| ︽︿ᠵᠢᠯᠣᠭᠤᠴᠢ ᠶᠢᠨ ᠭᠡᠷ﹀ ᠲᠤ ᠠᠮᠠᠷᠠᠬᠤ᠂ ᠴᠠᠬᠢᠯᠭᠠᠨ ᠴᠡᠨᠡᠭᠯᠡᠬᠦ᠂ ᠬᠠᠯᠠᠭᠤᠨ ᠤᠰᠤ ᠤᠤᠭᠤᠬᠤ ᠳᠤ | ᠦᠨᠡᠬᠡᠷ ᠲᠥᠬᠦᠮ ᠪᠠᠶᠢᠨ᠎ᠠ︾ ᠭᠡᠵᠦ ᠠᠯᠠᠱᠠ ᠵᠡᠭᠦᠨ ᠬᠤᠰᠢᠭᠤᠨ ᠤ ᠢᠩᠭᠡᠨ ᠰᠤᠮᠤᠨ ᠤ ᠴᠠᠭᠠᠨᠵᠠᠳᠠᠭᠠᠢ | ᠭᠠᠴᠠᠭ᠎ᠠ ᠶᠢᠨ ᠬᠢᠯᠢ ᠶᠢᠨ ︽ᠵᠢᠯᠣᠭᠤᠴᠢ ᠶᠢᠨ ᠭᠡᠷ︾ ᠲᠤ ᠣᠴᠢᠭᠰᠠᠨ ᠵᠢᠯᠣᠭᠤᠴᠢ ᠨᠠᠷ ᠮᠠᠭᠲᠠᠵᠠᠭᠠᠨ᠎ᠠ᠃ | ᠬᠤᠯᠠ ᠵᠠᠮ ᠠᠶᠠᠯᠠᠬᠤ ᠵᠢᠯᠣᠭᠤᠴᠢ ᠳᠤ ᠲᠠᠭᠠᠯᠠᠮᠵᠢᠲᠠᠢ ᠠᠮᠠᠷᠠᠬᠤ ᠭᠠᠵᠠᠷ ᠬᠠᠩᠭᠠᠬᠤ ᠶᠢᠨ ᠲᠥᠯᠥᠭᠡ᠂ | ᠠᠯᠠᠱᠠ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠨᠢ ᠠᠯᠠᠱᠠ ᠵᠡᠭᠦᠨ ᠬᠤᠰᠢᠭᠤᠨ ᠤ ᠢᠩᠭᠡᠨ | ᠰᠤᠮᠤᠨ ᠤ ᠠᠵᠢᠯᠴᠢᠨ ᠤ ᠡᠪᠯᠡᠯ ᠲᠠᠢ ᠬᠠᠮᠲᠤᠷᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠴᠠᠭᠠᠨᠵᠠᠳᠠᠭᠠᠢ ᠶᠢᠨ ᠬᠢᠯᠢ ᠶᠢᠨ ᠨᠢᠭᠡᠳᠦᠭᠡᠷ ᠹᠷᠣᠨᠲ ᠲᠤ ᠨᠢᠭᠡᠨ ︽ᠵᠢᠯᠣᠭᠤᠴᠢ ᠶᠢᠨ ᠭᠡᠷ︾ ᠪᠠᠶᠢᠭᠤᠯᠵᠤ᠂ ᠡᠨᠡ | ᠵᠢᠯ ᠤᠨ 10 ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠣᠷᠣᠭᠤᠯᠤᠨ᠂ ᠪᠤᠢ ᠪᠦᠬᠦᠢ ᠵᠢᠯᠣᠭᠤᠴᠢ ᠳᠤ | ᠦᠢᠯᠡᠴᠢᠯᠡᠭᠡ ᠬᠠᠩᠭᠠᠵᠠᠢ᠃ | ︽ᠵᠢᠯᠣᠭᠤᠴᠢ ᠶᠢᠨ ᠭᠡᠷ︾ ᠲᠤ ᠣᠷᠣᠬᠤ ᠳᠤ ᠰᠢᠷᠡᠭᠡ ᠰᠠᠨᠳᠠᠯᠢ ᠴᠡᠪᠡᠷ ᠲᠡᠭᠰᠢ᠂ ᠲᠥᠬᠦᠭᠡᠷᠦᠮᠵᠢ ᠪᠦᠷᠢᠨ | ᠲᠥᠬᠦᠷ ᠪᠠᠶᠢᠯ᠎ᠠ᠃ ᠵᠢᠯᠣᠭᠤᠴᠢ ᠨᠠᠷ ᠲᠤ ᠲᠡᠷᠭᠡ ᠵᠣᠭᠰᠤᠭᠠᠬᠤ᠂ ᠬᠤᠨᠣᠬᠤ᠂ ᠤᠰᠤ ᠤᠤᠭᠤᠬᠤ᠂ ᠬᠤᠪᠴᠠᠰᠤ | ᠤᠬᠢᠶᠠᠬᠤ᠂ ᠭᠠᠳᠠᠭᠠᠯᠠᠬᠤ᠂ ᠭᠠᠷ ᠤᠲᠠᠰᠤᠨ ᠤ ᠴᠠᠬᠢᠯᠭᠠᠨ ᠴᠡᠨᠡᠭᠯᠡᠬᠦ ᠵᠡᠷᠭᠡ ᠳᠤ ᠲᠥᠬᠦᠮ ᠦᠵᠡᠭᠦᠯᠦᠭᠰᠡᠨ ᠪᠥᠭᠡᠳ | ᠪᠠᠰᠠ ᠡᠮ ᠤᠨ ᠬᠠᠶᠢᠷᠴᠠᠭ ᠪᠠ ᠰᠦᠢᠳᠬᠡᠯ ᠬᠤᠷᠢᠶᠠᠬᠤ ᠦᠭᠡᠢ Wi-Fi ᠲᠣᠬᠢᠷᠠᠭᠤᠯᠵᠤ᠂ ᠵᠢᠯᠣᠭᠤᠴᠢ ᠨᠠᠷ ᠢ ︽ | ᠬᠠᠯᠠᠭᠤᠨ ᠬᠤᠭᠤᠯᠠ ᠢᠳᠡᠵᠦ᠂ ᠬᠠᠯᠠᠭᠤᠨ ᠤᠰᠤ ᠤᠤᠭᠤᠵᠤ᠂ ᠰᠠᠨᠠᠭ᠎ᠠ ᠠᠮᠤᠷ ᠲᠡᠷᠭᠡ ᠪᠠᠨ ᠵᠣᠭᠰᠣᠭᠠᠵᠤ᠂ | ᠰᠠᠨᠠᠭ᠎ᠠ ᠠᠮᠤᠷ ᠤᠨᠲᠠᠵᠤ ᠠᠮᠠᠷᠠᠬᠤ︾ ᠦᠢᠯᠡᠴᠢᠯᠡᠭᠡ ᠬᠠᠩᠭᠠᠭᠰᠠᠨ ᠪᠠᠶᠢᠨ᠎ᠠ᠃ | ᠠᠯᠠᠱᠠ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ ᠣᠶᠤᠨᠭᠡᠷᠡᠯ᠄ ︽ | ᠬᠢᠯᠢ ᠶᠢᠨ ᠨᠢᠭᠡᠳᠦᠭᠡᠷ ᠹᠷᠣᠨᠲ ᠲᠤ ᠰᠦᠯᠵᠢᠶᠡᠨ ᠤ ᠳᠣᠬᠢᠶ᠎ᠠ ᠲᠣᠭᠲᠠᠭᠤᠨ ᠪᠤᠰᠤ ᠪᠠᠶᠢᠳᠠᠭ᠂ ᠬᠦᠴᠢᠷᠳᠡᠯ ᠲᠠᠢ | ᠦᠶ᠎ᠡ ᠳᠤ ᠴᠠᠭ ᠲᠤᠬᠠᠢ ᠳᠤᠨᠢ ᠭᠠᠳᠠᠨᠠᠬᠢ ᠲᠠᠢ ᠬᠠᠷᠢᠯᠴᠠᠬᠤ ᠶᠢᠨ ᠠᠷᠭ᠎ᠠ ᠦᠭᠡᠢ ᠪᠣᠯᠬᠤ ᠶᠠᠪᠤᠳᠠᠯ ᠭᠠᠷᠳᠠᠭ᠃ | ︿ᠵᠢᠯᠣᠭᠤᠴᠢ ᠶᠢᠨ ᠭᠡᠷ﹀ ᠨᠢ ᠨᠠᠭᠠᠰᠢ ᠴᠠᠭᠠᠰᠢ ᠥᠩᠭᠡᠷᠡᠬᠦ ᠵᠢᠯᠣᠭᠤᠴᠢ ᠨᠠᠷ ᠤᠨ ᠠᠮᠠᠷᠠᠬᠤ ᠭᠠᠵᠠᠷ ᠪᠤᠯᠤᠬᠰᠠᠨ ᠢᠶᠠᠷ | ᠪᠠᠷᠠᠬᠤ ᠦᠭᠡᠢ ᠲᠡᠳᠡᠨ ᠤ ᠬᠦᠴᠢᠷᠳᠡᠯ ᠢ ᠰᠢᠢᠳᠪᠦᠷᠢᠯᠡᠬᠦ ᠬᠠᠶᠢᠷ᠎ᠠ ᠬᠠᠯᠠᠮᠵᠢ ᠶᠢᠨ ᠥᠷᠲᠡᠭᠡ ᠪᠤᠯᠤᠬᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠪᠢᠳᠡ ︿ᠵᠢᠯᠣᠭᠤᠴᠢ ᠶᠢᠨ ᠭᠡᠷ﹀ ᠪᠠ ︿ᠠᠵᠢᠯᠴᠢᠨ ᠤ ᠡᠪᠯᠡᠯ ᠤᠨ ᠭᠡᠷ ᠤᠨ ᠭᠠᠳᠠᠨᠠᠬᠢ | ᠬᠥᠳᠡᠯᠮᠦᠷᠢᠴᠢᠳ ᠤᠨ ᠦᠢᠯᠡᠴᠢᠯᠡᠭᠡᠨ ᠤ ᠥᠷᠲᠡᠭᠡ﹀ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠷᠭ᠎ᠠ | ᠮᠠᠶ᠋ᠢᠭ ᠤᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠥᠷᠭᠡᠨ ᠣᠯᠠᠨ ᠰᠢᠨ᠎ᠡ ᠠᠵᠢᠯ ᠳᠦᠷᠦᠯ ᠤᠨ | ᠬᠢᠨ ᠳᠤ ᠨᠡᠩ ᠭᠦᠢᠴᠡᠳ ᠬᠠᠯᠠᠮᠵᠢᠯᠠᠯ ᠪᠠ ᠦᠢᠯᠡᠴᠢᠯᠡᠭᠡ ᠬᠠᠩᠭᠠᠨ᠎ᠠ︾ ᠭᠡᠵᠦ ᠶᠠᠷᠢᠯ᠎ᠠ᠃ | ︵ᠮᠠ ᠰᠢᠶᠣᠣ ᠰᠢᠨ ᠬᠠᠨ ᠸᠧᠢ︶ | |