ᠤᠰᠤ ᠶᠢ ᠬᠢᠮᠠᠭᠠᠳᠠᠨ ᠠᠷᠪᠢᠯᠠᠬᠤ ᠠᠯᠠᠱᠠ ᠶᠢᠨ ᠠᠵᠢᠯᠯᠠᠭᠠᠨ ᠡᠷᠴᠢᠮᠲᠡᠢ ᠶᠠᠪᠤᠭᠳᠠᠵᠤ ᠪᠤᠢ
ᠨᠡᠶᠢᠲᠡᠯᠡᠭᠰᠡᠨ ᠴᠠᠭ᠄
2023/12/31
             ᠡᠷᠳᠡᠨᠢᠬᠦᠦ  ᠂ ᠨᠠᠷᠠᠨ᠎ᠠ       ᠥᠷᠯᠥᠭᠡ ᠪᠣᠰᠣᠮᠠᠭᠴᠠ᠂ ᠠᠯᠠᠱᠠ ᠠᠶᠢᠮᠠᠭ ᠤᠨ ᠮᠢᠩ ᠳ᠋ᠦ᠋ ᠠᠳᠠᠯ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠡᠯᠪᠢᠨ ᠵᠠᠰᠠᠬᠤ ᠠᠵᠢᠯᠴᠢᠨ ᠬᠤᠸᠠᠩ ᠶᠢᠨ ᠬᠤ᠋ ᠰᠠᠭᠤᠭᠠᠯᠢ ᠠᠷᠠᠳ ᠤᠨ ᠲᠣᠭᠤᠷᠢᠭ ᠤᠨ ᠤᠰᠤ ᠬᠠᠩᠭᠠᠬᠤ ᠬᠤᠭᠤᠯᠠᠢ ᠶᠢ ᠲᠣᠭᠤᠷᠢᠨ ᠪᠠᠶᠢᠴᠠᠭᠠᠵᠤ ᠡᠬᠢᠯᠡᠨ᠎ᠡ᠃ ᠰᠠᠭᠤᠭᠠᠯᠢ ᠲᠣᠭᠤᠷᠢᠭ ᠤᠨ ᠤᠰᠤᠨ ᠤ ᠡᠬᠢ ᠪᠠᠶᠠᠯᠢᠭ ᠢ ᠪᠦᠷᠢᠯᠭᠡᠬᠦ ᠠᠴᠠ ᠵᠠᠶᠢᠯᠠᠰᠬᠢᠬᠦ ᠶᠢᠨ ᠲᠥᠯᠥᠭᠡ᠂ ᠬᠤᠸᠠᠩ ᠶᠢᠨ ᠬᠤ᠋ ᠡᠶᠢᠮᠦᠷᠬᠦ ᠲᠣᠭᠤᠷᠢᠨ ᠪᠠᠶᠢᠴᠠᠭᠠᠬᠤ ᠠᠵᠢᠯ ᠢ ᠦᠷᠭᠦᠯᠵᠢ ᠬᠢᠵᠦ᠂ ᠤᠰᠤ ᠭᠤᠭᠤᠵᠢᠭᠰᠠᠨ ᠭᠠᠵᠠᠷ ᠪᠠ ᠡᠪᠳᠡᠷᠡᠵᠦ ᠰᠦᠢᠳᠦᠭᠰᠡᠨ ᠬᠤᠭᠤᠯᠠᠢ ᠶᠢ ᠴᠠᠭ ᠲᠤᠬᠠᠢ ᠳᠤᠨᠢ ᠵᠠᠰᠠᠵᠤ ᠰᠡᠯᠪᠢᠨ᠂ ᠨᠣᠭᠤᠭᠠᠷᠠᠭᠤᠯᠤᠯᠲᠠ ᠳᠤ ᠬᠡᠷᠡᠭᠯᠡᠬᠦ ᠤᠰᠤᠨ ᠬᠤᠳᠳᠤᠭ ᠢ ᠣᠨᠢᠰᠤᠯᠠᠵᠤ᠂ ᠤᠰᠤ ᠠᠯᠳᠠᠭᠳᠠᠬᠤ ᠪᠠ ᠪᠦᠷᠢᠯᠭᠡᠨ ᠰᠦᠢᠳᠬᠡᠵᠦ ᠮᠡᠳᠡᠬᠦ ᠪᠣᠯᠣᠮᠵᠢ ᠲᠠᠢ ᠭᠠᠵᠠᠷ ᠢ ᠲᠠᠯᠪᠢᠯ ᠦᠭᠡᠢ ᠪᠠᠶᠢᠴᠠᠭᠠᠨ᠎ᠠ᠃       ᠤᠰᠤᠨ ᠤ ᠡᠬᠢ ᠪᠠᠶᠠᠯᠢᠭ ᠢ ᠪᠦᠲᠦᠮᠵᠢᠲᠡᠢ ᠠᠷᠪᠢᠯᠠᠵᠤ᠂ ᠰᠠᠭᠤᠭᠠᠯᠢ ᠠᠷᠠᠳ ᠤᠨ ᠤᠰᠤ ᠠᠷᠪᠢᠯᠠᠬᠤ ᠤᠬᠠᠮᠰᠠᠷ ᠢ ᠳᠡᠭᠡᠭᠰᠢᠯᠡᠭᠦᠯᠭᠦ ᠶᠢᠨ ᠲᠥᠯᠥᠭᠡ᠂ ᠮᠢᠩ ᠳ᠋ᠦ᠋ ᠠᠳᠠᠯ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠤᠰᠬᠠᠶᠢᠯᠠᠨ ᠤᠰᠤ ᠠᠷᠪᠢᠯᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠤᠰᠤ ᠠᠷᠪᠢᠯᠠᠬᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠂ ᠤᠬᠠᠭᠤᠯᠭ᠎ᠠ ᠶᠢᠨ ᠰᠠᠮᠪᠠᠷ᠎ᠠ᠂ ᠤᠬᠠᠭᠤᠯᠭ᠎ᠠ ᠶᠢᠨ ᠬᠠᠭᠤᠳᠠᠰᠤ᠂ ᠥᠮᠴᠢᠲᠡᠨ ᠤ ᠸᠢᠴᠠᠲ ᠤᠨ ᠬᠤᠯᠪᠣᠭ᠎ᠠ ᠵᠡᠷᠭᠡ ᠶᠢ ᠠᠰᠢᠭᠯᠠᠨ ᠤᠰᠤ ᠠᠷᠪᠢᠯᠠᠬᠤ ᠤᠬᠠᠭᠤᠯᠭ᠎ᠠ ᠶᠢ ᠪᠠᠶᠢᠩᠭᠤ ᠥᠷᠨᠢᠭᠦᠯᠪᠡ᠃ ᠲᠣᠰ ᠺᠣᠮᠫᠠᠨᠢ ᠶᠢᠨ ᠬᠠᠮᠢᠶᠠᠷᠴᠤ ᠪᠠᠶᠢᠭ᠎ᠠ ᠰᠠᠭᠤᠭᠠᠯᠢ ᠠᠷᠠᠳ ᠤᠨ ᠲᠣᠭᠤᠷᠢᠭ ᠲᠤ ᠤᠰᠤ ᠠᠷᠪᠢᠯᠠᠬᠤ ᠪᠠᠭᠠᠵᠢ ᠬᠡᠷᠡᠭᠰᠡᠯ ᠢ ᠬᠡᠷᠡᠭᠯᠡᠵᠦ᠂ ᠨᠣᠭᠤᠭᠠᠷᠠᠭᠤᠯᠤᠯᠲᠠ ᠶᠢᠨ ᠪᠦᠰᠡ  ᠳᠤ ᠰᠦᠷᠴᠢᠨ ᠤᠰᠤᠯᠠᠬᠤ ᠲᠥᠬᠦᠭᠡᠷᠦᠮᠵᠢ ᠪᠦᠷᠢᠳᠦᠭᠦᠯᠦᠨ᠂ ᠤᠰᠤᠨ ᠤ ᠪᠦᠷᠢᠯᠭᠡᠯ  ᠢ ᠪᠦᠲᠦᠮᠵᠢᠲᠡᠢ ᠪᠠᠭᠠᠰᠬᠠᠪᠠ᠃ ᠢᠩᠭᠢᠭᠡᠳ ᠲᠣᠰ ᠺᠣᠮᠫᠠᠨᠢ ᠤᠷᠢᠳ ᠬᠤᠵᠢᠳ ︽ᠠᠯᠠᠱᠠ ᠵᠡᠭᠦᠨ ᠬᠤᠰᠢᠭᠤᠨ ᠤ ᠵᠢᠱᠢᠶᠡᠴᠢ ᠠᠳᠠᠯ ᠠᠬᠤᠢ ᠶᠢᠨ ᠠᠵᠤ ᠠᠬᠤᠶᠢᠯᠠᠯ︾ ︽ᠠᠯᠠᠱᠠ ᠠᠶᠢᠮᠠᠭ ᠤᠨ ᠲᠡᠷᠢᠭᠦᠨ ᠤ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ︾ ︽ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠵᠢᠱᠢᠶᠡᠴᠢ ᠬᠠᠮᠲᠤ ᠨᠢᠭᠡᠴᠢ︾ ᠵᠡᠷᠭᠡ ᠪᠠᠷ ᠦᠨᠡᠯᠡᠭᠳᠡᠭᠰᠡᠨ ᠪᠠᠶᠢᠨ᠎ᠠ᠃       ︽ᠮᠠᠨ ᠤ ᠺᠣᠮᠫᠠᠨᠢ ᠣᠯᠠᠨ ᠰᠠᠭᠤᠭᠠᠯᠢ ᠠᠷᠠᠳ ᠤᠨ ᠲᠣᠭᠤᠷᠢᠭ᠂ ᠪᠠᠶᠢᠭᠤᠯᠭ᠎ᠠ ᠨᠢᠭᠡᠴᠢ᠂ ᠰᠤᠷᠭᠠᠭᠤᠯᠢ ᠶᠢᠨ ᠠᠳᠠᠯ ᠠᠬᠤᠢ ᠶᠢᠨ ᠦᠢᠯᠡᠴᠢᠯᠡᠭᠡᠨ ᠤ ᠵᠦᠢᠯᠡᠰ ᠢ ᠭᠥᠯᠢᠶᠡᠨ ᠠᠪᠤᠭᠰᠠᠨ ᠪᠣᠯᠬᠤᠷ ᠦᠢᠯᠡᠴᠢᠯᠡᠭᠡᠨ ᠤ ᠶᠡᠷᠦᠩᠬᠡᠢ ᠲᠠᠯᠠᠪᠠᠶ ᠨᠢ 60 ᠭᠠᠷᠤᠢ ᠲᠦᠮᠡᠨ ᠲᠡᠭᠰᠢ ᠳᠥᠷᠪᠡᠯᠵᠢᠨ ᠮᠧᠲᠷ  ᠢ ᠳᠠᠪᠠᠭᠰᠠᠨ ᠪᠠᠶᠢᠨ᠎ᠠ᠃ ᠡᠳᠦᠷ ᠲᠤᠲᠤᠮ ᠤᠨ ᠵᠢᠵᠢᠭ ᠰᠠᠵᠢᠭ ᠵᠦᠢᠯ ᠤᠨ ᠠᠷᠪᠢᠯᠠᠨ ᠭᠠᠮᠨᠠᠬᠤ ᠶᠢ ᠪᠠᠰᠤᠵᠤ ᠪᠣᠯᠬᠤ ᠦᠭᠡᠢ᠂ ᠨᠢᠭᠡ ᠵᠢᠯ ᠳᠤ ᠨᠠᠷᠢᠨ ᠪᠤᠳᠤᠪᠠᠯ ᠪᠠᠭ᠎ᠠ ᠦᠭᠡᠢ ᠠᠷᠪᠢᠯᠠᠵᠤ ᠴᠢᠳᠠᠨ᠎ᠠ᠃ ᠡᠨᠡ ᠨᠢ ᠤᠰᠤᠨ ᠤ ᠡᠬᠢ ᠪᠠᠶᠠᠯᠢᠭ ᠢ ᠠᠷᠪᠢᠯᠠᠬᠤ ᠪᠠᠷ ᠪᠠᠷᠠᠬᠤ ᠦᠭᠡᠢ ᠪᠠᠰᠠ ᠦᠢᠯᠡᠴᠢᠯᠡᠭᠡᠨ ᠤ ᠥᠪᠡᠷ ᠤᠨ ᠥᠷᠲᠡᠭ ᠢ ᠠᠷᠪᠢᠯᠠᠵᠤ ᠴᠢᠳᠠᠬᠤ ᠶᠤᠮ︾ ᠭᠡᠵᠦ ᠺᠣᠮᠫᠠᠨᠢ ᠶᠢᠨ ᠳᠦᠷᠦᠯ ᠵᠦᠢᠯ ᠤᠨ ᠳᠠᠭᠠᠭᠠᠮᠠᠯ ᠰᠢᠦᠢ ᠳ᠋ᠥᠸᠧ ᠵᠢᠶᠦ᠋ᠨ ᠲᠠᠨᠢᠯᠴᠠᠭᠤᠯᠪᠠ᠃       ᠤᠰᠤ ᠳᠤᠲᠠᠭᠳᠠᠬᠤ ᠨᠢ ᠤᠷᠳᠦ ᠤᠳᠠᠭᠠᠨ ᠵᠢᠯ ᠤᠨ ᠲᠤᠷᠰᠢ ᠠᠯᠠᠱᠠ ᠠᠶᠢᠮᠠᠭ  ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠬᠤ ᠨᠢᠭᠡ ᠶᠡᠭᠡ ᠪᠣᠭᠤᠮᠢ ᠪᠣᠯᠣᠭᠰᠠᠭᠠᠷ ᠢᠷᠡᠭᠰᠡᠨ ᠶᠤᠮ᠃ ︽ᠤᠰᠤ ᠳᠤᠲᠠᠭᠳᠠᠪᠠᠯ ᠭᠠᠮᠲᠠᠢ ᠬᠡᠷᠡᠭᠯᠡᠬᠦ ᠭᠡᠷᠡᠭᠲᠡᠢ᠂ ᠵᠢᠭᠠᠬᠠᠨ ᠴᠤ ᠪᠦᠷᠢᠯᠭᠡᠨ ᠰᠦᠢᠳᠬᠡᠵᠦ ᠪᠣᠯᠬᠤ ᠦᠭᠡᠢ︾ ᠭᠡᠵᠦ ᠡᠨᠡ ᠵᠢᠯ 67 ᠨᠠᠰᠤᠲᠠᠢ ᠪᠠᠶᠠᠨᠬᠤᠲᠠ ᠶᠢᠨ ᠰᠠᠭᠤᠭᠠᠯᠢ ᠠᠷᠠᠳ ᠶᠤᠸᠠᠨ ᠹᠧᠩ ᠰᠢᠶᠠ ᠶᠠᠷᠢᠨ᠎ᠠ᠃ ᠲᠡᠷᠡ᠄ ︽ᠪᠢ ᠪᠠᠭ᠎ᠠ ᠠᠴᠠ ᠪᠠᠨ ᠤᠰᠤ ᠶᠢ ᠠᠷᠪᠢᠯᠠᠵᠤ ᠬᠡᠷᠡᠭᠯᠡᠬᠦ ᠳᠠᠳᠬᠠᠯ ᠲᠠᠢ ᠪᠤᠯᠤᠬᠰᠠᠨ ᠶᠤᠮ᠃ ᠨᠣᠭᠤᠭ᠎ᠠ ᠤᠬᠢᠶᠠᠭᠰᠠᠨ᠂ ᠪᠤᠳᠠᠭ᠎ᠠ ᠲᠤᠩᠭᠠᠭᠰᠠᠨ ᠤᠰᠤ ᠶᠢ ᠬᠠᠳᠠᠭᠠᠯᠠᠵᠤ ᠪᠠᠶᠢᠭᠠᠳ ᠬᠤᠸᠠᠷ ᠴᠡᠴᠡᠭ ᠢ ᠤᠰᠤᠯᠠᠨ᠎ᠠ᠃ ᠲᠣᠯᠣᠭᠠᠢ ᠨᠢᠭᠤᠷ ᠎ ᠢᠶᠠᠨ ᠤᠬᠢᠶᠠᠬᠤ  ᠶᠢᠨ ᠵᠠᠪᠰᠠᠷ ᠲᠤ ᠭᠤᠭᠤᠵᠢᠭᠤᠷ ᠢ ᠬᠠᠭᠠᠵᠤ ᠪᠠᠶᠢᠳᠠᠭ᠂ ᠭᠠᠷ ᠨᠢᠭᠤᠷ  ᠢᠶᠠᠨ ᠤᠬᠢᠶᠠᠭᠰᠠᠨ ᠤᠰᠤ ᠪᠠᠨ ᠵᠠᠯᠭᠠᠭᠠᠳ ᠵᠦᠯᠭᠦᠭᠦᠷ ᠤᠬᠢᠶᠠᠵᠤ ᠪᠣᠯᠣᠨ᠎ᠠ᠃ ᠢᠩᠭᠢᠪᠡᠯ ᠪᠠᠭ᠎ᠠ ᠪᠤᠰᠤ ᠤᠰᠤ ᠠᠷᠪᠢᠯᠠᠵᠤ ᠴᠢᠳᠠᠨ᠎ᠠ︾ ᠭᠡᠵᠦ ᠥᠪᠡᠷ ᠤᠨ ᠤᠰᠤ ᠠᠷᠪᠢᠯᠠᠬᠤ ᠤᠷᠠᠨ ᠠᠷᠭ᠎ᠠ ᠪᠠᠨ ᠶᠠᠷᠢᠵᠤ ᠪᠠᠶᠢᠯ᠎ᠠ᠃       ᠰᠤᠷᠪᠤᠯᠵᠢᠯᠠᠬᠴᠢ ᠶᠤᠸᠠᠨ ᠹᠧᠩ ᠰᠢᠶᠠ ᠶᠢᠨ ᠬᠠᠩᠭᠠᠭᠰᠠᠨ ᠥᠪᠡᠷ ᠤᠨ ᠤᠰᠤᠨ ᠤ ᠰᠦᠢᠳᠬᠡᠯ ᠤᠨ ᠬᠠᠭᠤᠳᠠᠰᠤᠨ ᠳᠡᠭᠡᠷ᠎ᠡ᠂ 10 ᠰᠠᠷ᠎ᠠ ᠶᠢᠨ ᠬᠡᠷᠡᠭᠯᠡᠭᠰᠡᠨ ᠤᠰᠤ 4 ᠲᠣᠨ᠂ ᠤᠰᠤᠨ ᠤ ᠰᠦᠢᠳᠬᠡᠯ ᠨᠢ 13.6 ᠲᠥᠭᠦᠷᠢᠭ ᠪᠠᠶᠢᠬᠤ ᠶᠢ ᠣᠯᠵᠤ ᠬᠠᠷᠠᠪᠠ᠃ ︽ᠮᠢᠨᠤ ᠰᠠᠷ᠎ᠠ ᠪᠦᠷᠢ ᠶᠢᠨ ᠬᠡᠷᠡᠭᠯᠡᠬᠦ ᠤᠰᠤᠨ ᠤ ᠬᠡᠮᠵᠢᠶ᠎ᠡ ᠪᠦᠷ ᠡᠶᠢᠮᠦ ᠬᠡᠮᠵᠢᠶᠡᠨ ᠳᠤ ᠪᠠᠶᠢᠳᠠᠭ᠃ ᠮᠠᠨ ᠤ ᠠᠬᠠᠮᠠᠳ ᠦᠶ᠎ᠡ ᠶᠢᠨ ᠬᠢᠨ ᠪᠦᠷ ᠨᠡᠯᠢᠶᠡᠳ ᠠᠷᠪᠢᠴᠢ ᠭᠠᠮᠲᠠᠢ ᠪᠠᠶᠢᠭᠰᠠᠨ᠂ ᠡᠶᠢᠮᠦ ᠠᠴᠠ ᠪᠢ ᠡᠳᠦᠷ ᠲᠤᠲᠤᠮ ᠤᠨ ᠠᠮᠢᠳᠤᠷᠠᠯ ᠳᠤᠮᠳᠠ ᠦᠷ᠎ᠡ ᠬᠡᠦᠬᠡᠳ ᠢᠶᠠᠨ ᠤᠰᠤ ᠶᠢ ᠠᠷᠪᠢᠯᠠᠵᠤ ᠬᠡᠷᠡᠭᠯᠡᠬᠦ ᠰᠠᠶᠢᠨ ᠳᠠᠳᠬᠠᠯ ᠲᠠᠢ ᠪᠣᠯᠭᠠᠭᠰᠠᠨ ᠶᠤᠮ︾ ᠭᠡᠵᠦ ᠶᠤᠸᠠᠨ ᠹᠧᠩ ᠰᠢᠶᠠ ᠶᠠᠷᠢᠨ᠎ᠠ᠃       ᠲᠣᠰᠣᠯ ᠲᠣᠰᠣᠯ ᠴᠡᠩᠭᠡᠭ ᠤᠰᠤ ᠬᠢᠴᠢᠶᠡᠮᠵᠢ ᠦᠭᠡᠢ ᠶᠢᠨ ᠳᠤᠮᠳᠠ ᠠᠯᠳᠠᠭᠳᠠᠵᠤ ᠠᠯᠠᠭ᠎ᠠ ᠪᠣᠯᠣᠨ᠎ᠠ᠃ ᠤᠰᠤ ᠪᠣᠯ ᠠᠮᠢ ᠨᠠᠰᠤᠨ ᠤ ᠡᠬᠢ ᠰᠤᠷᠪᠤᠯᠵᠢ ᠮᠥᠨ᠂ ᠬᠥᠮᠥᠰ ᠤᠨ ᠣᠷᠣᠰᠢᠨ ᠲᠣᠭᠲᠠᠨᠢᠬᠤ ᠪᠠ ᠬᠥᠭᠵᠢᠬᠦ ᠶᠢᠨ ᠴᠢᠬᠤᠯᠠ ᠪᠣᠳᠠᠰ ᠤᠨ ᠰᠠᠭᠤᠷᠢ ᠪᠠ ᠣᠷᠴᠢᠨ ᠠᠬᠤᠢ ᠶᠢᠨ ᠡᠯᠧᠮᠧᠨ᠋ᠲ ᠮᠥᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠨᠳᠦᠰᠦᠨ ᠡᠬᠢ ᠪᠠᠶᠠᠯᠢᠭ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠵᠤ ᠠᠬᠤᠢ ᠶᠢᠨ ᠡᠬᠢ ᠪᠠᠶᠠᠯᠢᠭ ᠮᠥᠨ᠃ ᠣᠳᠣᠬᠠᠨ ᠳᠤ᠂ ᠠᠯᠠᠱᠠ ᠳᠤ ᠬᠤᠪᠢ ᠬᠥᠮᠥᠨ᠂ ᠭᠡᠷ ᠪᠦᠯᠢ᠂ ᠪᠠᠶᠢᠭᠤᠯᠭ᠎ᠠ ᠨᠢᠭᠡᠴᠢ᠂ ᠨᠡᠶᠢᠭᠡᠮ ᠨᠠᠶᠢᠳᠠ  ᠪᠠᠷ ᠢᠶᠠᠨ ᠴᠥᠮ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠳᠤ ᠬᠤᠪᠢ ᠨᠡᠮᠡᠷᠢ ᠦᠵᠡᠭᠦᠯᠬᠦ ᠬᠠᠮᠲᠤ ᠶᠢᠨ ᠲᠠᠨᠢᠯᠲᠠ  ᠲᠠᠢ ᠪᠣᠯᠵᠠᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号