ᠲᠠᠲᠠᠭᠠᠯ ᠤᠰᠤ ᠭᠠᠴᠠᠭ᠎ᠠ ᠰᠠᠭᠠᠯᠢ ᠶᠢᠨ ᠦᠨᠢᠶᠡᠨ ᠤ ᠠᠵᠤ ᠦᠢᠯᠡᠰ  ᠢ ᠬᠥᠭᠵᠢᠭᠦᠯᠦᠨ ᠠᠷᠠᠳ ᠲᠤ ᠠᠰᠢᠭ ᠬᠦᠷᠲᠡᠭᠡᠵᠦ ᠪᠠᠶᠢᠨ᠎ᠠ
ᠨᠡᠶᠢᠲᠡᠯᠡᠭᠰᠡᠨ ᠴᠠᠭ᠄
2023/12/31
ᠡᠷᠳᠡᠨᠢᠬᠦᠦ  ᠂ ᠨᠠᠷᠠᠨ᠎ᠠ       ᠡᠪᠦᠯ ᠤᠨ ᠳᠤᠮᠳᠠ ᠰᠠᠷ᠎ᠠ ᠳᠤ᠂ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠲᠠᠲᠠᠭᠠᠯ ᠤᠰᠤ ᠭᠠᠴᠠᠭᠠᠨ ᠤ ᠶᠢᠨ ᠰᠧ ᠲᠢᠶᠠᠨ ᠶᠤᠸᠠᠨ ᠮᠠᠯᠵᠢᠯ ᠤᠨ ᠲᠠᠯᠠᠪᠠᠢ ᠳᠤ ᠬᠦᠷᠬᠦ ᠳᠤ᠂ ᠮᠥᠷ ᠮᠥᠷ ᠦᠬᠡᠷ ᠤᠨ ᠬᠠᠰᠢᠶ᠎ᠠ ᠵᠢᠭᠳᠡᠷᠡᠨ᠂ ᠬᠠᠷ᠎ᠠ ᠴᠠᠭᠠᠨ ᠠᠯᠠᠭᠯᠠᠭᠰᠠᠨ ᠦᠨᠢᠶ᠎ᠡ ᠰᠦ ᠪᠠᠨ ᠰᠠᠭᠠᠯᠭᠠᠬᠤ ᠪᠠᠷ ᠠᠭᠠᠵᠢᠭᠤᠬᠠᠨ ᠬᠡᠪᠢᠵᠦ ᠵᠣᠭᠰᠣᠨ᠎ᠠ᠃ ᠮᠠᠯᠵᠢᠯ ᠤᠨ ᠲᠠᠯᠠᠪᠠᠶ ᠶᠢᠨ ᠳᠠᠷᠤᠭ᠎ᠠ ᠵᠠᠩ ᠵᠠᠨ ᠯᠦ᠄ ︽ᠣᠳᠣᠬᠠᠨ ᠳᠤ ᠨᠠᠶᠢᠳᠠ 2000 ᠰᠠᠭᠠᠯᠢ ᠶᠢᠨ ᠦᠨᠢᠶ᠎ᠡ ᠲᠡᠵᠢᠭᠡᠵᠦ᠂ ᠡᠭᠦᠨ ᠤ ᠳᠣᠲᠣᠷ᠎ᠠ ᠲᠥᠯᠯᠡᠬᠦ ᠨᠠᠰᠤᠨ ᠤ ᠰᠠᠭᠠᠯᠢ ᠶᠢᠨ ᠦᠨᠢᠶ᠎ᠡ 1600 ᠪᠤᠢ᠃ ᠡᠳᠦᠷ ᠲᠤ 24 ᠲᠣᠨ ᠰᠦ ᠦᠢᠯᠡᠳᠪᠦᠷᠢᠯᠡᠵᠦ᠂ ᠦᠢᠯᠡᠳᠪᠦᠷᠢᠯᠡᠭᠰᠡᠨ ᠰᠦ ᠶᠢ ᠪᠥᠬᠦᠨ  ᠢ ᠮᠧᠩ ᠨᠢᠦ ᠺᠣᠮᠫᠠᠨᠢ ᠳᠤ ᠪᠣᠷᠣᠯᠠᠭᠤᠯᠵᠤ ᠪᠠᠶᠢᠨ᠎ᠠ︾ ᠭᠡᠵᠡᠢ᠃        ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠬᠥᠭᠵᠢᠭᠦᠯᠬᠦ ᠭᠡᠷᠡᠭᠲᠡᠢ᠃ 2021 ᠣᠨ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠤᠭᠤᠴᠠᠭᠠᠨ ᠳᠤ ᠣᠷᠣᠭᠰᠠᠨ ᠠᠴᠠ ᠨᠠᠭᠠᠰᠢ᠂ ᠠᠯᠠᠱᠠ ᠵᠡᠭᠦᠨ ᠬᠤᠰᠢᠭᠤ ᠠᠵᠤ ᠦᠢᠯᠡᠰ ᠢᠶᠠᠷ ᠬᠠᠪᠰᠤᠷᠤᠨ ᠲᠡᠳᠬᠦᠬᠦ ᠪᠠᠷ ᠭᠤᠣᠯᠳᠠᠭᠤᠯᠵᠤ᠂ ᠡᠳ᠋ ᠤᠨ ᠵᠠᠰᠠᠭ  ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ︽ᠨᠢᠭᠡᠳᠦᠭᠡᠷ ᠠᠵᠤ ᠦᠢᠯᠡᠰ  ᠤᠨ ᠰᠠᠭᠤᠷᠢᠨ ᠭᠠᠵᠠᠷ ᠢ ᠥᠷᠭᠡᠳᠬᠡᠬᠦ᠂ ᠬᠤᠶᠠᠳᠤᠭᠠᠷ ᠠᠵᠤ ᠦᠢᠯᠡᠰ  ᠤᠨ ᠦᠢᠯᠡᠴᠢᠯᠡᠭᠡ ᠶᠢ ᠠᠳᠬᠤᠬᠤ᠂ ᠭᠤᠷᠪᠠᠳᠤᠭᠠᠷ ᠠᠵᠤ ᠦᠢᠯᠡᠰ  ᠤᠨ ᠳᠠᠭᠠᠭᠤᠯᠤᠭᠴᠢ ᠶᠢ ᠲᠡᠳᠬᠦᠬᠦ︾ ᠬᠥᠭᠵᠢᠯᠲᠡ ᠶᠢᠨ ᠰᠡᠳᠬᠢᠴᠡ ᠶᠣᠰᠣᠭᠠᠷ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠠᠵᠤ ᠦᠢᠯᠡᠰ ᠤᠨ ᠬᠥᠭᠵᠢᠯᠲᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠬᠢᠴᠠ ᠶᠢ ᠦᠷᠭᠦᠯᠵᠢᠯᠡᠨ ᠲᠦᠷᠭᠡᠳᠬᠡᠪᠡ᠃       2016 ᠣᠨ ᠳᠤ᠂ ᠶᠢᠨ ᠰᠧ ᠲᠢᠶᠠᠨ ᠶᠤᠸᠠᠨ ᠮᠠᠯᠵᠢᠯ ᠤᠨ ᠲᠠᠯᠠᠪᠠᠢ ᠪᠠᠶᠢᠭᠤᠯᠤᠭᠳᠠᠬᠤ ᠦᠶ᠎ᠡ ᠳᠤ ᠲᠡᠵᠢᠭᠡᠪᠦᠷᠢ ᠶᠢᠨ ᠳᠦᠷᠦᠯ ᠵᠦᠢᠯ ᠨᠢ ᠭᠤᠣᠯᠳᠠᠭᠤ ᠠᠯᠠᠰᠢᠨ ᠦᠬᠡᠷ ᠢᠶᠠᠷ ᠭᠤᠣᠯᠯᠠᠵᠤ᠂ ᠵᠥᠪᠬᠡᠨ 160 ᠰᠠᠭᠠᠯᠢ ᠶᠢᠨ ᠦᠨᠢᠶ᠎ᠡ ᠲᠠᠢ ᠪᠠᠶᠢᠪᠠ᠃ ᠬᠡᠳᠦᠨ ᠵᠢᠯ ᠤᠨ ᠬᠥᠭᠵᠢᠯᠲᠡ ᠪᠠᠷ ᠳᠡᠮᠵᠢᠨ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠨᠢ ᠨᠢᠭᠡ ᠦᠶ᠎ᠡ 1600 ᠭᠠᠷᠤᠢ ᠲᠣᠯᠣᠭᠠᠢ ᠳᠤ ᠬᠦᠷᠴᠦ᠂ ᠰᠠᠭᠠᠯᠢ ᠶᠢᠨ ᠦᠨᠢᠶ᠎ᠡ 400 ᠭᠠᠷᠤᠢ  ᠶᠢ ᠲᠡᠵᠢᠭᠡᠭᠰᠡᠨ ᠪᠠᠶᠢᠨ᠎ᠠ᠃ ᠰᠡᠭᠦᠯᠡᠷ ᠨᠢ ᠲᠠᠲᠠ ᠰᠠᠭᠠᠯᠢ ᠶᠢᠨ ᠦᠨᠢᠶᠡᠨ ᠤ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠢ  ᠶᠢ ᠦᠵᠡᠵᠦ ᠭᠠᠷᠤᠭᠠᠳ᠂ 2021 ᠣᠨ ᠳᠤ ᠠᠯᠠᠰᠢᠨ ᠦᠬᠡᠷ ᠢᠶᠠᠨ ᠪᠥᠬᠦᠨ ᠢ ᠬᠤᠳᠠᠯᠳᠤᠵᠤ᠂ ᠰᠠᠭᠠᠯᠢ ᠶᠢᠨ ᠦᠨᠢᠶᠡᠨ ᠤ ᠦᠢᠯᠡᠰ ᠢ ᠲᠥᠪᠯᠡᠷᠡᠭᠦᠯᠦᠨ ᠬᠥᠭᠵᠢᠭᠦᠯᠬᠦ ᠶᠢᠨ ᠬᠠᠮᠲᠤ ᠮᠧᠩ ᠨᠢᠦ ᠺᠣᠮᠫᠠᠨᠢ ᠲᠠᠢ 6 ᠵᠢᠯ ᠤᠨ ᠰᠢᠨ᠎ᠡ ᠰᠣᠷᠭᠤᠭ ᠰᠦ ᠬᠠᠩᠭᠠᠨ ᠪᠣᠷᠣᠯᠠᠭᠤᠯᠬᠤ ᠭᠡᠷ᠎ᠡ ᠲᠣᠭᠲᠠᠵᠠᠢ᠃ ᠢᠩᠭᠢᠭᠡᠳ 3 ᠵᠢᠯ ᠤᠨ ᠳᠣᠲᠣᠷ᠎ᠠ 3000 ᠲᠣᠯᠣᠭᠠᠢ ᠲᠡᠵᠢᠭᠡᠨ ᠦᠷᠡᠵᠢᠭᠦᠯᠵᠦ᠂ ᠡᠳᠦᠷ ᠲᠤ 50 ᠲᠣᠨ ᠰᠢᠨ᠎ᠡ ᠰᠣᠷᠭᠤᠭ ᠦᠨᠢᠶᠡᠨ ᠰᠦ ᠦᠢᠯᠡᠳᠪᠦᠷᠢᠯᠡᠬᠦ ᠪᠠᠷ ᠲᠥᠯᠥᠪᠯᠡᠵᠦ ᠪᠤᠢ᠃       ᠰᠠᠭᠠᠯᠢ ᠶᠢᠨ ᠦᠨᠢᠶ᠎ᠡ ᠶᠢᠨ ᠠᠵᠤ ᠦᠢᠯᠡᠰ ᠤᠨ ᠬᠥᠭᠵᠢᠯᠲᠡ ᠨᠢ ᠭᠠᠴᠠᠭᠠᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠭᠰᠠᠨ ᠢᠶᠠᠷ ᠪᠠᠷᠠᠬᠤ ᠦᠭᠡᠢ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠭᠰᠠᠨ ᠪᠠᠶᠢᠨ᠎ᠠ᠃ ᠲᠠᠲᠠᠭᠠᠯ ᠤᠰᠤ ᠭᠠᠴᠠᠭ᠎ᠠ ᠶᠢᠨ ᠨᠠᠮ ᠤᠨ ᠡᠭᠦᠷ ᠤᠨ ᠱᠦᠵᠢ ᠴᠢᠦ ᠬᠤᠸᠠᠢ ᠢᠦᠢ᠄ ︽ᠲᠡᠵᠢᠭᠡᠨ ᠦᠷᠡᠵᠢᠭᠦᠯᠬᠦ ᠲᠠᠯᠠᠪᠠᠢ ᠭᠠᠴᠠᠭ᠎ᠠ ᠶᠢᠨ ᠭᠠᠵᠠᠷ ᠰᠢᠷᠣᠢ ᠶᠢ ᠲᠦᠷᠢᠶᠡᠰᠦᠯᠡᠨ᠂ ᠵᠢᠯ ᠪᠦᠷᠢ ᠭᠠᠴᠠᠭ᠎ᠠ ᠳᠤ 18 ᠲᠦᠮᠡᠨ ᠲᠥᠭᠦᠷᠢᠭ ᠤᠨ ᠲᠦᠷᠢᠶᠡᠰᠦᠨ ᠮᠥᠩᠭᠦ ᠲᠤᠰᠢᠶᠠᠵᠤ ᠪᠤᠢ᠃ ᠦᠬᠡᠷ ᠤᠨ ᠪᠠᠭᠠᠰᠤ ᠶᠢ ᠲᠠᠷᠢᠶᠠᠨ ᠳᠤ ᠪᠤᠴᠠᠭᠠᠬᠤ ᠪᠠᠷ ᠳᠠᠮᠵᠢᠨ ᠭᠠᠵᠠᠷ ᠰᠢᠷᠣᠢ ᠶᠢ ᠰᠠᠶᠢᠵᠢᠷᠠᠭᠤᠯᠵᠤ᠂ ᠬᠥᠷᠥᠰᠥᠨ ᠤ ᠰᠢᠮ᠎ᠡ ᠶᠢ ᠨᠡᠮᠡᠭᠳᠡᠭᠦᠯᠵᠡᠢ᠃ ᠲᠡᠵᠢᠭᠡᠨ ᠦᠷᠡᠵᠢᠭᠦᠯᠬᠦ ᠲᠠᠯᠠᠪᠠᠶ ᠨᠢ ᠵᠢᠯ ᠪᠦᠷᠢ ᠲᠠᠷᠢᠮᠠᠯ ᠤᠨ ᠡᠷᠦᠭᠡ ᠠᠴᠠ ᠬᠡᠳᠦᠨ ᠮᠢᠩᠭᠠᠨ ᠮᠦ ᠡᠷᠳᠡᠨᠢ ᠰᠢᠰᠢ ᠶᠢᠨ ᠨᠣᠭᠤᠭᠠᠨ ᠳᠠᠷᠤᠰᠢ ᠬᠤᠳᠠᠯᠳᠤᠨ ᠠᠪᠴᠤ᠂ ᠲᠠᠷᠢᠮᠠᠯ ᠤᠨ ᠡᠷᠦᠭᠡ ᠶᠢᠨ ᠡᠷᠳᠡᠨᠢ ᠰᠢᠰᠢ ᠪᠠᠨ ᠬᠤᠳᠠᠯᠳᠤᠬᠤ ᠬᠦᠴᠢᠷᠳᠡᠯ ᠢ ᠰᠢᠢᠳᠪᠦᠷᠢᠯᠡᠭᠰᠡᠨ ᠪᠠᠶᠢᠨ᠎ᠠ︾ ᠭᠡᠵᠡᠢ᠃       ︽2023 ᠣᠨ ᠳᠤ᠂ ᠠᠯᠠᠱᠠ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠬᠠᠪᠰᠤᠷᠤᠯᠭ᠎ᠠ ᠪᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ 390 ᠲᠦᠮᠡᠨ ᠲᠥᠭᠦᠷᠢᠭ ᠢ ᠣᠯᠵᠤ᠂ ᠭᠠᠴᠠᠭ᠎ᠠ ᠶᠢᠨ ᠪᠠᠷᠢᠮᠵᠢᠶᠠᠵᠢᠬᠰᠠᠨ ᠦᠬᠡᠷ ᠤᠨ ᠬᠠᠰᠢᠶ᠎ᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠡᠢ᠃ ᠳᠦᠷᠦᠯ ᠵᠦᠢᠯ ᠳᠠᠭᠤᠰᠤᠭᠰᠠᠨ ᠤ ᠳᠠᠷᠠᠭ᠎ᠠ᠂ ᠮᠠᠯᠵᠢᠯ ᠤᠨ ᠲᠠᠯᠠᠪᠠᠶ ᠨᠢ ᠭᠠᠴᠠᠭ᠎ᠠ ᠲᠠᠢ ᠲᠦᠷᠢᠶᠡᠰᠦᠯᠡᠬᠦ ᠭᠡᠷ᠎ᠡ ᠲᠣᠭᠲᠠᠵᠤ᠂ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠥᠷᠭᠡᠳᠭᠡᠨ᠂ ᠪᠡᠯᠡ ᠮᠥᠩᠭᠦ ᠶᠢᠨ ᠳᠡᠮᠵᠢᠯᠭᠡ ᠪᠠᠷ ᠭᠠᠴᠠᠭ᠎ᠠ ᠶᠢᠨ ᠠᠵᠤ ᠦᠢᠯᠡᠰ ᠢ ᠬᠥᠭᠵᠢᠭᠦᠯᠵᠦ᠂ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ ᠂ ᠭᠠᠴᠠᠭ᠎ᠠ ᠶᠢᠨ ᠣᠷᠣᠯᠭ᠎ᠠ ᠶᠢ ᠨᠡᠮᠡᠭᠳᠡᠭᠦᠯᠬᠦ ᠪᠠ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ ᠬᠤᠶᠠᠷ ᠲᠠᠯ᠎ᠠ ᠪᠠᠷ ᠢᠶᠠᠨ ᠠᠰᠢᠭ ᠬᠦᠷᠲᠡᠬᠦ ᠪᠠᠶᠢᠳᠠᠯ ᠢ ᠪᠡᠶᠡᠯᠡᠭᠦᠯᠪᠡ᠃ ᠵᠠᠰᠠᠭ ᠤᠨ ᠣᠷᠳᠣᠨ ᠤ ᠪᠡᠯᠡ ᠮᠥᠩᠭᠦᠨ ᠤ ᠳᠡᠮᠵᠢᠯᠭᠡ  ᠪᠠᠷ ᠮᠠᠯᠵᠢᠯ ᠤᠨ ᠲᠠᠯᠠᠪᠠᠶ ᠶᠢᠨ ᠲᠡᠵᠢᠭᠡᠨ ᠦᠷᠡᠵᠢᠭᠦᠯᠬᠦ ᠨᠥᠬᠦᠴᠡᠯ ᠰᠠᠶᠢᠵᠢᠷᠠᠵᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠡᠪᠴᠢᠶ᠎ᠡ 1000 ᠭᠠᠷᠤᠢ ᠦᠨᠢᠶ᠎ᠡ ᠪᠠᠶᠢᠭᠰᠠᠨ ᠠᠴᠠ 2000 ᠭᠠᠷᠤᠢ ᠪᠣᠯᠵᠤ ᠨᠡᠮᠡᠭᠳᠡᠵᠡᠢ︾ ᠭᠡᠵᠦ ᠵᠠᠩ ᠵᠠᠨ ᠯᠦ ᠲᠠᠨᠢᠯᠴᠠᠭᠤᠯᠪᠠ᠃       ᠲᠠᠲᠠᠭᠠᠯ ᠤᠰᠤ ᠭᠠᠴᠠᠭ᠎ᠠ ᠶᠢᠨ ᠠᠵᠤ ᠦᠢᠯᠡᠰ ᠤᠨ ᠬᠥᠭᠵᠢᠯᠲᠡ ᠶᠢ ᠳᠠᠭᠠᠯᠳᠤᠨ᠂ ᠭᠠᠴᠠᠭᠠᠨ ᠤ ᠬᠠᠮᠲᠤ ᠶᠢᠨ ᠬᠤᠷᠠᠮᠳᠤᠭᠤᠯᠭ᠎ᠠ 300 ᠭᠠᠷᠤᠢ ᠲᠦᠮᠡᠨ ᠲᠥᠭᠦᠷᠢᠭ ᠲᠤ ᠬᠦᠷᠴᠡᠢ᠃ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ  ᠲᠤ ᠨᠡᠩ ᠰᠠᠶᠢᠨ ᠬᠦᠷᠲᠡᠭᠡᠬᠦ ᠶᠢᠨ ᠲᠥᠯᠥᠭᠡ᠂ 2022 ᠣᠨ ᠠᠴᠠ ᠡᠬᠢᠯᠡᠨ ᠭᠠᠴᠠᠭ᠎ᠠ ᠠᠴᠠ ᠵᠢᠯ ᠪᠦᠷᠢ 20 ᠭᠠᠷᠤᠢ ᠲᠦᠮᠡᠨ ᠲᠥᠭᠦᠷᠢᠭ ᠭᠠᠷᠭᠠᠵᠤ᠂ ᠪᠥᠬᠦ ᠭᠠᠴᠠᠭᠠᠨ ᠤ 491 ᠬᠥᠮᠥᠨ ᠳᠤ ᠮᠠᠯᠵᠢᠬᠤ ᠲᠠᠷᠢᠶᠠᠯᠠᠬᠤ ᠣᠷᠣᠨ ᠤ ᠬᠤᠷᠰᠢᠭᠰᠠᠨ ᠡᠮᠨᠡᠯᠭᠡ ᠪᠠ ᠲᠠᠬᠢᠨ ᠶᠠᠳᠠᠭᠤᠷᠠᠬᠤ  ᠠᠴᠠ ᠰᠡᠷᠭᠡᠶᠢᠯᠡᠬᠦ ᠳᠠᠭᠠᠳᠬᠠᠯ ᠢ ᠬᠤᠳᠠᠯᠳᠤᠨ ᠠᠪᠴᠤ ᠥᠭᠬᠦ ᠶᠢᠨ ᠬᠠᠮᠲᠤ ᠪᠠᠰᠠ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠵᠢᠯ ᠪᠦᠷᠢ 600 ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠨᠥᠬᠦᠪᠦᠷᠢ ᠣᠯᠭᠤᠵᠤ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号