ᠮᠠᠨ ᠤ ᠣᠷᠣᠨ 17 ᠵᠦᠢᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2023/12/31
        ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠭᠤᠣᠯᠯᠠᠨ ᠤᠳᠤᠷᠢᠳᠴᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠨ ᠪᠠᠶᠢᠴᠠᠭᠠᠬᠤ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ 17 ᠵᠦᠢᠯ ᠤᠨ ᠪᠠᠷᠢᠮᠵᠢᠶ᠎ᠠ ᠶᠢ ᠵᠥᠪᠰᠢᠶᠡᠷᠡᠨ ᠵᠠᠷᠯᠠᠨ ᠨᠡᠶᠢᠲᠡᠯᠡᠵᠡᠢ᠃       ᠣᠶᠢᠯᠠᠭᠠᠭᠰᠠᠨ ᠢᠶᠠᠷ᠂ ᠲᠣᠰ ᠤᠳᠠᠭ᠎ᠠ ᠶᠢᠨ ᠨᠡᠶᠢᠲᠡᠯᠡᠭᠰᠡᠨ 17 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠨᠢ ᠴᠥᠮ ᠰᠢᠨ᠎ᠡ ᠪᠠᠷ ᠲᠣᠭᠲᠠᠭᠠᠭᠰᠠᠨ ᠪᠠᠷᠢᠮᠵᠢᠶ᠎ᠠ ᠪᠠᠶᠢᠵᠤ᠂ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠨ ᠳᠠᠬᠢ ᠪᠠᠴᠢᠮ ᠪᠠᠶᠢᠳᠠᠯ ᠢ ᠠᠷᠭᠠᠴᠠᠭᠠᠬᠤ᠂ ᠬᠤᠭᠤᠯᠠ ᠤᠮᠳᠠ᠂ ᠤᠬᠢᠶᠠᠯᠭ᠎ᠠ ᠴᠡᠪᠡᠷᠯᠡᠭᠡ᠂ ᠡᠮ ᠡᠮᠴᠢᠯᠡᠭᠡ᠂ ᠶᠠᠪᠤᠵᠤ ᠰᠠᠭᠤᠬᠤ ᠳᠤ ᠲᠤᠰᠠᠯᠠᠬᠤ᠂ ᠣᠷᠣᠯᠠᠨ ᠭᠦᠢᠴᠡᠳᠬᠡᠬᠦ ᠪᠠ ᠰᠢᠯᠵᠢᠭᠦᠯᠦᠨ ᠲᠠᠨᠢᠯᠴᠠᠭᠤᠯᠬᠤ᠂ ᠨᠡᠶᠢᠭᠡᠮ ᠤᠨ ᠠᠵᠢᠯ ᠵᠡᠷᠭᠡ 17 ᠲᠠᠯ᠎ᠠ ᠶᠢ ᠬᠠᠮᠤᠷᠴᠤ᠂ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠨ ᠳᠠᠬᠢ ᠡᠯ᠎ᠡ ᠵᠦᠢᠯ ᠤᠨ ᠦᠢᠯᠡᠴᠢᠯᠡᠭᠡᠨ ᠤ ᠦᠨᠳᠦᠰᠦᠨ ᠱᠠᠭᠠᠷᠳᠠᠯᠭ᠎ᠠ᠂ ᠳᠦᠷᠦᠯ ᠵᠦᠢᠯ᠂ ᠶᠠᠰᠤ ᠴᠢᠨᠠᠷ ᠤᠨ ᠱᠠᠭᠠᠷᠳᠠᠯᠭ᠎ᠠ᠂ ᠦᠢᠯᠡᠴᠢᠯᠡᠭᠡᠨ ᠤ ᠦᠨᠡᠯᠡᠯᠲᠡ ᠵᠡᠷᠭᠡ ᠳᠤ ᠠᠩᠬ᠎ᠠ ᠤᠳᠠᠭ᠎ᠠ ᠰᠢᠰᠲ᠋ᠧᠮ ᠲᠠᠢ ᠪᠥᠭᠡᠳ ᠪᠥᠬᠦ ᠲᠠᠯ᠎ᠠ ᠶᠢᠨ ᠵᠢᠷᠤᠮᠵᠢᠯ ᠤᠨ ᠴᠢᠨᠠᠷᠲᠠᠢ ᠱᠠᠭᠠᠷᠳᠠᠯᠭ᠎ᠠ ᠳᠤᠷᠠᠳᠴᠤ᠂ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠳᠦᠷᠦᠯ ᠤᠨ ᠵᠢᠷᠤᠮᠵᠢᠯ ᠲᠠᠢ ᠶᠠᠪᠤᠭᠳᠠᠬᠤ ᠳᠤ ᠯᠠᠪᠯᠠᠯᠲᠠ ᠶᠢᠨ ᠪᠠᠷᠢᠮᠵᠢᠶ᠎ᠠ ᠬᠠᠩᠭᠠᠭᠰᠠᠨ ᠪᠥᠭᠡᠳ ᠨᠠᠰᠤᠲᠠᠶᠢᠴᠤᠳ ᠲᠤ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡ ᠶᠢ ᠬᠦᠷᠲᠡᠬᠦ ᠳᠤ ᠵᠢᠷᠤᠮᠯᠠᠬᠤ ᠪᠠᠷᠢᠮᠵᠢᠶ᠎ᠠ ᠲᠠᠢ ᠪᠣᠯᠭᠠᠭᠰᠠᠨ ᠪᠠᠶᠢᠨ᠎ᠠ᠃       ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠭᠠᠵᠠᠷ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠳ᠋ᠦ᠋ ᠷᠦᠨ ᠰᠥᠸᠧ᠂ ᠲᠣᠰ ᠤᠳᠠᠭᠠᠨ ᠤ 17 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠵᠦ ᠬᠡᠷᠡᠭᠵᠢᠭᠦᠯᠦᠭᠰᠡᠨ ᠨᠢ ᠨᠢᠭᠡ ᠲᠠᠯ᠎ᠠ ᠪᠠᠷ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠲᠤ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ᠂ ᠬᠥᠭᠵᠢᠯᠲᠡ ᠶᠢᠨ ᠴᠢᠭᠯᠡᠯ ᠳᠤ ᠪᠣᠳᠠᠲᠠᠢ ᠵᠢᠯᠣᠭᠤᠳᠤᠯᠭ᠎ᠠ ᠬᠠᠩᠭᠠᠵᠤ᠂ ᠠᠵᠢᠯ ᠳᠦᠷᠦᠯ ᠤᠨ ᠪᠠᠷᠢᠮᠵᠢᠶ᠎ᠠ ᠶᠢ ᠵᠢᠷᠤᠮᠵᠢᠭᠤᠯᠪᠠ; ᠨᠥᠭᠦᠭᠡ ᠲᠠᠯ᠎ᠠ ᠪᠠᠷ ᠪᠠᠰᠠ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠥᠭᠵᠢᠯᠲᠡ ᠶᠢᠨ ᠰᠢᠨ᠎ᠡ ᠲᠣᠭᠢᠶᠠᠯ ᠬᠠᠩᠭᠠᠭᠰᠠᠨ ᠪᠠᠶᠢᠨ᠎ᠠ ᠭᠡᠵᠡᠢ᠃            ︵ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ︶
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号