᠭᠦᠦ ᠴᠠᠭ ᠢᠶᠠᠷ ᠢᠶᠠᠨ ᠦᠷᠭᠦᠯᠵᠢ ᠲᠣᠭᠤᠷᠢᠨ ᠦᠵᠡᠵᠦ᠂ ᠮᠠᠯᠴᠢᠳ ᠤᠨ ᠲᠡᠵᠢᠭᠡᠨ ᠦᠷᠡᠵᠢᠭᠦᠯᠬᠦ ᠶᠠᠪᠤᠴᠠ ᠳᠤ ᠲᠣᠬᠢᠶᠠᠯᠳᠤᠭᠰᠠᠨ ᠭᠡᠨᠡᠳᠲᠡ  ᠶᠢᠨ ᠪᠠᠶᠢᠳᠠᠯ ᠢ ᠴᠠᠭ ᠲᠤᠬᠠᠢ ᠳᠤᠨᠢ ᠰᠢᠢᠳᠪᠤᠶᠢᠯᠡᠵᠣ ᠥᠭᠲᠡᠭ᠃ ᠡᠭᠦᠨ ᠢᠶᠠᠷ ᠲᠡᠷᠡ ᠣᠯᠠᠨ ᠵᠦᠢᠯ ᠤᠨ ᠠᠮᠢᠳᠠᠨ ᠤ ᠬᠠᠯᠳᠠᠪᠤᠷᠢᠲᠤ ᠡᠪᠡᠳᠴᠢᠨ ᠢ ᠵᠠᠰᠠᠵᠤ ᠡᠳᠡᠭᠡᠷᠡᠭᠦᠯᠦᠭᠰᠡᠨ ᠢᠶᠠᠷ ᠣᠶᠢᠷ᠎ᠠ ᠬᠠᠪᠢ ᠶᠢᠨ ᠬᠥᠮᠥᠰ ᠤᠴᠢᠷ ᠲᠣᠬᠢᠶᠠᠯᠳᠤᠪᠠᠯ ᠲᠡᠭᠦᠨ  ᠢ ᠡᠷᠢᠬᠦ ᠪᠣᠯᠵᠠᠢ᠃       ᠠᠵᠢᠯ ᠤᠨ ᠪᠠᠶᠢᠷᠢ ᠳᠠᠬᠢ 36 ᠵᠢᠯ ᠤᠨ ᠲᠤᠷᠰᠢ᠂ ᠫᠠᠨ ᠼᠦᠨ ᠶᠠᠩ ᠦᠷᠭᠦᠯᠵᠢ ᠦᠨᠳᠦᠰᠦᠨ ᠱᠠᠲᠤ ᠪᠠᠷ ᠪᠠᠭᠤᠵᠤ ᠮᠠᠯᠴᠢᠨ ᠲᠠᠷᠢᠶᠠᠴᠢᠨ ᠤ ᠮᠠᠯ ᠤᠨ ᠬᠠᠯᠳᠠᠪᠤᠷᠢᠲᠤ ᠡᠪᠡᠳᠴᠢᠨ ᠪᠠ ᠡᠩ ᠤᠨ ᠬᠢᠵᠢᠭ ᠡᠪᠡᠳᠴᠢᠨ  ᠢ ᠰᠡᠷᠭᠡᠶᠢᠯᠡᠨ ᠵᠠᠰᠠᠬᠤ ᠠᠵᠢᠯ ᠳᠤ ᠤᠯᠠᠨ ᠤᠳᠠᠭ᠎ᠠ ᠣᠷᠣᠯᠴᠠᠵᠤ ᠶᠠᠪᠤᠳᠠᠭ ᠢᠶᠠᠷ ᠮᠠᠯᠴᠢᠨ ᠲᠠᠷᠢᠶᠠᠴᠢᠨ ᠤ ᠰᠠᠶᠢᠨ ᠬᠠᠪᠰᠤᠷᠤᠭᠴᠢ ᠪᠤᠯᠣᠬᠰᠠᠨ ᠪᠠᠶᠢᠯ᠎ᠠ᠃ ᠫᠠᠨ ᠼᠦᠨ ᠶᠠᠩ ᠦᠷᠭᠦᠯᠵᠢ ᠬᠦᠨᠡᠰᠦ ᠲᠣᠰᠣ᠂ ᠣᠷᠣ ᠳᠡᠪᠢᠰᠬᠡᠷ᠂ ᠡᠮ ᠵᠡᠷᠭᠡ ᠠᠮᠢᠳᠤᠷᠠᠯ ᠳᠤ ᠬᠡᠷᠡᠭᠰᠡᠬᠦ ᠡᠳ᠋ ᠪᠣᠳᠠᠰ ᠬᠤᠳᠠᠯᠳᠤᠨ ᠠᠪᠴᠤ ᠬᠦᠴᠢᠷᠳᠡᠯᠲᠡᠢ ᠠᠶᠢᠯ ᠡᠷᠦᠭᠡ ᠶᠢ ᠪᠣᠯᠭᠤᠭᠠᠨ ᠦᠵᠡᠵᠦ᠂ ᠮᠠᠯᠴᠢᠨ ᠲᠠᠷᠢᠶᠠᠴᠢᠨ ᠳᠤ ᠲᠤᠯᠭᠠᠷᠠᠭᠰᠠᠨ ᠪᠠᠭ᠎ᠠ ᠰᠠᠭ᠎ᠠ ᠶᠠᠪᠤᠳᠠᠯ  ᠤᠳ ᠢ ᠰᠢᠢᠳᠪᠦᠷᠢᠯᠡᠨ ᠥᠭᠴᠦ᠂ ᠠᠷᠠᠳ ᠤᠯᠠᠨ ᠤ ᠰᠡᠳᠬᠢᠯ ᠢ ᠳᠤᠯᠠᠭᠠᠴᠠᠭᠤᠯᠤᠭᠰᠠᠭᠠᠷ ᠢᠷᠠᠵᠠᠢ᠃       ᠫᠠᠨ ᠼᠦᠨ ᠶᠠᠩ᠄ ︽ᠠᠮᠢᠳᠠᠨ ᠢ ᠡᠮᠨᠡᠨ ᠵᠠᠰᠠᠬᠤ ᠨᠢ ᠵᠥᠪᠬᠡᠨ ᠪᠡᠶ᠎ᠡ ᠮᠠᠬᠠᠪᠤᠳ ᠤᠨ ᠡᠪᠡᠳᠴᠢᠨ ᠡᠮᠭᠡᠭ ᠢ ᠡᠮᠨᠡᠨ ᠵᠠᠰᠠᠬᠤ ᠲᠡᠳᠦᠢ ᠪᠢᠰᠢ᠂ ᠦᠷᠭᠦᠯᠵᠢᠳᠡ ᠠᠩᠬᠠᠷᠤᠨ ᠪᠣᠯᠭᠤᠭᠠᠵᠤ ᠪᠠᠶᠢᠬᠤ ᠨᠢ ᠬᠠᠮᠤᠭ ᠴᠢᠬᠤᠯᠠ᠃ ᠠᠮᠢᠳᠠᠨ ᠤ ᠬᠢᠵᠢᠭ ᠢ ᠰᠡᠷᠭᠡᠶᠢᠯᠡᠬᠦ᠂ ᠬᠢᠵᠢᠭ ᠢ ᠪᠠᠶᠢᠴᠠᠭᠠᠬᠤ᠂ ᠬᠢᠨᠠᠨ ᠬᠡᠮᠵᠢᠬᠦ᠂ ᠬᠠᠮᠢᠶᠠᠷᠬᠤ ᠠᠯᠬᠤᠮ ᠪᠦᠷᠢ ᠳᠤ ᠴᠥᠮ ᠠᠯᠳᠠᠭ᠎ᠠ ᠪᠤᠷᠤᠭᠤ ᠭᠠᠷᠭᠠᠵᠤ ᠪᠣᠯᠬᠤ ᠦᠭᠡᠢ᠂ ᠪᠢᠳᠡ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ ᠪᠠᠶᠢᠬᠤ ᠨᠢ ᠮᠠᠯᠴᠢᠨ ᠲᠠᠷᠢᠶᠠᠴᠢᠳ ᠤᠨ ᠬᠤᠬᠢᠷᠠᠯ ᠢ ᠪᠠᠭᠠᠰᠬᠠᠵᠤ ᠪᠠᠶᠢᠭ᠎ᠠ ᠶᠠᠪᠤᠳᠠᠯ ᠪᠣᠯᠣᠨ᠎ᠠ︾ ᠭᠡᠵᠦ ᠪᠠᠶᠢᠯ᠎ᠠ᠃ ᠲᠡᠷᠡ ᠪᠠᠰᠠ ᠪᠠᠶᠢᠭᠤᠯᠭ᠎ᠠ ᠶᠢᠨ ᠢᠶᠠᠨ ᠵᠠᠯᠠᠭᠤᠴᠤᠳ  ᠢ ᠳᠠᠭᠠᠭᠤᠯᠤᠨ ᠲᠤᠰᠬᠠᠢ ᠮᠡᠷᠭᠡᠵᠢᠯ  ᠢ ᠨᠢ ᠳᠡᠭᠡᠭᠰᠢᠯᠡᠭᠦᠯᠭᠦ ᠎ ᠶᠢᠨ ᠬᠠᠮᠲᠤ ᠮᠠᠯ ᠤᠨ ᠡᠮᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳ ᠲᠠᠨᠢᠭᠤᠯᠵᠤ᠂ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠶᠢ ᠮᠡᠳᠡᠭᠦᠯᠦᠭᠰᠡᠨ ᠪᠠᠶᠢᠨ᠎ᠠ᠃       ᠫᠠᠨ ᠼᠦᠨ ᠶᠠᠩ ᠠᠵᠢᠯ ᠤᠨ ᠪᠠᠶᠢᠷᠢᠨ ᠳᠠᠭᠠᠨ ᠭᠢᠯᠠᠷᠠᠭᠤᠯᠲᠠᠯ᠎ᠠ ᠠᠵᠢᠯᠯᠠᠵᠤ ᠪᠠᠶᠢᠭᠰᠠᠨ ᠠᠴᠠ ᠪᠠᠨ ᠣᠲᠣ ᠠᠵᠢᠯ ᠤᠨ ᠠᠮᠠᠷᠠᠯᠲᠠ ᠪᠠᠨ ᠠᠪᠤᠭᠰᠠᠨ ᠴᠦ ᠮᠠᠯᠴᠢᠨ ᠲᠠᠷᠢᠶᠠᠴᠢᠳ ᠤᠨ ᠢᠶᠠᠨ ᠰᠠᠶᠢᠨ ᠬᠠᠪᠰᠤᠷᠤᠭᠴᠢ ᠪᠣᠯᠬᠤ ᠪᠠᠨ ᠢᠮᠠᠭᠲᠠ ᠪᠠᠷᠢᠮᠳᠠᠯᠠᠬᠰᠠᠭᠠᠷ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号