| | ᠡᠨᠡ ᠵᠢᠯ ᠤᠨ 11 ᠰᠠᠷ᠎ᠠ ᠳᠤ᠂ ᠠᠯᠠᠱᠠ ᠵᠡᠭᠦᠨ ᠬᠤᠰᠢᠭᠤᠨ ᠤ ᠪᠠᠶᠠᠠᠨᠢᠷᠤᠭᠤᠨ ᠰᠤᠮᠤᠨ ᠤ ᠬᠤᠲᠦᠶᠢᠨᠨᠠᠭᠤᠷ | ᠭᠠᠴᠠᠭᠠᠨ ᠤ 10 ᠺᠢᠯᠤᠸᠤᠯᠲ ᠤᠨ ᠴᠠᠬᠢᠯᠭᠠᠨ ᠱᠤᠭᠤᠮ ᠵᠢᠩᠬᠢᠨᠢ ᠪᠠᠷ ᠨᠡᠶᠢᠯᠡᠭᠦᠯᠦᠨ ᠴᠠᠬᠢᠯᠭᠠᠨ ᠨᠡᠪᠲᠡᠷᠡᠭᠦᠯᠵᠦ᠂ | ᠭᠠᠴᠠᠭᠠᠨ ᠤ 52 ᠡᠷᠦᠬᠡ ᠮᠠᠯᠴᠢᠳ ︽ᠦᠨᠳᠦᠷ ᠬᠦᠴᠦᠳᠡᠯᠲᠤ ᠴᠠᠬᠢᠯᠭᠠᠨ︾ ᠲᠠᠢ ᠪᠣᠯᠪᠠ᠃ | | | | | | ᠬᠤᠲᠦᠶᠢᠨᠨᠠᠭᠤᠷ ᠭᠠᠴᠠᠭ᠎ᠠ ᠲᠩᠷᠢ ᠡᠯᠡᠰᠤ ᠶᠢᠨ ᠵᠠᠬ᠎ᠠ ᠬᠢᠵᠠᠭᠠᠷ ᠲᠤ ᠪᠠᠶᠢᠷᠢᠯᠠᠵᠤ᠂ ᠭᠠᠵᠠᠷ ᠠᠭᠤᠳᠠᠮ ᠬᠥᠮᠦᠨ | ᠬᠠᠷ᠎ᠠ ᠴᠥᠭᠡᠨ᠂ ᠮᠠᠯᠴᠢᠳ ᠲᠠᠷᠠᠬᠠᠢ ᠪᠤᠲᠠᠷᠬᠠᠢ ᠰᠠᠭᠤᠷᠢᠰᠢᠵᠤ᠂ ᠵᠠᠮ ᠬᠠᠷᠢᠯᠴᠠᠭ᠎ᠠ ᠳᠥᠭᠦᠮ ᠦᠭᠡᠢ᠂ ᠴᠠᠬᠢᠯᠭᠠᠨ | ᠬᠡᠷᠡᠭᠯᠡᠬᠦ ᠳᠤ ᠬᠦᠴᠢᠷᠲᠡᠶ ᠪᠠᠶᠢᠬᠤ ᠠᠰᠠᠭᠤᠳᠠᠯ ᠨᠢ ᠢᠮᠠᠭᠲᠠ ᠭᠠᠴᠠᠭᠠᠨ ᠤ ᠮᠠᠯᠴᠢᠳ ᠢ ᠭᠠᠴᠢᠭᠳᠠᠭᠤᠯᠳᠠᠭ᠂ | ᠮᠠᠯᠴᠢᠨ ᠠᠯᠳᠠᠨᠪᠠᠭᠠᠨ᠎ᠠ ᠠᠳᠡ ᠰᠠᠭᠤᠷᠢᠰᠢᠵᠤ᠂ ᠥᠩᠭᠡᠷᠡᠭᠰᠡᠨ ᠳᠤ ᠬᠡᠷ ᠤᠨ ᠴᠠᠬᠢᠯᠭᠠᠨ ᠬᠡᠷᠡᠭᠯᠡᠭᠡ ᠨᠢ ᠴᠥᠮ ᠰᠠᠯᠬᠢ | ᠭᠡᠷᠡᠯ ᠢᠶᠠᠷ ᠬᠠᠷᠢᠯᠴᠠᠨ ᠨᠥᠬᠦᠪᠥᠷᠢᠯᠡᠬᠦ ᠳᠤ ᠲᠦᠰᠢᠭᠯᠡᠳᠡᠭ᠂ ᠬᠡᠳᠦ᠋ᠢᠪᠡᠷ ᠡᠳᠦᠷ ᠲᠤᠲᠤᠮ ᠤᠨ ᠴᠠᠬᠢᠯᠭᠠᠨ | ᠬᠡᠷᠡᠭᠯᠡᠬᠦ ᠨᠢ ᠦᠨᠳᠦᠰᠦᠨ ᠳᠤ ᠪᠠᠨ ᠬᠡᠷᠡᠭᠯᠡᠵᠦ ᠳᠡᠶᠢᠯᠬᠦ ᠪᠣᠯᠪᠠᠴᠤ ᠬᠡᠷ ᠤᠨ ᠬᠡᠷᠡᠭᠯᠡᠭᠡᠨ ᠤ ᠶᠡᠭᠡ ᠬᠦᠴᠦᠳᠡᠯᠲᠤ | ᠴᠠᠬᠢᠯᠭᠠᠨ ᠬᠡᠷᠡᠭᠰᠡᠯ ᠨᠢ ᠬᠡᠪ ᠤᠨ ᠶᠣᠰᠣᠭᠠᠷ ᠬᠡᠷᠡᠭᠯᠡᠵᠦ ᠳᠡᠶᠢᠯᠬᠦ ᠥᠬᠡᠶ ᠪᠠᠶᠢᠵᠠᠢ᠃ ᠲᠡᠷᠡ ᠭᠡᠷ ᠲᠡᠭᠡᠨ ᠥᠨᠳᠥᠷ | ᠬᠦᠴᠦᠳᠡᠯᠲᠦ ᠴᠠᠬᠢᠯᠭᠠᠨ ᠢ ᠨᠡᠪᠲᠡᠷᠡᠭᠦᠯᠵᠦ᠂ ᠬᠤᠲᠠ ᠶᠢᠨ ᠬᠥᠮᠥᠨ ᠰᠢᠭ ᠠᠮᠢᠳᠤᠷᠠᠵᠤ ᠴᠢᠳᠠᠬᠤ ᠶᠢ ᠬᠦᠰᠡᠵᠦ | ᠪᠠᠶᠢᠪᠠ᠃ | | | | | | ᠡᠨᠡ ᠵᠢᠯ᠂ ᠠᠯᠠᠱᠠ ᠵᠡᠭᠦᠨ ᠬᠤᠰᠢᠭᠤᠨ ᠤ ᠪᠠᠶᠠᠠᠨᠢᠷᠤᠭᠤᠨ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠵᠢᠴᠢ ᠭᠠᠴᠠᠭᠠᠨ ᠤ ︽ᠬᠤᠶᠠᠷ ᠵᠥᠪᠯᠡᠯ︾ ᠨᠢ᠂ ᠣᠯᠠᠨ ᠲᠠᠯ᠎ᠠ ᠶᠢ ᠵᠤᠬᠢᠴᠠᠭᠤᠯᠤᠨ ᠂ ᠬᠤᠲᠦᠶᠢᠨᠨᠠᠭᠤᠷ | ᠭᠠᠴᠠᠭᠠᠨ ᠳᠤ 2023 ᠣᠨ ᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠢᠨᠵᠧᠨᠧᠷᠢᠩ ᠤᠨ ᠲᠥᠷᠥᠯ ᠵᠦᠢᠯ ᠢ | ᠴᠢᠷᠮᠠᠶᠢᠨ ᠣᠯᠪᠠ᠃ ᠪᠠᠷᠢᠯᠭ᠎ᠠ ᠨᠢ 2023 ᠣᠨ ᠤ 9 ᠰᠠᠷ᠎ᠠ ᠳᠤ ᠵᠢᠩᠬᠢᠨᠢ ᠪᠠᠷ ᠡᠬᠢᠯᠡᠵᠦ᠂ 10 ᠺᠢᠯᠤᠸᠤᠯᠲ ᠤᠨ | ᠴᠠᠬᠢᠯᠭᠠᠨ ᠤᠲᠠᠰᠤ 55 ᠺᠢᠯᠦᠮᠧᠲᠷ ᠲᠠᠲᠠᠵᠤ᠂ 52 ᠮᠠᠯᠵᠢᠬᠤ ᠡᠷᠦᠬᠡ ᠳᠤ ᠴᠠᠬᠢᠯᠭᠠᠨ ᠨᠡᠪᠲᠡᠷᠡᠭᠦᠯᠪᠡ᠃ | | | | | | | | |