ᠪᠤᠶᠠᠨᠰᠠᠭ ᠰᠡᠳᠬᠢᠯ ᠢᠶᠠᠷ ᠪᠤᠰᠤᠳ ᠤᠨ ᠠᠮᠢᠳᠤᠷᠠᠯ  ᠢ ᠳᠤᠯᠠᠭᠠᠯᠠᠭᠰᠠᠨ ᠲᠤᠰᠠᠴᠢ ᠠᠶᠢᠯ
ᠨᠡᠶᠢᠲᠡᠯᠡᠭᠰᠡᠨ ᠴᠠᠭ᠄
2023/12/31
ᠨᠠᠷᠠᠨ᠎ᠠ᠂ ᠡᠷᠳᠡᠨᠢᠬᠦᠦ     — ᠪᠥᠬᠦ ᠣᠷᠣᠨ ᠤ ᠪᠣᠯᠪᠠᠰᠤᠨ ᠭᠡᠷ ᠪᠦᠯᠢ ᠮᠠ ᠶᠢᠩ᠂ ᠴᠠᠢ ᠬᠤᠢ ᠸᠧᠢ ᠶᠢᠨ ᠬᠢᠨ ᠢ ᠲᠡᠮᠳᠡᠭᠯᠡᠪᠡ     ᠠᠯᠠᠱᠠ ᠵᠡᠭᠦᠨ ᠬᠤᠰᠢᠭᠤᠨ ᠤ ᠵᠢᠷᠠᠲᠠᠢ ᠪᠠᠯᠭᠠᠰᠤᠨ ᠤ ᠴᠢᠶᠠᠨ ᠶᠤᠸᠠᠨ ᠨᠡᠶᠢᠭᠡᠮ ᠲᠣᠭᠤᠷᠢᠭ ᠲᠤ ᠰᠠᠭᠤᠷᠢᠰᠢᠵᠤ ᠪᠠᠶᠢᠭ᠎ᠠ ᠮᠠ ᠶᠢᠩ ᠪᠣᠯ ᠨᠢᠭᠡᠨ ᠭᠤᠱᠤᠭᠤᠨ ᠠᠮᠲᠠᠲᠤ ᠵᠢᠵᠢᠭ ᠬᠤᠭᠤᠯᠠᠨ ᠭᠡᠷ ᠡᠵᠡᠩᠨᠡᠵᠦ ᠪᠠᠶᠢᠭ᠎ᠠ ᠡᠬᠡᠯ ᠵᠢᠷ ᠤᠨ ᠪᠦᠰᠡᠭᠦᠢ ᠶᠤᠮ᠃ ᠲᠡᠷᠡ ᠡᠳᠦᠷᠵᠢᠨ ᠬᠤᠭᠤᠯᠠ ᠤᠮᠳᠠ ᠬᠢᠵᠦ ᠵᠣᠴᠢᠨ ᠢᠶᠠᠨ ᠳᠠᠶᠢᠯᠠᠨ ᠶᠠᠭᠠᠷᠠᠵᠤ ᠪᠠᠶᠢᠳᠠᠭ ᠴᠦ ᠵᠠᠪ ᠴᠢᠯᠦᠭᠡ ᠪᠠᠷ ᠢᠶᠠᠨ ᠬᠡᠵᠢᠶᠡᠳᠡ ᠪᠤᠰᠤᠳ ᠢ ᠬᠠᠪᠰᠤᠷᠴᠤ ᠪᠠᠶᠢᠳᠠᠭ ᠲᠤᠰᠠᠷᠬᠠᠭ ᠵᠠᠩ ᠲᠠᠢ᠂ ᠣᠷᠣᠯᠭ᠎ᠠ ᠨᠢ ᠥᠨᠳᠥᠷ ᠪᠢᠰᠢ ᠴᠤ ᠠᠷᠪᠢᠯᠠᠵᠤ ᠭᠠᠮᠨᠠᠭᠰᠠᠨ ᠵᠣᠭᠤᠰ ᠮᠥᠩᠭᠦ ᠪᠠᠷ ᠪᠤᠰᠤᠳ ᠢ ᠬᠠᠷᠠᠮ ᠦᠭᠡᠢ ᠲᠤᠰᠠᠯᠠᠳᠠᠭ ᠪᠤᠶᠠᠨᠰᠠᠭ ᠰᠡᠳᠬᠢᠯ ᠲᠠᠢ ᠬᠥᠮᠥᠨ ᠪᠢᠯᠡ᠃     ᠠᠷᠪᠠᠨ ᠵᠢᠯ ᠤᠨ ᠡᠮᠦᠨ᠎ᠡ ᠮᠠ ᠶᠢᠩ  ᠤᠨ ᠵᠡᠷᠭᠡᠯᠡᠳᠡᠭᠡ ᠭᠡᠷ ᠲᠤ ᠳᠠᠯᠠ ᠶᠢᠨ ᠳᠠᠪᠠᠭ᠎ᠠ ᠶᠢ ᠳᠠᠪᠠᠭᠰᠠᠨ ᠬᠤᠶᠠᠷ ᠨᠠᠰᠤᠲᠠᠨ ᠨᠡᠭᠦᠵᠦ ᠢᠷᠠᠵᠠᠢ᠃ ᠡᠨᠡ ᠠᠶᠢᠯ ᠤᠨ ᠡᠪᠦᠭᠡᠨ ᠵᠠᠩ ᠭᠥᠸᠧ ᠬᠤᠸᠠ ᠵᠢᠷᠦᠬᠡᠨ ᠤ ᠡᠪᠡᠳᠴᠢᠨ  ᠲᠠᠢ ᠲᠤᠯᠠ ᠶᠠᠳᠠᠷᠠᠵᠤ ᠵᠦᠳᠡᠷᠡᠬᠦ᠂ ᠰᠡᠳᠬᠢᠯ ᠬᠥᠳᠡᠯᠬᠦ  ᠠᠴᠠ ᠴᠡᠭᠡᠷᠯᠡᠳᠡᠭ᠂ ᠡᠬᠡᠨᠡᠷ ᠰᠢᠦᠢ ᠹᠧᠩ ᠯᠠᠨ  ᠤ ᠲᠠᠷᠢᠬᠢᠨ ᠎ ᠳᠤᠨᠢ ᠴᠢᠰᠤ ᠬᠠᠷᠪᠤᠨ ᠲᠠᠯ᠎ᠠ ᠪᠡᠶ᠎ᠡ ᠨᠢ ᠲᠠᠮᠪᠠᠷᠠᠵᠠᠢ᠃ ᠦᠷ᠎ᠡ ᠬᠡᠦᠬᠡᠳ ᠨᠢ ᠴᠥᠮ ᠭᠠᠳᠠᠨ᠎ᠠ ᠣᠷᠣᠨ ᠳᠤ ᠠᠵᠢᠯᠯᠠᠵᠤ ᠪᠠᠶᠢᠬᠤ ᠤᠴᠢᠷ ᠠᠴᠠ ᠠᠴᠢᠯᠠᠯ ᠢᠶᠠᠨ ᠭᠦᠢᠴᠡᠳᠬᠡᠵᠦ ᠳᠡᠶᠢᠯᠬᠦ ᠦᠭᠡᠢ᠂ ᠡᠪᠦᠭᠡᠨ ᠡᠮᠡᠭᠡᠨ ᠬᠤᠶᠠᠭᠤᠯᠠ ᠠᠮᠢᠳᠤᠷᠠᠯ ᠢᠶᠠᠨ ᠠᠷᠭᠠᠴᠠᠬᠤ ᠳᠤ ᠬᠦᠴᠢᠷᠳᠡᠵᠦ ᠪᠠᠶᠢᠪᠠ᠃     ᠮᠠ ᠶᠢᠩ ᠨᠢᠭᠡ ᠡᠳᠦᠷ ᠬᠤᠭ ᠬᠠᠶᠠᠭᠠᠳ ᠪᠤᠴᠠᠬᠤ ᠳᠠᠭᠠᠨ ᠴᠣᠩᠬᠤᠨ ᠤ ᠡᠮᠦᠨᠡᠭᠦᠷ ᠨᠢ ᠥᠩᠭᠡᠷᠡᠵᠦ᠂ ᠬᠤᠶᠠᠷ ᠨᠠᠰᠤᠲᠠᠨ ᠤ ᠠᠮᠢᠳᠤᠷᠠᠯ ᠤᠨ ᠪᠠᠶᠢᠳᠠᠯ  ᠢ ᠣᠯᠵᠤ ᠬᠠᠷᠠᠵᠠᠢ᠃ ᠲᠡᠷᠡ᠂ ᠬᠤᠶᠠᠷ ᠨᠠᠰᠤᠲᠠᠨ ᠥᠩᠭᠡᠷᠡᠭᠰᠡᠨ ᠳᠤ ᠶᠡᠭᠡ ᠲᠤᠰᠠᠷᠬᠠᠭ ᠰᠠᠶᠢᠨ ᠬᠥᠮᠥᠨ ᠪᠠᠶᠢᠭᠰᠠᠨ ᠭᠡᠳᠡᠭ ᠢ ᠰᠣᠨᠣᠰᠤᠭᠠᠳ ᠪᠠᠶᠢᠨ ᠪᠠᠶᠢᠨ ᠣᠴᠢᠵᠤ ᠬᠠᠪᠰᠤᠷᠤᠯᠭ᠎ᠠ ᠦᠵᠡᠭᠦᠯᠵᠦ ᠪᠠᠶᠢᠯ᠎ᠠ᠃ ᠡᠳᠦᠷ ᠤᠨ ᠤᠳᠠᠭᠠᠨ ᠳᠤ ᠳᠠᠰᠤᠯᠴᠠᠬᠤᠶ᠎ᠠ᠂ ᠬᠠᠯᠠᠭᠤᠨ ᠰᠡᠳᠬᠢᠯ ᠲᠠᠢ ᠮᠠ ᠢᠩ ᠦᠷ᠎ᠡ ᠬᠡᠦᠬᠡᠳ ᠤᠨ ᠬᠢᠨᠢ ᠡᠭᠦᠷᠭᠡᠯᠡᠵᠦ ᠳᠡᠶᠢᠯᠦᠭᠰᠡᠨ ᠦᠭᠡᠢ ᠬᠠᠷᠢᠭᠤᠴᠠᠯᠭ᠎ᠠ ᠶᠢ ᠡᠭᠦᠷᠭᠡᠯᠡᠨ ᠠᠪᠴᠠᠢ᠄ ᠡᠳᠦᠷ ᠪᠦᠷᠢ ᠥᠷᠯᠥᠭᠡ ᠶᠢᠨ 8 ᠴᠠᠭ ᠲᠤ ᠭᠡᠷ ᠲᠤᠨᠢ ᠬᠦᠷᠴᠦ ᠡᠮᠡᠭᠡᠨ ᠤ ᠬᠤᠪᠴᠠᠰᠤ ᠬᠤᠨᠠᠷ ᠢ ᠡᠮᠦᠰᠬᠡᠨ᠂ ᠭᠠᠷ ᠨᠢᠭᠤᠷ ᠢ ᠨᠢ ᠤᠬᠢᠶᠠᠵᠤ᠂ ᠥᠷᠯᠥᠭᠡ ᠶᠢᠨ ᠬᠤᠭᠤᠯᠠ ᠬᠢᠬᠦ ᠪᠤᠶᠤ ᠭᠡᠷ ᠣᠷᠣᠨ  ᠢ ᠨᠢ ᠴᠡᠪᠡᠷᠯᠡᠨ᠎ᠡ᠃ ᠶᠢᠰᠦᠨ ᠴᠠᠭ ᠠᠴᠠ ᠡᠮᠡᠭᠡᠨ ᠢ ᠲᠦᠰᠢᠨ ᠠᠯᠬᠤᠵᠤ ᠪᠣᠯᠪᠠᠰᠤᠷᠠᠭᠤᠯᠤᠭᠠᠳ᠂ 10 ᠴᠠᠭ ᠬᠠᠭᠠᠰ ᠪᠣᠯᠬᠤ ᠦᠶ᠎ᠡ ᠳᠤ ᠥᠪᠡᠷ ᠤᠨ ᠬᠤᠭᠤᠯᠠᠨ ᠭᠡᠷ ᠲᠡᠭᠡᠨ ᠣᠴᠢᠵᠤ ᠠᠵᠢᠯᠯᠠᠳᠠᠭ᠃ ᠦᠳᠡ ᠶᠢᠨ ᠨᠢᠭᠡ ᠴᠠᠭ  ᠤᠨ ᠦᠶ᠎ᠡ ᠪᠠᠷ ᠬᠤᠭᠤᠯᠠᠨ ᠭᠡᠷ ᠤᠨ ᠡᠭᠦᠳᠡ ᠪᠠᠨ ᠬᠠᠭᠠᠵᠤ ᠡᠮᠡᠭᠡᠨ ᠢ ᠲᠠᠬᠢᠨ ᠠᠯᠬᠤᠭᠤᠯᠵᠤ ᠪᠣᠯᠪᠠᠰᠤᠷᠠᠭᠤᠯᠤᠨ᠎ᠠ᠃ ᠦᠳᠡ  ᠶᠢᠨ ᠬᠤᠶᠢᠨ᠎ᠠ ᠶᠢᠨ 4 ᠴᠠᠭ  ᠤᠨ ᠦᠶ᠎ᠡ ᠪᠠᠷ ᠬᠤᠭᠤᠯᠠᠨ ᠭᠡᠷ ᠲᠡᠭᠡᠨ ᠪᠤᠴᠠᠵᠤ ᠠᠷᠠᠯᠵᠢᠶ᠎ᠠ ᠪᠠᠨ ᠬᠢᠳᠡᠭ᠃ ᠣᠷᠣᠢ ᠶᠢᠨ 9 ᠴᠠᠭ  ᠤᠨ ᠦᠶ᠎ᠡ ᠪᠠᠷ ᠠᠵᠢᠯ  ᠢᠶᠠᠨ ᠳᠠᠭᠤᠰᠬᠠᠭᠰᠠᠨ ᠤ ᠳᠠᠷᠠᠭ᠎ᠠ ᠡᠮᠡᠭᠡᠨ ᠤ ᠰᠢᠭᠡᠰᠦᠨ ᠵᠢᠭᠢᠷᠢᠭ ᠢ ᠨᠢ ᠤᠬᠢᠶᠠᠵᠤ᠂ ᠭᠡᠷ ᠤᠨ ᠠᠵᠢᠯ ᠢ ᠨᠢ ᠬᠢᠵᠦ ᠥᠭᠲᠡᠭ᠃ ᠮᠠ ᠶᠢᠩ ᠤᠨ ᠭᠤᠷᠪᠠᠨ ᠵᠢᠯ ᠤᠨ ᠨᠠᠷᠢᠨ ᠨᠢᠮᠪᠠᠢ ᠬᠠᠷᠠᠭᠠᠯᠵᠠᠯ ᠬᠠᠪᠰᠤᠷᠤᠯᠭ᠎ᠠ ᠪᠠᠷ ᠨᠠᠰᠤᠲᠠᠨ ᠥᠪᠡᠷ ᠲᠡᠭᠡᠨ ᠠᠯᠬᠤᠵᠤ ᠴᠢᠳᠠᠬᠤ ᠪᠣᠯᠵᠠᠢ᠃ ᠡᠨᠡᠬᠦ ᠭᠤᠷᠪᠠᠨ ᠵᠢᠯ ᠳᠤ ᠴᠠᠭ ᠢ ᠠᠷᠪᠢᠯᠠᠬᠤ ᠶᠢᠨ ᠲᠥᠯᠥᠭᠡ ᠲᠡᠷᠡ ᠳᠥᠲᠡᠯᠡᠵᠦ ᠶᠠᠪᠤᠭᠰᠠᠭᠠᠷ ᠪᠠᠶᠢᠭᠠᠳ ᠲᠡᠳᠡᠨ ᠤ ᠬᠢ ᠠᠴᠠ ᠨᠠᠰᠤᠲᠠᠨ ᠤ ᠭᠡᠷ ᠲᠤ ᠬᠦᠷᠬᠦ ᠨᠠᠷᠢᠨ ᠵᠥᠷᠢᠭ ᠭᠠᠷᠤᠭᠰᠠᠨ ᠪᠠᠶᠢᠯ᠎ᠠ᠃     2015 ᠣᠨ ᠳᠤ ᠵᠠᠩ ᠭᠥᠸᠧ ᠬᠤᠸᠠ ᠨᠠᠰᠤᠲᠠᠨ  ᠤ ᠵᠢᠷᠦᠬᠡᠨ ᠡᠪᠡᠳᠴᠢᠨ ᠨᠢ ᠬᠥᠳᠡᠯᠵᠦ᠂ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠦᠭᠡᠢ ᠪᠠᠶᠢᠳᠠᠯ ᠳᠤ ᠣᠷᠣᠵᠠᠢ᠃ ᠮᠠ ᠶᠢᠩ ᠡᠷ᠎ᠡ ᠨᠥᠬᠦᠷ ᠲᠠᠢ ᠪᠠᠨ ᠵᠥᠪᠳᠡᠯᠴᠡᠭᠰᠡᠨ ᠤ ᠳᠠᠷᠠᠭ᠎ᠠ ᠬᠤᠭᠤᠯᠠᠨ ᠭᠡᠷ ᠢᠶᠠᠨ ᠬᠠᠭᠠᠵᠤ᠂ ᠨᠢᠭᠡ ᠯᠠ ᠰᠡᠳᠬᠢᠯ ᠢᠶᠠᠷ ᠬᠤᠶᠠᠷ ᠨᠠᠰᠤᠲᠠᠨ ᠤ ᠡᠳᠦᠷ ᠲᠤᠲᠤᠮ ᠤᠨ ᠠᠮᠢᠳᠤᠷᠠᠯ ᠢ ᠬᠠᠷᠠᠭᠠᠯᠵᠠᠵᠠᠢ᠃     ᠰᠡᠭᠦᠯᠡᠷ ᠨᠢ ᠰᠢᠦᠢ ᠹᠧᠩ ᠯᠠᠨ ᠨᠠᠰᠤᠲᠠᠨ ᠬᠡᠪᠲᠡᠷᠢ ᠳᠤ ᠣᠷᠣᠵᠤ᠂ ᠥᠳᠬᠡᠨ ᠰᠢᠩᠭᠡᠨ ᠮᠥᠷ ᠨᠢ ᠬᠤᠷᠢᠭ᠎ᠠ ᠦᠭᠡᠢ ᠪᠣᠯᠵᠠᠢ᠃ ᠮᠠ ᠶᠢᠩ 30 ᠵᠢᠵᠢᠭ ᠰᠢᠭᠡᠰᠦᠨ ᠵᠢᠭᠢᠷᠢᠭ᠂ 10 ᠲᠣᠮᠣ ᠳᠡᠪᠢᠰᠬᠡᠷ ᠣᠶᠣᠵᠤ ᠥᠭᠭᠦᠭᠰᠡᠨ ᠪᠥᠭᠡᠳ ᠰᠣᠯᠢᠵᠤ ᠤᠬᠢᠶᠠᠬᠤ ᠳᠣᠲᠣᠷ ᠥᠮᠥᠳᠦ ᠠᠷᠪᠠ ᠭᠠᠷᠤᠢ ᠬᠤᠳᠠᠯᠳᠤᠨ ᠠᠪᠴᠤ ᠥᠭᠴᠡᠢ᠃ ᠲᠡᠷᠡ ᠠᠰᠠᠷᠠᠨ ᠳᠣᠳᠣᠮᠳᠠᠬᠤ ᠳᠤᠮᠳᠠ ᠪᠠᠨ ᠲᠠᠰᠤᠷᠠᠯᠲᠠ ᠦᠭᠡᠢ ᠲᠤᠷᠰᠢᠯᠲᠠ ᠬᠢᠵᠦ ᠰᠢᠭᠡᠰᠦᠨ ᠵᠢᠭᠢᠷᠢᠭ  ᠢ ᠨᠢ ᠥᠭᠡᠷᠡᠴᠢᠯᠡᠨ ᠰᠠᠶᠢᠵᠢᠷᠠᠭᠤᠯᠤᠭᠰᠠᠨ ᠪᠠᠶᠢᠯ᠎ᠠ᠃ ᠲᠠᠮᠪᠠᠷᠠᠭᠰᠠᠨ ᠬᠥᠮᠥᠨ ᠬᠤᠷᠭᠤᠰᠤᠯᠠᠬᠤ ᠨᠢ ᠨᠡᠩ ᠠᠮᠠᠷᠬᠠᠨ ᠪᠠᠶᠢᠳᠠᠭ᠃ ᠮᠠ ᠶᠢᠩ ᠦᠮᠡᠬᠡᠢ ᠪᠤᠵᠠᠷ ᠭᠡᠵᠦ ᠵᠠᠶᠢᠯᠠᠭᠰᠠᠨ ᠦᠭᠡᠢ᠂ ᠣᠯᠠᠩᠬᠢ ᠳᠠᠭᠠᠨ ᠬᠤᠷᠤᠭᠤ ᠪᠠᠷ ᠢᠶᠠᠨ ᠮᠠᠯᠲᠠᠵᠤ ᠭᠠᠷᠭᠠᠵᠤ ᠥᠭᠲᠡᠭ ᠪᠠᠶᠢᠪᠠ᠃ ᠵᠠᠩ ᠭᠥᠸᠧ ᠬᠤᠸᠠ ᠨᠠᠰᠤᠲᠠᠨ ᠣᠴᠣᠶᠢᠵᠤ ᠰᠠᠭᠤᠪᠠᠯ ᠴᠢᠰᠤᠨ ᠳᠠᠷᠤᠯᠲᠠ ᠨᠢ ᠥᠨᠳᠥᠷᠵᠢᠵᠦ ᠂ ᠵᠢᠷᠦᠬᠡ ᠨᠢ ᠪᠢᠲᠡᠭᠦᠷᠡᠵᠦ ᠵᠣᠪᠠᠭ᠋ᠤ ᠲᠤᠯᠠ ᠲᠡᠷᠡ ᠪᠠᠰᠠ ᠰᠠᠭᠤᠯᠭ᠎ᠠ ᠪᠠᠷ ᠲᠣᠰᠴᠤ ᠭᠠᠳᠠᠭᠠᠯᠠᠭᠤᠯᠳᠠᠭ ᠪᠠᠶᠢᠯ᠎ᠠ᠃ ᠥᠳᠬᠡᠨ ᠰᠢᠩᠭᠡᠨ ᠮᠥᠷ ᠤᠨ ᠦᠨᠦᠷ ᠲᠤ ᠬᠡᠨ ᠳᠤᠷ᠎ᠠ ᠪᠣᠯᠭᠢᠬᠤ ᠦᠭᠡᠢ ᠪᠤᠢ᠂ ᠭᠡᠪᠡᠴᠦ ᠲᠡᠷᠡ ᠠᠷᠪᠠᠨ ᠵᠢᠯ ᠢ ᠨᠢᠭᠡ ᠯᠠ ᠡᠳᠦᠷ ᠮᠡᠲᠦ ᠲᠡᠰᠪᠦᠷᠢᠯᠡᠨ ᠬᠤᠶᠠᠷ ᠨᠠᠰᠤᠲᠠᠨ ᠢ ᠠᠰᠠᠷᠠᠭᠰᠠᠭᠠᠷ ᠢᠷᠠᠵᠠᠢ᠃     ᠮᠠ ᠶᠢᠩ  ᠤᠨ ᠲᠠᠨᠢᠯ ᠬᠥᠮᠥᠰ ᠨᠢ ᠲᠡᠭᠦᠨ ᠤ ᠦᠢᠯᠡ ᠠᠵᠢᠯᠯᠠᠭ᠎ᠠ ᠶᠢ ᠣᠶᠢᠯᠠᠭᠠᠬᠤ ᠦᠭᠡᠢ᠂ ᠠᠷᠠᠯᠵᠢᠶ᠎ᠠ ᠪᠠᠨ ᠰᠠᠶᠢᠬᠠᠨ ᠬᠢᠬᠦ ᠦᠭᠡᠢ᠂ ᠰᠣᠬᠤᠷ ᠵᠣᠭᠤᠰ ᠴᠤ ᠣᠯᠬᠤ ᠦᠭᠡᠢ ᠪᠠᠷ ᠬᠥᠮᠥᠨ ᠢ ᠠᠰᠠᠷᠠᠬᠤ ᠭᠡᠭᠴᠢ ᠶᠠᠭᠤᠨ  ᠤ ᠲᠥᠯᠥᠭᠡ ᠪᠤᠢ ᠭᠡᠵᠦ ᠠᠰᠠᠭᠤᠳᠠᠭ ᠪᠠᠶᠢᠪᠠ᠃ ᠲᠡᠷᠡ ᠦᠷᠭᠦᠯᠵᠢ᠂ ᠵᠣᠭᠤᠰ ᠣᠯᠣᠭᠠᠳ ᠵᠠᠷᠤᠵᠤ ᠭᠦᠢᠴᠡᠪᠡᠯ ᠪᠣᠯᠴᠢᠬᠠᠨ᠎ᠠ᠂ ᠪᠤᠰᠤᠳ ᠢ ᠬᠠᠪᠰᠤᠷᠬᠤ ᠨᠢ ᠥᠪᠡᠷ ᠤᠨ ᠠᠮᠢᠳᠤᠷᠠᠯ ᠢᠶᠠᠨ ᠤᠳᠬ᠎ᠠ ᠠᠭᠤᠯᠭ᠎ᠠ ᠲᠠᠢ ᠪᠣᠯᠭᠠᠬᠤ ᠶᠤᠮ ᠭᠡᠵᠦ ᠶᠠᠷᠢᠳᠠᠭ ᠪᠠᠶᠢᠯ᠎ᠠ᠃     2019 ᠣᠨ ᠳᠤ ᠰᠢᠦᠢ ᠹᠧᠩ ᠯᠠᠨ ᠨᠠᠰᠤᠲᠠᠨ ᠨᠠᠰᠤ ᠪᠠᠷᠠᠵᠠᠢ᠃ ᠵᠠᠩ ᠭᠥᠸᠧ ᠬᠤᠸᠠ ᠨᠠᠰᠤᠲᠠᠨ ᠨᠢᠭᠡᠨᠲᠡ ᠨᠠᠶᠠ ᠬᠦᠷᠴᠡᠢ᠃ ᠴᠢᠰᠤᠨ ᠳᠠᠷᠤᠯᠲᠠ ᠥᠨᠳᠥᠷ ᠪᠠ ᠵᠢᠷᠦᠬᠡᠨ ᠡᠪᠡᠳᠴᠢᠨ ᠨᠢ ᠨᠠᠰᠤᠲᠠᠨ ᠤ ᠠᠮᠢ ᠨᠠᠰᠤᠨ  ᠳᠤ ᠴᠠᠭ ᠢᠮᠠᠭᠲᠠ ᠠᠶᠤᠯ ᠪᠣᠯᠵᠤ ᠪᠠᠶᠢᠪᠠ᠃ ᠮᠠ ᠶᠢᠩ ᠦᠷᠭᠦᠯᠵᠢ ᠨᠠᠰᠤᠲᠠᠨ ᠢ ᠲᠠᠶᠢᠳᠬᠤᠷᠠᠭᠤᠯᠵᠤ᠂ ᠲᠠ ᠪᠣᠯ ᠰᠠᠶᠢᠨ ᠬᠥᠮᠥᠨ᠂ ᠤᠷᠳᠤ ᠨᠠᠰᠤᠯᠠᠵᠤ ᠤᠳᠠᠭᠠᠨ ᠵᠢᠷᠭᠠᠬᠤ ᠶᠤᠮ ᠭᠡᠳᠡᠭ᠃     ᠣᠶᠢᠷ᠎ᠠ ᠶᠢᠨ ᠬᠤᠶᠠᠷ ᠵᠢᠯ ᠳᠤ ᠮᠠ ᠶᠢᠩ ᠪᠡᠶ᠎ᠡ ᠴᠡᠪᠡᠷᠰᠢᠬᠦ ᠬᠤᠭᠤᠴᠠᠭᠠᠨ ᠤ ᠰᠡᠳᠬᠢᠯ ᠤᠨ ᠳᠠᠷᠤᠮᠲᠠ ᠶᠢᠨ ᠬᠡᠮ ᠢᠶᠠᠷ ᠣᠨᠣᠰᠢᠯᠠᠭᠳᠠᠭᠰᠠᠨ ᠪᠣᠯᠪᠠᠴᠤ ᠨᠠᠰᠤᠲᠠᠨ ᠳᠤ ᠶᠡᠷᠦ ᠠᠴᠠ ᠠᠭᠤᠷᠯᠠᠵᠤ ᠤᠴᠠᠭᠠᠷᠳᠠᠵᠤ ᠦᠵᠡᠭᠡ ᠦᠭᠡᠢ᠂ ᠠᠰᠠᠷ ᠤᠨ ᠱᠠᠲᠤᠨ ᠠᠴᠠ ᠣᠶᠢᠴᠢᠭᠠᠳ ᠵᠡᠭᠦᠨ ᠬᠥᠯ ᠤᠨ ᠡᠷᠡᠬᠡᠢ ᠬᠤᠷᠤᠭᠤ ᠪᠠᠨ ᠬᠤᠭᠤᠯᠤᠭᠰᠠᠨ ᠴᠤ ᠨᠠᠰᠤᠲᠠᠨ ᠤ ᠢᠳᠡᠵᠦ ᠤᠤᠭᠤᠬᠤ ᠶᠠᠪᠤᠵᠤ ᠰᠠᠭᠤᠬᠤ ᠨᠢ ᠲᠥᠬᠦᠮ ᠦᠭᠡᠢ ᠪᠠᠶᠢᠭ᠎ᠠ ᠶᠢ ᠪᠤᠳᠤᠮᠠᠬᠴᠠ ᠰᠢᠳᠦ ᠪᠠᠨ ᠵᠠᠭᠤᠵᠤ ᠦᠷᠭᠦᠯᠵᠢᠯᠡᠨ ᠠᠵᠢᠯᠯᠠᠳᠠᠭ᠃ ᠨᠠᠰᠤᠲᠠᠨ ᠡᠶᠢᠮᠦᠷᠬᠦ ᠰᠠᠶᠢᠨ ᠵᠡᠷᠭᠡᠯᠡᠳᠡᠭᠡ ᠠᠶᠢᠯ ᠲᠠᠢ ᠳᠠᠭᠠᠨ ᠪᠠᠶᠠᠷ ᠵᠢᠷᠭᠠᠯ ᠲᠠᠢ ᠥᠲᠡᠯᠦᠭᠡ ᠨᠠᠰᠤ ᠪᠠᠨ ᠥᠩᠭᠡᠷᠡᠭᠡᠵᠦ ᠪᠠᠶᠢᠯ᠎ᠠ᠃ ᠲᠡᠳᠡᠨ ᠤ ᠡᠨᠡ ᠬᠦ ᠬᠠᠷᠢᠭᠤᠴᠠᠯᠭ᠎ᠠ ᠪᠠᠨ ᠡᠴᠦᠰ ᠲᠤᠨᠢ ᠲᠤᠯᠲᠠᠯ᠎ᠠ ᠪᠠᠷᠢᠮᠲᠠᠯᠠᠵᠤ ᠪᠠᠶᠢᠭ᠎ᠠ ᠶᠢ ᠬᠠᠷᠠᠭᠠᠳ ᠵᠡᠷᠭᠡᠯᠡᠳᠡᠭᠡ ᠠᠶᠢᠯ ᠤᠨ ᠬᠢᠨ ᠪᠦᠷ᠂ ᠪᠤᠶᠠᠨᠰᠠᠭ ᠰᠡᠳᠬᠢᠯ ᠢᠶᠠᠷ ᠪᠤᠰᠤᠳ ᠤᠨ ᠠᠮᠢᠳᠤᠷᠠᠯ  ᠢ ᠳᠤᠯᠠᠭᠠᠯᠠᠭᠰᠠᠨ ᠲᠤᠰᠠᠴᠢ ᠠᠶᠢᠯ ᠭᠡᠵᠦ ᠮᠠᠭᠲᠠᠵᠠᠭᠠᠨ᠎ᠠ᠃    
 
ᠢᠷᠡᠯᠲᠡ᠄ ᠠᠯᠠᠱᠠ ᠶᠢᠨ ᠡᠳᠦᠷ ᠤᠨ ᠰᠣᠨᠢᠨ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号