ᠮᠠᠩᠬᠠᠨ ᠨᠤᠲᠤᠭ ᠤᠨ ︽ᠨᠣᠭᠤᠭᠠᠨ ᠬᠠᠮᠠᠭᠠᠯᠠᠭᠴᠢ︾
ᠨᠡᠶᠢᠲᠡᠯᠡᠭᠰᠡᠨ ᠴᠠᠭ᠄
2023/12/31
         ᠰᠣᠷᠪᠤᠯᠵᠢᠯᠠᠬᠴᠢ ᠨᠡᠷᠡᠨ᠎ᠡ᠂ ᠡᠷᠳᠡᠨᠢᠬᠦᠦ               ᠨᠠᠮᠤᠷ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠪᠦᠲᠦᠮᠵᠢᠲᠡᠢ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠠᠯᠠᠱᠠ ᠵᠡᠭᠦᠨ ᠬᠤᠰᠢᠭᠤᠨ ᠤ ᠪᠠᠶᠠᠨᠨᠢᠷᠣᠭᠤᠨ ᠰᠤᠮᠤᠨ  ᠤ ᠰᠢᠷᠠᠪᠤᠯᠠᠭ ᠭᠠᠴᠠᠭᠠᠨ ᠤ ᠣᠢ ᠰᠢᠭᠤᠢ ᠶᠢᠨ ᠬᠠᠮᠠᠭᠠᠯᠠᠭᠴᠢᠳ ᠭᠠᠴᠠᠭᠠᠨ ᠤ ᠨᠢᠰᠬᠡᠯ ᠢᠶᠠᠷ ᠳᠠᠷᠢᠭᠰᠠᠨ ᠣᠷᠣᠨ ᠪᠦᠰᠡ ᠳᠤ ᠪᠥᠬᠦ ᠲᠠᠯ᠎ᠠ ᠶᠢᠨ ᠲᠣᠭᠤᠷᠢᠨ ᠪᠠᠶᠢᠴᠠᠭᠠᠯᠲᠠ ᠥᠷᠨᠢᠭᠦᠯᠵᠡᠢ᠃ ᠲᠠᠲᠠ ᠨᠢᠰᠬᠡᠯ ᠢᠶᠠᠷ ᠳᠠᠷᠢᠭᠰᠠᠨ ᠣᠷᠣᠨ ᠪᠦᠰᠡ ᠶᠢᠨ ᠤᠷᠭᠤᠮᠠᠯ ᠤᠨ ᠬᠤᠴᠢᠯᠭ᠎ᠠ ᠡᠪᠳᠡᠭᠳᠡᠭᠰᠡᠨ ᠡᠰᠡᠬᠦ ᠶᠢ ᠨᠠᠷᠢᠨ ᠬᠢᠨᠠᠮᠠᠭᠠᠢ ᠪᠠᠶᠢᠴᠠᠭᠠᠨ᠂ ᠲᠦᠢᠮᠡᠷ ᠡᠭᠦᠰᠬᠦ ᠳᠠᠯᠳᠠ ᠬᠡᠮ ᠢ ᠪᠠᠶᠢᠴᠠᠭᠠᠬᠤ ᠶᠢᠨ ᠬᠠᠮᠲᠤ ᠡᠪᠳᠡᠷᠡᠵᠦ ᠰᠦᠢᠳᠦᠭᠰᠡᠨ ᠬᠠᠰᠢᠶ᠎ᠠ ᠶᠢ ᠰᠡᠯᠪᠢᠨ ᠵᠠᠰᠠᠵᠠᠢ᠃       ᠰᠢᠷᠠᠪᠤᠯᠠᠭ ᠭᠠᠴᠠᠭᠠᠨ ᠤ ᠬᠢᠵᠠᠭᠠᠷ ᠳᠣᠲᠣᠷᠠᠬᠢ ᠨᠢᠰᠬᠡᠯ ᠢᠶᠠᠷ ᠳᠠᠷᠢᠭᠰᠠᠨ ᠭᠠᠵᠠᠷ ᠤᠨ ᠲᠠᠯᠠᠪᠠᠶ ᠨᠢ ᠶᠡᠭᠡ᠂ ᠲᠣᠭᠤᠷᠢᠨ ᠬᠠᠮᠠᠭᠠᠯᠠᠬᠤ ᠱᠤᠭᠤᠮ ᠨᠢ ᠣᠷᠳᠣ ᠪᠠᠶᠢᠳᠠᠭ᠃ ᠣᠢ ᠰᠢᠭᠤᠢ ᠶᠢᠨ ᠬᠠᠮᠠᠭᠠᠯᠠᠭᠴᠢᠳ ᠭᠠᠷᠠᠭ ᠪᠦᠷᠢ ᠨᠠᠭᠠᠲᠤ ᠵᠠᠬ᠎ᠠ ᠳᠠᠭᠠᠨ ᠨᠢᠭᠡ ᠤᠳᠠᠭ᠎ᠠ ᠲᠣᠭᠤᠷᠢᠨ ᠬᠠᠮᠠᠭᠠᠯᠠᠬᠤ ᠴᠢᠬᠤᠯᠠᠲᠠᠢ ᠪᠠᠶᠢᠵᠤ᠂ ᠤᠳᠠᠭ᠎ᠠ ᠪᠦᠷᠢ ᠶᠢᠨ ᠶᠠᠪᠤᠬᠤ ᠭᠠᠵᠠᠷ ᠨᠢ 60 ᠺᠢᠯᠣᠮᠧᠲᠷ ᠠᠴᠠ ᠳᠡᠭᠡᠭᠰᠢ ᠪᠠᠶᠢᠳᠠᠭ᠃ ︽ᠤᠢ ᠰᠢᠭᠤᠢ ᠶᠢᠨ ᠬᠠᠮᠠᠭᠠᠯᠠᠭᠴᠢ ᠶᠢᠨ ᠠᠵᠢᠯ ᠬᠡᠳᠦᠶᠢᠪᠡᠷ ᠵᠦᠳᠡᠷᠡᠯᠲᠡᠢ ᠪᠣᠯᠪᠠᠴᠤ ᠪᠢᠳᠠᠨ ᠤ ᠬᠠᠮᠲᠤ ᠶᠢᠨ ᠴᠢᠷᠮᠠᠶᠢᠯᠭ᠎ᠠ ᠪᠠᠷ ᠡᠷᠭᠢᠨ ᠲᠣᠭᠤᠷᠢᠨ ᠤ ᠪᠠᠨ ᠡᠯᠡᠰᠦ ᠮᠠᠩᠬ᠎ᠠ ᠶᠢ ᠨᠣᠭᠤᠭᠠᠷᠠᠭᠤᠯᠤᠨ᠂ ᠠᠮᠢ ᠠᠬᠤᠢ ᠶᠢ ᠨᠡᠩ ᠰᠠᠶᠢᠬᠠᠨ ᠪᠣᠯᠭᠠᠵᠤ ᠪᠠᠶᠢᠬᠤ ᠳᠠᠭᠠᠨ ᠦᠨ᠎ᠡ ᠪᠡᠨ᠎ᠡ ᠲᠠᠢ ᠰᠠᠨᠠᠭᠳᠠᠯ᠎ᠠ︾ ᠭᠡᠵᠦ ᠤᠢ ᠰᠢᠭᠤᠢ ᠶᠢᠨ ᠬᠠᠮᠠᠭᠠᠯᠠᠭᠴᠢ ᠫᠧᠩ ᠹᠦ᠋ ᠷᠦᠢ ᠶᠠᠷᠢᠨ᠎ᠠ᠃ ᠲᠡᠷᠡᠪᠡᠷ ᠬᠠᠮᠲᠤ ᠠᠵᠢᠯᠯᠠᠭᠰᠠᠳ ᠲᠠᠢ ᠪᠠᠨ ᠲᠣᠭᠤᠷᠢᠨ ᠬᠠᠮᠠᠭᠠᠯᠠᠬᠤ ᠭᠠᠵᠠᠷ  ᠢᠶᠠᠨ ᠪᠠᠲᠤ ᠰᠠᠬᠢᠵᠤ᠂ ᠨᠤᠲᠤᠭ ᠤᠰᠤᠨ ᠤ ᠪᠠᠨ ︽ᠨᠣᠭᠤᠭᠠᠨ ᠬᠠᠮᠠᠭᠠᠯᠠᠭᠴᠢ︾᠎ ᠨᠢ ᠪᠣᠯᠵᠤ᠂ ᠬᠦᠴᠦ ᠬᠥᠯᠥᠰᠦ ᠪᠠᠨ ᠬᠠᠷᠠᠮ ᠦᠭᠡᠢ ᠡᠷᠭᠦᠵᠦ ᠶᠠᠪᠤᠨ᠎ᠠ᠃       ᠨᠢᠰᠬᠡᠯ ᠢᠶᠠᠷ ᠲᠠᠷᠢᠵᠤ ᠣᠶᠢᠵᠢᠭᠤᠯᠤᠨ ᠡᠯᠡᠰᠦ ᠶᠢ ᠵᠠᠰᠠᠬᠤ ᠪᠣᠯ ᠠᠯᠠᠱᠠ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠤᠭ ᠤᠨ ᠶᠡᠭᠡ ᠭᠢᠯᠪᠠᠭᠠᠲᠤ ᠴᠡᠭ ᠪᠣᠯᠬᠤ ᠪᠥᠭᠡᠳ ᠪᠥᠬᠦ ᠤᠯᠤᠰ ᠤᠨ ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠵᠠᠭᠪᠤᠷ ᠪᠣᠯᠣᠨ᠎ᠠ᠃ 2005 ᠣᠨ ᠳᠤ᠂ ᠰᠢᠷᠠᠪᠤᠯᠠᠭ ᠭᠠᠴᠠᠭ᠎ᠠ ᠶᠢ ᠠᠯᠠᠱᠠ ᠵᠡᠭᠦᠨ ᠬᠤᠰᠢᠭᠤᠨ ᠤ ᠨᠢᠰᠬᠡᠯ ᠢᠶᠠᠷ ᠲᠠᠷᠢᠵᠤ ᠣᠶᠢᠵᠢᠭᠤᠯᠬᠤ ᠭᠤᠣᠯᠳᠠᠯᠭ᠎ᠠ ᠲᠠᠢ ᠣᠷᠣᠨ ᠪᠦᠰᠡ ᠪᠠᠷ ᠲᠣᠭᠲᠠᠭᠠᠨ᠂ ᠨᠠᠶᠢᠳᠠ 78.5 ᠲᠦᠮᠡᠨ ᠮᠦ ᠭᠠᠵᠠᠷ ᠲᠤ ᠨᠢᠰᠬᠡᠯ ᠢᠶᠠᠷ ᠲᠠᠷᠢᠵᠤ᠂ ᠨᠢᠰᠬᠡᠯ ᠢᠶᠠᠷ ᠲᠠᠷᠢᠵᠤ ᠣᠶᠢᠵᠢᠭᠤᠯᠤᠭᠰᠠᠨ ᠨᠢ ᠭᠠᠴᠠᠭᠠᠨ ᠳᠤ ᠪᠣᠬᠢᠷᠳᠤᠯ ᠦᠭᠡᠢ ᠠᠮᠢ ᠠᠬᠤᠢ ᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠭᠰᠡᠨ ᠢᠶᠠᠷ ᠪᠠᠷᠠᠬᠤ ᠦᠭᠡᠢ᠂ ᠮᠠᠯᠴᠢᠳ ᠲᠤ ᠠᠰᠢᠭ ᠣᠷᠣᠯᠭ᠎ᠠ ᠣᠯᠭᠤᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠮᠠᠯᠴᠢᠳ ᠤᠯᠤᠰ ᠤᠨ ᠲᠥᠷᠥ  ᠶᠢᠨ ᠪᠣᠳᠣᠯᠭ᠎ᠠ ᠶᠢᠨ ᠨᠥᠬᠦᠪᠦᠷᠢ  ᠶᠢ ᠬᠦᠷᠲᠡᠬᠦ ᠠᠴᠠ ᠭᠠᠳᠠᠨ᠎ᠠ ᠪᠠᠰᠠ ᠴᠠᠭᠠᠨ ᠭᠤᠶᠣᠣ ᠤᠯᠠᠭᠠᠨ ᠭᠤᠶᠣᠣ ᠲᠠᠷᠢᠵᠤ ᠪᠣᠷᠣᠯᠠᠭᠤᠯᠤᠨ᠂ ᠤᠷᠭᠤᠮᠠᠯ ᠤᠨ ᠦᠷ᠎ᠡ ᠶᠢ ᠲᠡᠭᠦᠵᠦ ᠪᠣᠷᠣᠯᠠᠭᠤᠯᠬᠤ ᠪᠠᠷ ᠳᠠᠮᠵᠢᠨ ᠪᠠᠶᠠᠵᠢᠯ ᠤᠨ ᠵᠠᠮ ᠢᠶᠠᠨ ᠥᠷᠭᠡᠳᠬᠡᠵᠦ᠂ 34 ᠮᠠᠯᠴᠢᠨ ᠤᠢ ᠰᠢᠭᠤᠢ ᠶᠢᠨ ᠬᠠᠮᠠᠭᠠᠯᠠᠭᠴᠢ ᠪᠣᠯᠵᠤ᠂ ᠠᠮᠢ ᠠᠬᠤᠢ᠂ ᠠᠵᠤ ᠠᠬᠤᠢ᠂ ᠨᠡᠶᠢᠭᠡᠮ ᠤᠨ ᠦᠷ᠎ᠡ ᠠᠰᠢᠭ ᠵᠡᠷᠭᠡ ᠣᠯᠠᠨ ᠲᠠᠯ᠎ᠠ ᠪᠠᠷ ᠠᠰᠢᠭ ᠬᠦᠷᠲᠡᠬᠦ  ᠶᠢ ᠦᠨᠡᠨᠬᠦ ᠪᠡᠶᠡᠯᠡᠭᠦᠯᠵᠦ ᠴᠢᠳᠠᠵᠠᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号