ᠣᠨᠳᠣᠷᠣᠯᠲᠤ ᠪᠠᠯᠭᠠᠰᠤᠨ ᠤ ᠲᠠᠪᠤᠨᠬᠤᠳᠳᠤᠭ ᠭᠠᠴᠠᠭᠠᠨ ᠤ ︽ᠬᠤᠶᠠᠷ ᠵᠥᠪᠯᠡᠯ︾ ᠎ ᠤᠨ ᠬᠢᠨ ᠨᠠᠰᠤᠲᠠᠶᠢᠴᠤᠳ  ᠢ ᠬᠠᠯᠠᠮᠵᠢᠯᠠᠨ ᠳᠡᠮᠵᠢᠵᠦ ᠪᠠᠶᠢᠨ᠎ᠠ
ᠨᠡᠶᠢᠲᠡᠯᠡᠭᠰᠡᠨ ᠴᠠᠭ᠄
2023/12/31
                   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ ᠣᠨᠳᠣᠷᠣᠯᠲᠤ ᠪᠠᠯᠭᠠᠰᠤᠨ ᠤ ᠲᠠᠪᠤᠨᠬᠤᠳᠳᠤᠭ ᠭᠠᠴᠠᠭᠠᠨ ᠤ ᠨᠠᠮ ᠤᠨ ᠡᠭᠦᠷ ᠠᠴᠠ ᠠᠷᠠᠳ ᠲᠤ ᠪᠣᠳᠠᠲᠠᠢ ᠠᠵᠢᠯ ᠬᠢᠵᠦ ᠥᠭᠬᠦ ᠪᠠᠷ ᠭᠠᠷᠳᠠᠴᠠ ᠪᠣᠯᠭᠠᠵᠤ᠂ ᠣᠯᠠᠨ ᠲᠦᠮᠡᠨ ᠤ ᠭᠦᠷᠲᠡᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠤᠯᠠᠮ ᠳᠡᠭᠡᠭᠰᠢᠯᠡᠭᠦᠯᠵᠦ ᠪᠤᠢ᠃       ᠣᠶᠢᠷ᠎ᠠ ᠶᠢᠨ ᠡᠳᠦᠷ᠂ ᠲᠠᠪᠤᠨᠬᠤᠳᠳᠤᠭ ᠭᠠᠴᠠᠭᠠᠨ ᠤ ᠱᠦᠵᠢ᠂ ᠭᠠᠴᠠᠭᠠᠨ ᠳᠠᠭᠠᠨ ᠬᠠᠷᠢᠵᠤ ᠲᠤᠰᠢᠶᠠᠯ ᠬᠠᠷᠢᠭᠤᠴᠠᠭᠰᠠᠨ ᠣᠶᠤᠲᠠᠳ ᠮᠠᠯᠴᠢᠨ ᠲᠠᠷᠢᠶᠠᠴᠢᠨ ᠡᠷᠦᠭᠡ ᠪᠠᠷ ᠰᠤᠷᠪᠤᠯᠵᠢᠯᠠᠬᠤ ᠶᠠᠪᠤᠴᠠ ᠳᠠᠭᠠᠨ᠂ ᠣᠶᠤᠨᠴᠢ ᠭᠠᠷ ᠤᠲᠠᠰᠤ ᠬᠡᠷᠡᠭᠯᠡᠵᠦ ᠴᠢᠳᠠᠬᠤ ᠦᠭᠡᠢ ᠬᠡᠰᠡᠭ ᠨᠠᠰᠤᠲᠠᠶᠢᠴᠤᠳ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠱᠠᠩᠨᠠᠯ ᠨᠥᠬᠦᠪᠦᠷᠢ ᠣᠯᠭᠤᠬᠤ ᠭᠡᠷᠡᠴᠢᠯᠡᠯᠲᠡ ᠪᠠᠨ ᠭᠠᠷ ᠤᠲᠠᠰᠤ ᠪᠠᠷ ᠢᠶᠠᠨ ᠬᠢᠵᠦ ᠴᠢᠳᠠᠬᠤ ᠦᠭᠡᠢ ᠬᠦᠴᠢᠷᠳᠡᠵᠦ ᠪᠠᠶᠢᠭ᠎ᠠ ᠶᠢ ᠣᠯᠵᠤ ᠮᠡᠳᠡᠭᠡᠳ᠂ ᠲᠡᠷᠡ ᠳᠠᠷᠤᠢ ᠳᠤᠨᠢ ᠨᠠᠰᠤᠲᠠᠶᠢᠴᠤᠳ ᠤᠨ ᠭᠡᠷ ᠲᠤ ᠬᠦᠷᠴᠦ᠂ ᠲᠡᠳᠡᠨ ᠢ ᠬᠠᠪᠰᠤᠷᠤᠨ ᠣᠨ ᠤ ᠪᠠᠶᠢᠴᠠᠭᠠᠯᠲᠠ ᠶᠢᠨ ᠬᠠᠮᠢᠶ᠎ᠠ ᠪᠦᠬᠦᠢ ᠭᠠᠷᠳᠠᠮ ᠭᠦᠢᠴᠡᠳᠬᠡᠯ ᠢ ᠪᠡᠶᠡᠯᠡᠭᠦᠯᠵᠦ᠂ ᠬᠦᠴᠢᠷᠳᠡᠯ ᠢ ᠎ ᠨᠢ ᠰᠢᠢᠳᠪᠦᠷᠢᠯᠡᠵᠦ ᠥᠭᠬᠦ ᠪᠠᠷ ᠲᠣᠭᠲᠠᠪᠠ᠃ ᠭᠠᠴᠠᠭᠠᠨ ᠤ ︽ᠬᠤᠶᠠᠷ ᠵᠥᠪᠯᠡᠯ︾ ᠎ ᠤᠨ ᠭᠡᠰᠢᠭᠦᠳ ᠨᠠᠰᠤᠲᠠᠶᠢᠴᠤᠳ ᠢ ᠬᠠᠪᠰᠤᠷᠤᠨ ᠭᠠᠷ ᠤᠲᠠᠰᠤᠨ ᠳᠤᠨᠢ ᠮᠥᠩᠬᠡ ᠰᠤᠪᠠᠭ APP᠎ ᠶᠢ ᠪᠠᠭᠤᠯᠭᠠᠵᠤ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ ᠨᠠᠰᠤᠲᠠᠶᠢᠴᠤᠳ ᠤᠨ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠶᠢ ᠨᠠᠷᠢᠨ ᠨᠢᠮᠪᠠᠢ ᠬᠠᠷᠭᠤᠭᠤᠯᠵᠤ᠂ ᠭᠠᠷᠳᠠᠮ ᠭᠦᠢᠴᠡᠳᠬᠡᠯ ᠤᠨ ᠠᠯᠬᠤᠮ ᠳᠠᠷᠠᠭᠠᠯᠠᠯ ᠶᠣᠰᠣᠭᠠᠷ ᠣᠨ ᠤ ᠪᠠᠶᠢᠴᠠᠭᠠᠯᠲᠠ ᠬᠢᠬᠦ ᠳᠤ ᠱᠠᠭᠠᠷᠳᠠᠭᠳᠠᠬᠤ ᠮᠡᠳᠡᠭᠡ ᠵᠠᠩᠭᠢ ᠶᠢ ᠣᠨᠣᠪᠴᠢᠲᠠᠢ ᠲᠣᠪᠴᠢᠳᠠᠨ ᠣᠷᠣᠭᠤᠯᠵᠤ᠂ ᠬᠠᠮᠤᠭ ᠤᠨ ᠰᠡᠬᠦᠯ ᠳᠤᠨᠢ ᠬᠥᠮᠥᠨ ᠤ ᠵᠢᠰᠦ ᠶᠢ ᠢᠯᠭᠠᠨ ᠲᠠᠨᠢᠬᠤ ᠭᠡᠷᠡᠴᠢᠯᠡᠭᠡ ᠶᠢ ᠠᠮᠵᠢᠯᠲᠠ ᠲᠠᠢ ᠥᠩᠭᠡᠷᠡᠭᠡᠨ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠱᠠᠩᠨᠠᠯ ᠨᠥᠬᠦᠪᠦᠷᠢ ᠣᠯᠭᠤᠬᠤ ᠭᠡᠷᠡᠴᠢᠯᠡᠯᠲᠡ ᠶᠢ ᠨᠢ ᠬᠢᠵᠦ ᠥᠭᠭᠦᠭᠰᠡᠨ ᠪᠠᠶᠢᠨ᠎ᠠ᠃       ︽ᠥᠩᠭᠡᠷᠡᠭᠰᠡᠨ ᠳᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠪᠤᠶᠤ ᠣᠨ ᠤ ᠪᠠᠶᠢᠴᠠᠭᠠᠯᠲᠠ ᠬᠢᠳᠡᠭ ᠲᠤᠰᠬᠠᠢ ᠠᠵᠢᠯ ᠤᠨ ᠴᠡᠭ ᠲᠤ ᠬᠦᠷᠴᠦ ᠬᠠᠮᠢᠶ᠎ᠠ ᠪᠦᠬᠦᠢ ᠭᠠᠷᠳᠠᠮ ᠭᠦᠢᠴᠡᠳᠬᠡᠯ ᠢᠶᠠᠨ ᠬᠢᠳᠡᠭ ᠪᠠᠶᠢᠪᠠ᠂ ᠣᠲᠣ ᠭᠡᠷ ᠲᠡᠭᠡᠨ ᠰᠠᠭᠤᠵᠤ ᠪᠠᠶᠢᠭᠠᠳ ᠴᠦ ᠭᠡᠰᠡᠨ ᠬᠢᠵᠦ ᠴᠢᠳᠠᠬᠤ ᠪᠣᠯᠣᠯ᠎ᠠ᠂ ᠭᠠᠴᠠᠭᠠᠨ ᠤ ︿ᠬᠤᠶᠠᠷ ᠵᠥᠪᠯᠡᠯ﹀ ᠎ ᠳᠡᠭᠡᠨ ᠲᠠᠯᠠᠷᠬᠠᠵᠤ ᠪᠠᠶᠢᠨ᠎ᠠ᠂ ᠨᠠᠮ ᠵᠠᠰᠠᠭ ᠠᠴᠠ ᠨᠠᠰᠤᠲᠠᠶᠢᠴᠤᠳ ᠲᠤ ᠬᠠᠨᠳᠤᠭᠤᠯᠤᠭᠰᠠᠨ ᠬᠠᠶᠢᠷ᠎ᠠ ᠬᠠᠯᠠᠮᠵᠢᠯᠠᠯ ᠳᠤ ᠣᠨᠴᠠᠭᠠᠶᠢᠯᠠᠨ ᠲᠠᠯᠠᠷᠬᠠᠵᠤ ᠪᠠᠶᠢᠨ᠎ᠠ︾ ᠭᠡᠵᠦ ᠨᠣᠷᠵᠢᠨ ᠨᠠᠰᠤᠲᠠᠨ ᠰᠡᠳᠬᠢᠯ ᠳᠣᠭᠳᠣᠯᠤᠨ ᠶᠠᠷᠢᠨ᠎ᠠ᠃       ᠤᠯᠠᠨ ᠲᠦᠮᠡᠨ ᠤ ᠠᠰᠢᠭ ᠲᠤᠰᠠ ᠳᠤ ᠬᠤᠯᠪᠣᠭᠳᠠᠭᠰᠠᠨ ᠬᠡᠷᠡᠭ ᠶᠠᠪᠤᠳᠠᠯ ᠳᠤ ᠶᠡᠭᠡ ᠪᠠᠭ᠎ᠠ ᠶᠢᠨ ᠢᠯᠭᠠᠭ᠎ᠠ ᠭᠡᠵᠦ ᠪᠠᠶᠢᠳᠠᠭ ᠦᠭᠡᠢ᠃ ᠲᠠᠪᠤᠨᠬᠤᠳᠳᠤᠭ ᠭᠠᠴᠠᠭᠠᠨ ᠤ ︽ᠬᠤᠶᠠᠷ ᠵᠥᠪᠯᠡᠯ︾ ᠎ ᠤᠨ ᠭᠡᠰᠢᠭᠦᠳ ᠤᠨ ᠬᠠᠮᠲᠤ ᠶᠢᠨ ᠴᠢᠷᠮᠠᠶᠢᠯᠭ᠎ᠠ ᠪᠠᠷ ᠪᠠᠶᠠᠨᠬᠤᠲᠠ ᠪᠠᠯᠭᠠᠰᠤᠨ ᠳᠤ ᠰᠠᠭᠤᠵᠤ ᠪᠠᠶᠢᠭ᠎ᠠ ᠨᠠᠰᠤᠲᠠᠶᠢᠴᠤᠳ ᠤᠨ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠱᠠᠩᠨᠠᠯ ᠨᠥᠬᠦᠪᠦᠷᠢ ᠣᠯᠭᠤᠬᠤ ᠭᠡᠷᠡᠴᠢᠯᠡᠯᠲᠡ ᠶᠢᠨ ᠬᠠᠮᠢᠶ᠎ᠠ ᠪᠦᠬᠦᠢ ᠭᠠᠷᠳᠠᠮ ᠭᠦᠢᠴᠡᠳᠬᠡᠯ ᠬᠢᠬᠦ ᠠᠵᠢᠯ ᠢ ᠨᠢᠭᠡᠨᠲᠡ ᠪᠡᠶᠡᠯᠡᠭᠦᠯᠵᠦ᠂ ᠨᠠᠰᠤᠲᠠᠶᠢᠴᠤᠳ ᠲᠤ ︽ᠣᠨ ᠤ ᠪᠠᠶᠢᠴᠠᠭᠠᠯᠲᠠ ᠶᠢ ᠭᠡᠷ ᠲᠤᠨᠢ ᠪᠡᠶᠡᠯᠡᠭᠦᠯᠬᠦ ︾ ᠦᠢᠯᠡᠴᠢᠯᠡᠭᠡ ᠬᠠᠩᠭᠠᠨ᠂ ᠠᠮᠢᠳᠤᠷᠠᠯ ᠳᠤᠨᠢ ᠲᠥᠬᠦᠮ ᠦᠵᠡᠭᠦᠯᠵᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号