ᠠᠴᠢᠯᠠᠯ ᠬᠠᠶᠢᠷ᠎ᠠ ᠪᠠᠷ ᠠᠵᠤ ᠠᠮᠢᠳᠤᠷᠠᠯ ᠢᠶᠠᠨ ᠴᠣᠭᠴᠠᠯᠠᠨ᠎ᠠ
ᠨᠡᠶᠢᠲᠡᠯᠡᠭᠰᠡᠨ ᠴᠠᠭ᠄
2023/12/31
                   ᠰᠤᠷᠪᠤᠯᠵᠢᠯᠠᠬᠴᠢ ᠰᠡᠴᠡᠨ  ᠂ ᠡᠷᠳᠡᠨᠢᠬᠦᠦ           ᠶᠡᠷᠦᠨᠢ ᠪᠠᠭᠠᠴᠤᠳ ᠢᠶᠠᠨ ᠬᠠᠶᠢᠷᠠᠯᠠᠵᠤ ᠨᠠᠰᠤᠲᠠᠶᠢᠴᠤᠳ ᠢᠶᠠᠨ ᠠᠰᠠᠷᠠᠬᠤ ᠨᠢ ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠠᠶᠢᠬᠠᠨ ᠵᠠᠩ ᠰᠤᠷᠲᠠᠯ᠂ ᠮᠥᠨᠴᠦ ᠬᠥᠮᠥᠨ ᠪᠣᠯᠵᠤ ᠶᠠᠪᠤᠬᠤ ᠶᠢᠨ ᠶᠣᠰᠣᠨ ᠪᠢᠯᠡ᠃ ᠠᠯᠠᠱᠠ ᠵᠡᠭᠦᠨ ᠬᠤᠰᠢᠭᠤᠨ ᠤ ᠢᠩᠭᠡᠨ ᠰᠤᠮᠤᠨ ᠤ ᠭᠥᠪᠡᠭᠡ ᠭᠠᠴᠠᠭᠠᠨ ᠤ ᠡᠬᠡᠯ ᠵᠢᠷ ᠤᠨ ᠮᠠᠯᠴᠢᠨ ᠤᠯᠠᠭᠠᠨᠴᠡᠴᠡᠭ ᠬᠡᠳᠦᠨ ᠠᠷᠪᠠᠨ ᠵᠢᠯ ᠢ ᠨᠢᠭᠡᠯᠡ ᠵᠠᠩ ᠢᠶᠠᠷ ᠥᠩᠭᠡᠷᠡᠭᠦᠯᠵᠦ᠂ ᠨᠠᠰᠤᠨ ᠥᠨᠳᠥᠷ ᠪᠤᠯᠤᠬᠰᠠᠨ ᠬᠠᠳᠠᠮ ᠠᠪᠤ ᠡᠵᠢ᠂ ᠠᠪᠠᠭ᠎ᠠ ᠠᠪᠤ ᠵᠢᠴᠢ ᠠᠶᠢᠯ ᠰᠠᠭᠠᠬᠠᠯᠲᠠ ᠶᠢᠨ ᠢᠶᠠᠨ ᠬᠤᠶᠠᠷ ᠭᠤᠣᠨᠢ ᠨᠠᠰᠤᠲᠠᠨ ᠢ ᠠᠰᠠᠷᠠᠵᠤ ᠳᠣᠳᠣᠮᠳᠠᠨ᠂ ᠨᠢᠭᠡᠨ ᠠᠵᠠ ᠵᠢᠷᠭᠠᠯ ᠲᠠᠢ ︽ᠲᠣᠮᠣ ᠭᠡᠷ ᠪᠦᠯᠢ︾ ᠎ ᠶᠢ ᠪᠠᠶᠢᠭᠤᠯᠤᠭᠰᠠᠨ ᠶᠠᠪᠤᠳᠠᠯ ᠨᠢ ᠤᠯᠠᠨ ᠤ ᠳᠤᠮᠳᠠ ᠠᠮᠠ ᠳᠠᠮᠵᠢᠨ ᠱᠠᠭᠰᠢᠭᠳᠠᠵᠤ᠂ ᠡᠬᠡᠯ ᠶᠡᠷᠦᠮᠳᠡᠭ ᠮᠠᠯᠴᠢᠨ ᠪᠦᠰᠡᠭᠦᠢ ᠤᠯᠠᠨ ᠤ ᠳᠤᠮᠳᠠ ᠪᠠᠨ ᠳᠠᠭᠤᠷᠢᠶᠠᠯ ᠪᠣᠯᠣᠯ᠎ᠠ᠃       ᠤᠯᠠᠭᠠᠨᠴᠡᠴᠡᠭ 1984 ᠣᠨ ᠤ 1 ᠰᠠᠷ᠎ᠠ ᠳᠤ ᠴᠡᠷᠡᠨᠶ᠋ᠢᠰᠢ ᠲᠠᠢ ᠬᠠᠨᠢ ᠶᠢᠨ ᠵᠠᠶᠠᠭ᠎ᠠ ᠪᠠᠨ ᠬᠤᠯᠪᠣᠨ ᠠᠶᠢᠯ ᠭᠡᠷ ᠪᠣᠯᠵᠠᠢ᠃ ᠮᠥᠨ ᠬᠤᠷᠢᠮᠯᠠᠭᠰᠠᠨ ᠴᠠᠭ ᠠᠴᠠ ᠡᠬᠢᠯᠡᠵᠦ ᠬᠠᠳᠠᠮ ᠡᠵᠢ ᠠᠪᠤ ᠪᠣᠯᠣᠨ ᠠᠪᠠᠭ᠎ᠠ ᠠᠪᠤ ᠪᠠᠨ ᠠᠰᠠᠷᠠᠬᠤ ᠬᠠᠷᠠᠭᠠᠯᠵᠠᠬᠤ ᠡᠭᠦᠷᠭᠡ ᠶᠢ ᠳᠠᠭᠠᠭᠠᠵᠤ ᠠᠪᠤᠪᠠ᠃ ᠲᠡᠷᠡ ᠭᠡᠷ ᠲᠤ ᠪᠠᠶᠢᠭ᠎ᠠ ᠭᠤᠷᠪᠠᠨ ᠪᠤᠭᠤᠷᠤᠯ ᠢᠶᠠᠨ ᠬᠠᠷᠠᠭᠠᠯᠵᠠᠬᠤ ᠠᠴᠠ ᠭᠠᠳᠠᠨ᠎ᠠ ᠭᠡᠷ ᠠᠴᠠ ᠨᠢ ᠣᠶᠢᠷᠠᠬᠠᠨ ᠰᠠᠭᠤᠷᠢᠰᠢᠳᠠᠭ ᠨᠤᠷᠳᠤᠭ ᠪᠣᠯᠣᠨ ᠰᠢᠷᠠᠬᠦᠦ ᠨᠠᠰᠤᠲᠠᠨ ᠢ ᠦᠷ᠎ᠡ ᠰᠠᠳᠤ ᠦᠭᠡᠢ ᠬᠡᠮᠡᠨ ᠦᠷᠦᠪᠳᠤᠵᠦ ᠠᠵᠤ ᠠᠮᠢᠳᠤᠷᠠᠯ ᠢ ᠨᠢ ᠬᠠᠷᠠᠭᠠᠯᠵᠠᠵᠤ ᠡᠬᠢᠯᠡᠪᠡ᠃ ᠨᠡᠯᠢᠶᠡᠳ ᠤᠯᠠᠨ ᠵᠢᠯ ᠤᠨ ᠡᠮᠦᠨᠡᠬᠢ ᠤᠴᠢᠷ ᠰᠠᠨ᠃ ᠤᠯᠠᠭᠠᠨᠴᠡᠴᠡᠭ ᠤᠨ ᠬᠠᠳᠠᠮ ᠡᠵᠢ ᠪᠣᠯᠣᠨ ᠰᠢᠷᠠᠬᠦᠦ ᠨᠠᠰᠤᠲᠠᠨ ᠤ ᠤᠤᠯ ᠠᠴᠠ ᠬᠠᠷᠠᠭ᠎ᠠ ᠮᠠᠭᠤᠳᠠᠵᠤ ᠪᠠᠶᠢᠭᠰᠠᠨ ᠨᠢᠳᠦ ᠨᠢ ᠭᠡᠨᠡᠳᠲᠡ ᠰᠢᠷᠬᠠᠯᠠᠵᠤ ᠡᠬᠢᠯᠡᠭᠰᠡᠨ ᠠᠴᠠ ᠤᠯᠠᠭᠠᠨᠴᠡᠴᠡᠭ ᠰᠠᠨᠳᠤᠷᠴᠤ ᠬᠤᠶᠠᠷ ᠨᠠᠰᠤᠲᠠᠨ ᠢ ᠳᠠᠭᠠᠭᠤᠯᠤᠨ ᠭᠠᠵᠠᠷ ᠪᠣᠯᠭᠠᠨ ᠳᠤ ᠡᠮᠴᠢᠯᠡᠭᠡ ᠬᠢᠵᠦ ᠰᠠᠶᠢᠨ ᠠᠷᠠᠴᠢᠯᠠᠵᠤ ᠳᠣᠳᠣᠮᠳᠠᠭᠰᠠᠨ ᠤ ᠠᠴᠢ ᠪᠠᠷ ᠬᠤᠶᠠᠷ ᠨᠠᠰᠤᠲᠠᠨ ᠤ ᠨᠢᠳᠦ ᠨᠢ ᠮᠠᠰᠢ ᠬᠤᠷᠳᠤᠨ ᠢᠯᠠᠷᠢᠰᠢᠵᠠᠢ᠃       ᠤᠯᠠᠭᠠᠨᠴᠡᠴᠡᠭ ᠴᠡᠷᠡᠨᠶ᠋ᠢᠰᠢ ᠲᠠᠢ ᠬᠤᠷᠢᠮᠯᠠᠭᠠᠳ ᠤᠳᠠᠭ᠎ᠠ ᠦᠭᠡᠢ ᠪᠠᠶᠢᠬᠤ  ᠳᠤ ᠭᠥᠪᠡᠭᠡ ᠭᠠᠴᠠᠭᠠᠨ ᠤ ᠪᠠᠶᠢᠷᠢ ᠪᠡᠯᠴᠢᠭᠡᠷ ᠪᠠ ᠮᠠᠯ ᠰᠦᠷᠦᠭ ᠢ ᠡᠷᠦᠭᠡ ᠳᠤ ᠳᠠᠭᠠᠭᠠᠴᠢᠯᠠᠭᠤᠯᠬᠤ ᠠᠵᠢᠯ ᠶᠠᠪᠤᠭᠳᠠᠯ᠎ᠠ᠃ ᠲᠤᠬᠠᠢ ᠶᠢᠨ ᠦᠶ᠎ᠡ ᠶᠢᠨ ᠪᠠᠷᠢᠮᠵᠢᠶ᠎ᠠ ᠪᠠᠷ ᠤᠯᠠᠭᠠᠨᠴᠡᠴᠡᠭ ᠤᠨ ᠬᠢᠨ 10 ᠲᠡᠮᠡᠭᠡ᠂ 80 ᠪᠤᠭ ᠮᠠᠯ ᠲᠠᠢ᠂ ᠭᠤᠷᠪᠠᠨ ᠰᠢᠪᠠᠷ ᠪᠠᠶᠢᠰᠢᠩ ᠬᠤᠪᠢᠳᠠᠵᠤ ᠣᠯᠵᠠᠢ᠃ ᠨᠣᠣᠰᠣ ᠨᠣᠣᠯᠣᠭᠤᠷ ᠤᠨ ᠦᠨ᠎ᠡ ᠬᠠᠩᠰᠢ ᠳᠣᠣᠷ᠎ᠠ ᠪᠠᠶᠢᠭᠰᠠᠨ ᠴᠠᠭ ᠦᠶ᠎ᠡ ᠳᠤ ᠠᠮᠠ ᠪᠦᠯᠢ ᠤᠯᠠᠨ ᠲᠠᠢ ᠲᠡᠳᠡᠨᠡᠶᠢᠬᠢᠨ ᠳᠤ ᠠᠪᠴᠤ ᠬᠡᠯᠡᠪᠡᠯ ᠡᠲᠡᠭᠡᠷ ᠨᠢ ᠨᠢᠭᠡ ᠭᠡᠷ ᠤᠨ ᠬᠢᠨ ᠤ ᠠᠵᠤ ᠠᠮᠢᠳᠤᠷᠠᠯ ᠳᠤ ᠨᠡᠮᠡᠷᠢ ᠪᠣᠯᠵᠤ ᠴᠢᠳᠠᠬᠤ ᠦᠭᠡᠢ᠂ ᠢᠳᠡᠵᠦ ᠡᠮᠦᠰᠬᠦ ᠪᠠᠷ ᠳᠤᠲᠠᠬᠤ ᠤᠴᠢᠷ ᠵᠥᠩᠳᠡᠭᠡᠨ ᠯᠠ ᠪᠠᠶᠢᠯ᠎ᠠ ᠃ ᠳᠡᠭᠡᠬᠦ ᠳᠤ ᠤᠯᠠᠭᠠᠨᠴᠡᠴᠡᠭ ᠥᠪᠡᠷ ᠤᠨ ᠠᠵᠢᠯᠴᠢ ᠬᠤᠶᠠᠷ ᠭᠠᠷ ᠢᠶᠠᠷ ᠢᠶᠠᠨ ᠠᠵᠤ ᠠᠮᠢᠳᠤᠷᠠᠯ ᠢᠶᠠᠨ ᠥᠭᠡᠳᠡ ᠲᠠᠲᠠᠵᠤ᠂ ᠬᠥᠭᠰᠢᠴᠦᠦᠯ ᠢᠶᠠᠨ ᠢᠳᠡᠵᠦ ᠡᠮᠦᠰᠬᠦ ᠪᠠᠷ ᠳᠤᠲᠠᠭᠤᠯᠬᠤ ᠦᠭᠡᠢ ᠠᠪᠴᠤ ᠶᠠᠪᠤᠪᠠ᠃ ᠤᠯᠤᠰ ᠣᠷᠣᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠠᠭᠠᠯᠳᠤᠨ ᠤᠯᠠᠭᠠᠨᠴᠡᠴᠡᠭ ᠴᠤ ᠨᠥᠬᠦᠷ ᠲᠠᠢ ᠪᠠᠨ ᠬᠡᠯᠡᠯᠴᠡᠵᠦ ᠪᠠᠶᠢᠭᠠᠳ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠮᠠᠯ ᠰᠦᠷᠦᠭ ᠤᠨ ᠢᠶᠠᠨ ᠡᠭᠦᠯᠳᠡᠷ ᠢ ᠰᠠᠶᠢᠵᠢᠷᠠᠭᠤᠯᠬᠤ᠂ ᠨᠤᠲᠤᠭ ᠣᠷᠣᠨ ᠤ ᠣᠨᠴᠠᠯᠢᠭᠲᠤ ᠴᠠᠭᠠᠨ ᠢᠲᠡᠭᠡ ᠪᠤᠯᠪᠠᠰᠤᠷᠠᠭᠤᠯᠵᠦ ᠪᠣᠷᠣᠯᠠᠭᠤᠯᠬᠤ ᠵᠡᠷᠭᠡ ᠠᠷᠭ᠎ᠠ ᠪᠠᠷ ᠠᠵᠤ ᠠᠮᠢᠳᠤᠷᠠᠯ ᠢᠶᠠᠨ ᠥᠭᠡᠳᠡ ᠲᠠᠲᠠᠭᠰᠠᠨ ᠢᠶᠠᠷ ᠲᠡᠳᠡᠨ ᠤ ᠠᠮᠢᠳᠤᠷᠠᠯ ᠴᠤ ᠤᠳᠠᠯ ᠦᠭᠡᠢ ᠥᠭᠡᠳᠡ ᠲᠠᠢ ᠥᠩᠭᠡ ᠲᠠᠢ ᠪᠣᠯᠵᠤ᠂ ᠥᠷᠢ ᠰᠢᠷᠢ ᠪᠠᠨ ᠪᠥᠬᠦᠨ ᠢ ᠲᠥᠯᠥᠵᠦ ᠪᠠᠷᠠᠭᠰᠠᠨ ᠪᠥᠭᠡᠳ ᠪᠠᠰᠠ ᠰᠢᠨᠡᠬᠡᠨ ᠲᠣᠭᠤᠰᠬᠠᠨ ᠪᠠᠶᠢᠰᠢᠩ ᠪᠠᠷᠢᠵᠤ ᠲᠥᠪᠬᠢᠨᠡᠪᠡ       ᠪᠦᠰᠡᠭᠦᠢ ᠬᠥᠮᠥᠨ ᠠᠶᠢᠯ ᠭᠡᠷ ᠤᠨ ᠬᠠᠭᠠᠰ ᠲᠤᠯᠭᠠᠭᠤᠷᠢ ᠭᠡᠳᠡᠭ ᠢ ᠤᠯᠠᠭᠠᠨᠴᠡᠴᠡᠭ ᠤᠨ ᠪᠡᠶ᠎ᠡ ᠳᠡᠭᠡᠷ᠎ᠡ ᠠᠴᠠ ᠣᠯᠵᠤ ᠬᠠᠷᠠᠵᠤ ᠪᠣᠯᠬᠤ ᠶᠤᠮ᠃ ᠤᠯᠠᠨ ᠵᠢᠯ ᠤᠨ ᠲᠤᠷᠰᠢ ᠲᠡᠷᠡ ︽ᠬᠥᠳᠡᠯᠮᠦᠷᠢ ᠪᠠᠷ ᠥᠭᠡᠳᠡᠯᠡᠳᠡᠭ ᠦᠭᠡᠢ ᠠᠮᠢᠳᠤᠷᠠᠯ ᠪᠠᠶᠢᠳᠠᠭ ᠦᠭᠡᠢ︾ ᠭᠡᠰᠡᠨ ᠵᠣᠷᠢᠭ ᠰᠠᠨᠠᠭ᠎ᠠ ᠪᠠᠷ ᠠᠵᠤ ᠠᠮᠢᠳᠤᠷᠠᠯ ᠢᠶᠠᠨ ᠥᠭᠡᠳᠡ ᠲᠠᠲᠠᠬᠤ ᠶᠢᠨ ᠳᠠᠭᠠᠤ 5 ᠨᠠᠰᠤᠲᠠᠨ ᠢ ᠠᠰᠠᠷᠠᠵᠤ ᠬᠠᠷᠠᠭᠠᠯᠵᠠᠭᠰᠠᠭᠠᠷ ᠨᠢᠭᠡ ᠮᠡᠳᠡᠬᠦᠨ᠎ᠡ ᠬᠡᠳᠦᠨ ᠠᠷᠪᠠᠨ ᠵᠢᠯ ᠢ ᠠᠷᠤ ᠳᠠᠭᠠᠨ ᠣᠷᠬᠢᠯ᠎ᠠ᠃ 1990 ᠣᠨ ᠠᠴᠠ 2011 ᠣᠨ ᠤ ᠬᠤᠭᠤᠷᠣᠨᠳᠤ ᠲᠡᠭᠦᠨ ᠤ 4 ᠪᠤᠭᠤᠷᠤᠯ ᠨᠢ ᠠᠷᠤ ᠠᠷᠤ ᠠᠴᠠ ᠪᠠᠨ ᠶᠢᠷᠲᠢᠨᠴᠦ ᠶᠢᠨ ᠮᠥᠩᠬᠡ ᠪᠤᠰᠤ ᠶᠢ ᠦᠵᠡᠵᠦ᠂ ᠣᠲᠣ ᠲᠡᠭᠦᠨ ᠤ ᠳᠡᠷᠭᠡᠳᠡ ᠰᠢᠷᠠᠬᠦᠦ ᠨᠠᠰᠤᠲᠠᠨ ᠯᠠ ᠨᠥᠬᠦᠳ ᠪᠣᠯᠵᠤ ᠪᠤᠢ᠃ ︽ᠪᠤᠭᠤᠷᠤᠯ ᠤᠨ ᠪᠤᠶᠠᠨ ᠳᠤᠨᠳᠠᠷᠠᠰᠢ ᠦᠭᠡᠢ ᠭᠡᠳᠡᠭ ᠶᠤᠮ᠃ ᠨᠠᠰᠤᠲᠠᠢ ᠪᠤᠭᠤᠷᠤᠯᠴᠤᠳ ᠮᠢᠨᠢ ᠪᠦᠷ ᠯᠠ ᠠᠮᠤᠷ ᠵᠢᠷᠭᠠᠯᠲᠠᠢ ᠥᠲᠡᠯᠦᠭᠡ ᠨᠠᠰᠤ ᠪᠠᠨ ᠥᠩᠭᠡᠷᠡᠭᠦᠯᠬᠦ ᠶᠢ ᠬᠦᠰᠡᠵᠦ ᠪᠠᠶᠢᠳᠠᠭ᠃ ᠲᠡᠳᠡᠨᠡᠷ ᠢ ᠪᠠᠨ ᠤᠷᠳᠤ ᠨᠠᠰᠤᠯᠠᠭᠤᠯᠵᠤ ᠤᠳᠠᠭᠠᠨ ᠵᠢᠷᠭᠠᠭᠤᠯᠬᠤ ᠯᠠ ᠪᠣᠯ ᠪᠤᠶᠠᠨᠲᠠᠢ ᠰᠠᠶᠢᠬᠠᠨ ᠶᠠᠪᠤᠳᠠᠯ ᠶᠤᠮ︾ ᠭᠡᠵᠦ ᠤᠯᠠᠭᠠᠨᠴᠡᠴᠡᠭ ᠶᠠᠷᠢᠯ᠎ᠠ᠃       ︽ᠠᠮᠤᠷ ᠠᠮᠤᠷ ᠠᠴᠠ ᠰᠡᠳᠬᠢᠯ ᠰᠠᠨᠠᠭᠠᠨ ᠤ ᠠᠮᠤᠷ︾ ᠭᠡᠳᠡᠭ ᠤᠨ ᠤᠴᠢᠷ ᠤᠯᠠᠭᠠᠨᠴᠡᠴᠡᠭ ᠦᠨᠡᠬᠡᠷ ᠨᠢᠭᠡ ᠨᠠᠰᠤ ᠪᠠᠨ ᠨᠢᠭᠡᠯᠡ ᠡᠳᠦᠷ ᠮᠡᠲᠦ ᠥᠪᠡᠷ ᠤᠨ ᠬᠠᠳᠠᠮ ᠡᠵᠢ ᠠᠪᠤ᠂ ᠠᠪᠠᠭ᠎ᠠ ᠠᠪᠤ ᠪᠠᠨ ᠠᠰᠠᠷᠠᠵᠤ ᠬᠠᠷᠠᠭᠠᠯᠵᠠᠨ᠂ ᠥᠲᠡᠯᠬᠦ ᠶᠢᠨ ᠬᠢᠨᠢ ᠦᠵᠦᠭᠦᠷ ᠲᠤ ᠦᠷ᠎ᠡ ᠰᠠᠳᠤ ᠶᠢᠨ ᠬᠠᠶᠢᠷ᠎ᠠ ᠬᠠᠯᠠᠮᠵᠢ ᠶᠢ ᠪᠦᠷᠢᠨ ᠦᠵᠡᠭᠦᠯᠦᠭᠰᠡᠨ ᠢᠶᠠᠷ ᠦᠯᠦ ᠪᠠᠷᠠᠮ ᠴᠢᠰᠤ ᠮᠢᠬᠠᠨ ᠤ ᠬᠠᠷᠢᠴᠠᠭ᠎ᠠ ᠦᠭᠡᠢ ᠠᠶᠢᠯ ᠰᠠᠭᠠᠬᠠᠯᠲᠠ ᠰᠠᠭᠤᠭᠰᠠᠨ ᠬᠤᠶᠠᠷ ᠨᠠᠰᠤᠲᠠᠨ ᠢ ᠴᠤ ᠠᠪᠤ ᠡᠵᠢ ᠪᠠᠨ ᠮᠡᠲᠦ ᠬᠡᠳᠦᠨ ᠠᠷᠪᠠᠨ ᠵᠢᠯ ᠢᠶᠠᠷ ᠠᠰᠠᠷᠠᠵᠤ ᠬᠠᠷᠠᠭᠠᠯᠵᠠᠵᠤ ᠢᠷᠡᠭᠰᠡᠨ ᠦᠢᠯᠡ ᠶᠠᠪᠤᠳᠠᠯ ᠨᠢ ᠦᠨᠡᠬᠡᠷ ᠬᠥᠮᠥᠨ ᠤ ᠰᠡᠳᠬᠢᠯ ᠢ ᠬᠥᠳᠡᠯᠭᠡᠮ᠎ᠡ ᠠᠵᠢ᠃ ᠲᠡᠷᠡ ᠮᠠᠨᠢ ᠳᠤᠮᠳᠠᠳᠤ ᠶᠢᠨ ᠦᠨᠳᠦᠰᠦᠲᠡᠨ ᠤ ︽ᠨᠠᠰᠤᠲᠠᠶᠢᠴᠤᠳ ᠢ ᠬᠦᠨᠳᠦᠯᠡᠵᠦ᠂ ᠨᠠᠰᠤᠲᠠᠶᠢᠴᠤᠳ ᠢ ᠬᠠᠶᠢᠷᠠᠯᠠᠵᠤ᠂ ᠨᠠᠰᠤᠲᠠᠶᠢᠴᠤᠳ ᠢ ᠠᠰᠠᠷᠠᠵᠤ ᠬᠠᠷᠠᠭᠠᠯᠵᠠᠬᠤ︾ ᠤᠯᠠᠮᠵᠢᠯᠠᠯᠳᠤ ᠰᠠᠶᠢᠬᠠᠨ ᠵᠠᠩ ᠰᠤᠷᠲᠠᠯ ᠢ ᠥᠪᠡᠷ ᠤᠨ ᠪᠣᠳᠠᠲᠤ ᠦᠢᠯᠡ ᠠᠵᠢᠯᠯᠠᠭ᠎ᠠ ᠪᠠᠷ ᠢᠶᠠᠨ ᠬᠠᠷᠠᠭᠤᠯᠤᠯ᠎ᠠ᠃ ᠲᠡᠳᠡᠨᠡᠶᠢᠬᠢᠨ ᠠᠯᠠᠱᠠ ᠵᠡᠭᠦᠨ ᠬᠤᠰᠢᠭᠤᠨ ᠤ ︽ᠪᠣᠯᠪᠠᠰᠤᠨ ᠭᠡᠷ ᠪᠦᠯᠢ︾ ᠎ ᠶᠢᠨ ᠢᠷᠠᠭᠤ ᠠᠯᠳᠠᠷ ᠢ ᠤᠯᠠᠨ ᠤᠳᠠᠭ᠎ᠠ ᠬᠦᠷᠲᠡᠵᠦ᠂ ᠤᠯᠠᠭᠠᠨᠴᠡᠴᠡᠭ ᠴᠤ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠣᠰᠣ ᠰᠤᠷᠲᠠᠬᠤᠨ ᠤ ᠵᠢᠱᠢᠶᠡᠴᠢ ᠪᠠᠷ ᠰᠣᠩᠭᠤᠭᠳᠠᠵᠠᠢ᠃       ᠠᠴᠢᠯᠠᠯ ᠬᠠᠶᠢᠷ᠎ᠠ ᠶᠢᠨ ᠬᠦᠴᠦᠨ ᠳᠤ ᠠᠮᠢᠳᠤᠷᠠᠯ ᠠᠶᠠᠨᠳᠠᠭᠠᠨ ᠥᠭᠡᠳᠡᠯᠡᠨ ᠮᠠᠨᠳᠤᠬᠤ ᠨᠢ ᠭᠠᠷᠴᠠᠭ᠎ᠠ ᠦᠭᠡᠢ ᠪᠢᠵᠡ⁈ ᠠᠰᠢᠳᠠ ᠠᠵᠠ ᠵᠢᠷᠭᠠᠯ ᠢᠶᠠᠷ ᠪᠢᠯᠬᠠᠵᠤ ᠪᠠᠶᠢᠲᠤᠭᠠᠢ︕        
 
ᠢᠷᠡᠯᠲᠡ᠄ ᠠᠯᠠᠱᠠ ᠶᠢᠨ ᠡᠳᠦᠷ ᠤᠨ ᠰᠣᠨᠢᠨ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号