ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠵᠡᠭᠦᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ 75 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ ︶ ᠬᠤᠷᠠᠯ ᠵᠢᠴᠢ 2023 ᠣᠨ ᠤ ᠪᠥᠬᠦ ᠬᠤᠰᠢᠭᠤᠨ ᠤ ᠨᠠᠮ ︵ᠠᠵᠢᠯ︶᠎ ᠤᠨ ᠬᠤᠷᠢᠶᠠᠨ ᠤ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠦᠨᠡᠯᠡᠨ ᠰᠢᠯᠭᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/31
       12 ᠳ᠋ᠤᠭᠠᠷ ᠰᠠᠷ᠎ᠠ ᠶᠢᠨ 25᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠵᠡᠭᠦᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ 75 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ 2023 ᠣᠨ ᠤ ᠪᠥᠬᠦ ᠬᠤᠰᠢᠭᠤᠨ ᠤ ᠨᠠᠮ ︵ᠠᠵᠤ ᠦᠢᠯᠡᠳᠪᠦᠷᠢ︶᠎ ᠤᠨ ᠬᠤᠷᠢᠶ᠎ᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠦᠨᠡᠯᠡᠨ ᠰᠢᠯᠭᠠᠬᠤ ᠬᠤᠷᠠᠯ ᠬᠤᠷᠠᠯᠳᠤᠭᠤᠯᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠯᠢᠦ ᡁᠢ ᠴᠢᠶᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠪᠠᠭᠠᠨ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠮᠤᠤ ᠽᠧᠩ ᠬᠠᠶ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠠᠯᠲᠠᠨᠴᠢᠯᠠᠭᠤ ᠬᠤᠷᠠᠯ ᠳᠤ ᠣᠷᠣᠯᠴᠠᠵᠠᠶ᠃ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠯᠢᠦ ᠱᠠᠩ ᠳ᠋ᠧ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃    ᠬᠤᠷᠠᠯ ᠳᠡᠭᠡᠷ᠎ᠡ᠂ 12 ᠰᠠᠷ᠎ᠠ ᠶᠢᠨ 21᠎ ᠤ ᠡᠳᠦᠷ ᠤᠨ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠡᠯ᠎ᠡ ᠰᠤᠮᠤ ᠪᠠᠯᠭᠠᠰᠤ ᠪᠣᠯᠤᠨ ᠬᠡᠰᠡᠭ ᠵᠡᠭᠡᠯᠢ ᠭᠤᠳᠤᠮᠵᠢ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠮ ᠤᠨ ︵ᠠᠵᠢᠯᠯᠠᠬᠤ︶ ᠬᠤᠷᠢᠶᠠᠨ ᠤ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠤᠬᠠᠶ ᠶᠢᠨ ᠲᠠᠯᠠᠪᠠᠶ ᠳᠤ ᠦᠨᠡᠯᠡᠯᠲᠡ ᠬᠢᠵᠡᠶ᠃ ᠯᠢᠦ ᡁᠢ ᠴᠢᠶᠠᠩ ᠲᠤᠰᠢᠶᠠᠯ ᠤᠨ ᠮᠡᠳᠡᠭᠦᠯᠦᠯᠲᠡ ᠬᠢᠭᠰᠡᠨ ᠪᠠᠶᠢᠳᠠᠯ ᠳᠤ ᠨᠢᠭᠡᠳ ᠨᠢᠭᠡ ᠪᠠᠷ ᠦᠨᠡᠯᠡᠯᠲᠡ ᠬᠢᠵᠦ᠂ ᠶᠠᠩ ᠸᠧᠶ ᡁᠢ᠂ ᠵᠢᠶᠠ ᠰᠦᠩ ᠯᠢᠨ᠂ ᠶᠧ ᠫᠠᠨ ᠲᠠᠰ ᠳᠠᠷᠠᠭᠠᠯᠠᠨ ᠶᠡᠷᠦᠩᠬᠡᠶᠢᠯᠡᠭᠰᠡᠨ ᠦᠨᠡᠯᠡᠯᠲᠡ ᠬᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠦᠨᠡᠨ ᠬᠦ ᠲᠡᠷᠢᠭᠦᠨ ᠪᠠᠶᠢᠷᠢᠨ ᠳᠤ ᠲᠠᠯᠪᠢᠵᠤ᠂ ︽ᠬᠤᠶᠠᠷ ᠢ ᠲᠣᠭᠲᠠᠭᠠᠬᠤ︾᠎ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠪᠥᠬᠦ ᠶᠠᠪᠤᠴᠠ ᠶᠢᠨ ᠡᠯ᠎ᠡ ᠬᠦᠷᠢᠶᠡᠨ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠵᠦ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠵᠦ᠂ ᠭᠤᠤᠯ ᠰᠡᠳᠦᠪᠲᠦ ᠬᠥᠮᠦᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠬᠡᠷᠡᠭᠲᠡᠶ᠃ ᠦᠨᠳᠦᠰᠦᠨ ᠱᠠᠳᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠦᠨᠡᠨ ᠬᠦ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠠᠮ ᠤᠨ ᠤᠳᠤᠷᠢᠳᠤᠯᠭ᠎ᠠ ᠶᠢ ᠪᠦᠲᠦᠮᠵᠢᠲᠡᠢ ᠪᠡᠶᠡᠯᠡᠭᠦᠯᠬᠦ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠵᠤ᠂ ᠺᠠᠳ᠋ᠷ ᠢ ᠰᠣᠩᠭᠤᠨ ᠲᠣᠮᠢᠯᠠᠬᠤ ᠤᠯᠤᠰ ᠲᠦᠷᠦ ᠶᠢᠨ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ ᠶᠢ ᠲᠤᠪᠤᠶᠢᠯᠭᠠᠨ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠠᠵᠢᠯ ᠤᠨ ᠡᠮᠦᠨ᠎ᠡ ᠹᠷᠣᠨᠲ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠮᠦᠨ᠎ᠡ ᠹᠷᠣᠨᠲ ᠪᠣᠯᠤᠨ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠭᠠᠯ ᠱᠤᠭᠤᠮ ᠢ ᠳᠠᠪᠲᠠᠨ ᠪᠣᠯᠪᠠᠰᠤᠷᠠᠭᠤᠯᠬᠤ ᠪᠠ ᠰᠢᠨᠵᠢᠯᠡᠨ ᠪᠠᠶᠢᠴᠠᠭᠠᠵᠤ ᠢᠯᠭᠠᠨ ᠲᠠᠨᠢᠬᠤ ᠶᠢ ᠴᠢᠬᠤᠯᠠᠴᠢᠯᠠᠵᠤ᠂ ︽ᠵᠣᠬᠢᠶᠠᠨ ᠪᠠᠶᠢᠭᠤᠯᠤᠯᠲᠠ ᠠᠴᠠ ᠺᠠᠳ᠋ᠷ ᠡᠭᠦᠷᠭᠡᠯᠡᠵᠦ᠂ ᠺᠠᠳ᠋ᠷ ᠤᠨ ᠠᠵᠢᠯ ᠦᠢᠯᠡᠰ ᠤᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ︾ ᠠᠵᠢᠯ ᠬᠢᠵᠦ ᠦᠢᠯᠡᠰ ᠪᠤᠰᠬᠠᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠦᠷᠭᠦᠯᠵᠢᠯᠡᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠨᠡᠨᠬᠦ ᠪᠤᠢ ᠪᠣᠯᠭᠠᠬᠤ ᠬᠡᠷᠡᠭᠲᠡᠢ᠃ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭᠠᠨ ᠭᠤᠷᠪᠠ︾᠎ ᠶᠢᠨ ᠪᠣᠳᠠᠲᠠᠢ ᠠᠷᠭ᠎ᠠ ᠬᠡᠮᠵᠢᠶ᠎ᠡ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠪᠦᠬᠦ ᠬᠤᠰᠢᠭᠤᠨ ᠤ ᠨᠠᠮ ᠤᠨ ᠪᠠᠶᠢᠭᠤᠯᠤᠯᠲᠠ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃    ᠬᠤᠷᠠᠯ ᠠᠴᠠ ᠪᠠᠰᠠ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠬᠠᠩᠭᠠᠯᠭ᠎ᠠ ᠶᠢ ᠪᠠᠲᠤᠯᠠᠬᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠯ ᠢ ᠲᠣᠭᠲᠠᠪᠤᠷᠢᠵᠢᠭᠤᠯᠬᠤ᠂ ᠵᠢᠵᠢᠭᠦᠷᠯᠡᠨ ᠰᠠᠬᠢᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠷᠠᠳ ᠤᠯᠠᠨ ᠤ ᠪᠠᠶᠠᠷ ᠪᠠᠶᠠᠰᠬᠤᠯᠠᠩ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠰᠢᠭᠤᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠤᠤᠯ ᠬᠠᠷᠢᠭᠤᠴᠠᠯᠭᠠᠲᠠᠨ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠨᠠᠮ ︵ᠠᠵᠤ ᠦᠢᠯᠡᠳᠪᠦᠷᠢ︶᠎ ᠤᠨ ᠬᠤᠷᠢᠶᠠᠨ ᠤ ᠳᠡᠳ᠋ ᠱᠦᠵᠢ᠂ ᠰᠠᠬᠢᠯᠭ᠎ᠠ ᠪᠠᠲᠤ ︵ᠠᠵᠤ ᠦᠢᠯᠡᠳᠪᠦᠷᠢ︶᠎ ᠶᠢᠨ ᠬᠤᠷᠢᠶᠠᠨ ᠤ ᠱᠦᠵᠢ᠂ ᠵᠣᠬᠢᠶᠠᠨ ᠪᠠᠶᠢᠭᠤᠯᠬᠤ ᠭᠡᠰᠢᠭᠦᠨ᠂ ᠤᠬᠠᠭᠤᠯᠬᠤ ᠭᠡᠰᠢᠭᠦᠨ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠮ ︵ᠠᠵᠤ ᠦᠢᠯᠡᠳᠪᠦᠷᠢ︶᠎ ᠤᠨ ᠬᠤᠷᠢᠶᠠᠨ ᠤ ᠱᠦᠵᠢ᠂ ᠬᠡᠰᠡᠭ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠨᠠᠮ ᠤᠨ ᠭᠡᠰᠢᠭᠦᠨ ᠣᠯᠠᠨ ᠲᠦᠮᠡᠨ ᠤ ᠲᠥᠯᠥᠭᠡᠯᠡᠭᠴᠢ ᠬᠤᠷᠠᠯ ᠳᠤ ᠣᠷᠣᠯᠴᠠᠵᠠᠶ᠃    ᠮᠡᠳᠡᠭᠡ ᠵᠠᠩᠭᠢ ᠶᠢᠨ ᠢᠷᠡᠯᠲᠡ᠄ ᠲᠡᠮᠡᠭᠡᠲᠦ ᠨᠤᠲᠤᠭ ᠤᠨ ᠨᠡᠶᠢᠳᠡᠯᠡᠯ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号