ᠮᠠᠨ ᠤ ᠣᠷᠣᠨ ᠤ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠲᠠᠬᠢ ᠭᠠᠳᠠᠭᠠᠳᠤ ᠤᠷᠤᠭᠤᠯᠤᠯᠳᠡ ᠭᠠᠷᠭᠠᠯᠲᠠ ᠶᠢᠨ ᠬᠡᠮᠵᠢᠶ᠎ᠡ 617.4 ᠳ᠋ᠦᠩᠰᠢᠭᠤᠷ ᠲᠥᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2023/12/31
            ᠰᠤᠷᠪᠤᠯᠵᠢᠯᠠᠬᠴᠢ 2023 ᠣᠨ ᠤ ᠳᠡᠭᠡᠷ᠎ᠡ ᠬᠠᠭᠠᠰ ᠵᠢᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠤᠷᠤᠭᠤᠯᠤᠯᠳᠡ ᠭᠠᠷᠭᠠᠯᠲᠠ ᠶᠢᠨ ᠪᠠᠶᠢᠳᠠᠯ ᠪᠣᠯᠣᠨ ᠬᠥᠬᠡᠬᠤᠲᠠ ᠪᠣᠭᠤᠮᠲᠠ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠳᠡᠭᠡᠷ᠎ᠡ ᠬᠠᠭᠠᠰ ᠵᠢᠯ ᠳᠤ᠂ ᠮᠠᠨ ᠤ ᠣᠷᠣᠨ ᠤ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠲᠠᠬᠢ ᠭᠠᠳᠠᠭᠠᠳᠤ ᠤᠷᠤᠭᠤᠯᠤᠯᠳᠡ ᠭᠠᠷᠭᠠᠯᠲᠠ ᠶᠢᠨ ᠬᠡᠮᠵᠢᠶ᠎ᠡ 617.4 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 55.3%᠎ ᠪᠠᠷ ᠨᠡᠮᠡᠭᠳᠡᠵᠦ᠂ ᠭᠠᠳᠠᠭᠠᠳᠤ ᠤᠷᠤᠭᠤᠯᠤᠯᠳᠡ ᠭᠠᠷᠭᠠᠯᠲᠠ ᠶᠢᠨ ᠶᠡᠷᠦᠩᠬᠡᠢ ᠬᠡᠮᠵᠢᠶᠡᠨ ᠤ 68.4%᠎ ᠶᠢ ᠡᠵᠡᠯᠡᠵᠡᠢ᠃ ᠡᠭᠦᠨ ᠳᠤ᠂ ᠮᠣᠩᠭᠤᠯ ᠤᠯᠤᠰ ᠲᠠᠬᠢ ᠭᠠᠳᠠᠭᠠᠳᠤ ᠤᠷᠤᠭᠤᠯᠤᠯᠳᠡ ᠭᠠᠷᠭᠠᠯᠲᠠ ᠶᠢᠨ ᠬᠡᠮᠵᠢᠶ᠎ᠡ 326.1 ᠳ᠋ᠦᠩᠰᠢᠭᠤᠷ ᠲᠥᠭᠦᠷᠢᠭ ᠲᠤ ᠬᠦᠷᠴᠦ᠂ 91.6%᠎ ᠪᠠᠷ ᠨᠡᠮᠡᠭᠳᠡᠵᠠᠢ; ᠤᠷᠤᠰ ᠲᠠᠬᠢ ᠭᠠᠳᠠᠭᠠᠳᠤ ᠤᠷᠤᠭᠤᠯᠤᠯᠳᠡ ᠭᠠᠷᠭᠠᠯᠲᠠ ᠶᠢᠨ ᠬᠡᠮᠵᠢᠶ᠎ᠡ 160.9 ᠳ᠋ᠦᠩᠰᠢᠭᠤᠷ ᠲᠥᠭᠦᠷᠢᠭ ᠲᠤ ᠬᠦᠷᠴᠦ᠂ 84.8%᠎ ᠪᠠᠷ ᠨᠡᠮᠡᠭᠳᠡᠵᠠᠢ; ᠠᠳᠠᠯᠢ ᠬᠤᠭᠤᠴᠠᠭᠠᠨ ᠳᠤ᠂ RCEP ︵ᠣᠷᠣᠨ ᠪᠦᠰᠡ ᠶᠢᠨ ᠪᠥᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭᠠᠨ ᠤ ᠵᠥᠪᠳᠡᠯᠴᠡᠭᠡᠷ︶᠎ ᠶᠢᠨ ᠤᠯᠤᠰ ᠲᠠᠬᠢ ᠭᠠᠳᠠᠭᠠᠳᠤ ᠤᠷᠤᠭᠤᠯᠤᠯᠳᠡ ᠭᠠᠷᠭᠠᠯᠲᠠ ᠶᠢᠨ ᠬᠡᠮᠵᠢᠶ᠎ᠡ 153.2 ᠳ᠋ᠦᠩᠰᠢᠭᠤᠷ ᠲᠥᠭᠦᠷᠢᠭ ᠪᠣᠯᠵᠤ᠂ 16.9%᠎ ᠪᠠᠷ ᠪᠠᠭᠤᠷᠠᠵᠠᠢ; ᠠᠮᠧᠷᠢᠺᠠ ᠎ ᠳᠠᠬᠢ ᠭᠠᠳᠠᠭᠠᠳᠤ ᠤᠷᠤᠭᠤᠯᠤᠯᠳᠡ ᠭᠠᠷᠭᠠᠯᠲᠠ ᠶᠢᠨ ᠬᠡᠮᠵᠢᠶ᠎ᠡ 38.3 ᠳ᠋ᠦᠩᠰᠢᠭᠤᠷ ᠲᠥᠭᠦᠷᠢᠭ ᠲᠤ ᠬᠦᠷᠴᠦ᠂ 14.7%᠎ ᠪᠠᠷ ᠨᠡᠮᠡᠭᠳᠡᠵᠡᠢ᠃       ᠮᠠᠨ ᠤ ᠣᠷᠣᠨ ᠨᠢ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠤᠯᠤᠬᠰᠠᠨ ᠤ ᠬᠤᠪᠢ ᠳᠤ᠂ ᠮᠣᠩᠭᠤᠯ ᠤᠯᠤᠰ ᠯᠤᠭ᠎ᠠ ᠶᠢᠨ ᠠᠷᠠᠯᠵᠢᠶᠠᠨ ᠤ ᠲᠠᠯ᠎ᠠ ᠪᠠᠷ ᠬᠢ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ ᠪᠠᠶᠢᠳᠠᠭ᠃ 2022 ᠣᠨ ᠳᠤ᠂ ᠮᠠᠨ ᠤ ᠣᠷᠣᠨ ᠤ ᠮᠣᠩᠭᠤᠯ ᠤᠯᠤᠰ ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠡᠮᠵᠢᠶ᠎ᠡ 463.7 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠪᠠᠨ 48.2% ᠎ ᠢᠶᠠᠷ ᠨᠡᠮᠡᠭᠳᠡᠵᠡᠢ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠮᠠᠨ ᠤ ᠣᠷᠣᠨ ᠤ ᠮᠣᠩᠭᠤᠯ ᠤᠯᠤᠰ ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠡᠮᠵᠢᠶ᠎ᠡ 326.1 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 91.6%᠎ ᠪᠠᠷ ᠨᠡᠮᠡᠭᠳᠡᠵᠡᠢ᠃ ᠮᠠᠨ ᠤ ᠣᠷᠣᠨ ᠤ ᠮᠣᠩᠭᠤᠯ ᠤᠯᠤᠰ ᠲᠠᠬᠢ ᠭᠠᠳᠠᠭᠠᠳᠤ ᠭᠠᠷᠭᠠᠯᠲᠠ ᠶᠢᠨ ᠭᠤᠣᠯ ᠪᠣᠯᠬᠤ ᠲᠠᠸᠠᠷ ᠨᠢ ᠲᠠᠷᠢᠶᠠᠯᠠᠩ ᠤᠨ ᠪᠦᠲᠦᠭᠡᠭᠳᠡᠬᠦᠨ᠂ ᠮᠠᠰᠢᠨ ᠴᠠᠬᠢᠯᠭᠠᠨ ᠤ ᠪᠦᠲᠦᠭᠡᠭᠳᠡᠬᠦᠨ᠂ ᠪᠣᠯᠣᠳ ᠮᠠᠲ᠋ᠧᠷᠢᠶᠠᠯ ᠵᠡᠷᠭᠡ ᠪᠣᠯᠣᠨ᠎ᠠ᠂ ᠨᠡᠮᠡᠭᠳᠡᠯ ᠤᠨ ᠬᠤᠷᠳᠤᠴᠠ ᠨᠢ ᠲᠣᠰ ᠲᠣᠰ 55.6%᠂ 44%᠂ 1.8%᠎ ᠳᠤ ᠭᠦᠷᠴᠡᠢ; ᠭᠠᠳᠠᠭᠠᠳᠤ ᠣᠷᠣᠭᠤᠯᠤᠯᠲᠠ ᠶᠢᠨ ᠲᠠᠯ᠎ᠠ ᠪᠠᠷ᠂ ᠨᠡᠭᠦᠷᠡᠰᠦ᠂ ᠲᠡᠮᠦᠷ ᠤᠨ ᠬᠦᠳᠡᠷ ᠵᠡᠷᠭᠡ ᠠᠭᠤᠷᠬᠠᠢ ᠶᠢᠨ ᠭᠠᠷᠤᠯᠲᠠ ᠶᠡᠭᠡ ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 183.8%᠂ 72.7%᠎ ᠪᠠᠷ ᠨᠡᠮᠡᠭᠳᠡᠵᠡᠢ᠃ ᠡᠭᠦᠨ ᠳᠤ ᠬᠥᠬᠡᠬᠤᠲᠠ ᠪᠣᠭᠤᠮᠲᠠ ᠶᠢᠨ ᠬᠢᠨ ︽ᠨᠢᠭᠡ ᠪᠦᠰᠡ ᠨᠢᠭᠡ ᠵᠠᠮ︾᠎ ᠤᠨ ᠰᠠᠨᠠᠭᠠᠴᠢᠯᠠᠭ᠎ᠠ ᠶᠢ ᠭᠦᠨᠵᠡᠭᠡᠶᠢᠷᠡᠭᠦᠯᠬᠦ᠂ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ᠂ ᠬᠤᠶᠠᠷ ᠤᠯᠤᠰ ᠤᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠬᠤ᠂ ᠬᠤᠶᠠᠷ ᠲᠠᠯ᠎ᠠ ᠶᠢᠨ ᠠᠷᠠᠯᠵᠢᠶᠠᠨ ᠤ ᠬᠡᠪᠴᠢᠶ᠎ᠡ ᠶᠢ ᠥᠷᠭᠡᠳᠬᠡᠬᠦ᠂ ᠭᠠᠳᠠᠭᠠᠳᠤ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠲᠠᠯ᠎ᠠ ᠪᠠᠷ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ ᠪᠠᠶᠢᠨ᠎ᠠ᠃       ︵ᠳᠤᠮᠳᠠᠳᠤ ᠤᠯᠤᠰ  ᠤᠨ ᠮᠣᠩᠭᠤᠯ       ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ︶
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号